2020 ᠤᠨ᠎ᠳᠤ᠂ ᠤᠷᠢᠳ ᠡᠮᠤᠨ᠎ᠠ ᠭᠠᠷᠤᠭ᠎ᠠ ᠦᠬᠡᠢ ᠬᠦᠴᠢᠷ ᠪᠡᠷᠬᠡᠱᠢᠶᠡᠯ ᠪᠡ ᠦᠷᠢᠰᠦᠯᠳᠦᠬᠡᠨ᠎ᠳᠤ ᠳᠤᠯᠭᠠᠷᠠᠯᠠ᠃
ᠪᠦᠬᠦ᠌ ᠤᠯᠤᠰ᠎ᠤᠨ ᠬᠤᠶᠠᠷ ᠬᠤᠷᠠᠯ ᠬᠡᠬᠦ᠌ ᠴᠤᠩᠬᠤᠪᠴᠢ᠎ᠪᠠᠷ ᠳᠠᠮᠵᠢᠭᠠᠳ᠂ ᠪᠢᠳᠡ ᠪᠠᠳᠦ ᠢᠳᠡᠬᠡᠯ ᠵᠤᠷᠢᠬ᠎ᠲᠠᠢ ᠳᠤᠮᠳᠠᠳᠤ ᠤᠯᠤᠰ᠂ ᠳᠠᠯᠠᠢᠴᠠ ᠶᠡᠭᠡ ᠬᠦᠴᠦᠨ ᠴᠢᠳᠠᠯ᠎ᠲᠠᠢ ᠳᠤᠮᠳᠠᠳᠤ ᠤᠯᠤᠰ᠎ᠢ ᠤᠯᠵᠦ᠍ ᠬᠠᠷᠠᠯ᠎ᠠ᠃
ᠵᠠᠭᠤᠨ ᠵᠢᠯ᠎ᠤᠨ ᠳᠡᠮᠡᠴᠡᠬᠦ᠌ ᠬᠠᠷᠠᠯᠳᠠ ᠪᠤᠯᠤᠨ ᠮᠢᠩᠭᠠᠨ ᠤᠨ᠎ᠤ ᠴᠢᠨᠡᠬᠡᠯᠢᠭ᠌ᠵᠢᠬᠦ᠌ ᠬᠦᠰᠡᠯ ᠵᠡᠬᠦᠳᠦ᠎ᠶ᠋ᠢ ᠪᠡᠶᠡᠯᠡᠬᠦᠯᠬᠦ᠌ ᠳᠡᠤᠬᠡ᠎ᠶ᠋ᠢᠨ ᠠᠭᠤᠯᠵᠠᠷ᠎ᠲᠤ᠌᠂ ᠳᠤᠮᠳᠠᠳᠤ ᠤᠯᠤᠰ᠎ᠤᠨ ᠳᠤᠮᠤ ᠬᠦᠯᠬᠡ ᠤᠩᠭᠤᠴᠠ ᠰᠠᠯᠬᠢ ᠪᠤᠷᠤᠭᠠᠨ᠎ᠢ ᠵᠦᠰᠦᠨ ᠡᠷᠡᠮᠡᠬᠡᠢᠯᠡᠨ ᠤᠷᠤᠬ᠍ᠰᠢᠯᠠᠨᠠᠮ᠃
ᠢᠳᠡᠬᠡᠯ ᠵᠤᠷᠢᠬ — ᠬᠦᠴᠢᠷ ᠪᠡᠷᠬᠡᠱᠢᠶᠡᠯ᠎ᠤᠨ ᠳᠤᠮᠳᠠ ᠱᠢᠨ᠎ᠠ ᠬᠦᠰᠡᠯ ᠡᠷᠡᠮᠡᠯᠵᠡᠯ᠎ᠢ ᠬᠦᠪᠤᠷᠡᠬᠦᠯᠦᠨᠠ
ᠬᠦᠴᠢᠷ ᠪᠡᠷᠬᠡᠱᠢᠶᠡᠯ᠎ᠲᠠᠢ᠂ ᠨᠡᠩ ᠴᠤ᠌ ᠢᠳᠡᠬᠡᠯ ᠵᠤᠷᠢᠬ᠎ᠲᠠᠢ᠃ ᠡᠨᠡ ᠪᠤᠯ ᠬᠤᠶᠠᠷ ᠬᠤᠷᠠᠯ᠎ᠠᠴᠠ ᠳᠠᠮᠵᠢᠭᠤᠯᠤᠭ᠍ᠰᠠᠨ ᠢᠯᠠ ᠲᠤᠳᠤ ᠳᠤᠬᠢᠶ᠎ᠠ ᠪᠤᠯᠤᠨ᠎ᠠ᠃
ᠬᠤᠶᠠᠷ 《1 ᠳᠦᠮᠡᠨ ᠳ᠋ᠦᠩᠱᠢᠭᠤᠷ ᠳᠦᠬᠦᠷᠢᠭ》᠂ ᠤᠨᠴᠠᠭᠠᠢ ᠠᠷᠭ᠎ᠠ ᠬᠡᠮᠵᠢᠶ᠎ᠠ᠎ᠪᠠᠷ ᠬᠦᠭ᠌ᠵᠢᠯᠳᠡ᠎ᠶ᠋ᠢᠨ ᠦᠨᠳᠦᠰᠦᠨ ᠪᠠᠢᠳᠠᠯ᠎ᠢᠶᠠᠨ ᠳᠤᠬ᠍ᠳᠠᠪᠤᠷᠢᠵᠢᠭᠤᠯᠤᠨᠠ; ᠠᠵᠢᠯ ᠤᠯᠭᠤᠯᠳᠠ᠎ᠶ᠋ᠢ ᠡᠩ ᠲᠡᠷᠢᠭᠦᠨ᠎ᠳᠤ ᠳᠤᠬ᠍ᠳᠠᠪᠤᠷᠢᠵᠢᠭᠤᠯᠤᠨ ᠠᠷᠠᠳ᠎ᠤᠨ ᠦᠨᠳᠦᠰᠦᠨ ᠠᠮᠢᠳᠤᠷᠠᠯ᠎ᠢ ᠪᠠᠳᠤᠯᠠᠨ᠎ᠠ ᠁ ᠡᠨᠡ ᠵᠢᠯ᠎ᠤᠨ ᠬᠤᠶᠠᠷ ᠬᠤᠷᠠᠯ᠎ᠠᠴᠠ ᠤᠯᠠᠨ ᠠᠷᠪᠢᠨ 《ᠴᠢᠩᠭ᠎ᠠ ᠬᠠᠳᠠᠭᠤ》 ᠠᠷᠭ᠎ᠠ ᠬᠡᠮᠵᠢᠶ᠎ᠠ᠎ᠶ᠋ᠢ ᠳᠤᠷᠠᠳᠴᠤ᠌᠂ ᠤᠯᠤᠰ᠎ᠤᠨ ᠳᠤᠳᠤᠭᠠᠳᠤ ᠭᠠᠳᠠᠭᠠᠳᠤᠶ᠋ᠢᠨᠬᠢᠨᠳᠤ ᠳᠤᠮᠳᠠᠳᠤ ᠤᠯᠤᠰ᠎ᠤᠨ ᠬᠦᠴᠢᠷ ᠪᠡᠷᠬᠡᠱᠢᠶᠡᠯ᠎ᠢ ᠢᠯᠡᠨ ᠳᠠᠪᠠᠭ᠍ᠤ ᠪᠤᠳᠠᠳᠠᠢ ᠠᠷᠭ᠎ᠠ ᠬᠡᠮᠵᠢᠶ᠎ᠠ᠎ᠨᠦᠭᠦᠳ᠎ᠢ ᠦᠵᠡᠬᠦᠯᠪᠡ᠃
《ᠳᠤᠮᠳᠠᠳᠤ ᠤᠯᠤᠰ ᠶᠠᠬ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠳᠤᠬ᠍ᠳᠠᠪᠤᠷᠢᠳᠦ ᠴᠢᠨᠠᠷ᠎ᠢᠶᠠᠨ ᠨᠡᠮᠡᠭ᠌ᠳᠡᠭᠦᠯᠵᠦ᠍ ᠪᠠᠢᠨ᠎ᠠ》 ᠬᠡᠵᠦ᠍ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠱᠠᠩᠬᠠᠢ᠎ᠶ᠋ᠢᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠵᠠᠩ ᠵᠤᠤ ᠠᠨ ᠬᠡᠯᠡᠨ᠎ᠠ᠃ ᠲᠡᠷᠡ ᠪᠠᠰᠠ᠂ ᠵᠢᠩᠬᠢᠨᠢ᠎ᠪᠠᠷ ᠭᠠᠢᠯᠢ᠎ᠶ᠋ᠢ ᠪᠠᠭᠠᠰᠭᠠᠨ ᠰᠦᠢᠳᠭᠡᠯ᠎ᠢ ᠪᠠᠭᠤᠷᠠᠭᠤᠯᠬᠤ ᠴᠤ᠌ ᠪᠤᠯᠤᠬ᠂ ᠵᠠᠬ᠎ᠠ ᠳᠡᠯᠬᠡᠬᠦᠷ᠎ᠤᠨ ᠭᠤᠤᠯ ᠴᠤᠬ᠍ᠴᠠ᠎ᠶ᠋ᠢ ᠪᠠᠳᠤᠯᠠᠬᠤ᠎ᠶ᠋ᠢ ᠠᠵᠢᠯ ᠤᠯᠭᠤᠯᠳᠡ᠎ᠶ᠋ᠢ ᠪᠠᠳᠤᠯᠠᠬᠤᠯᠤᠭᠠ ᠨᠢᠬ᠍ᠳᠠ ᠤᠶᠠᠯᠳᠤᠭᠤᠯᠬᠤ ᠴᠤ᠌ ᠪᠤᠯᠤᠬ᠂ ᠬᠤᠶᠠᠷ ᠬᠤᠷᠠᠯ᠎ᠠᠴᠠ ᠵᠠᠬ᠎ᠠ ᠳᠡᠯᠬᠡᠬᠦᠷ᠎ᠲᠤ ᠴᠢᠩᠭ᠎ᠠ ᠬᠦᠴᠦᠳᠠᠢ ᠢᠳᠡᠬᠡᠯ ᠵᠤᠷᠢᠬ᠎ᠢ ᠳᠡᠮᠵᠢᠭᠤᠯᠵᠠᠢ᠃
ᠠᠵᠦ᠍ ᠦᠢᠯᠡᠰ᠎ᠤᠨ ᠬᠡᠯᠬᠢᠶ᠎ᠠ ᠬᠠᠮᠵᠢᠯᠴᠠᠨ ᠠᠵᠢᠯ ᠦᠢᠯᠡᠳᠪᠤᠷᠢᠯᠡᠯ᠎ᠢᠶᠠᠨ ᠰᠡᠷᠬᠦᠬᠡᠬᠦ᠌ ᠶᠠᠪᠤᠴᠠ᠎ᠳᠠᠬᠢ ᠡᠯ᠎ᠠ ᠵᠦᠢᠯ᠎ᠤᠨ ᠬᠠᠷᠰᠢ ᠰᠠᠭᠠᠳ᠎ᠢ ᠠᠷᠢᠯᠭᠠᠬᠤ ᠪᠤᠯ ᠠᠵᠦ᠍ ᠠᠬᠤᠢ᠍ᠢᠯᠠᠯᠳᠡᠨ ᠳᠦᠯᠦᠬᠡᠯᠡᠭ᠌ᠴᠢ ᠬᠡᠱᠢᠬᠦᠳ᠎ᠤᠨ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠪᠤᠯᠤᠨ᠎ᠠ᠃
《ᠠᠵᠦ᠍ ᠦᠢᠯᠡᠰ᠎ᠤᠨ ᠬᠡᠯᠬᠢᠶᠡᠨ᠎ᠤ ᠡᠯ᠎ᠠ ᠬᠡᠰᠡᠭ ᠪᠤᠯ ᠬᠤᠪᠢ ᠵᠠᠶᠠᠭᠠᠨ᠎ᠤ ᠬᠠᠮᠳᠤ᠎ᠶ᠋ᠢᠨ ᠴᠤᠬ᠍ᠴᠠ ᠶᠤᠮ᠂ ᠡᠯ᠎ᠠ ᠵᠦᠢᠯ᠎ᠤᠨ ᠳᠦᠷᠦ᠎ᠶ᠋ᠢᠨ ᠪᠤᠳᠤᠯᠭ᠎ᠠ ᠵᠠᠯᠭᠠᠭ᠎ᠠ᠎ᠪᠠᠷ ᠬᠡᠷᠡᠭ᠌ᠵᠢᠭᠦᠯᠦᠭ᠌ᠳᠡᠪᠡᠯ ᠳᠤᠮᠳᠠ ᠪᠠᠭ᠎ᠠ ᠵᠢᠵᠢᠭ ᠠᠵᠦ᠍ ᠠᠬᠤᠢ᠍ᠢᠯᠡᠯ᠎ᠢ ᠨᠡᠩ ᠤᠨᠤᠴᠢᠳᠠᠢ ᠪᠦᠳᠦᠮᠵᠢᠳᠡᠢ ᠳᠡᠳᠬᠦᠨ ᠳᠡᠮᠵᠢᠵᠦ᠍ ᠴᠢᠳᠠᠨ᠎ᠠ》 ᠭᠡᠵᠦ᠍ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠵᠧᠩ᠎ᠲᠠᠢ ᠪᠦᠯᠦᠭ᠌ᠯᠡᠯ᠎ᠤᠨ ᠬᠡᠷᠡᠭ ᠮᠡᠳᠡᠭ᠌ᠴᠢᠳ᠎ᠤᠨ ᠳᠠᠷᠤᠭ᠎ᠠ ᠨᠠᠨ ᠼᠦᠨ ᠬᠤᠢ ᠬᠡᠯᠡᠯ᠎ᠠ᠃
ᠪᠡᠷᠬᠡ ᠬᠠᠳᠠᠭᠤᠵᠢᠯᠳᠠᠢ ᠦᠷᠢᠰᠦᠯᠳᠦᠭᠡᠨ ᠳᠤᠮᠳᠠ᠂ ᠦᠭᠡᠷᠡᠴᠢᠯᠡᠯᠳᠠ ᠬᠦᠭ᠌ᠵᠢᠯᠳᠠ ᠲᠤᠬ᠍ᠳᠠᠭᠤᠨ᠎ᠤ ᠬᠦᠨᠳᠤ ᠡᠬᠦᠷᠭᠡ᠎ᠶ᠋ᠢᠨ ᠡᠮᠦᠨ᠎ᠠ᠂ ᠡᠨᠡ ᠤᠳᠠᠭ᠎ᠠ᠎ᠶ᠋ᠢᠨ ᠤᠨᠴᠠᠭᠠᠢ ᠬᠤᠶᠠᠷ ᠬᠤᠷᠠᠯ ᠦᠷᠭᠡᠨ ᠲᠡᠯᠭᠡᠷ ᠬᠠᠮᠳᠤ᠎ᠶ᠋ᠢᠨ ᠲᠠᠨᠢᠯᠳᠠ᠎ᠶ᠋ᠢ ᠨᠢᠬ᠍ᠳᠠᠷᠠᠭᠤᠯᠵᠤ᠂ ᠬᠦᠴᠦᠷᠭᠡᠭ ᠶᠡᠭᠡ ᠢᠳᠡᠭᠡᠯ ᠵᠤᠷᠢᠭ ᠪᠠ ᠬᠦᠴᠤᠨ ᠴᠢᠳᠠᠯ᠎ᠢ ᠬᠤᠷᠠᠮᠳᠤᠭᠤᠯᠪᠠ᠃
《ᠬᠢᠵᠢᠭ᠎ᠤᠨ ᠪᠠᠢᠳᠠᠯ᠎ᠳᠤ᠂ ᠪᠦᠬᠦ᠌ ᠪᠦᠮᠪᠦᠷᠴᠡᠭ᠎ᠤᠨ ᠪᠡᠯᠡ ᠮᠦᠡᠭ᠌ᠭᠦ᠂ ᠮᠡᠳᠡᠭᠡ ᠵᠡᠩᠭᠢ᠂ ᠮᠡᠷᠭᠡᠵᠢᠯ᠂ ᠲᠤᠭ᠎ᠠ ᠪᠠᠷᠢᠮᠳᠠ ᠵᠡᠷᠭᠡ ᠴᠢᠬᠤᠯᠠ ᠡᠬᠢ ᠪᠠᠶᠠᠯᠢᠭ ᠱᠠᠩᠬᠠᠢ ᠲᠠᠢᠰᠢ ᠲᠦᠪᠯᠡᠷᠡᠬᠦ᠌ ᠬᠠᠨᠳᠤᠰᠢ ᠬᠤᠪᠢᠷᠠᠬ᠍ᠰᠡᠨ ᠦᠭᠡᠢ᠃ ᠪᠠᠢᠳᠠᠯ᠎ᠳᠤᠨᠢ ᠲᠤᠬᠢᠷᠠᠭᠤᠯᠤᠨ ᠬᠦᠳᠤᠯᠤᠨ ᠵᠢᠯᠤᠭᠤᠳᠴᠤ᠌᠂ ᠦᠷᠢᠰᠦᠯᠳᠦᠭᠡᠨ᠎ᠳᠤ ᠱᠢᠭᠤᠳ ᠬᠠᠨᠳᠤᠵᠤ᠂ ᠰᠠᠨᠠᠭᠠᠴᠢᠯᠠᠭ᠎ᠠ᠎ᠠᠴᠠ᠎ᠪᠠᠨ ᠬᠤᠪᠢᠷᠠᠯᠳᠠ᠎ᠶ᠋ᠢ ᠡᠷᠢᠯᠬᠢᠯᠡᠵᠤ᠂ ᠱᠠᠩᠬᠠᠢ ᠶᠠᠭ ᠦᠭᠡᠷᠡᠴᠢᠯᠡᠯᠳᠠ ᠨᠡᠭᠡᠭᠡᠯᠳᠠ᠎ᠶ᠋ᠢᠨ ᠲᠠᠰᠤᠷᠠᠯᠳᠠ ᠦᠭᠡᠢ ᠬᠦᠨᠵᠡᠭᠡᠢᠷᠠᠨ ᠦᠷᠭᠡᠵᠢᠬᠦ᠌ᠶ᠋ᠢ ᠠᠬᠢᠭᠤᠯᠵᠤ ᠪᠠᠢᠨ᠎ᠡ》 ᠭᠡᠵᠦ᠍ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠱᠠᠩᠬᠠᠢ ᠬᠤᠳᠠ᠎ᠶ᠋ᠢᠨ ᠵᠠᠰᠠᠭ᠎ᠤᠨ ᠤᠷᠳᠤᠨ᠎ᠤ ᠲᠡᠳ᠋ ᠨᠠᠷᠢᠨ ᠪᠢᠴᠢᠭ᠎ᠤᠨ ᠲᠠᠷᠤᠭ᠎ᠠ ᠴᠧᠨ ᠮᠢᠩ ᠪᠦᠸᠧ ᠬᠡᠯᠡᠪᠡ᠃
ᠡᠨᠡ ᠵᠢᠯ᠎ᠤᠨ ᠲᠦᠷᠤᠬᠦᠤ ᠤᠯᠠᠷᠢᠯ᠎ᠳᠤ᠂ ᠱᠠᠩᠬᠠᠢ᠎ᠳᠤ ᠪᠤᠳᠠᠳᠠᠢ ᠨᠠᠢᠳᠠᠪᠤᠷᠢᠵᠢᠭᠤᠯᠤᠭ᠍ᠰᠠᠨ ᠭᠠᠳᠠᠭᠠᠳᠤ ᠪᠡᠯᠡ 46.69 ᠳ᠋ᠦᠡᠭ᠌ᠰᠢᠭᠤᠷ ᠳ᠋ᠤᠯᠯᠠᠷ ᠬᠦᠷᠴᠤ᠌᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 4.5% ᠪᠠᠷ ᠨᠡᠮᠡᠭ᠌ᠳᠡᠪᠠ᠂ ᠡᠬᠦᠨ᠎ᠳᠤ 3 ᠳ᠋ᠤᠭᠠᠷ ᠰᠠᠷ᠎ᠡ᠎ᠳᠤ 20.8% ᠪᠠᠷ ᠨᠡᠮᠡᠭ᠌ᠳᠡᠵᠦ᠍᠂ ᠰᠦᠷᠭᠡᠤ ᠨᠡᠮᠡᠭ᠌ᠳᠡᠯ᠎ᠤᠨ ᠪᠠᠢᠳᠠᠯ ᠢᠯᠡᠷᠡᠪᠡ᠃
《ᠬᠦᠴᠢᠷ ᠪᠡᠷᠭᠡᠱᠢᠶᠠᠯ ᠲᠤᠯᠭᠠᠷᠠᠬᠤ ᠲᠤᠳᠤᠮ ᠤᠷᠮ᠎ᠠ ᠵᠤᠷᠢᠭ᠎ᠢᠶᠠᠨ ᠬᠦᠪᠴᠢᠯᠡᠬᠦ᠌ ᠭᠡᠷᠡᠭ᠌ᠳᠠᠢ!》 ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠲᠤᠮᠳᠠᠳᠤ ᠤᠯᠤᠰ᠎ᠤᠨ ᠴᠢᠯᠠᠭᠤᠨ ᠲᠤᠰᠤ ᠪᠠᠢᠭᠠᠯᠢ᠎ᠶ᠋ᠢᠨ ᠱᠢᠳᠠᠮᠠᠬᠠᠢ ᠬᠡᠢ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠯᠢᠶᠤᠤᠶᠠᠩ᠎ᠳᠠᠬᠢ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠺᠤᠮᠫᠠᠨᠢ᠎ᠶ᠋ᠢᠨ ᠶᠡᠷᠤᠩᠭᠡᠢ ᠲᠠᠭᠠᠭᠠᠮᠠᠯ ᠪᠠᠢ ᠱᠢᠤᠸᠠᠢ ᠹᠧᠩ᠂ 《ᠬᠦᠴᠢᠷ ᠪᠡᠷᠭᠡᠱᠢᠶᠠᠯ ᠯᠢᠶᠤᠤᠶᠠᠩ᠎ᠤᠨ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠺᠤᠮᠫᠠᠨᠢᠶ᠋ᠢᠨᠬᠢᠨᠢ ᠠᠷᠭ᠎ᠠ ᠮᠤᠬᠤᠷᠳᠠᠭᠤᠯᠵᠤ ᠲᠠᠢᠯᠦᠭ᠌ᠰᠡᠨ ᠦᠭᠡᠢ ᠪᠦᠭᠡᠳ ᠤᠷᠢᠳ ᠡᠮᠤᠨ᠎ᠡ ᠪᠠᠢᠭ᠎ᠠ ᠦᠭᠡᠢ ᠠᠵᠢᠯᠯᠠᠬᠤ ᠡᠷᠴᠢ ᠵᠤᠷᠢᠭ᠎ᠢ ᠬᠦᠭ᠌ᠵᠢᠭᠡᠵᠠᠢ᠂ ᠪᠢᠳᠠ ᠴᠠᠭ ᠮᠦᠴᠠ᠎ᠶ᠋ᠢ ᠬᠤᠪᠢ ᠲᠠᠬᠢᠨ ᠨᠠᠨᠳᠢᠩᠨᠡᠵᠤ᠂ ᠡᠳᠦᠷ᠎ᠤᠨ ᠠᠵᠢᠯ᠎ᠢᠶᠠᠨ ᠦᠨᠳᠤᠷ ᠪᠦᠳᠦᠮᠵᠢᠳᠠᠢ ᠪᠠᠶᠠᠯᠡᠬᠦᠯᠵᠤ᠂ ᠵᠤᠭᠤᠰ ᠮᠦᠩᠭᠦ᠎ᠪᠠᠨ ᠠᠷᠪᠢᠯᠠᠨ ᠭᠠᠮᠨᠠᠵᠤ᠂ ᠲᠦᠷᠦᠬᠦᠤ ᠤᠯᠠᠷᠢᠯ᠎ᠤᠨ ᠬᠤᠬᠢᠷᠠᠯ᠎ᠢᠶᠠᠨ ᠡᠭᠡᠭᠦᠯᠵᠦ᠍ ᠠᠪᠴᠢᠷᠠᠬᠤ᠎ᠪᠠᠷ ᠬᠦᠴᠤᠯᠠᠨ ᠴᠢᠷᠮᠠᠢᠨ᠎ᠡ》 ᠭᠡᠵᠤ ᠬᠡᠯᠡᠪᠡ᠃
ᠲᠦᠮᠠ ᠭᠠᠷᠤᠢ ᠺᠠᠳ᠋ᠷ ᠠᠵᠢᠯᠳᠠᠨ ᠠᠵᠢᠯᠴᠢᠨ᠎ᠤ ᠬᠠᠮᠳᠤ᠎ᠶ᠋ᠢᠨ ᠴᠢᠷᠮᠠᠢᠯᠭ᠎ᠠ᠎ᠪᠠᠷ᠂ ᠲᠤᠮᠳᠠᠳᠤ ᠤᠯᠤᠰ᠎ᠤᠨ ᠴᠢᠯᠠᠭᠤᠨ ᠲᠤᠰᠤ ᠪᠠᠢᠭᠠᠯᠢ᠎ᠶ᠋ᠢᠨ ᠱᠢᠳᠠᠮᠠᠬᠠᠢ ᠬᠡᠢ᠎ᠶ᠋ᠢᠨ ᠪᠦᠯᠦᠭ᠌ᠯᠡᠯ ᠺᠤᠮᠫᠠᠨᠢ᠎ᠶ᠋ᠢᠨ ᠯᠢᠶᠤᠤᠶᠠᠩ᠎ᠳᠠᠬᠢ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠺᠤᠮᠫᠠᠨᠢ᠎ᠶ᠋ᠢᠨ 4 ᠳ᠋ᠤᠭᠡᠷ ᠰᠠᠷ᠎ᠡ᠎ᠶ᠋ᠢᠨ ᠦᠢᠯᠡᠳᠪᠤᠷᠢᠯᠡᠯ᠎ᠤᠨ ᠲᠡᠭᠠᠭᠠᠴᠠ 90% ᠳᠤ ᠬᠦᠷᠦᠭ᠌ᠰᠡᠨ ᠪᠠᠢᠨ᠎ᠡ᠃ 《ᠪᠢᠳᠠ ᠪᠦᠬᠦ᠌ ᠵᠢᠯ᠎ᠤᠨ ᠦᠢᠯᠡᠳᠪᠤᠷᠢᠯᠡᠯ ᠡᠵᠡᠩᠨᠡᠯᠳᠠ᠎ᠶ᠋ᠢᠨ ᠬᠠᠷᠠᠯᠳᠠ᠎ᠪᠠᠨ ᠪᠠᠶᠠᠯᠡᠬᠦᠯᠬᠦ᠌᠎ᠳᠤ ᠢᠳᠡᠭᠡᠯ ᠲᠡᠬᠦᠯᠳᠡᠷ ᠪᠠᠢᠨ᠎ᠡ》 ᠭᠡᠵᠤ ᠲᠡᠷᠨ ᠬᠡᠯᠡᠪᠡ᠃
ᠡᠷᠴᠢ ᠵᠤᠷᠢᠭ — ᠪᠢᠳᠠ ᠬᠠᠷᠠᠯᠳᠠ᠎ᠪᠠᠨ ᠵᠠᠪᠠᠯ ᠪᠡᠶᠡᠯᠡᠭᠦᠯᠦᠨ᠎ᠠ
ᠶᠡᠭᠡ ᠪᠠᠢᠳᠠᠯ᠎ᠢ ᠡᠵᠡᠮᠳᠡᠪᠡᠯ ᠰᠠᠢ ᠶᠡᠭᠡ ᠬᠠᠨᠳᠤᠰᠢ᠎ᠶ᠋ᠢ ᠲᠤᠳᠤᠷᠬᠠᠢ ᠤᠯᠵᠤ ᠬᠠᠷᠠᠨᠡ᠃
ᠪᠦᠬᠦ᠌ ᠲᠠᠯ᠎ᠡ᠎ᠶ᠋ᠢ ᠠᠵᠢᠬᠤᠶᠡ᠂ ᠲᠤᠮᠳᠠᠳᠤ ᠤᠯᠤᠰ᠎ᠤᠨ ᠠᠵᠤ ᠠᠬᠤᠢ᠎ᠶ᠋ᠢᠨ ᠤᠷᠳᠤ ᠬᠤᠭᠤᠴᠠᠭᠠᠨ᠎ᠠ ᠰᠠᠢᠵᠢᠷᠠᠬᠤ ᠦᠨᠳᠤᠰᠤᠨ ᠪᠠᠢᠳᠠᠯ ᠬᠤᠪᠢᠷᠠᠬ᠍ᠰᠡᠨ ᠦᠭᠡᠢ —
ᠫᠠᠨᠶ᠋ᠢᠨᠤ ᠯᠢᠶᠤᠤᠳᠦ᠋ᠩ ᠪᠤᠯᠤᠩ᠎ᠳᠤ᠂ ᠰᠤᠪᠤᠷᠭᠠᠨ ᠲᠡᠬᠦᠵᠢ ᠰᠡᠬᠦ᠋ᠢᠨ ᠰᠦᠨᠳᠡᠷᠯᠡᠵᠤ ᠪᠠᠷᠠᠭᠠᠨ᠎ᠤ ᠲᠡᠷᠭᠡ ᠰᠦᠯᠵᠢᠯᠳᠦᠵᠦ᠍᠂ ᠴᠣ ᠱᠢᠨ᠎ᠡ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠰᠠᠭᠤᠷᠢᠨ ᠶᠠᠭ ᠰᠦᠨᠳᠡᠷᠯᠡᠨ ᠪᠤᠰᠴᠤ᠌ ᠪᠠᠢᠯ᠎ᠠ᠃ ᠡᠨᠡ ᠵᠢᠯ᠎ᠤᠨ 3 ᠰᠠᠷ᠎ᠡ᠎ᠳᠤ᠂ ᠲᠡᠯᠡᠭᠡᠢ᠎ᠶ᠋ᠢᠨ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠲᠤᠮᠤ ᠠᠵᠤ ᠠᠬᠤᠢ᠍ᠢᠯᠠᠯ ᠯᠢ᠊ · ᠠᠨᠳᠧᠪᠠᠰᠠᠢᠷ ᠠᠵᠤ ᠦᠢᠯᠡᠳᠪᠤᠷᠢ᠎ᠶ᠋ᠢᠨ ᠺᠤᠮᠫᠠᠨᠢ᠎ᠶ᠋ᠢᠨ᠎ᠬᠢᠨ ᠲᠤᠬ᠍ᠳᠠᠬ᠍ᠰᠡᠨ ᠬᠤᠭᠤᠴᠠᠭᠠᠨ᠎ᠳᠤ ᠪᠡᠯᠡ ᠤᠷᠤᠭᠤᠯᠵᠤ᠂ ᠶᠡᠷᠤᠩᠭᠡᠢ ᠪᠡᠯᠡ ᠤᠷᠤᠭᠤᠯᠤᠯᠳᠠ᠎ᠨᠢ ᠵᠠᠭᠤᠨ ᠲᠦᠮᠡᠨ ᠳ᠋ᠦᠡᠭ᠌ᠰᠢᠭᠤᠷ ᠳ᠋ᠤᠯᠯᠠᠷ᠎ᠢ ᠲᠠᠪᠠᠭ᠍ᠰᠡᠨ ᠲᠤᠮᠤ ᠬᠡᠯᠪᠡᠷᠢ᠎ᠶ᠋ᠢᠨ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠤᠷᠢ᠎ᠶ᠋ᠢᠨ ᠲᠦᠷᠦᠯ ᠵᠦᠢᠯ᠎ᠢ ᠶᠠᠭ ᠱᠠᠯᠠᠪᠳᠠᠨ ᠠᠬᠢᠭᠤᠯᠵᠤ ᠪᠠᠢᠨ᠎ᠡ᠃
《ᠵᠠᠬ᠎ᠠ ᠲᠡᠯᠭᠡᠬᠦᠷ ᠪᠤᠯ ᠤᠳᠤ ᠦᠶ᠎ᠡ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠠᠮᠤᠭ᠎ᠤᠨ ᠬᠤᠪᠤᠷ ᠴᠤᠬᠠᠭ ᠡᠬᠢ ᠪᠠᠶᠠᠯᠢᠭ ᠪᠤᠯᠤᠨ᠎ᠡ᠂ ᠶᠠᠮᠠᠷᠪᠡ ᠤᠶᠤᠨᠴᠢ ᠪᠡᠯᠡ ᠤᠷᠤᠭᠤᠯᠤᠬ᠍ᠴᠢᠳ ᠴᠦᠮ ᠲᠡᠰᠤᠷᠠᠯᠳᠠ ᠦᠭᠡᠢ ᠬᠦᠭ᠌ᠵᠢᠵᠦ᠍ ᠪᠠᠢᠭ᠎ᠠ ᠲᠤᠮᠳᠠᠳᠤ ᠤᠯᠤᠰ᠎ᠤᠨ ᠵᠠᠬ᠎ᠠ ᠲᠡᠯᠭᠡᠬᠦᠷ᠎ᠢ ᠲᠠᠪᠴᠢᠬᠦ᠌ ᠲᠤᠷ᠎ᠡ ᠦᠭᠡᠢ ᠶᠤᠮ》᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ ᠶᠠᠩ ᠸᠧᠶ ᠮᠢᠨ᠂ ᠪᠢᠳᠡᠨ᠎ᠳᠤ ᠯᠤᠲᠤ ᠶᠡᠭᠡ ᠵᠠᠬ᠎ᠠ ᠳᠡᠯᠭᠡᠭᠦᠷ᠎ᠤᠨ ᠣᠷᠣᠨ ᠵᠠᠶ᠎ᠲᠠᠢ ᠶᠤᠮ᠂ 14 ᠳ᠋ᠦᠩᠱᠢᠭᠤᠷ ᠬᠥᠮᠦᠨ ᠠᠮᠠ᠎ᠲᠠᠢ ᠲᠣᠮᠣ ᠵᠠᠬ᠎ᠠ ᠳᠡᠯᠭᠡᠭᠦᠷ ᠪᠤᠢ᠂ ᠪᠦᠬᠦ᠌ ᠠᠷᠠᠳ ᠲᠦᠮᠡᠨ ᠪᠣᠯᠤᠨ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠲᠤᠮᠤ ᠬᠥᠯᠭᠡ ᠣᠩᠭᠤᠴᠠ ᠯᠠᠪᠲᠠᠢ ᠪᠡᠷᠬᠡ᠎ᠶ᠋ᠢ ᠳᠠᠪᠠᠵᠤ ᠪᠠᠷᠲᠠᠭ᠎ᠠ᠎ᠶ᠋ᠢ ᠲᠤᠭᠤᠯᠵᠤ᠂ ᠳᠠᠪᠠᠯᠭᠠᠨ᠎ᠢ ᠵᠦᠰᠦᠨ ᠤᠷᠤᠭ᠍ᠰᠢᠯᠠᠵᠤ ᠴᠢᠳᠠᠨ᠎ᠠ ᠭᠡᠵᠦ᠍ ᠬᠡᠯᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ 《ᠵᠢᠷᠭᠤᠭ᠎ᠠ᠎ᠶ᠋ᠢ ᠳᠤᠭ᠍ᠳᠠᠪᠤᠷᠢᠵᠢᠭᠤᠯᠬᠤ》 《ᠵᠢᠷᠭᠤᠭ᠎ᠠ᠎ᠶ᠋ᠢ ᠪᠠᠲᠤᠯᠠᠬᠤ》 ᠶ᠋ᠢᠨ ᠲᠣᠭᠤᠷᠢᠨ᠎ᠳᠤ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠤ᠌᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠲᠤᠬᠠᠶ ᠮᠠᠰᠢ ᠤᠯᠠᠨ ᠵᠠᠷᠢᠵᠠᠢ᠃ 《ᠪᠢᠳᠡᠨ᠎ᠳᠤ 1 ᠳ᠋ᠦᠩᠱᠢᠭᠤᠷ ᠭᠠᠷᠤᠢ ᠵᠠᠬ᠎ᠠ ᠳᠡᠯᠭᠡᠭᠦᠷ᠎ᠤᠨ ᠭᠤᠣᠯ ᠴᠣᠭ᠍ᠴᠠ ᠪᠤᠢ》᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠵᠡᠭᠦᠨ ᠬᠤᠢᠲᠤ᠎ᠶ᠋ᠢᠨ ᠶᠡᠭᠡ ᠰᠤᠷᠭᠠᠭᠤᠯᠢ᠎ᠶ᠋ᠢᠨ ᠵᠠᠬᠢᠷᠤᠯ ᠵᠤᠤ ᠵᠢᠶ᠂ ᠡᠮᠦᠨᠡᠬᠢ ᠬᠤᠭᠤᠴᠠᠭᠠᠨ᠎ᠤ ᠠᠵᠢᠯ᠎ᠲᠠᠢ᠎ᠪᠠᠨ ᠤᠶᠠᠯᠳᠤᠭᠤᠯᠤᠨ ᠡᠳᠡᠭᠡᠷ ᠲᠦᠷᠦ᠎ᠶ᠋ᠢᠨ ᠪᠤᠳᠤᠯᠭ᠎ᠠ᠎ᠶ᠋ᠢ ᠬᠠᠮᠳᠤ᠎ᠳᠤᠨᠢ ᠬᠡᠷᠡᠭ᠌ᠵᠢᠭᠦᠯᠵᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢ ᠪᠠᠲᠤᠯᠠᠵᠤ ᠳᠡᠢᠯᠪᠡᠯ ᠠᠵᠤ ᠠᠬᠤᠢ᠎ᠶ᠋ᠢᠨ ᠦᠨᠳᠦᠰᠦᠨ ᠪᠠᠢᠳᠠᠯ᠎ᠢᠶᠠᠨ ᠪᠦᠲᠦᠮᠵᠢᠲᠡᠢ ᠲᠣᠭ᠍ᠲᠠᠪᠤᠷᠢᠵᠢᠭᠤᠯᠵᠤ ᠴᠢᠳᠠᠨ᠎ᠠ》 ᠭᠡᠪᠡ᠃
ᠠᠯᠤᠰ ᠬᠤᠯᠠ᠎ᠶ᠋ᠢ ᠪᠤᠳᠤᠬᠤᠶ᠎ᠠ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠤᠷᠬᠢᠯᠤᠮ᠎ᠠ ᠴᠠᠯᠬᠢᠮ᠎ᠠ ᠪᠠᠢᠨ᠎ᠠ —
《ᠨᠠᠩ ᠲᠡᠭᠦᠯᠳᠡᠷᠵᠢᠭ᠌ᠰᠡᠨ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠪᠠᠢᠭᠤᠯᠤᠮᠵᠢ ᠲᠣᠭ᠍ᠲᠠᠴᠠ᠎ᠶ᠋ᠢ ᠪᠠᠢᠭᠤᠯᠬᠤ ᠲᠤᠬᠠᠶ ᠨᠠᠮ᠎ᠤᠨ ᠲᠦᠪ ᠬᠤᠷᠢᠶ᠎ᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》 《ᠱᠢᠨ᠎ᠡ ᠴᠠᠭ ᠦᠶ᠎ᠡ᠎ᠳᠤ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠮᠵᠢ᠎ᠶ᠋ᠢ ᠱᠠᠯᠠᠪᠳᠠᠨ ᠲᠡᠭᠦᠯᠳᠡᠷᠵᠢᠭᠦᠯᠬᠦ᠌ ᠲᠤᠬᠠᠶ ᠨᠠᠮ᠎ᠤᠨ ᠲᠦᠪ ᠬᠤᠷᠢᠶ᠎ᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》 ᠢ ᠵᠠᠯᠭᠠᠭ᠎ᠠ᠎ᠪᠠᠷ ᠳᠠᠷᠤᠮᠠᠯᠯᠠᠨ ᠲᠠᠷᠬᠠᠭᠠᠪᠠ ᠁ ᠳᠤᠮᠳᠠᠳᠤ ᠤᠯᠤᠰ᠎ᠤᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠯᠬᠤᠭ᠎ᠠ ᠡᠷᠡᠰ ᠪᠠᠲᠤ ᠪᠥᠭᠡᠳ ᠬᠦᠴᠦᠨ ᠲᠡᠭᠦᠯᠳᠡᠷ ᠪᠠᠢᠨ᠎ᠠ᠃
《ᠳᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠳᠥᠭᠦᠮᠴᠢᠯᠡᠯᠲᠡ᠎ᠶ᠋ᠢ ᠠᠬᠢᠭᠤᠯᠤᠨ᠎ᠠ ᠁ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠳᠠᠮᠵᠢᠭᠤᠯᠤᠭ᠍ᠰᠠᠨ ᠥᠭᠡᠷᠡᠴᠢᠯᠡᠯᠲᠡ᠎ᠶ᠋ᠢᠨ ᠳᠤᠬᠢᠶ᠎ᠠ ᠢᠯᠡ ᠲᠣᠳᠣ ᠪᠠᠢᠯ᠎ᠠ᠃
《ᠵᠠᠬ᠎ᠠ ᠳᠡᠯᠭᠡᠭᠦᠷ ᠪᠣᠯ ᠠᠵᠤ ᠠᠬᠤᠶ᠎ᠶ᠋ᠢᠨ ᠨᠡᠮᠡᠭ᠌ᠳᠡᠯ᠎ᠤᠨ ᠭᠦᠶᠴᠡᠳ ᠨᠥᠬᠦᠴᠡᠯ ᠮᠥᠨ᠂ ᠥᠭᠡᠷᠡᠴᠢᠯᠡᠯᠲᠡ ᠪᠣᠯ ᠠᠵᠤ ᠠᠬᠤᠶ᠎ᠶ᠋ᠢᠨ ᠨᠡᠮᠡᠭ᠌ᠳᠡᠯ᠎ᠤᠨ ᠴᠢᠬᠤᠯᠠ ᠨᠥᠬᠦᠴᠡᠯ ᠮᠥᠨ》᠃ ᠶᠠᠩ ᠸᠧᠶ ᠮᠢᠨᠤ ᠦᠵᠡᠬᠦ᠌᠎ᠪᠠᠷ᠂ ᠥᠭᠡᠷᠡᠴᠢᠯᠡᠯᠲᠡ ᠨᠡᠭᠡᠭᠡᠯᠲᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ 14 ᠳ᠋ᠦᠩᠱᠢᠭᠤᠷ ᠬᠥᠮᠦᠨ᠎ᠤ ᠰᠠᠢᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ᠌ ᠢᠳᠡᠪᠬᠢᠵᠢᠯ᠎ᠢ ᠳᠠᠢᠴᠢᠯᠠᠨ᠂ 1 ᠳ᠋ᠦᠩᠱᠢᠭᠤᠷ ᠭᠠᠷᠤᠶ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠦᠶᠯᠡᠳᠪᠦᠷᠢᠯᠡᠯ ᠡᠵᠡᠩᠨᠡᠯᠲᠡ᠎ᠶ᠋ᠢᠨ ᠢᠳᠡᠪᠬᠢᠵᠢᠯ᠎ᠢ ᠬᠥᠭ᠌ᠵᠢᠭᠡᠴᠢᠬᠡᠬᠦ᠌ᠨᠢ ᠪᠤᠯ ᠯᠠᠪᠲᠠᠢ ᠬᠠᠨᠳᠤᠭ᠍ᠰᠠᠨ ᠵᠦᠭ᠎ᠲᠤ ᠳᠠᠢᠰᠤᠨ ᠦᠭᠡᠢ ᠪᠤᠯᠵᠤ ᠴᠢᠳᠠᠨ᠎ᠠ᠃
ᠦᠨᠳᠦᠰᠦᠨ ᠪᠠᠢᠳᠠᠯ᠎ᠢ ᠠᠵᠢᠬᠤᠶ᠎ᠠ᠂ ᠳᠤᠮᠳᠠᠳᠤ ᠤᠯᠤᠰ᠎ᠤᠨ ᠵᠠᠰᠠᠯᠲᠠ᠎ᠶ᠋ᠢᠨ ᠪᠠᠢᠭᠤᠯᠤᠯ᠎ᠤᠨ ᠳᠠᠪᠠᠭᠤᠯᠢᠭ ᠶᠠᠪᠤᠬᠤ ᠲᠤᠳᠤᠮ ᠢᠯᠡᠷᠬᠡᠢ ᠪᠤᠯᠵᠤ ᠪᠠᠢᠨ᠎ᠠ —
2 ᠰᠠᠷ᠎ᠠ᠎ᠶ᠋ᠢᠨ 1 ᠤ ᠡᠳᠦᠷ᠂ ᠬᠢᠵᠢᠭ᠎ᠤᠨ ᠪᠠᠢᠳᠠᠯ ᠬᠠᠮᠤᠭ᠎ᠤᠨ ᠠᠶᠤᠯ ᠲᠦᠭ᠌ᠰᠢᠭᠦᠷᠢᠲᠡᠶ ᠪᠠᠢᠭ᠍ᠰᠠᠨ ᠴᠠᠭ ᠦᠶ᠎ᠠ᠎ᠳᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠭᠦᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠳᠡᠳ᠋ ᠳᠠᠷᠤᠭ᠎ᠠ᠂ ᠳᠤᠮᠳᠠᠳᠤ ᠤᠯᠤᠰ᠎ᠤᠨ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠳᠠᠷᠤᠭ᠎ᠠ ᠸᠠᠩ ᠴᠧᠨ ᠠᠶᠤᠯ᠎ᠢ ᠰᠦᠷᠦᠨ ᠦᠬᠠᠨ᠎ᠳᠤ ᠬᠦᠷᠴᠦ᠍᠂ ᠦᠬᠠᠨ᠎ᠳᠤ ᠬᠤᠶᠠᠷ ᠰᠠᠷ᠎ᠠ ᠭᠠᠷᠤᠢ ᠠᠵᠢᠯᠯᠠᠪᠠ᠃
ᠦᠬᠠᠨ᠎ᠳᠠᠬᠢ ᠥᠩᠭᠡᠷᠡᠯᠲᠡ᠎ᠪᠠᠨ ᠡᠷᠭᠢᠴᠡᠭᠦᠯᠬᠦ᠌᠎ᠪᠠᠷ᠂ 《ᠪᠠᠢᠭᠤᠯᠤᠯ᠎ᠤᠨ ᠳᠠᠪᠠᠭᠤᠯᠢᠭ ᠪᠣᠯ ᠪᠢᠳᠡᠨ᠎ᠤ ᠬᠢᠵᠢᠭ᠎ᠤᠨ ᠪᠠᠢᠳᠠᠯ᠎ᠢ ᠢᠯᠠᠬᠤ᠎ᠶ᠋ᠢᠨ ᠴᠢᠬᠤᠯᠠ ᠰᠠᠭᠤᠷᠢ ᠮᠥᠨ᠃ ᠪᠢᠳᠡ ᠴᠢᠬᠤᠯᠠ ᠶᠡᠭᠡ ᠥᠷᠢᠰᠥᠯᠳᠦᠭᠡᠨ᠎ᠳᠤ ᠲᠤᠯᠭᠠᠷᠠᠬᠤ ᠦᠶ᠎ᠠ᠎ᠳᠤ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠤᠢ ᠪᠦᠬᠦᠢ ᠡᠬᠢ ᠪᠠᠶᠠᠯᠢᠭ᠎ᠢ ᠲᠦᠪᠯᠡᠷᠡᠭᠦᠯᠵᠦ᠍᠂ ᠡᠯ᠎ᠡ ᠲᠠᠯ᠎ᠠ᠎ᠶ᠋ᠢᠨ ᠬᠦᠴᠦᠨ᠎ᠢ ᠳᠠᠢᠴᠢᠯᠠᠵᠤ ᠪᠦᠲᠦᠮᠵᠢᠲᠡᠢ᠎ᠪᠠᠷ ᠠᠷᠭᠠᠴᠠᠭᠠᠵᠤ ᠳᠡᠢᠯᠦᠨ᠎ᠠ》 ᠭᠡᠵᠦ᠍ ᠸᠠᠩ ᠴᠧᠨ ᠶᠡᠬᠡᠳᠡ ᠰᠡᠳᠭᠢᠯ ᠲᠤᠬ᠍ᠳᠤᠯᠤᠨ ᠬᠡᠯᠡᠪᠡ᠃
4 ᠰᠠᠷ᠎ᠠ᠎ᠶ᠋ᠢᠨ 29 ᠤ ᠡᠳᠦᠷ᠂ ᠳ᠋ᠠ ᠪᠢᠶᠧ ᠱᠠᠨ ᠠᠭᠤᠯᠠᠨ᠎ᠤ ᠲᠦᠪᠯᠡᠷᠡᠵᠦ᠍ ᠵᠠᠯᠭᠠᠯᠳᠤᠭ᠍ᠰᠠᠨ ᠤᠨᠴᠠ ᠶᠠᠳᠠᠭᠤ ᠬᠦᠴᠢᠷᠳᠡᠯᠲᠡᠢ ᠤᠷᠤᠨ᠎ᠤ ᠬᠠᠮᠤᠭ ᠰᠡᠭᠦᠯᠴᠢ᠎ᠶ᠋ᠢᠨ ᠬᠤᠶᠠᠷ ᠱᠢᠶᠠᠨ ᠶᠠᠳᠠᠭᠤ᠎ᠠᠴᠠ ᠠᠩᠭᠢᠵᠢᠷᠠᠬᠤ᠎ᠶ᠋ᠢ ᠳᠠᠭᠠᠯᠳᠤᠨ᠂ ᠠᠨᠾᠦ᠋ᠢ ᠮᠤᠵᠢ᠎ᠶ᠋ᠢᠨ ᠯᠢᠦ ᠠᠨ ᠬᠤᠳᠠ ᠣᠷᠣᠨ ᠪᠦᠰᠡ᠎ᠶ᠋ᠢᠨ ᠴᠢᠨᠠᠷᠲᠠᠢ ᠪᠦᠬᠦᠯᠢ ᠴᠣᠭ᠍ᠴᠠ᠎ᠶ᠋ᠢᠨ ᠶᠠᠳᠠᠭᠤ ᠬᠦᠴᠢᠷᠳᠡᠯ᠎ᠠᠴᠠ ᠮᠤᠯᠳᠤᠷᠠᠵᠠᠢ᠃
《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠠᠭᠤᠤ ᠶᠡᠭᠡ ᠠᠮᠵᠢᠯᠲᠠ᠎ᠨᠢ ᠳᠤᠮᠳᠠᠳᠤ ᠤᠯᠤᠰ᠎ᠤᠨ ᠪᠠᠢᠭᠤᠯᠤᠯ᠎ᠤᠨ ᠬᠦᠴᠦᠷᠬᠡᠭ ᠶᠡᠭᠡ ᠳᠠᠪᠠᠭᠤᠯᠢᠭ᠎ᠢ ᠢᠯᠡᠷᠡᠭᠦᠯᠵᠡᠢ᠂ ᠡᠨᠡ᠎ᠨᠢ ᠮᠥᠨ ᠴᠦ᠍ ᠪᠢᠳᠡᠨ᠎ᠤ ᠦᠷᠭᠦᠯᠵᠢᠯᠡᠨ ᠤᠷᠤᠭ᠍ᠰᠢᠯᠠᠬᠤ᠎ᠶ᠋ᠢᠨ ᠬᠦᠴᠦᠲᠡᠶ ᠪᠠᠲᠤᠯᠠᠭ᠎ᠠ ᠮᠥᠨ》᠃ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠯᠢᠦ ᠠᠨ ᠬᠤᠲᠠ᠎ᠶ᠋ᠢᠨ ᠳᠡᠳ᠋ ᠳᠠᠷᠤᠭ᠎ᠠ ᠰᠦᠨ ᠱᠢᠤᠸᠠᠢ ᠯᠦᠩ᠂ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠠ ᠪᠦᠲᠦᠮᠵᠢ ᠪᠣᠯᠭᠠᠨ ᠨᠡᠩ ᠰᠠᠢᠳᠦᠷ ᠬᠤᠪᠢᠷᠠᠭᠤᠯᠵᠤ᠂ ᠵᠠᠰᠠᠯᠲᠠ᠎ᠶ᠋ᠢᠨ ᠲᠦᠪᠱᠢᠨ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠪᠡᠯ᠂ ᠪᠢᠳᠡ ᠳᠠᠷᠤᠶ ᠬᠢᠵᠠᠭᠠᠯᠠᠰᠢ ᠦᠭᠡᠢ ᠬᠦᠴᠦᠨ ᠴᠢᠳᠠᠯ᠎ᠲᠠᠢ ᠪᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ ᠯᠠᠪᠲᠠᠶ ᠪᠡᠶᠡᠯᠡᠭ᠌ᠳᠡᠬᠦ᠌ ᠶᠤᠮ ᠭᠡᠪᠡ᠃
ᠪᠠᠳᠤ ᠵᠣᠷᠢᠭ — ᠱᠢᠯᠭᠠᠯᠳᠠ ᠳᠠᠪᠲᠠᠯᠲᠠ ᠳᠤᠮᠳᠠ ᠬᠦᠰᠡᠯ ᠵᠡᠭᠦᠳᠦ᠎ᠪᠠᠨ ᠵᠠᠪᠠᠯ ᠪᠡᠶᠡᠯᠡᠭᠦᠯᠦᠨ᠎ᠠ
ᠢᠲᠡᠭᠡᠯ ᠵᠣᠷᠢᠭ᠎ᠢᠶᠠᠨ ᠬᠥᠳᠡᠯᠭᠡᠬᠦ᠌ ᠬᠦᠴᠦᠨ ᠪᠤᠯᠭᠠᠨ ᠬᠤᠪᠢᠷᠠᠭᠤᠯᠵᠤ᠂ ᠬᠦᠴᠦᠨ ᠴᠢᠳᠠᠯ᠎ᠢᠶᠠᠨ ᠪᠤᠳᠠᠳᠤ ᠠᠵᠢᠯᠯᠠᠭ᠎ᠠ ᠪᠣᠯᠭᠠᠨ᠂ ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠰᠡᠷᠭᠦᠨ ᠮᠠᠨᠳᠤᠯᠲᠠ᠎ᠶ᠋ᠢᠨ ᠠᠶᠠᠨ ᠵᠠᠮ᠎ᠳᠤ ᠱᠢᠨ᠎ᠡ ᠬᠦᠱᠢᠶ᠎ᠠ ᠲᠡᠮᠳᠡᠭ ᠪᠤᠯᠬᠤ᠎ᠨᠢ ᠯᠠᠪᠳᠠᠢ᠃
《ᠵᠢᠷᠭᠤᠭ᠎ᠠ᠎ᠶ᠋ᠢ ᠲᠤᠬ᠍ᠲᠠᠪᠤᠷᠢᠵᠢᠭᠤᠯᠬᠤ》 《ᠵᠢᠷᠭᠤᠭ᠎ᠠ᠎ᠶ᠋ᠢ ᠪᠠᠲᠤᠯᠠᠬᠤ》 ᠶ᠋ᠢ ᠪᠤᠳᠠᠲᠠᠢ ᠠᠳᠭᠤᠨ ᠨᠠᠷᠢᠯᠢᠭ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠤᠨ᠎ᠠ —
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ ᠠᠵᠢᠯ ᠣᠯᠭᠤᠯᠲᠠ᠎ᠶ᠋ᠢ 39 ᠤᠳᠠᠭ᠎ᠠ ᠳᠤᠷᠠᠳᠴᠤ᠌᠂ ᠬᠤᠶᠠᠷ 《1 ᠲᠦᠮᠡᠨ ᠳ᠋ᠦᠩᠱᠢᠭᠤᠷ ᠲᠥᠭᠦᠷᠢᠭ》 ᠢ ᠬᠤᠲᠠ ᠱᠢᠶᠠᠨ᠎ᠤ ᠦᠨᠳᠦᠰᠦᠨ ᠱᠠᠲᠤᠨ᠎ᠳᠤ ᠱᠢᠭᠤᠳ ᠪᠠᠭᠤᠯᠭᠠᠵᠤ᠂ ᠠᠵᠤ ᠠᠬᠤᠢᠯᠠᠯ᠎ᠳᠤ ᠱᠢᠭᠤᠳ ᠠᠱᠢᠭ ᠬᠦᠷᠲᠡᠭᠡᠵᠦ᠍ ᠠᠷᠠᠳ᠎ᠲᠤ ᠱᠢᠭᠤᠳ ᠠᠱᠢᠭ ᠬᠦᠷᠲᠡᠭᠡᠨ᠎ᠠ ᠭᠡᠪᠡ ᠁ ᠤᠯᠤᠰ᠎ᠠᠴᠠ ᠦᠨᠡᠨ ᠪᠤᠳᠠᠳᠠᠢ ᠪᠡᠯᠡ ᠮᠦᠩᠬᠦ᠌ ᠪᠠᠭᠤᠯᠭᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠢᠵᠢ ᠪᠦᠷᠢᠳᠦᠭᠦᠯᠬᠦ᠌ ᠲᠦᠷᠦ᠎ᠶ᠋ᠢᠨ ᠪᠣᠳᠣᠯᠭ᠎ᠠ ᠭᠠᠷᠭᠠᠪᠠ᠃
ᠬᠤᠶᠠᠷ ᠬᠤᠷᠠᠯ᠎ᠤᠨ ᠬᠤᠭᠤᠴᠠᠭᠠᠨ᠎ᠳᠤ᠂ ᠨᠠᠨᠵᠢᠩ ᠬᠤᠲᠠ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 《ᠵᠢᠷᠭᠤᠭ᠎ᠠ᠎ᠶ᠋ᠢ ᠪᠠᠲᠤᠯᠠᠬᠤ》 ᠶ᠋ᠢᠨ ᠲᠣᠭᠤᠷᠢᠨ᠎ᠳᠤ 40 ᠵᠤᠷᠪᠤᠰ ᠪᠣᠳᠠᠲᠠᠶ ᠠᠷᠭ᠎ᠠ ᠬᠡᠮᠵᠢᠶ᠎ᠡ ᠨᠡᠢᠳᠡᠯᠡᠪᠡ᠂ ᠵᠢᠱ᠌ᠢᠶᠡᠯᠡᠪᠡᠯ ᠪᠥᠬᠦ᠌ ᠵᠢᠯ᠎ᠳᠤ ᠶᠡᠭᠡ ᠳᠡᠭᠡᠳᠦ ᠰᠤᠷᠭᠠᠭᠤᠯᠢ᠎ᠶ᠋ᠢᠨ ᠲᠡᠭᠦᠰᠭᠦ ᠤᠶᠤᠲᠠᠳ᠎ᠲᠤ 20 ᠲᠦᠮᠡ ᠭᠠᠷᠤᠢ ᠠᠵᠢᠯ᠎ᠤᠨ ᠪᠠᠢᠷᠢ ᠬᠠᠩᠭᠠᠵᠤ᠂ ᠴᠡᠷᠢᠭ᠎ᠠᠴᠠ ᠬᠠᠯᠠᠭ᠍ᠳᠠᠭ᠍ᠰᠠᠳ᠎ᠲᠤ ᠨᠠᠭᠠᠳᠤ ᠵᠠᠬ᠎ᠠ᠎ᠳᠠᠭᠠᠨ 5000 ᠠᠵᠢᠯ᠎ᠤᠨ ᠪᠠᠢᠷᠢ ᠬᠠᠩᠭᠠᠵᠤ᠂ 1.4 ᠲᠦᠮᠡᠨ ᠠᠵᠢᠯ ᠤᠯᠬᠤ᠎ᠳᠤ ᠬᠦᠴᠢᠷᠳᠠᠢ ᠬᠦᠮᠦᠰ᠎ᠲᠤ ᠲᠤᠰᠠᠯᠠᠮᠵᠢ ᠬᠠᠩᠭᠠᠨ᠎ᠠ ᠁
ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠨᠠᠨᠵᠢᠩ ᠬᠤᠲᠠ᠎ᠶ᠋ᠢᠨ ᠳᠠᠷᠤᠭ᠎ᠠ ᠬᠠᠨ ᠯᠢ ᠮᠢᠩ᠄ 《ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠳᠤ ᠨᠠᠷᠢᠨ ᠬᠢᠨᠠᠮᠠᠭᠠᠶ᠂ ᠦᠨᠡᠨᠴᠢ ᠱᠢᠳᠤᠷᠭᠤ᠂ ᠦᠨᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ᠎ᠲᠠᠢ ᠪᠠᠢᠵᠤ᠂ ᠲᠡᠷᠡ ᠴᠢᠭᠢᠶᠠᠷᠨᠢ ᠨᠠᠢᠳᠠᠪᠤᠷᠢᠵᠢᠭᠤᠯᠵᠤ᠂ ᠣᠯᠠᠨ ᠲᠦᠮᠡᠨ᠎ᠳᠤ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢ ᠱᠢᠭᠤᠳ ᠮᠡᠳᠡᠷᠡᠭᠦᠯᠬᠦ᠌ ᠬᠡᠷᠡᠭ᠌ᠲᠡᠶ》 ᠭᠡᠪᠡ᠃
ᠱᠢᠨ᠎ᠡ ᠠᠵᠠ ᠲᠣᠬᠢᠶᠠᠯ᠎ᠢ ᠡᠵᠡᠮᠳᠡᠵᠦ᠍᠂ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠦᠨ᠎ᠡ —
ᠵᠢᠶᠠᠩᠰᠦ᠎ᠶ᠋ᠢᠨ ᠱᠢᠦ᠋ᠢᠵᠸᠦᠳᠤ᠂ ᠱᠢᠤᠢ ᠭᠦᠩ ᠪᠦᠯᠦᠭ᠌ᠯᠡᠯ᠎ᠤᠨ ᠪᠧᠲ᠋ᠤᠨ᠎ᠤ ᠮᠧᠬᠠᠨᠢᠭ ᠠᠵᠤ ᠦᠢᠯᠡᠰ᠎ᠤᠨ ᠰᠠᠭᠤᠷᠢᠨ᠎ᠳᠤ ᠬᠦᠮᠦᠰ ᠮᠠᠰᠢ ᠶᠠᠭᠠᠷᠠᠯᠲᠠᠢ ᠠᠵᠢᠯᠯᠠᠵᠤ ᠪᠠᠢᠯ᠎ᠠ᠃ ᠨᠢᠭᠡᠳᠦᠭᠡᠷ ᠤᠯᠠᠷᠢᠯ᠎ᠳᠤ᠂ ᠱᠢᠤᠢ ᠭᠦᠩ ᠪᠦᠯᠦᠭ᠌ᠯᠡᠯ᠎ᠤᠨ ᠭᠠᠳᠠᠭᠠᠳᠤ ᠭᠠᠷᠭᠠᠯᠲᠠ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠡ 50% ᠨᠡᠮᠡᠭ᠌ᠳᠡᠵᠦ᠍᠂ ᠠᠵᠢᠯ ᠲᠥᠷᠥᠯ᠎ᠤᠨ ᠭᠠᠳᠠᠭᠠᠳᠤ ᠭᠠᠷᠭᠠᠯᠲᠠ᠎ᠶ᠋ᠢᠨ ᠨᠢᠭᠡᠳᠦᠭᠡᠷ ᠪᠠᠢᠷᠢ᠎ᠶ᠋ᠢ ᠦᠷᠭᠦᠯᠵᠢᠯᠡᠨ ᠡᠵᠡᠯᠡᠪᠡ᠃
ᠱᠢᠤᠢ ᠭᠦᠩ ᠪᠦᠯᠦᠭ᠌ᠯᠡᠯ᠎ᠠᠴᠠ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠶᠠᠨ ᠯᠢ ᠵᠢᠦᠸᠠᠨ᠄ 《ᠱᠢᠨ᠎ᠡ ᠰᠠᠭᠤᠷᠢ ᠪᠦᠲᠦᠭᠡᠨ ᠪᠠᠢᠭᠤᠯᠤᠯᠲᠠ᠎ᠶ᠋ᠢᠨ ᠶᠡᠭᠡ ᠠᠵᠠ ᠲᠣᠬᠢᠶᠠᠯ᠎ᠢ ᠠᠳᠭᠤᠵᠤ᠂ ᠠᠵᠤ ᠠᠬᠤᠢᠯᠠᠯ ᠱᠢᠨ᠎ᠡ ᠮᠠᠶᠢᠭ᠎ᠤᠨ ᠲᠣᠭᠠᠴᠢᠯᠠᠭ᠍ᠰᠠᠨ ᠰᠠᠭᠤᠷᠢ ᠲᠥᠬᠦᠭᠡᠷᠦᠮᠵᠢ᠎ᠶ᠋ᠢ ᠶᠡᠭᠡ᠎ᠪᠠᠷ ᠪᠦᠲᠦᠭᠡᠨ ᠪᠠᠢᠭᠤᠯᠵᠤ᠂ ᠠᠵᠤ ᠠᠬᠤᠢᠯᠠᠯ᠎ᠤᠨ ᠬᠡᠯᠪᠡᠷᠢ᠎ᠪᠠᠨ ᠬᠤᠪᠢᠷᠠᠭᠤᠯᠬᠤ᠎ᠶ᠋ᠢ ᠳᠠᠢᠴᠢᠯᠠᠵᠤ᠂ ᠪᠦᠬᠦ᠋ᠢᠯᠡ ᠠᠵᠢᠯ ᠲᠦᠷᠦᠯ᠎ᠳᠤ ᠬᠦᠳᠡᠯᠭᠡᠬᠦ᠌ ᠡᠨᠧᠷᠭᠢ ᠣᠯᠭᠤᠪᠠ》 ᠭᠡᠵᠦ᠍ ᠬᠡᠯᠡᠪᠡ᠃
ᠱᠢᠨ᠎ᠡ ᠰᠠᠭᠤᠷᠢ ᠪᠦᠳᠦᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠱᠢᠨ᠎ᠡ ᠵᠠᠭ᠍ᠪᠤᠷ᠎ᠢ ᠡᠭᠦᠳᠴᠦ᠍᠂ ᠲᠣᠭᠠᠴᠢᠯᠠᠭ᠍ᠰᠠᠨ ᠠᠵᠤ ᠠᠬᠤᠢ᠎ᠶ᠋ᠢᠨ ᠱᠢᠨ᠎ᠡ ᠳᠠᠪᠠᠭᠤᠯᠢᠭ᠎ᠢ ᠪᠤᠢ ᠪᠤᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠱᠢᠪᠲᠤᠯᠤᠯᠲᠠ᠎ᠶ᠋ᠢ ᠠᠬᠢᠭᠤᠯᠵᠤ᠂ ᠱᠢᠨ᠎ᠡ ᠣᠷᠣᠨ ᠵᠠᠢ᠎ᠶ᠋ᠢ ᠨᠡᠭᠡᠭᠡᠨ᠎ᠡ ᠁ ᠲᠡᠭᠦᠨᠴᠢᠯᠡᠨ ᠳᠠᠭᠤᠰᠤᠰᠢ ᠦᠭᠡᠢ ᠱᠢᠨ᠎ᠡ ᠬᠥᠳᠡᠯᠭᠡᠬᠦ᠌ ᠡᠨᠧᠷᠬᠢ᠎ᠶ᠋ᠢ ᠬᠤᠷᠠᠮᠳᠤᠭᠤᠯᠤᠨ᠎ᠠ᠃
ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠥᠭᠡᠯᠡᠭ᠌ᠴᠢ᠂ ᠳᠤᠮᠳᠠᠳᠤ ᠤᠯᠤᠰ᠎ᠤᠨ ᠱᠢᠯᠵᠢᠭᠡ ᠬᠤᠯᠪᠣᠭᠠᠨ᠎ᠤ ᠯᠢᠶᠣᠤᠨᠢᠩ᠎ᠳᠠᠬᠢ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠠᠩ ᠺᠦᠶ ᠫᠢᠩ᠂ ᠬᠢᠵᠢᠭ᠎ᠤᠨ ᠪᠠᠢᠳᠠᠯ᠎ᠨᠢ 《5G + ᠠᠯᠤᠰ ᠰᠤᠷᠭᠠᠨ ᠬᠥᠮᠦᠵᠢᠯ》᠂ 《5G+ ᠣᠶᠤᠨᠴᠢ ᠡᠮᠴᠢᠯᠡᠭᠡ》 ᠵᠡᠷᠭᠡ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠪᠣᠶ ᠪᠣᠯᠭᠠᠵᠤ᠂ ᠱᠢᠨ᠎ᠡ ᠰᠠᠭᠤᠷᠢ ᠪᠥᠲᠥᠭᠡᠨ ᠪᠠᠢᠭᠤᠯᠤᠯᠲᠠ ᠬᠢᠵᠢᠭ᠎ᠲᠠᠢ ᠲᠡᠮᠡᠴᠡᠭᠦ᠌ ᠪᠠ ᠠᠵᠢᠯ ᠦᠶᠯᠡᠳᠪᠦᠷᠢᠯᠡᠯ᠎ᠢᠶᠠᠨ ᠰᠡᠷᠭᠦᠭᠡᠬᠦ᠌ ᠶᠠᠪᠤᠴᠠ ᠳᠤᠮᠳᠠ ᠴᠥᠮ ᠴᠢᠬᠤᠯᠠ ᠦᠶᠯᠡᠳᠦᠯ ᠦᠵᠡᠭᠦᠯᠵᠡᠶ᠃ 《ᠬᠢᠮᠤᠷᠠᠯ᠎ᠤᠨ ᠳᠤᠮᠳᠠ ᠠᠵᠠ ᠲᠤᠬᠢᠶᠠᠯ ᠤᠷᠤᠱᠢᠵᠤ᠂ ᠴᠢᠮᠡᠭᠡ ᠬᠤᠯᠪᠣᠭ᠎ᠠ᠎ᠶ᠋ᠢᠨ ᠡᠵᠡᠩᠨᠡᠯᠲᠡ᠎ᠶ᠋ᠢᠨ ᠬᠤᠳᠠᠯᠳᠤᠭᠠᠴᠢᠳ ᠱᠢᠨ᠎ᠡ ᠰᠠᠭᠤᠷᠢ ᠪᠦᠳᠦᠬᠡᠨ ᠪᠠᠢᠭᠤᠯᠤᠯᠲᠠ᠎ᠪᠠᠨ ᠴᠢᠩᠭᠠᠳᠭᠠᠵᠤ᠂ ᠲᠣᠭᠠᠴᠢᠯᠠᠭ᠍ᠰᠠᠨ ᠠᠵᠤ ᠠᠬᠤᠢ᠎ᠳᠤ 〈ᠲᠦᠷᠭᠡᠳᠭᠡᠬᠦ᠌ ᠳᠠᠷᠤᠪᠴᠢ〉 ᠶ᠋ᠢ ᠳᠠᠷᠤᠵᠤ ᠦᠭ᠌ᠬᠦ ᠬᠡᠷᠡᠭ᠌ᠳᠠᠢ》 ᠭᠡᠵᠦ᠍ ᠬᠡᠯᠡᠪᠡ᠃
ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ ᠬᠢᠵᠦ᠍ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠱᠢᠶᠳᠪᠦᠷᠢᠲᠦ ᠢᠯᠠᠯᠲᠠ᠎ᠶ᠋ᠢ ᠣᠯᠵᠤ᠂ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠨ᠎ᠠ —
ᠬᠤᠶᠠᠷ ᠬᠤᠷᠠᠯ ᠳᠡᠭᠡᠷ᠎ᠡ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠰᠧᠴᠤᠸᠠᠨ ᠮᠤᠵᠢ᠎ᠶ᠋ᠢᠨ ᠼᠠᠩᠰᠢ ᠱᠢᠶᠠᠨ᠎ᠤ ᠪᠠᠶ ᠢ ᠪᠠᠯᠭᠠᠰᠤᠨ᠎ᠤ ᠱᠢᠤ ᠶᠦᠨ ᠲᠣᠰᠭᠤᠨ᠎ᠤ ᠨᠠᠮ᠎ᠤᠨ ᠡᠭᠦᠷ᠎ᠤᠨ ᠱᠦᠵᠢ ᠯᠢ ᠵᠢᠶᠦ᠋ᠨ᠂ ᠦᠪᠡᠷ᠎ᠤᠨ ᠲᠣᠰᠭᠤᠨ᠎ᠤ᠎ᠪᠠᠨ ᠴᠤᠤᠷᠢᠶ᠎ᠠ ᠱᠢᠭᠤᠳ ᠨᠡᠪᠲᠡᠷᠡᠭᠦᠯᠭᠡ᠎ᠶ᠋ᠢᠨ ᠦᠷᠦᠭᠡ᠎ᠶ᠋ᠢᠨ ᠲᠤᠬᠠᠢ ᠬᠠᠮᠤᠭ ᠣᠯᠠᠨ ᠶᠠᠷᠢᠵᠠᠶ᠃ ᠤᠢ᠍ᠢᠷ᠎ᠠ᠎ᠶ᠋ᠢᠨ ᠵᠢᠯ᠎ᠤᠳ᠎ᠲᠤ᠌᠂ ᠢᠨᠲᠧᠷ ᠰᠦᠯᠵᠢᠶ᠎ᠠ᠎ᠶ᠋ᠢᠨ ᠳᠦᠭᠦᠮ ᠳᠦᠳᠡ᠎ᠶ᠋ᠢ ᠠᠱᠢᠡᠡᠯᠠᠵᠤ᠂ ᠨᠢᠭᠡ ᠦᠶ᠎ᠡ ᠡᠪᠡᠰᠦᠨ ᠣᠪᠣᠬᠠᠢ᠎ᠠᠴᠠ ᠦᠭᠡᠷ᠎ᠠ ᠶᠠᠭᠤᠮ᠎ᠠ ᠦᠭᠡᠢ ᠶᠠᠳᠠᠭᠤ ᠬᠤᠭᠤᠰᠤᠨ ᠪᠠᠢᠭ᠍ᠰᠠᠨ ᠲᠣᠰᠭᠤᠨ ᠠᠮᠵᠢᠯᠲᠠ᠎ᠲᠠᠢ᠎ᠪᠠᠷ ᠶᠠᠳᠠᠭᠤ᠎ᠠᠴᠠ ᠠᠩᠭᠢᠵᠢᠷᠠᠪᠠ᠃ 2019 ᠣᠨ ᠪᠣᠯᠬᠤ᠎ᠳᠤ᠂ ᠲᠣᠰᠭᠤᠨ᠎ᠤ 264 ᠡᠷᠦᠬᠡ᠎ᠶ᠋ᠢᠨ 153 ᠡᠷᠦᠬᠡ᠎ᠨᠢ ᠬᠤᠪᠢ᠎ᠶ᠋ᠢᠨ ᠮᠠᠱᠢᠨ ᠲᠡᠷᠭᠡ ᠬᠤᠳᠠᠯᠳᠤᠨ ᠠᠪᠴᠠᠶ᠃
ᠭᠠᠷ ᠤᠲᠠᠰᠤ 《ᠱᠢᠨ᠎ᠡ ᠲᠠᠷᠢᠶᠠᠯᠠᠩ᠎ᠤᠨ ᠪᠠᠭᠠᠵᠢ》 ᠪᠣᠯᠵᠤ᠂ ᠱᠢᠭᠤᠳ ᠨᠡᠪᠲᠡᠷᠡᠭᠦᠯᠭᠡ 《ᠱᠢᠨ᠎ᠡ ᠲᠠᠷᠢᠶᠠᠨ ᠠᠵᠢᠯ》 ᠪᠤᠯᠵᠤ᠂ ᠲᠠᠷᠢᠶᠠᠴᠢᠳ᠎ᠤᠨ ᠴᠢᠨᠡᠭᠡᠯᠢᠭ᠌ᠵᠢᠬᠦ᠌ ᠵᠠᠮ ᠶᠠᠪᠤᠬᠤ ᠲᠤᠲᠤᠮ ᠥᠷᠭᠡᠨ ᠪᠣᠯᠪᠠ᠃ 《ᠲᠤᠰᠭᠤᠨ᠎ᠳᠠᠭᠠᠨ ᠲᠠᠷᠢᠶᠠᠯᠠᠩ᠎ᠤᠨ ᠪᠦᠲᠦᠭᠡᠭ᠌ᠳᠡᠭᠦᠨ ᠡᠳ᠋ᠱᠢᠭᠦᠯᠵᠤ ᠭᠦᠢᠯᠭᠡᠭᠡᠬᠦ᠌ ᠲᠦᠪ ᠪᠠᠢᠭᠤᠯᠵᠤ᠂ ᠴᠧᠩᠳᠦ᠋᠎ᠶ᠋ᠢᠨ ᠬᠤᠳᠠᠯᠳᠤᠭᠠᠨ᠎ᠤ ᠲᠤᠭᠤᠷᠢᠭ᠎ᠲᠤ ᠳᠡᠯᠭᠡᠭᠦᠷ ᠨᠡᠭᠡᠭᠡᠨ᠎ᠠ ᠁》 ᠭᠡᠵᠦ᠍ ᠯᠢ ᠵᠢᠶᠦ᠋ᠨ ᠲᠣᠰᠭᠤᠨ᠎ᠤ᠎ᠪᠠᠨ ᠢᠷᠡᠭᠡᠳᠦᠶ᠎ᠶ᠋ᠢ ᠲᠦᠯᠦᠪᠯᠡᠵᠤ ᠪᠠᠢᠯ᠎ᠠ᠃
ᠱᠢᠢᠳᠪᠦᠷᠢᠲᠦ ᠳᠠᠢᠯᠠᠯᠳᠤᠭᠠᠨ ᠬᠢᠵᠦ᠍ ᠱᠢᠶᠳᠪᠦᠷᠢᠲᠦ ᠢᠯᠠᠯᠲᠠ ᠤᠯᠬᠤ ᠠᠵᠢᠯ ᠡᠴᠤᠰ᠎ᠤᠨ ᠱᠢᠪᠲᠤᠯᠤᠯᠲᠠ ᠬᠢᠬᠦ᠌ ᠦᠶ᠎ᠠ ᠪᠤᠯᠤᠭ᠍ᠰᠠᠨ ᠪᠠᠢᠨ᠎ᠡ᠃ ᠤᠳᠠᠭᠠᠨ ᠳᠠᠭᠠᠭᠠᠮᠠᠭᠠᠢ ᠵᠢᠳᠭᠦᠪᠡᠯ ᠰᠠᠶᠢ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠳᠠᠷᠠᠭᠠᠴᠢ᠎ᠶ᠋ᠢᠨ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠳᠤ ᠰᠠᠭᠤᠷᠢ ᠲᠠᠯᠪᠢᠵᠤ᠂ ᠱᠢᠨ᠎ᠡ ᠪᠠᠢᠳᠠᠯ᠎ᠢ ᠨᠡᠭᠡᠭᠡᠵᠦ᠍ ᠴᠢᠳᠠᠨ᠎ᠠ᠃
《ᠨᠢᠳᠦᠨ ᠡᠮᠦᠨᠡᠬᠢ ᠬᠦᠴᠢᠷ ᠪᠡᠷᠬᠡᠱᠢᠶᠡᠯ ᠪᠢᠳᠡᠨ᠎ᠢ ᠮᠤᠬᠤᠷᠳᠠᠭᠤᠯᠵᠤ ᠳᠡᠢᠯᠬᠦ᠌ ᠦᠭᠡᠢ ᠶᠤᠮ᠂ ᠪᠢᠳᠡ ᠠᠵᠢᠯᠴᠢ ᠬᠤᠶᠠᠷ ᠭᠠᠷ᠎ᠢᠶᠠᠷ᠎ᠢᠶᠠᠨ ᠠᠮᠢᠳᠤᠷᠠᠯ᠎ᠢᠶᠠᠨ ᠡᠳᠦᠷ᠎ᠠᠴᠠ ᠡᠳᠦᠷ ᠦᠭᠡᠳᠡᠯᠡᠭᠦᠯᠵᠦ᠍᠂ ᠬᠦᠰᠡᠯ ᠵᠡᠭᠦᠳᠦ᠎ᠪᠠᠨ ᠯᠠᠪᠲᠠᠶ ᠪᠡᠶᠡᠯᠡᠭᠦᠯᠦᠨ᠎ᠠ》 ᠭᠡᠵᠦ᠍ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠂ ᠵᠢᠶᠠᠩᠰᠦ ᠮᠤᠵᠢ᠎ᠶ᠋ᠢᠨ ᠢᠱᠢᠩ ᠬᠤᠲᠠ᠎ᠶ᠋ᠢᠨ ᠰᠢ ᠵᠤ᠌ ᠪᠠᠯᠭᠠᠰᠤᠨ᠎ᠤ ᠴᠠᠭᠠᠨ ᠰᠤᠪᠤᠷᠭ᠎ᠠ ᠲᠣᠰᠭᠤᠨ᠎ᠤ ᠨᠠᠮ᠎ᠤᠨ ᠶᠡᠷᠦᠩᠬᠡᠶ ᠡᠭᠦᠷ᠎ᠤᠨ ᠱᠦᠵᠢ ᠡᠸᠤ ᠶᠠᠩ ᠬᠤᠸᠠ ᠬᠡᠯᠡᠪᠡ᠃
(ᠱᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶ᠋ᠢᠨ 26 ᠤ ᠴᠠᠬᠢᠯᠭᠠᠨ ᠮᠡᠳᠡᠭᠡ)