ᠦᠪᠡᠷᠳᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2020-06-10 10:33:02
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

      ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ ᠤᠢ᠍ᠢᠷ᠎ᠠ᠎ᠳᠤ ᠲᠢᠩᠬᠢᠮ᠎ᠤᠨ ᠱᠢᠰᠲ᠋ᠧᠮ᠎ᠤᠨ ᠺᠠᠳ᠋ᠷᠴᠤᠳ᠎ᠤᠨ ᠶᠡᠭᠡ ᠬᠤᠷᠠᠯ ᠬᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠱᠢᠰᠲ᠋ᠧᠮ᠎ᠤᠨ ᠰᠤᠷᠤᠯᠴᠠᠨ ᠲᠤᠭᠤᠱᠢᠯᠠᠭᠤᠯᠬᠤ ᠠᠵᠢᠯ᠎ᠳᠤ ᠪᠤᠳᠠᠳᠠᠢ ᠪᠠᠢᠷᠢᠯᠠᠭᠤᠯᠤᠯᠲᠠ ᠬᠢᠪᠡ᠃
      ᠬᠤᠷᠠᠯ᠎ᠠᠴᠠ᠂ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠲᠢᠩᠬᠢᠮ᠎ᠤᠨ ᠱᠢᠰᠲ᠋ᠧᠮ ᠵᠠᠪᠠᠯ ᠣᠳᠣᠬᠠᠨ᠎ᠤ ᠪᠠᠢᠳᠠᠯ᠎ᠲᠠᠢ ᠤᠶᠠᠯᠳᠤᠭᠤᠯᠵᠤ᠂ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠤ ᠰᠠᠭᠤᠷᠢᠯᠠᠨ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠤᠬᠠᠮᠰᠠᠷ᠎ᠠᠴᠠ᠎ᠪᠠᠨ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠦᠨᠳᠤᠷᠴᠡ ᠳᠡᠭᠡᠷ᠎ᠡ ᠵᠣᠭ᠍ᠰᠣᠵᠤ᠂ 《ᠳᠥᠷᠪᠡᠨ ᠤᠬᠠᠮᠰᠠᠷ》 ᠎ᠢᠶᠠᠨ ᠴᠢᠩᠭᠠᠷᠠᠭᠤᠯᠤᠨ 《ᠳᠥᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶᠯ᠎ᠤᠨ ᠱᠢᠶᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠣᠳᠠᠲᠠᠶ ᠠᠵᠢᠯ᠎ᠤᠨ ᠳᠤᠮᠳᠠ᠎ᠪᠠᠨ ᠨᠠᠢᠳᠠᠪᠤᠷᠢᠵᠢᠭᠤᠯᠬᠤ ᠬᠡᠷᠡᠭ᠌ᠳᠡᠢ ᠭᠡᠵᠦ᠍ ᠵᠢᠭᠠᠵᠤ ᠭᠠᠷᠭᠠᠵᠠᠢ᠃
      ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠵᠠᠩᠭᠢᠯᠠᠭ᠎ᠠ᠎ᠨᠢ ᠦᠵᠡᠯ ᠰᠠᠨᠠᠭ᠎ᠠ᠂ ᠠᠵᠢᠯᠯᠠᠭ᠎ᠠ᠂ ᠪᠣᠳᠠᠲᠤ ᠦᠷ᠎ᠡ ᠪᠦᠲᠦᠮᠵᠢ᠎ᠳᠤ ᠪᠠᠢᠨ᠎ᠠ᠃ ᠪᠦᠬᠦ᠌ ᠲᠢᠩᠬᠢᠮ᠎ᠤᠨ ᠱᠢᠰᠲ᠋ᠧᠮ᠎ᠤᠨ᠎ᠬᠢᠨ ᠡᠯ᠎ᠡ ᠱᠠᠲᠤ᠎ᠪᠠᠷ᠎ᠢᠶᠠᠨ ᠪᠣᠳᠠᠲᠠᠶ ᠠᠵᠢᠯ ᠬᠢᠵᠦ᠍ ᠪᠣᠳᠠᠲᠤ ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠴᠢᠩᠭᠠᠳᠭᠠᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠰᠠᠢᠲᠤᠷ ᠠᠬᠢᠭᠤᠯᠬᠤ᠎ᠶ᠋ᠢ ᠳᠠᠢᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号