ᠤᠭ ᠰᠠᠨᠠᠭ᠎ᠠ᠎ᠪᠠᠨ ᠪᠠᠲᠤ ᠰᠠᠬᠢᠭ᠍ᠰᠠᠨ 60 ᠬᠠᠪᠤᠷ ᠨᠠᠮᠤᠷ ᠶᠠᠳᠠᠭᠤ᠎ᠶ᠋ᠢ ᠲᠡᠳᠭᠦᠵᠦ᠍ ᠵᠦᠳᠡᠭᠦᠦ᠎ᠶ᠋ᠢ ᠲᠤᠰᠠᠯᠠᠭ᠍ᠰᠠᠨ ᠭᠤᠢᠪᠢᠰᠢ ᠦᠭᠡᠢ ᠵᠢᠳᠭᠦᠯ — ᠡᠤ ᠬᠠᠨ ᠳ᠋ᠢᠩ
2020-06-14 11:35:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

     ᠡᠤ ᠬᠠᠨ ᠳ᠋ᠢᠩ ᠨᠥᠬᠦᠷ ᠪᠣᠯ ᠬᠥᠬᠡᠬᠤᠲᠠ᠎ᠶ᠋ᠢᠨ ᠴᠢᠩ ᠱᠦᠢ ᠾᠧ ᠱᠢᠶᠠᠨ᠎ᠤ ᠮᠠᠯ ᠠᠵᠤ ᠠᠬᠤᠢ᠎ᠶ᠋ᠢᠨ  ᠲᠤᠪᠴᠢᠶ᠎ᠠ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ ᠪᠣᠯᠤᠨ᠎ᠠ᠃ 60 ᠵᠢᠯ᠎ᠤᠨ ᠲᠤᠷᠰᠢ᠂ ᠲᠡᠷᠡ ᠥᠪᠡᠷ᠎ᠤᠨ ᠰᠣᠷᠣᠭ᠍ᠰᠠᠨ ᠮᠠᠯ᠎ᠤᠨ ᠡᠮᠴᠢ᠎ᠶ᠋ᠢᠨ ᠲᠤᠰᠭᠠᠶ ᠮᠡᠷᠭᠡᠵᠢᠯ᠎ᠤᠨ ᠮᠡᠳᠡᠯᠭᠡ ᠪᠠ ᠲᠠᠰᠤᠷᠠᠯᠲᠠ ᠦᠭᠡᠢ ᠬᠠᠢᠨ ᠰᠦᠪᠡᠭ᠌ᠴᠢᠯᠡᠭ᠌ᠰᠡᠨ ᠶᠠᠳᠠᠭᠤ᠎ᠶ᠋ᠢ ᠳᠡᠳᠬᠦᠬᠦ᠌ ᠠᠵᠢᠯ᠎ᠤᠨ ᠳᠤᠷᠱᠢᠯᠭ᠎ᠠ᠎ᠪᠠᠨ ᠠᠱᠢᠭ᠍ᠯᠠᠨ ᠤᠷᠢᠳ ᠬᠤᠵᠢᠳ 5 ᠱᠢᠶᠠᠩ ᠪᠠᠯᠭᠠᠰᠤ᠂ 30 ᠭᠠᠷᠤᠶ ᠪᠤᠢᠳᠠ ᠪᠥᠭ᠌ᠯᠡᠭᠦᠤ ᠠᠭᠤᠯᠠᠨ ᠲᠣᠰᠭᠤᠨ᠎ᠳᠤ ᠭᠦᠨᠵᠡᠭᠡᠢᠷᠡᠨ ᠬᠠᠪᠰᠤᠷᠤᠨ ᠲᠡᠳᠬᠦᠬᠦ᠌ ᠠᠵᠢᠯ ᠥᠷᠨᠢᠭᠦᠯᠵᠥ᠍᠂ ᠰᠠᠷ᠎ᠠ ᠪᠦᠷᠢ ᠠᠵᠢᠯ᠎ᠠᠴᠠ᠎ᠪᠠᠨ ᠠᠮᠠᠷᠠᠭ᠍ᠰᠠᠨ ᠮᠥᠩᠭᠦ᠎ᠶ᠋ᠢᠨ 1/3 ᠎ᠠᠴᠠ ᠳᠡᠭᠡᠭ᠌ᠰᠢᠬᠢ᠎ᠶ᠋ᠢ᠎ᠨᠢ ᠭᠠᠷᠭᠠᠵᠤ ᠶᠠᠳᠠᠭᠤ ᠬᠦᠴᠢᠷᠳᠡᠯᠲᠡᠶ ᠰᠤᠷᠤᠭ᠍ᠴᠢ ᠪᠠ ᠥᠨᠥᠴᠢᠨ ᠨᠠᠰᠤᠲᠠᠨ ᠵᠡᠮᠳᠡᠭ ᠬᠥᠮᠦᠨ᠎ᠢ ᠳᠡᠮᠵᠢᠵᠥ᠍᠂ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠢᠶᠠᠷ ᠶᠠᠳᠠᠭᠤ᠎ᠶ᠋ᠢ ᠳᠡᠳᠬᠦᠵᠦ᠍᠂ ᠲᠤᠬᠠᠶ᠎ᠶ᠋ᠢᠨ ᠭᠠᠵᠠᠷ᠎ᠤᠨ 1.2 ᠲᠦᠮᠡᠨ ᠬᠥᠮᠦᠨ᠎ᠤ ᠶᠠᠳᠠᠭᠤ᠎ᠠᠴᠠ ᠠᠩᠭᠢᠵᠢᠷᠠᠵᠥ᠍ ᠴᠢᠨᠡᠬᠡᠯᠢᠭ᠌ᠵᠢᠬᠦ᠌᠎ᠶ᠋ᠢ ᠳᠠᠢᠴᠢᠯᠠᠪᠠ᠃ ᠲᠡᠷᠡ ᠤᠷᠢᠳ ᠬᠤᠵᠢᠳ 《ᠪᠦᠬᠦ᠌ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠤᠮᠲᠠ ᠱᠢᠪᠲᠤᠯᠬᠤ ᠵᠢᠱ᠌ᠢᠶᠡᠴᠢ》 《ᠪᠦᠬᠦ᠌ ᠤᠯᠤᠰ᠎ᠤᠨ ᠵᠠᠭᠤᠨ ᠨᠡᠷᠡᠰ ᠶᠤᠰᠤ ᠰᠤᠷᠳᠠᠬᠤᠨ᠎ᠤ ᠵᠢᠱ᠌ᠢᠶᠠᠴᠢ》 ᠵᠡᠷᠬᠡ ᠢᠷᠠᠭᠤ ᠠᠯᠳᠠᠷ᠎ᠢ 230 ᠭᠠᠷᠤᠢ ᠤᠳᠠᠭ᠎ᠠ ᠬᠦᠷᠳᠡᠵᠤ᠂ 《ᠲᠠᠷᠢᠶᠠᠴᠢᠳ᠎ᠤᠨ ᠶᠠᠳᠠᠭᠤ᠎ᠠᠴᠠ ᠠᠩᠭᠢᠵᠢᠷᠠᠵᠥ᠍ ᠴᠢᠨᠡᠭᠡᠯᠢᠭ᠌ᠵᠢᠭᠦ᠎ᠶ᠋ᠢᠨ ᠵᠠᠮᠴᠢ》 ᠬᠡᠵᠥ᠍ ᠠᠯᠳᠠᠷᠱᠢᠪᠠ᠃ ᠪᠤᠭᠤᠷᠤᠯ ᠪᠤᠯᠤᠭ᠍ᠰᠠᠨ ᠲᠡᠷᠡ᠎ᠪᠠᠷ ᠮᠥᠨ ᠯᠡ ᠬᠤᠳᠠ ᠬᠦᠳᠡᠭᠡ᠎ᠶ᠋ᠢᠨ ᠵᠠᠢ᠎ᠳᠤ ᠴᠤᠴᠠᠰᠢ ᠦᠭᠡᠢ ᠳᠡᠮᠡᠤᠯᠤᠨ᠂ ᠠᠮᠢ ᠨᠠᠰᠤ ᠡᠴᠤᠰᠯᠠᠬᠦ᠌ ᠦᠬᠡᠢ ᠯᠡ ᠶᠤᠮ ᠪᠤᠯ ᠶᠠᠳᠠᠭᠤ᠎ᠶ᠋ᠢ ᠳᠡᠳᠬᠦᠬᠦ᠌ ᠠᠵᠢᠯ᠎ᠢᠶᠠᠨ ᠵᠤᠬ᠍ᠰᠤᠬᠤ ᠦᠬᠡᠢ ᠬᠡᠮᠡᠨ ᠳᠡᠮᠡᠴᠡᠵᠥ᠍᠂ ᠶᠠᠳᠠᠭᠤ᠎ᠶ᠋ᠢ ᠳᠡᠳᠬᠦᠬᠦ᠌ ᠹᠷᠤᠨᠲ᠎ᠲᠠᠬᠢ ᠨᠢᠬᠡ ᠰᠠᠭᠤᠷᠢ ᠮᠦᠩᠬᠡ ᠨᠠᠷᠠᠰᠤ ᠪᠣᠯᠵᠤ ᠰᠦᠨᠳᠡᠷᠯᠡᠵᠡᠢ᠃  



ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号