ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠤᠨᠤᠯ ᠰᠤᠷᠤᠯᠴᠠᠬᠤ ᠭᠤᠤᠯ ᠲᠤᠭᠤᠢ᠍ᠢᠯᠠᠩ ᠦᠷᠭᠡᠳᠭᠡᠭ᠌ᠰᠡᠨ ᠰᠤᠷᠤᠯᠴᠠᠯᠭ᠎ᠠ᠎ᠶ᠋ᠢᠨ ᠬᠤᠷᠠᠯ ᠬᠢᠵᠦ᠍ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠤᠭᠤᠷᠢᠨ᠎ᠳᠤ ᠰᠤᠳᠤᠯᠤᠨ ᠶᠠᠷᠢᠯᠴᠠᠪᠠ
2020-06-16 09:27:02
ᠵᠣᠬᠢᠶᠠᠭ᠍ᠴᠢ᠄
ᠶᠤᠸᠠᠢ ᠶᠢᠩ
ᠣᠩᠱᠢᠭ᠍ᠰᠠᠨ ᠣᠳᠠᠭ᠎ᠠ᠄
★★★☆☆

      ᠨᠠᠰᠤᠨᠮᠦᠡᠭ᠌ᠭᠡ ᠬᠤᠷᠠᠯ᠎ᠢ ᠡᠷᠬᠢᠯᠡᠵᠦ᠍ ᠸᠠᠩ ᠪᠦᠸᠧ ᠡᠤ ᠲᠤᠸᠠᠨ ᠶᠢᠩ ᠯᠢᠶᠠᠨ ᠰᠤ᠌ ᠾᠧ ᠶᠠᠨ ᠯᠢᠩ ᠤᠷᠤᠯᠴᠠᠪᠠ
     6 ᠰᠠᠷ᠎ᠠ᠎ᠶ᠋ᠢᠨ 15 ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠤᠨᠤᠯ ᠰᠤᠷᠤᠯᠴᠠᠬᠤ ᠭᠤᠤᠯ ᠲᠤᠭᠤᠢ᠍ᠢᠯᠠᠩ 2020 ᠤᠨ᠎ᠤ 6 ᠳ᠋ᠤᠭᠠᠷ ᠤᠳᠠᠭ᠎ᠠ᠎ᠶ᠋ᠢᠨ ᠦᠷᠭᠡᠳᠭᠡᠭ᠌ᠰᠡᠨ ᠰᠤᠷᠤᠯᠴᠠᠯᠭ᠎ᠠ᠎ᠶ᠋ᠢᠨ ᠬᠤᠷᠠᠯ ᠬᠢᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠤᠭᠤᠷᠢᠨ᠎ᠳᠤ ᠰᠤᠳᠤᠯᠤᠨ ᠶᠠᠷᠢᠯᠴᠠᠵᠤ ᠪᠤᠳᠤᠯ ᠰᠠᠨᠠᠯ᠎ᠢᠶᠠᠨ ᠰᠤᠯᠢᠯᠴᠠᠪᠠ᠃
     ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠲᠡᠳ᠋ ᠱᠦᠵᠢ ᠨᠠᠰᠤᠨᠮᠦᠡᠭ᠌ᠭᠡ ᠬᠤᠷᠠᠯ᠎ᠢ ᠡᠷᠬᠢᠯᠡᠵᠦ᠍᠂ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠲᠡᠳ᠋ ᠱᠦᠵᠢ ᠸᠠᠩ ᠪᠦᠸᠧ᠂ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠪᠦᠷᠢᠯᠳᠦᠭᠦᠨ ᠡᠤ ᠲᠤᠸᠠᠨ ᠶᠢᠩ᠂ ᠯᠢᠶᠠᠨ ᠰᠤ᠌᠂ ᠾᠧ ᠶᠠᠨ ᠯᠢᠩ᠂ ᠱ᠌ᠢ ᠸᠧᠨ ᠱᠢᠤᠸᠠᠢ ᠬᠤᠷᠠᠯ᠎ᠳᠤ ᠤᠷᠤᠯᠴᠠᠵᠦ᠍᠂ ᠬᠤᠷᠠᠯ᠎ᠳᠤ ᠤᠷᠤᠯᠴᠠᠬ᠍ᠰᠠᠳ ᠰᠤᠷᠤᠯᠴᠠᠭ᠍ᠰᠠᠨ ᠤᠯᠤᠯᠳᠠ ᠲᠦᠷᠦᠭ᠌ᠳᠡᠯ᠎ᠢᠶᠠᠨ ᠬᠦᠨᠵᠡᠭᠡᠢ ᠰᠣᠯᠢᠯᠴᠠᠪᠠ᠃
     ᠤᠯᠠᠨ᠎ᠢᠶᠠᠷ᠎ᠢᠶᠠᠨ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠠᠵᠢᠯ᠎ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠨ ᠦᠵᠡᠵᠦ᠍ ᠪᠠᠢᠬᠤ᠎ᠶ᠋ᠢ ᠰᠡᠳᠭᠢᠯ᠎ᠢᠶᠠᠷ᠎ᠢᠶᠠᠨ ᠣᠢᠯᠠᠭᠠᠵᠣ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠦᠨᠳᠤᠰᠤᠳᠡᠨ᠎ᠨᠦᠭᠦᠳ᠎ᠤᠨ ᠠᠷᠠᠳ ᠲᠦᠮᠡᠨ᠎ᠢ ᠬᠦᠨ ᠬᠦᠨᠵᠡᠭᠡᠢ ᠬᠠᠢᠷᠠᠯᠠᠨ ᠬᠠᠯᠠᠮᠵᠢᠯᠠᠵᠤ ᠪᠠᠢᠬᠤ᠎ᠶ᠋ᠢ ᠰᠡᠳᠭᠢᠯᠭᠡ᠎ᠪᠠᠷ᠎ᠢᠶᠠᠨ ᠮᠡᠳᠡᠷᠡᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠠᠵᠢᠯ᠎ᠢ ᠰᠠᠢᠳᠤᠷ ᠬᠢᠭᠦ᠌ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠬᠦᠴᠤᠯᠠᠨ ᠨᠠᠢᠳᠠᠪᠤᠷᠢᠵᠢᠭᠤᠯᠵᠦ᠍᠂ ᠦᠵᠡᠯ ᠰᠠᠨᠠᠭ᠎ᠠ᠎ᠪᠠᠨ ᠤᠬᠠᠮᠰᠠᠷ᠎ᠠᠴᠠ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠳᠤᠷ ᠬᠢᠭᠦ᠌ ᠠᠵᠢᠯᠯᠠᠭ᠎ᠠ᠎ᠶ᠋ᠢᠨ ᠤᠬᠠᠮᠰᠠᠷ ᠪᠤᠯᠭᠠᠨ ᠬᠤᠪᠢᠷᠠᠭᠤᠯᠵᠦ᠍᠂ ᠪᠤᠳᠠᠳᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠬᠠᠮᠠᠭᠠᠯᠠᠬᠤ》 ᠎ᠶ᠋ᠢ ᠦᠢᠯᠡᠳᠦᠯᠭᠡᠵᠢᠭᠦᠯᠤᠨ᠎ᠠ ᠭᠡᠵᠦ᠍ ᠰᠠᠨᠠᠯ ᠨᠢᠭᠡᠳᠡᠢ ᠢᠯᠡᠷᠭᠡᠢᠯᠡᠵᠡᠭᠡᠪᠡ᠃
     ᠬᠤᠷᠠᠯ᠎ᠠᠴᠠ᠂ ᠠᠷᠠᠳ ᠲᠦᠮᠡᠨ᠎ᠢ ᠢᠮᠠᠬ᠍ᠳᠠ ᠰᠡᠳᠭᠢᠯ᠎ᠤᠨ᠎ᠢᠶᠠᠨ ᠬᠠᠮᠤᠭ᠎ᠤᠨ ᠦᠨᠳᠤᠷ ᠪᠠᠢᠷᠢᠨ᠎ᠳᠤ ᠲᠠᠯᠪᠢᠵᠦ᠍᠂ ᠤᠯᠠᠨ ᠲᠦᠮᠡᠨ᠎ᠤ ᠠᠮᠣᠷ ᠵᠢᠷᠭᠠᠨ ᠠᠵᠦ᠍ ᠲᠦᠷᠦᠬᠦ᠂ ᠠᠮᠤᠷ ᠲᠦᠪᠱᠢᠨ ᠠᠶᠤᠯ ᠲᠦᠭ᠌ᠰᠢᠭᠦᠷᠢ ᠵᠤᠯ ᠵᠢᠷᠭᠠᠯ ᠬᠦᠴᠢᠷ ᠵᠣᠪᠠᠭᠤᠷᠢ᠎ᠲᠠᠢ ᠬᠤᠯᠪᠤᠬ᠍ᠳᠠᠬ᠍ᠰᠠᠨ ᠪᠤᠳᠠᠳᠠᠢ ᠠᠰᠠᠭᠤᠳᠠᠯ᠎ᠤᠳ᠎ᠢ ᠬᠦᠴᠤᠯᠠᠨ ᠱᠢᠢᠳᠪᠤᠷᠢᠯᠡᠵᠦ᠍᠂ ᠤᠯᠠᠨ ᠲᠦᠮᠡᠨ᠎ᠳᠤ ᠨᠡᠩ ᠢᠯᠡᠭᠦᠦ ᠬᠦᠷᠳᠡᠮᠵᠢ᠎ᠶ᠋ᠢᠨ ᠲᠦᠷᠦᠭ᠌ᠳᠡᠯ ᠵᠢᠷᠭᠠᠯᠳᠤ ᠲᠦᠷᠦᠭ᠌ᠳᠡᠯ ᠠᠮᠤᠷ ᠲᠦᠪᠱᠢᠨ᠎ᠤ ᠲᠦᠷᠦᠭ᠌ᠳᠡᠯ ᠤᠯᠭᠤᠬᠤ ᠬᠡᠷᠡᠭ᠌ᠳᠡᠢ᠃ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠠᠵᠢᠯ᠎ᠤᠨ ᠲᠤᠬᠠᠢ ᠱᠢᠨ᠎ᠠ ᠵᠢᠭᠠᠪᠤᠷᠢ ᠱᠢᠨ᠎ᠠ ᠱᠠᠭᠠᠷᠳᠠᠯᠭ᠎ᠠ᠎ᠶ᠋ᠢ ᠬᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬ᠍ᠰᠠᠨ ᠪᠤᠬᠢᠷᠳᠤᠯ ᠦᠭᠡᠢ ᠬᠦᠭ᠌ᠵᠢᠯᠳᠠ᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠠ᠎ᠶ᠋ᠢᠨ ᠱᠢᠨ᠎ᠠ ᠵᠠᠮ᠎ᠢ ᠰᠦᠪᠡᠭ᠌ᠴᠢᠯᠠᠨ ᠵᠠᠮᠨᠠᠬᠤ᠂ ᠭᠤᠷᠪᠠᠨ ᠪᠤᠭᠤᠮᠳᠠ ᠱᠢᠪᠳᠤᠯᠬᠤ ᠲᠠᠢᠯᠠᠯᠳᠤᠭᠠᠨ᠎ᠳᠤ ᠡᠷᠡᠰ ᠢᠯᠠᠯᠳᠠ ᠣᠯᠬᠤ᠂ 《ᠵᠢᠷᠭᠤᠭ᠎ᠠ᠎ᠶ᠋ᠢ ᠲᠤᠬ᠍ᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠬᠦ᠂ 《ᠵᠢᠷᠭᠤᠭ᠎ᠠ᠎ᠶ᠋ᠢ ᠪᠠᠳᠤᠯᠠᠬᠤ》 ᠡᠭᠦᠷᠭᠡ᠎ᠶ᠋ᠢ ᠪᠦᠭᠦ᠌ ᠲᠠᠯ᠎ᠠ᠎ᠪᠠᠷ ᠨᠠᠢᠳᠠᠪᠤᠷᠢᠵᠢᠭᠤᠯᠬᠤ ᠲᠠᠯ᠎ᠠ᠎ᠪᠠᠷ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠭᠢ ᠦᠢᠯᠡᠳᠤᠯ᠎ᠢᠶᠠᠨ ᠭᠦᠢᠴᠡᠳ ᠪᠠᠳᠠᠷᠠᠭᠤᠯᠬᠤ ᠬᠡᠷᠡᠭ᠌ᠳᠡᠢ ᠭᠡᠵᠤ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号