ᠲᠠᠯ᠎ᠠ ᠨᠤᠲᠤᠭ᠎ᠤᠨ ᠳᠠᠭᠤᠤ ᠬᠦᠭ᠌ᠵᠢᠮ ᠠᠮᠲᠠᠲᠤ ᠢᠳᠡᠭᠡᠨ᠎ᠤ ᠨᠠᠢᠷ ᠠᠮᠵᠢᠯᠲᠠ᠎ᠲᠠᠢ ᠡᠬᠢᠯᠡᠪᠡ
2020-06-28 10:04:58
ᠵᠣᠬᠢᠶᠠᠭ᠍ᠴᠢ᠄
ᠰᠤᠷᠤᠨ᠎ᠠ ᠴᠣᠪᠤᠭᠤ
ᠣᠩᠱᠢᠭ᠍ᠰᠠᠨ ᠣᠳᠠᠭ᠎ᠠ᠄
★★★☆☆

 6 ᠰᠠᠷ᠎ᠠ᠎ᠶ᠋ᠢᠨ 26 ᠎ᠤ ᠣᠷᠤᠢ᠎ᠶ᠋ᠢᠨ 20 ᠴᠠᠭ᠎ᠲᠤ ᠠᠩᠬᠠᠳᠤᠭᠠᠷ ᠬᠤᠭᠤᠴᠠᠭᠠᠨ᠎ᠤ 《ᠲᠠᠯ᠎ᠠ ᠨᠤᠲᠤᠭ᠎ᠤᠨ ᠳᠠᠭᠤᠤ ᠬᠦᠭ᠌ᠵᠢᠮ ᠠᠮᠲᠠᠲᠤ ᠢᠳᠡᠭᠡᠨ᠎ᠤ ᠨᠠᠢᠷ》 ᠎ᠤᠨ ᠡᠬᠢᠯᠡᠯᠲᠡ᠎ᠶ᠋ᠢᠨ ᠶᠣᠰᠤᠯᠠᠯ ᠬᠦᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠶᠡᠭᠡ ᠵᠤᠤ ᠰᠦᠮ᠎ᠡ᠎ᠶ᠋ᠢᠨ ᠠᠭᠤᠳᠠᠮ ᠲᠠᠯᠠᠪᠠᠢ᠎ᠳᠤ ᠨᠢᠵᠢᠭᠢᠷ ᠪᠣᠯᠵᠤ ᠦᠩᠭᠡᠷᠡᠯ᠎ᠡ᠃

ᠲᠣᠰ ᠤᠳᠠᠭᠠᠨ᠎ᠤ ᠨᠠᠢᠷ᠎ᠨᠢ ᠦᠪᠦᠷ ᠮᠣᠩᠭᠤᠯ᠎ᠤᠨ ᠳᠠᠭᠤᠤ ᠬᠦᠭ᠌ᠵᠢᠮ ᠂ ᠦᠪᠦᠷ ᠮᠣᠩᠭᠤᠯ᠎ᠤᠨ ᠦᠨᠦᠷ ᠠᠮᠲᠠ ᠂ ᠦᠪᠦᠷ ᠮᠣᠩᠭᠤᠯ᠎ᠤᠨ ᠰᠠᠢᠨ ᠪᠠᠷᠠᠭ᠎ᠠ ᠵᠡᠷᠭᠡ ᠭᠤᠷᠪᠠᠨ ᠭᠤᠣᠯ ᠰᠡᠳᠦᠪ᠎ᠤᠨ ᠲᠣᠭᠤᠷᠢᠨ᠎ᠳᠤ ᠶᠠᠪᠤᠭ᠍ᠳᠠᠬᠤ᠎ᠶ᠋ᠢᠨ ᠳᠠᠭᠠᠤ ᠦᠪᠦᠷ ᠮᠣᠩᠭᠤᠯ᠎ᠤᠨ ᠦᠵᠡᠮᠵᠢ᠎ᠶ᠋ᠢᠨ ᠣᠷᠤᠨ᠂ ᠦᠪᠦᠷ ᠮᠣᠩᠭᠤᠯ᠎ᠤᠨ ᠡᠷᠡᠭᠦᠯ ᠮᠡᠨᠳᠦ᠂ ᠦᠪᠦᠷ ᠮᠣᠩᠭᠤᠯ᠎ᠤᠨ ᠪᠣᠳᠠᠰ᠎ᠤᠨ ᠪᠣᠰᠤ ᠰᠣᠶᠤᠯ᠂ ᠦᠪᠦᠷ ᠮᠣᠩᠭᠤᠯ᠎ᠤᠨ ᠦᠯᠢᠭᠡᠷ ᠵᠡᠷᠭᠡ ᠠᠵᠢᠯᠯᠠᠭ᠎ᠠ᠎ᠶ᠋ᠢ ᠬᠠᠮᠲᠤᠷᠠᠭᠤᠯᠤᠨ᠂ ᠵᠢᠭᠤᠯᠴᠢᠯᠠᠯ᠎ᠤᠨ ᠲᠤᠭᠤᠷᠢᠭ ᠪᠣᠶᠤ ᠰᠦᠨᠢ᠎ᠶ᠋ᠢᠨ ᠰᠡᠯᠡᠭᠦᠴᠡᠯ᠎ᠤᠨ ᠲᠣᠭᠤᠷᠢᠭ᠎ᠤᠨ ᠣᠯᠠᠨ ᠴᠡᠭ᠎ᠲᠤ ᠲᠣᠭ᠍ᠯᠠᠯᠲᠠ ᠭᠠᠷᠭᠠᠭ᠍ᠰᠠᠨ᠎ᠢᠶᠠᠷ ᠤᠯᠠᠭᠠᠨᠮᠦᠴᠢᠷ᠎ᠤᠨ ᠠᠪᠢᠶᠠᠰᠲᠤ ᠤᠷᠠᠯᠢᠭ᠍ᠴᠢᠳ᠂ ᠡᠯ᠎ᠡ ᠭᠠᠵᠠᠷ᠎ᠤᠨ ᠠᠮᠲᠠᠲᠤ ᠬᠤᠭᠤᠯᠠ ᠪᠠ ᠲᠣᠭᠤᠭᠠᠴᠢᠳ᠎ᠢ ᠣᠯᠠᠨ ᠲᠦᠮᠡᠨ᠎ᠤ ᠳᠤᠮᠳᠠ ᠠᠪᠴᠢᠷᠠᠨ᠂ ᠦᠪᠦᠷ ᠮᠣᠩᠭᠤᠯ᠎ᠤᠨ ᠴᠢᠨᠠᠷᠯᠢᠭ ᠪᠠᠷᠠᠭ᠎ᠠ᠎ᠪᠠᠨ ᠵᠢᠭᠤᠯᠴᠢᠯᠠᠭ᠍ᠴᠢᠳ᠎ᠲᠤ ᠱᠢᠭᠤᠳ ᠪᠣᠷᠤᠯᠠᠭᠤᠯᠵᠤ᠂ ᠰᠦᠨᠢ᠎ᠶ᠋ᠢᠨ ᠵᠠᠬ᠎ᠠ᠎ᠳᠤ ᠡᠷᠡᠭᠦᠯ ᠮᠡᠨᠳᠦ ᠪᠠ ᠪᠠᠴᠢᠮ ᠠᠪᠤᠷᠠᠯᠲᠠ᠎ᠶ᠋ᠢᠨ ᠮᠡᠳᠡᠯᠭᠡ᠎ᠶ᠋ᠢ ᠤᠯᠠᠮᠵᠢᠯᠠᠨ᠂ ᠪᠣᠳᠠᠰ᠎ᠤᠨ ᠪᠣᠰᠤ ᠰᠣᠶᠤᠯ᠎ᠤᠨ ᠥᠪ᠂ ᠰᠣᠶᠤᠯ ᠵᠢᠭᠤᠯᠴᠢᠯᠠᠯ᠎ᠤᠨ ᠪᠦᠲᠦᠭᠡᠭ᠌ᠲᠡᠬᠦᠨ ᠵᠡᠷᠭᠡ᠎ᠶ᠋ᠢ ᠰᠦᠨᠢ᠎ᠶ᠋ᠢᠨ ᠵᠠᠬ᠎ᠠ᠎ᠳᠤ ᠨᠡᠪᠲᠡᠷᠡᠭᠦᠯᠦᠭ᠌ᠰᠡᠨ᠎ᠨᠢ ᠣᠯᠠᠨ ᠲᠦᠮᠡᠨ᠎ᠤ ᠰᠣᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠪᠠᠷ ᠪᠠᠷᠠᠬᠤ ᠦᠭᠡᠢ ᠲᠣᠬᠠᠢ᠎ᠶ᠋ᠢᠨ ᠭᠠᠵᠠᠷ᠎ᠤᠨ ᠬᠡᠷᠡᠭ᠌ᠯᠡᠭᠡ᠎ᠶ᠋ᠢ ᠨᠡᠮᠡᠭ᠌ᠳᠡᠭᠦᠯᠦᠨ᠂ ᠠᠵᠤ ᠠᠬᠤᠢ ᠨᠡᠢᠭᠡᠮ᠎ᠤᠨ ᠬᠦᠭ᠌ᠵᠢᠯᠲᠡ᠎ᠳᠤ ᠬᠦᠴᠦᠨ ᠨᠡᠮᠡᠷᠢᠯᠡᠬᠦ᠌ ᠶᠤᠮ᠃ 
 

IMG_20200626_192211.jpg

IMG_20200626_193950.jpg

IMG_20200626_193912.jpg

 

ᠲᠣᠭ᠍ᠯᠠᠯᠲᠠ᠎ᠳᠤ ᠵᠠᠯᠠᠠᠭᠤ ᠳᠠᠭᠤᠴᠢᠨ ᠬᠠᠯᠢᠨ᠂ ᠤᠯᠠᠭᠠᠨᠲᠤᠶᠠᠭ᠎ᠠ᠂ ᠠᠳᠤᠭᠤᠴᠢᠨ ᠬᠠᠮᠲᠤᠯᠢᠭ᠂ ᠨᠠᠢᠷ ᠬᠠᠮᠲᠤᠯᠢᠭ᠂ ᠦᠪᠦᠷ ᠮᠣᠩᠭᠤᠯ᠎ᠤᠨ ᠱᠢᠭᠤᠳ ᠬᠠᠷᠢᠶ᠎ᠠ ᠤᠯᠠᠭᠠᠨᠮᠦᠴᠢᠷ᠎ᠤᠨ ᠤᠷᠠᠯᠢᠭ᠍ᠴᠢᠳ ᠠᠶ᠎ᠠ ᠳᠠᠭᠤᠤ᠎ᠪᠠᠨ ᠡᠷᠭᠦᠭ᠌ᠰᠡᠨ᠎ᠢᠶᠠᠷ ᠪᠠᠷᠠᠬᠤ ᠦᠭᠡᠢ 12 ᠠᠢᠮᠠᠭ ᠬᠤᠲᠠ᠎ᠶ᠋ᠢᠨ ᠠᠮᠲᠠᠲᠤ ᠢᠳᠡᠭᠡᠨ ᠪᠠ ᠣᠷᠤᠨ ᠨᠤᠲᠤᠭ᠎ᠤᠨ ᠣᠨᠴᠠᠯᠢᠭ᠎ᠲᠠᠢ ᠪᠠᠷᠠᠭ᠎ᠠ ᠲᠠᠸᠠᠷ ᠳᠡᠯᠭᠡᠨ ᠪᠤᠷᠤᠯᠠᠭᠤᠯᠤᠭ᠍ᠳᠠᠵᠦ᠍᠂ ᠵᠠᠬ᠎ᠠ ᠳᠡᠯᠭᠡᠭᠦᠷ᠎ᠢᠶᠠᠷ ᠦᠢᠯᠡᠳᠦᠯᠭᠡᠵᠢᠭᠦᠯᠦᠨ᠂ ᠤᠷᠠᠯᠢᠭ᠍ᠴᠢᠳ᠎ᠢ ᠣᠯᠠᠨ ᠲᠦᠮᠡᠨ᠎ᠲᠠᠢ ᠣᠢᠷᠠᠲᠤᠭᠤᠯᠤᠨ᠂ ᠣᠯᠠᠨ ᠲᠦᠮᠡᠨ᠎ᠲᠠᠢ ᠬᠠᠮᠲᠤ᠎ᠳᠠᠭᠠᠨ ᠳᠠᠭᠤᠯᠠᠬᠤ ᠲᠠᠪᠴᠠᠩ᠎ᠢ ᠪᠣᠢ ᠪᠣᠯᠭᠠᠭ᠍ᠰᠠᠨ᠎ᠨᠢ ᠭᠠᠵᠠᠷ ᠣᠷᠤᠨ᠎ᠤ ᠣᠨᠴᠠᠯᠢᠭ᠎ᠲᠠᠭᠠᠨ ᠲᠣᠬᠢᠷᠠᠵᠤ᠂ ᠠᠷᠠᠳ ᠣᠯᠠᠨ᠎ᠤ ᠲᠠᠭᠠᠱᠢᠶᠠᠯ᠎ᠢ ᠣᠯᠵᠠᠢ᠃ 
 

IMG_20200626_194129.jpg

IMG_20200626_200632.jpg

IMG_20200626_201936.jpg

IMG_20200626_211952.jpg

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号