— 2020 ᠤᠨ᠎ᠤ 5 ᠰᠠᠷ᠎ᠠ᠎ᠶ᠋ᠢᠨ 22 ᠤᠨ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ
ᠲᠦᠷᠤ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠤᠩᠭᠡᠢ ᠰᠠᠢᠳ ᠯᠢ ᠺᠧ ᠴᠢᠶᠠᠩ
ᠲᠥᠯᠥᠭᠡᠯᠡᠭ᠌ᠴᠢᠳ ᠡ᠄
ᠤᠳᠤ ᠪᠢ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠶ᠎ᠡ᠃ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠳᠤᠷᠠᠳᠭᠤ ᠪᠣᠯᠪᠠ ᠤᠤ᠃
ᠡᠨᠡ ᠤᠳᠠᠭᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠣᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ ᠮᠠᠨ᠎ᠤ ᠤᠯᠤᠰ᠎ᠲᠤ ᠲᠣᠬᠢᠶᠠᠯᠳᠤᠭ᠍ᠰᠠᠨ ᠲᠡᠯᠬᠡᠷᠡᠭ᠌ᠰᠡᠨ ᠬᠤᠷᠳᠤᠴᠠ ᠬᠠᠮᠤᠭ᠎ᠤᠨ ᠲᠦᠷᠭᠡᠨ᠂ ᠬᠠᠯᠳᠠᠪᠤᠷᠢᠯᠠᠭ᠍ᠰᠠᠨ ᠬᠡᠪᠴᠢᠶ᠎ᠡ ᠬᠠᠮᠤᠭ᠎ᠤᠨ ᠥᠷᠭᠡᠨ᠂ ᠰᠡᠷᠭᠡᠢᠯᠡᠨ ᠬᠢᠵᠠᠭᠠᠷᠯᠠᠬᠤ ᠬᠦᠴᠢᠷᠳᠡᠯ ᠬᠠᠮᠤᠭ᠎ᠤᠨ ᠶᠡᠭᠡ ᠬᠦᠨᠳᠦ ᠴᠢᠬᠤᠯᠠ ᠭᠡᠨᠡᠳᠳᠡ ᠡᠭᠦᠰᠦᠭ᠌ᠰᠡᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠪᠣᠯᠤᠨ᠎ᠠ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ᠎ᠶ᠋ᠢᠨ ᠳᠣᠣᠷ᠎ᠠ᠂ ᠤᠯᠤᠰ ᠳᠠᠶᠠᠭᠠᠷ ᠪᠠ ᠥᠷᠭᠡᠨ ᠣᠯᠠᠨ ᠠᠷᠠᠳ ᠲᠦᠮᠡᠨ᠎ᠤ ᠲᠦᠢᠯ᠎ᠤᠨ ᠬᠠᠲᠠᠭᠤᠵᠢᠯᠲᠠᠶ ᠴᠢᠷᠮᠠᠢᠯᠭ᠎ᠠ ᠪᠠ ᠦᠷᠡᠭ᠌ᠳᠡᠯ ᠰᠦᠢᠳᠦᠯ᠎ᠢᠶᠠᠷ ᠲᠠᠮᠵᠢᠭᠠᠳ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠲᠠᠯ᠎ᠠ᠎ᠪᠠᠷ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠦᠷ᠎ᠡ ᠪᠦᠲᠦᠭᠡᠯ ᠣᠯᠤᠭ᠍ᠰᠠᠨ ᠪᠠᠢᠨ᠎ᠠ᠃ ᠣᠳᠣᠬᠠᠨ᠎ᠳᠤ᠂ ᠬᠢᠵᠢᠭ᠎ᠤᠨ ᠪᠠᠢᠳᠠᠯ ᠬᠠᠷᠠᠬᠠᠨ ᠳᠠᠭᠤᠰᠤᠭᠠᠳᠤᠶ ᠪᠠᠢᠵᠤ᠂ ᠬᠥᠭ᠌ᠵᠢᠯᠲᠡ᠎ᠶ᠋ᠢᠨ ᠡᠭᠦᠷᠭᠡ ᠲᠦᠢᠯ᠎ᠤᠨ ᠬᠠᠲᠠᠭᠤ ᠪᠡᠷᠬᠡᠱᠢᠶᠡᠯᠳᠡᠢ ᠪᠠᠢᠨ᠎ᠠ᠃ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠬᠤᠬᠢᠷᠠᠯ᠎ᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠠᠰᠭᠠᠬᠤ᠎ᠪᠠᠷ ᠴᠢᠷᠮᠠᠢᠵᠤ᠂ ᠡᠨᠡ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃
ᠨᠢᠭᠡ᠂ 2019 ᠣᠨ ᠪᠠ ᠡᠨᠡ ᠵᠢᠯ᠎ᠠᠴᠠ ᠨᠠᠭᠠᠱᠢᠬᠢ ᠠᠵᠢᠯ᠎ᠤᠨ ᠡᠷᠭᠢᠴᠡᠭᠦᠯᠦᠯ
ᠨᠢᠳᠤᠨᠤᠨ᠂ ᠮᠠᠨ᠎ᠤ ᠤᠯᠤᠰ᠎ᠤᠨ ᠬᠥᠭ᠌ᠵᠢᠯᠲᠡ᠎ᠳᠤ ᠮᠠᠰᠢ ᠤᠯᠠᠨ ᠬᠦᠴᠢᠷ ᠪᠡᠷᠬᠡᠱᠢᠶᠡᠯ ᠪᠠ ᠱᠢᠯᠭᠠᠯᠳᠠ ᠲᠤᠯᠭᠠᠷᠠᠪᠠ᠃ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ ᠵᠤᠬ᠍ᠰᠤᠩᠬᠢᠷᠠᠵᠤ᠂ ᠤᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠦᠷᠢᠰᠦᠯᠳᠦᠭᠡᠨ ᠱᠢᠷᠦᠭᠦᠰᠴᠦ᠍᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠪᠠᠢᠳᠠᠯ᠎ᠤᠨ ᠪᠠᠭᠤᠷᠠᠬᠤ ᠳᠠᠷᠤᠯᠲᠠ ᠶᠡᠬᠡᠰᠪᠠ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠢᠴᠢᠯᠠᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠦᠬᠦ᠌ ᠵᠢᠯ᠎ᠤᠨ ᠭᠤᠤᠯ ᠭᠤᠤᠯ ᠬᠠᠷᠠᠯᠲᠠ ᠡᠭᠦᠷᠭᠡ᠎ᠪᠠᠨ ᠪᠡᠶᠡᠯᠡᠭᠦᠯᠦᠬᠡᠳ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠬᠡᠬᠦ᠌᠎ᠳᠤ ᠱᠢᠢᠳᠪᠦᠷᠢᠯᠡᠭ᠌ᠴᠢ ᠴᠢᠨᠠᠷᠲᠠᠶ ᠰᠠᠭᠤᠷᠢ᠎ᠶ᠋ᠢ ᠲᠠᠯᠪᠢᠵᠤ ᠥᠭ᠌ᠪᠡ᠃
— ᠠᠵᠤ ᠠᠬᠤᠶ᠎ᠶ᠋ᠢᠨ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠪᠠᠢᠪᠠ᠃ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ 99.1 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ 6.1% ᠪᠠᠷ ᠨᠡᠮᠡᠭ᠌ᠳᠡᠪᠡ᠃ ᠬᠤᠳᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ 1352 ᠲᠦᠮᠡ ᠱᠢᠨ᠎ᠡ᠎ᠪᠠᠷ ᠨᠡᠮᠡᠭ᠌ᠳᠡᠵᠤ᠂ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ 5.3% ᠠᠴᠠ ᠳᠣᠷᠣᠭ᠍ᠰᠢ ᠪᠣᠯᠪᠠ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ 2.9% ᠪᠠᠷ ᠥᠰᠪᠡ᠃ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠯᠭᠠᠪᠠ᠃
— ᠠᠵᠤ ᠠᠬᠤᠶ᠎ᠶ᠋ᠢᠨ ᠪᠦᠲᠦᠴᠡ ᠪᠠ ᠣᠷᠣᠨ ᠪᠦᠰᠡ᠎ᠶ᠋ᠢᠨ ᠪᠠᠢᠷᠢᠱᠢᠯ ᠦᠷᠭᠦᠯᠵᠢᠯᠡᠨ ᠱᠢᠯᠢᠳᠡᠭ᠌ᠵᠢᠪᠠ᠃ ᠨᠡᠢᠭᠡᠮ᠎ᠤᠨ ᠬᠡᠷᠡᠭ᠌ᠯᠡᠭᠡᠨ᠎ᠤ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠶ ᠬᠡᠮᠵᠢᠶ᠎ᠡ 40 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠬᠡᠷᠡᠭ᠌ᠯᠡᠭᠡ ᠭᠤᠤᠯ ᠳᠠᠢᠴᠢᠯᠠᠬᠤ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠪᠠ᠃ ᠲᠡᠷᠢᠭᠦᠨ᠎ᠤ ᠦᠢᠯᠡᠳᠬᠦ᠌ ᠦᠢᠯᠡᠰ᠂ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠨᠡᠯᠢᠶᠡᠳ ᠲᠦᠷᠭᠡᠨ ᠨᠡᠮᠡᠭ᠌ᠳᠡᠪᠡ᠃ ᠠᠮᠤ ᠪᠤᠳᠠᠭᠠᠨ᠎ᠤ ᠤᠨᠠᠯᠲᠠ 1.33 ᠲᠦᠮᠡᠨ ᠳ᠋ᠦᠩᠱᠢᠭᠤᠷ ᠵᠢᠩ᠎ᠳᠤ ᠬᠦᠷᠪᠡ᠃ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠤᠷᠮ᠎ᠠ ᠠᠩᠬ᠎ᠠ ᠤᠳᠠᠭ᠎ᠠ 60% ᠶ᠋ᠢ ᠳᠠᠪᠠᠵᠤ᠂ ᠴᠢᠬᠤᠯᠠ ᠶᠡᠭᠡ ᠣᠷᠣᠨ ᠪᠦᠰᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠶ ᠬᠡᠷᠡᠭ᠌ᠵᠢᠭᠦᠯᠪᠡ᠃
— ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ ᠲᠠᠰᠤᠷᠠᠯᠲᠠ ᠦᠭᠡᠢ ᠴᠢᠩᠭᠠᠷᠠᠪᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ ᠡᠭᠦᠳᠦᠯᠲᠡ ᠨᠢᠭᠡ ᠪᠦᠯᠦᠭ ᠴᠢᠬᠤᠯᠠ ᠶᠡᠭᠡ ᠦᠷ᠎ᠡ ᠪᠦᠲᠦᠭᠡᠯ ᠤᠯᠪᠠ᠃ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠦᠷᠭᠦᠯᠵᠢᠯᠡᠨ ᠪᠤᠵᠠᠭᠠᠢᠷᠠᠵᠤ᠂ ᠤᠯᠠᠮᠵᠢᠯᠠᠯᠲᠤ ᠠᠵᠤ ᠦᠢᠯᠡᠰ᠎ᠤᠨ ᠳᠡᠰ ᠳᠡᠪᠱᠢᠬᠦ᠌᠎ᠶ᠋ᠢ ᠲᠦᠷᠭᠡᠳᠭᠡᠪᠡ᠃ ᠪᠥᠬᠦᠳᠡ ᠤᠯᠠᠨ᠎ᠢᠶᠠᠷ᠎ᠢᠶᠠᠨ ᠠᠳᠠᠯ ᠦᠢᠯᠡᠰ ᠴᠣᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠥᠷᠨᠢᠭᠦᠯᠵᠦ᠍᠂ ᠠᠵᠤ ᠠᠬᠤᠢᠯᠠᠯ᠎ᠤᠨ ᠲᠤᠭ᠎ᠠ ᠬᠡᠮᠵᠢᠶ᠎ᠡ᠎ᠶ᠋ᠢᠨ ᠡᠳᠦᠷ ᠪᠦᠷᠢ᠎ᠶ᠋ᠢᠨ ᠴᠡᠪᠡᠷ ᠨᠡᠮᠡᠭ᠌ᠳᠡᠯ 1 ᠲᠦᠮᠡᠨ ᠡᠷᠦᠬᠡ᠎ᠠᠴᠠ ᠲᠡᠭᠡᠭ᠌ᠰᠢ ᠪᠤᠯᠪᠠ᠃
— ᠥᠭᠡᠷᠡᠴᠢᠯᠡᠯᠲᠡ ᠨᠡᠭᠡᠭᠡᠯᠲᠡ ᠴᠢᠬᠤᠯᠠ ᠠᠯᠬᠤᠮ᠎ᠢ ᠠᠯᠬᠤᠪᠠ᠃ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠬᠤᠯᠠ ᠬᠦᠷᠢᠶᠡᠨ᠎ᠳᠠᠬᠢ ᠥᠭᠡᠷᠡᠴᠢᠯᠡᠯᠲᠡ ᠱᠢᠨ᠎ᠡ ᠱᠢᠪᠲᠤᠯᠤᠯᠲᠠ᠎ᠲᠠᠢ ᠪᠣᠯᠪᠠ᠃ 2.36 ᠲᠦᠮᠡᠨ ᠳ᠋ᠦᠩᠱᠢᠭᠤᠷ ᠲᠥᠭᠦᠷᠢᠭ᠎ᠤᠨ ᠭᠠᠢᠯᠢ᠎ᠶ᠋ᠢ ᠬᠥᠩᠭᠡᠯᠡᠵᠦ᠍ ᠰᠦᠢᠳᠭᠡᠯ᠎ᠢ ᠪᠠᠭᠤᠷᠠᠭᠤᠯᠤᠭ᠍ᠰᠠᠨ᠎ᠨᠢ ᠤᠤᠯ᠎ᠤᠨ ᠲᠣᠭ᠍ᠲᠠᠭᠠᠭ᠍ᠰᠠᠨ 2 ᠲᠦᠮᠡᠨ ᠳ᠋ᠦᠩᠱᠢᠭᠤᠷ ᠱᠢᠬᠠᠮ ᠲᠥᠭᠦᠷᠢᠭ᠎ᠤᠨ ᠬᠡᠪᠴᠢᠶ᠎ᠡ᠎ᠠᠴᠠ ᠳᠠᠪᠠᠵᠤ᠂ ᠦᠢᠯᠡᠳᠬᠦ᠌ ᠦᠢᠯᠡᠰ ᠪᠠ ᠵᠢᠵᠢᠭ ᠪᠢᠴᠢᠯ ᠠᠵᠤ ᠠᠬᠤᠢᠯᠠᠯ ᠬᠠᠮᠤᠭ᠎ᠤᠨ ᠢᠯᠡᠬᠦᠦ ᠠᠱᠢᠭ ᠭᠥᠷᠳᠡᠪᠡ᠃ ᠵᠠᠰᠠᠭ᠎ᠤᠨ ᠣᠷᠳᠣᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠡᠶᠡᠯᠡᠬᠦᠯᠪᠡ᠃ 《ᠪᠠᠭᠤᠯᠭᠠᠬᠤ᠂ ᠤᠶᠠᠯᠳᠤᠭᠤᠯᠬᠤ᠂ ᠱᠢᠯᠢᠳᠡᠭ᠌ᠵᠢᠭᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠪᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠰᠠᠮᠪᠠᠷ᠎ᠠ ᠪᠠᠢᠭᠤᠯᠪᠠ᠃ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠠᠢᠭᠤᠯᠬᠤ ᠠᠵᠢᠯ ᠱᠢᠨ᠎ᠡ ᠦᠷ᠎ᠡ ᠪᠦᠲᠦᠮᠵᠢ ᠤᠯᠪᠠ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠲᠦᠷᠢᠮ᠎ᠢ ᠨᠡᠢᠲᠡᠯᠡᠵᠦ᠍᠂ ᠱᠠᠩᠬᠠᠶ᠎ᠶ᠋ᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠱᠢᠨ᠎ᠡ ᠬᠡᠰᠡᠭ᠎ᠢ ᠨᠡᠮᠡᠨ ᠪᠠᠢᠭᠤᠯᠪᠠ᠃ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠲᠣᠭ᠍ᠲᠠᠭᠤᠨ ᠪᠠᠢᠳᠠᠯ᠎ᠢᠶᠠᠨ ᠬᠠᠳᠠᠭᠠᠯᠠᠪᠠ᠃
— ᠭᠤᠷᠪᠠᠨ ᠶᠡᠭᠡ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ ᠵᠠᠩᠭᠢᠯᠠᠭ᠎ᠠ᠎ᠶ᠋ᠢᠨ ᠠᠬᠢᠴᠠ᠎ᠲᠠᠢ ᠪᠣᠯᠪᠠ᠃ ᠬᠥᠳᠡᠭᠡ ᠲᠣᠰᠭᠤᠨ᠎ᠤ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ 1109 ᠲᠦᠮᠡ ᠴᠦᠬᠡᠳᠭᠡᠵᠤ᠂ ᠶᠠᠳᠠᠭᠤᠷᠠᠯ᠎ᠤᠨ ᠨᠤᠷᠮ᠎ᠠ 0.6% ᠪᠣᠯᠲᠠᠯ᠎ᠠ ᠪᠠᠭᠤᠷᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠱᠢᠢᠳᠪᠤᠷᠢᠯᠡᠭ᠌ᠴᠢ ᠴᠢᠨᠠᠷᠲᠠᠶ ᠠᠮᠵᠢᠯᠲᠠ ᠪᠦᠲᠦᠬᠡᠯ ᠤᠯᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠭᠤᠤᠯ ᠭᠤᠤᠯ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠳᠠ᠎ᠶ᠋ᠢᠨ ᠬᠡᠮᠵᠢᠶ᠎ᠡ ᠦᠷᠭᠦᠯᠵᠢᠯᠡᠨ ᠪᠠᠭᠤᠷᠠᠵᠦ᠍᠂ ᠠᠮᠢ ᠠᠬᠤᠢ᠎ᠶ᠋ᠢᠨ ᠤᠷᠴᠢᠨ ᠨᠦᠬᠦᠴᠡᠯ ᠶᠡᠷᠦᠩᠬᠡᠢ᠎ᠳᠡᠭᠡᠨ ᠰᠠᠢᠵᠢᠷᠠᠪᠠ᠃ ᠮᠥᠩᠭᠦᠨ ᠭᠦᠢᠯᠭᠡᠭᠡᠨ᠎ᠤ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠪᠠᠢᠪᠠ᠃
— ᠠᠷᠠᠳ᠎ᠤᠨ ᠠᠮᠢᠳᠤᠷᠠᠯ ᠤᠯᠠᠮ ᠨᠢᠭᠡ ᠠᠯᠬᠤᠮ ᠰᠠᠢᠵᠢᠷᠠᠪᠠ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 3 ᠲᠦᠮᠡᠨ ᠲᠥᠭᠦᠷᠢᠭ᠎ᠢ ᠳᠠᠪᠠᠪᠠ᠃ ᠨᠠᠰᠤᠵᠢᠯ᠎ᠤᠨ ᠦᠨᠳᠦᠰᠦᠨ ᠠᠰᠠᠷᠠᠮᠵᠢ᠂ ᠡᠮᠨᠡᠯᠭᠡ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠵᠡᠷᠭᠡ ᠪᠠᠲᠤᠯᠠᠭ᠎ᠠ᠎ᠶ᠋ᠢᠨ ᠲᠦᠪᠱᠢᠨ ᠳᠡᠭᠡᠭ᠌ᠰᠢᠯᠡᠪᠡ᠃ ᠬᠤᠳᠠ ᠪᠠᠯᠭᠠᠰᠤᠨ᠎ᠤ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠪᠦᠳᠦᠭᠡᠨ ᠪᠠᠢᠭᠤᠯᠤᠯᠲᠠ ᠪᠠ ᠬᠥᠳᠡᠭᠡ ᠲᠣᠰᠭᠤᠨ᠎ᠤ ᠨᠤᠷᠠᠬᠤ ᠠᠶᠤᠯᠲᠠᠶ ᠭᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠠᠵᠢᠯ᠎ᠢ ᠭᠦᠨᠵᠡᠭᠡᠶ ᠠᠬᠢᠭᠤᠯᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠰᠤᠷᠤᠭ᠍ᠴᠢᠳ᠎ᠲᠤ ᠠᠮᠢᠳᠤᠷᠠᠯ᠎ᠤᠨ ᠨᠥᠬᠦᠪᠥᠷᠢ ᠥᠭ᠌ᠬᠦ ᠬᠥᠮᠦᠨ᠎ᠤ ᠲᠤᠭ᠎ᠠ 40% ᠱᠢᠬᠠᠮ ᠨᠡᠮᠡᠭ᠌ᠳᠡᠵᠦ᠍᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ 100 ᠲᠦᠮᠡᠨ ᠬᠥᠮᠦᠨ᠎ᠢ ᠥᠷᠭᠡᠳᠭᠡᠨ ᠡᠯᠰᠡᠪᠡ᠃
ᠪᠢᠳᠡ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠪᠡᠯᠭᠡᠯᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠡᠭᠡ ᠤᠯᠤᠰ᠎ᠢᠶᠠᠨ ᠬᠠᠢᠷᠠᠯᠠᠬᠤ ᠤᠷᠬᠢᠯᠦᠮ᠎ᠠ ᠬᠠᠯᠠᠭᠤᠨ ᠰᠡᠳᠭᠢᠯᠭᠡ᠎ᠶ᠋ᠢ ᠲᠦᠢᠯ᠎ᠤᠨ ᠶᠡᠭᠡ᠎ᠪᠠᠷ ᠬᠥᠭ᠌ᠵᠢᠭᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠲᠡᠮᠡᠴᠡᠨ ᠤᠯᠬᠤ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠪᠠ᠃
ᠪᠢᠳᠡ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ᠎ᠶ᠋ᠢ ᠴᠢᠩᠭᠠᠳᠭᠠᠵᠤ᠂ 《ᠲᠤᠯᠭᠤᠷ ᠵᠤᠷᠢᠯᠳᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《ᠳᠥᠷᠪᠡᠨ ᠰᠤᠷᠲᠠᠯ》 ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠬᠦᠯᠢᠶᠡᠰᠦ᠎ᠶ᠋ᠢ ᠰᠤᠯᠠᠯᠠᠨ ᠳᠠᠷᠤᠭᠠᠰᠤ᠎ᠶ᠋ᠢ ᠬᠥᠩᠭᠡᠷᠡᠭᠦᠯᠪᠠ᠃
ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ》 ᠤᠨ ᠣᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ ᠠᠮᠵᠢᠯᠲᠠ᠎ᠲᠠᠢ ᠡᠷᠬᠢᠯᠡᠵᠦ᠍᠂ ᠰᠢ᠎ᠶ᠋ᠢᠨ ᠫᠢᠩ ᠲᠡᠷᠢᠭᠦᠯᠡᠭ᠌ᠴᠢ ᠵᠡᠷᠭᠡ ᠨᠠᠮ ᠪᠠ ᠲᠦᠷᠦ᠎ᠶ᠋ᠢᠨ ᠤᠳᠤᠷᠢᠳᠭᠤ ᠬᠥᠮᠦᠰ ᠤᠯᠠᠨ ᠤᠯᠤᠰ᠎ᠲᠤ ᠠᠢᠯᠴᠢᠯᠠᠯᠲᠠ ᠬᠢᠵᠦ᠍᠂ ᠬᠤᠷᠢᠨ ᠤᠯᠤᠰ᠎ᠤᠨ ᠪᠦᠯᠦᠭ᠌ᠯᠡᠯ᠎ᠤᠨ ᠤᠳᠤᠷᠢᠳᠭᠤ ᠬᠥᠮᠦᠰ᠎ᠤᠨ ᠲᠦᠷᠦᠭᠦᠴᠦᠳ᠎ᠤᠨ ᠬᠤᠷᠠᠯᠳᠤᠭᠠᠨ᠂ ᠠᠯᠲᠠᠨ ᠲᠤᠭᠤᠰᠭ᠎ᠠ ᠤᠯᠤᠰ᠎ᠤᠨ ᠤᠲᠤᠷᠢᠳᠭᠤ ᠬᠦᠮᠦᠰ᠎ᠤᠨ ᠠᠭᠤᠯᠵᠠᠯᠳᠠ᠂ ᠠᠽᠢᠶ᠎ᠠ ᠲᠢᠪ᠎ᠤᠨ ᠬᠠᠮᠵᠢᠯᠴᠠᠬᠤ ᠪᠠ ᠢᠲᠡᠭᠡᠯᠴᠡᠬᠦ᠌ ᠠᠷᠭ᠎ᠠ ᠬᠡᠮᠵᠢᠶ᠎ᠡ᠎ᠶ᠋ᠢᠨ ᠬᠤᠷᠠᠯ᠎ᠤᠨ ᠲᠦᠷᠦᠭᠦᠴᠦᠳ᠎ᠤᠨ ᠬᠤᠷᠠᠯ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠦᠷᠦᠭᠦᠴᠦᠳ᠎ᠤᠨ ᠬᠤᠷᠠᠯ᠂ ᠵᠡᠭᠦᠨ ᠠᠽᠢᠶ᠎ᠠ᠎ᠶ᠋ᠢᠨ ᠬᠠᠮᠲᠤᠷᠠᠯᠴᠠᠭᠠᠨ᠎ᠤ ᠤᠳᠤᠷᠢᠳᠭᠤ ᠬᠥᠮᠦᠰ᠎ᠤᠨ ᠱᠢᠷᠢᠰ ᠬᠤᠷᠠᠯᠳᠤᠭᠠᠨ᠂ ᠳᠤᠮᠳᠠᠳᠤ ᠧᠦ᠋ᠷᠣᠫᠠ᠎ᠶ᠋ᠢᠨ ᠤᠳᠤᠷᠢᠳᠭᠤ ᠬᠥᠮᠦᠰ᠎ᠤᠨ ᠠᠭᠤᠯᠵᠠᠯᠳᠠ᠂ ᠳᠤᠮᠳᠠᠳᠤ ᠶᠠᠫᠣᠨ ᠺᠣᠷᠢᠶᠠ᠎ᠶ᠋ᠢᠨ ᠤᠳᠤᠷᠢᠳᠭᠤ ᠬᠥᠮᠦᠰ᠎ᠤᠨ ᠠᠭᠤᠯᠵᠠᠯᠳᠠ ᠵᠡᠷᠭᠡ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ ᠪᠠ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠪᠠ᠃ ᠠᠵᠤ ᠠᠬᠤᠶ᠎ᠶ᠋ᠢᠨ ᠭᠠᠳᠠᠭᠠᠳᠤ ᠬᠠᠷᠢᠯᠴᠠᠭ᠎ᠠ᠂ ᠬᠦᠮᠦᠨ ᠨᠡᠢᠬᠡᠮ᠎ᠤᠨ ᠰᠣᠯᠢᠯᠴᠠᠭ᠎ᠠ ᠲᠤᠪᠤᠢᠮ᠎ᠠ ᠦᠷ᠎ᠡ ᠪᠦᠲᠦᠮᠵᠢ ᠤᠯᠪᠠ᠃ ᠳᠤᠮᠳᠠᠳᠤ ᠤᠯᠤᠰ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠠ᠃
ᠲᠥᠯᠥᠭᠡᠯᠡᠭ᠌ᠴᠢᠳ ᠡ!
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠠᠷᠤᠭ᠍ᠰᠠᠨ᠎ᠤ ᠳᠠᠷᠠᠭ᠎ᠠ᠂ ᠨᠠᠮ᠎ᠤᠨ ᠲᠥᠪ ᠬᠤᠷᠢᠶ᠎ᠠ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠭᠤᠵᠤ᠂ ᠶᠡᠷᠦᠩᠬᠡᠶ ᠱᠦᠵᠢ ᠰᠢ᠎ᠶ᠋ᠢᠨ ᠫᠢᠩ ᠪᠡᠶᠡᠴᠢᠯᠡᠨ ᠵᠢᠯᠣᠭᠤᠳᠴᠤ᠌᠂ ᠪᠡᠶᠡᠴᠢᠯᠡᠨ ᠪᠠᠢᠷᠢᠯᠠᠭᠤᠯᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠪᠠ᠃ ᠨᠠᠮ᠎ᠤᠨ ᠲᠥᠪ ᠬᠤᠷᠢᠶᠠᠨ᠎ᠤ ᠤᠳᠤᠷᠢᠳᠤᠯᠭ᠎ᠠ᠎ᠶ᠋ᠢᠨ ᠳᠣᠤᠷ᠎ᠠ᠂ ᠲᠥᠪ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ ᠴᠠᠭ ᠲᠤᠬᠠᠶ᠎ᠳᠤᠨᠢ ᠰᠤᠳᠤᠯᠤᠨ ᠪᠠᠢᠷᠢᠯᠠᠭᠤᠯᠵᠤ᠂ ᠲᠥᠪ᠎ᠤᠨ ᠵᠢᠯᠣᠭᠤᠳᠭᠤ ᠳᠤᠭᠤᠢᠯᠠᠩ ᠵᠢᠯᠣᠭᠤᠳᠭᠤ ᠪᠠ ᠬᠢᠨᠠᠨ ᠵᠢᠯᠣᠭᠤᠳᠭᠤ᠎ᠪᠠᠨ ᠴᠢᠩᠭᠠᠳᠭᠠᠵᠤ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠠᠮᠳᠤᠷᠠᠨ ᠰᠡᠷᠭᠡᠢᠯᠡᠵᠦ᠍ ᠬᠠᠮᠳᠤᠷᠠᠨ ᠬᠢᠵᠠᠭᠠᠷᠯᠠᠬᠤ ᠲᠣᠭ᠍ᠲᠠᠴᠠ᠎ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠡᠢᠭᠡᠮ᠎ᠤᠨ ᠡᠯ᠎ᠡ ᠲᠠᠯ᠎ᠠ᠎ᠶ᠋ᠢᠨ᠎ᠬᠢᠨ ᠪᠥᠬᠦ᠌ ᠬᠦᠴᠦᠨ᠎ᠢᠶᠠᠷ᠎ᠢᠶᠠᠨ ᠳᠡᠮᠵᠢᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠷᠠᠳ᠎ᠤᠨ ᠳᠠᠢᠨ᠂ ᠪᠦᠬᠦ᠌ ᠲᠠᠯ᠎ᠠ᠎ᠶ᠋ᠢᠨ ᠲᠠᠢᠨ᠂ ᠬᠤᠷᠢᠬ᠍ᠯᠠᠨ ᠲᠠᠷᠤᠬᠤ ᠲᠠᠢᠨ᠎ᠢ ᠥᠷᠨᠢᠭᠦᠯᠪᠡ᠃ ᠥᠷᠭᠡᠨ ᠣᠯᠠᠨ ᠡᠮᠨᠡᠯᠭᠡ᠎ᠶ᠋ᠢᠨ ᠠᠵᠢᠯᠲᠠᠨ ᠡᠷᠡᠯᠬᠡᠭ ᠪᠠᠭᠠᠲᠤᠷᠯᠢᠭ᠎ᠢᠶᠠᠷ ᠪᠠᠢᠯᠳᠤᠵᠤ᠂ ᠠᠷᠠᠳ᠎ᠤᠨ ᠴᠢᠯᠥᠭᠡᠯᠡᠬᠦ᠌ ᠴᠡᠷᠢᠭ᠎ᠤᠨ ᠵᠢᠯᠣᠭᠤᠳᠤᠭ᠍ᠴᠢ ᠪᠠᠢᠯᠳᠤᠭ᠍ᠴᠢ ᠬᠦᠨᠳᠦ ᠡᠭᠦᠷᠭᠡ᠎ᠶ᠋ᠢ ᠵᠣᠷᠢᠭ᠍ᠲᠠᠶ ᠡᠭᠦᠷᠭᠡᠯᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠠᠵᠢᠯᠲᠠᠨ ᠬᠠᠮᠵᠢᠯᠴᠠᠨ ᠪᠤᠭᠤᠮᠳᠠ᠎ᠶ᠋ᠢ ᠱᠢᠪᠲᠤᠯᠵᠤ᠂ ᠨᠡᠢᠭᠡᠮ ᠲᠣᠭᠤᠷᠢᠭ᠎ᠤᠨ ᠠᠵᠢᠯᠲᠠᠨ᠂ ᠳᠣᠲᠣᠭᠠᠳᠤ᠎ᠶ᠋ᠢ ᠬᠠᠮᠠᠭᠠᠯᠠᠬᠤ ᠺᠠᠳ᠋ᠷ ᠴᠠᠭ᠍ᠳᠠᠭ᠎ᠠ᠂ ᠦᠨᠳᠦᠰᠦᠨ ᠱᠠᠲᠤᠨ᠎ᠤ ᠺᠠᠳ᠋ᠷ᠂ ᠰᠣᠨᠢᠨ ᠮᠡᠳᠡᠭᠡᠨ᠎ᠤ ᠠᠵᠢᠯᠲᠠᠨ᠂ ᠰᠠᠢᠨ ᠳᠤᠷ᠎ᠠ᠎ᠶ᠋ᠢᠨ ᠠᠵᠢᠯᠯᠠᠭ᠍ᠴᠢ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠲᠦᠷᠭᠡᠨ ᠬᠦᠷᠭᠡᠯᠳᠡ᠂ ᠣᠷᠴᠢᠨ ᠠᠬᠤᠢ᠎ᠶ᠋ᠢᠨ ᠠᠷᠢᠭᠤᠨ ᠴᠡᠪᠡᠷ᠂ ᠬᠢᠵᠢᠭ᠎ᠢ ᠡᠰᠡᠷᠭᠦᠴᠡᠬᠦ᠌ ᠡᠳ᠋ ᠪᠣᠳᠠᠰ᠎ᠢ ᠦᠢᠯᠡᠳᠪᠦᠷᠢᠯᠡᠵᠦ᠍ ᠵᠦᠬᠡᠬᠡᠪᠦᠷᠢᠯᠡᠬᠦ᠌ ᠠᠵᠢᠯᠳᠠᠨ ᠵᠣᠪᠠᠭᠤᠷᠢ ᠵᠦᠳᠡᠭᠦᠷᠢ᠎ᠪᠠᠨ ᠬᠠᠢᠬᠤᠷᠤᠯ ᠦᠭᠡᠢ᠂ ᠲᠦᠭ ᠲᠦᠮᠡᠨ ᠡᠬᠡᠯ ᠵᠢᠷ᠎ᠤᠨ ᠬᠥᠳᠡᠯᠮᠦᠷᠢᠴᠢᠨ ᠦᠭᠡ ᠳᠠᠭᠤᠨ ᠦᠭᠡᠢ᠎ᠪᠠᠷ ᠵᠢᠳᠬᠦᠵᠤ᠂ ᠦᠬᠠᠨ᠎ᠤ ᠠᠷᠠᠳ ᠲᠦᠮᠡᠨ᠂ ᠬᠤᠪᠸᠢ᠎ᠶ᠋ᠢᠨ ᠠᠷᠠᠳ ᠲᠦᠮᠡᠨ ᠱᠢᠨᠲᠠᠷᠠᠰᠢ ᠦᠭᠡᠢ ᠲᠡᠮᠡᠴᠡᠵᠦ᠍᠂ ᠨᠡᠢᠭᠡᠮ᠎ᠤᠨ ᠡᠯ᠎ᠡ ᠡᠲᠡᠭᠡᠳ ᠪᠣᠯᠤᠨ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ ᠵᠣᠭᠤᠰ ᠮᠥᠩᠭᠦ᠌ ᠡᠳ᠋ ᠪᠣᠳᠠᠰ ᠬᠠᠨᠳᠢᠪᠯᠠᠪᠠ᠃ ᠳᠤᠮᠳᠠᠳᠤ᠎ᠶ᠋ᠢᠨ ᠬᠥᠪᠡᠭᠦᠳ ᠥᠬᠢᠳ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠌᠂ ᠬᠢᠵᠢᠭ᠎ᠤᠨ ᠪᠠᠢᠳᠠᠯ᠎ᠢ ᠡᠰᠡᠷᠭᠦᠴᠡᠬᠦ᠌ ᠰᠦᠷᠯᠢᠭ ᠦᠨᠳᠦᠷ ᠴᠠᠭᠠᠨ ᠬᠡᠷᠡᠮ᠎ᠢ ᠪᠤᠰᠭᠠᠪᠠ᠃
ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠳᠤᠮᠳᠠ᠂ ᠪᠢᠳᠡ ᠢᠲᠡᠭᠡᠯ ᠵᠣᠷᠢᠭ᠎ᠢᠶᠠᠨ ᠪᠠᠲᠤᠳᠭᠠᠬᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠬᠤ᠂ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠨ ᠵᠠᠰᠠᠬᠤ᠂ ᠨᠠᠷᠢᠯᠢᠬ ᠣᠨᠣᠴᠠᠲᠠᠶ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠵᠦᠢᠯ᠎ᠤᠨ ᠠᠵᠢᠯ᠎ᠢ ᠴᠢᠩᠭ᠎ᠠ ᠠᠳᠭᠤᠵᠤ ᠪᠣᠳᠠᠲᠠᠶ ᠠᠳᠭᠤᠵᠤ ᠨᠠᠷᠢᠯᠢᠬ ᠠᠳᠭᠤᠪᠠ᠃ ᠴᠠᠭ ᠲᠤᠬᠠᠶ᠎ᠳᠤᠨᠢ ᠪᠠᠴᠢᠮ ᠪᠠᠢᠳᠠᠯ᠎ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠌᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠳᠤ ᠬᠦᠬᠡ ᠲᠥᠷᠥᠯ᠎ᠤᠨ ᠬᠠᠯᠳᠠᠪᠤᠷᠢᠲᠤ ᠡᠪᠡᠳᠴᠢᠨ᠎ᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ ᠡᠭᠦᠰᠦᠭ᠌ᠰᠡᠨ ᠬᠦᠨᠳᠦ ᠶᠡᠭᠡ ᠬᠡᠷᠡᠭ᠎ᠢ ᠠᠷᠭᠠᠴᠠᠭᠠᠬᠤ ᠨᠢᠭᠡᠳᠦᠭᠡᠷ ᠳᠡᠰ᠎ᠤᠨ ᠠᠷᠭ᠎ᠠ ᠬᠡᠮᠵᠢᠶ᠎ᠠ᠎ᠶ᠋ᠢ ᠡᠬᠢᠯᠡᠭᠦᠯᠪᠡ᠃ ᠦᠬᠠᠨ ᠪᠣᠯᠤᠨ ᠬᠤᠪᠧᠶ᠎ᠶ᠋ᠢᠨ ᠬᠠᠮᠠᠭᠠᠯᠠᠯᠲᠠ᠎ᠶ᠋ᠢᠨ ᠳᠠᠢᠨ᠎ᠤ ᠢᠯᠠᠯᠲᠠ᠎ᠶ᠋ᠢ ᠡᠷᠡᠰ ᠲᠡᠮᠡᠴᠡᠨ ᠣᠯᠬᠤ᠎ᠶ᠋ᠢᠨ ᠬᠠᠮᠲᠤ ᠱᠢᠢᠳᠪᠦᠷᠢᠲᠦ ᠴᠢᠨᠠᠷᠲᠠᠶ ᠦᠷ᠎ᠡ ᠪᠦᠲᠦᠮᠵᠢ᠎ᠶ᠋ᠢ ᠤᠯᠬᠤ᠎ᠶ᠋ᠢᠨ ᠲᠦᠯᠦᠬᠡ᠂ ᠴᠢᠩᠭ᠎ᠠ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠡᠷᠡᠰ ᠱᠢᠭᠤᠷᠬᠠᠶ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠪᠦᠬᠦ᠌ ᠤᠯᠤᠰ᠎ᠤᠨ ᠬᠦᠴᠦᠨ᠎ᠢ ᠳᠠᠢᠴᠢᠯᠠᠨ ᠲᠤᠰᠠᠯᠠᠵᠤ᠂ 4 ᠲᠦᠮᠡ ᠭᠠᠷᠤᠶ ᠡᠮᠴᠢ ᠰᠤᠪᠢᠯᠠᠭ᠍ᠴᠢ᠎ᠶ᠋ᠢ ᠲᠣᠮᠢᠯᠠᠨ ᠲᠦᠷᠬᠡᠨ ᠲᠤᠰᠠᠯᠠᠭᠤᠯᠵᠤ᠂ ᠾᠦᠸᠧ ᠱᠧᠨ ᠱᠠᠨ᠂ ᠯᠸᠢ ᠱᠧᠨ ᠱᠠᠨ ᠡᠮᠨᠡᠯᠭᠡ᠎ᠶ᠋ᠢᠨ ᠬᠤᠷᠢᠶ᠎ᠠ ᠪᠤᠯᠤᠨ ᠴᠢᠩᠭᠡᠯᠢᠭ ᠡᠮᠨᠡᠯᠭᠡ᠎ᠶ᠋ᠢᠨ ᠬᠤᠷᠢᠶ᠎ᠠ ᠪᠠᠢᠭᠤᠯᠵᠤ᠂ ᠬᠦᠯᠢᠶᠡᠨ ᠠᠪᠴᠤ᠌ ᠡᠮᠨᠡᠬᠦ᠌ ᠣᠷᠣ᠎ᠶ᠋ᠢ ᠲᠦᠷᠭᠡᠬᠡᠨ ᠨᠠᠮᠠᠨ ᠲᠡᠬᠦᠯᠳᠡᠷᠵᠢᠬᠦᠯᠵᠤ᠂ ᠡᠮᠴᠢᠯᠡᠭᠡᠨ᠎ᠳᠤ ᠬᠡᠷᠡᠭ᠌ᠯᠡᠬᠦ᠌ ᠡᠳ᠋ ᠪᠣᠳᠠᠰ᠎ᠢ ᠡᠩ ᠲᠡᠷᠢᠭᠦᠨ᠎ᠳᠤ ᠪᠠᠲᠤᠯᠠᠨ᠂ ᠣᠨᠣᠱᠢᠯᠠᠨ ᠡᠮᠨᠡᠬᠦ᠌ ᠲᠥᠰᠦᠯ᠎ᠢᠶᠠᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠬᠢᠲᠠᠳ ᠡᠮᠨᠡᠯᠬᠡ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠨ᠂ 《ᠳᠦᠷᠪᠡ᠎ᠶ᠋ᠢ ᠲᠦᠪᠯᠡᠷᠡᠭᠦᠯᠬᠦ᠌》 ᠶ᠋ᠢ ᠪᠠᠷᠢᠮᠲᠠᠯᠠᠵᠤ᠂ ᠡᠪᠡᠳᠴᠢᠲᠡᠨ᠎ᠢ ᠪᠥᠬᠦ᠌ ᠬᠦᠴᠦᠨ᠎ᠢᠶᠠᠷ᠎ᠢᠶᠠᠨ ᠡᠮᠨᠠᠨ ᠠᠪᠤᠷᠠᠵᠤ᠂ ᠡᠳᠡᠭᠡᠷᠡᠬᠦᠯᠬᠦ᠌ ᠨᠣᠷᠮ᠎ᠠ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠳᠡᠭᠡᠭ᠌ᠰᠢᠯᠡᠭᠦᠯᠵᠦ᠍᠂ ᠡᠪᠡᠳᠴᠢᠨ᠎ᠢᠶᠠᠷ ᠥᠭᠦᠬᠦ᠌ ᠨᠣᠷᠮ᠎ᠠ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠤᠷᠠᠭᠤᠯᠪᠠ᠃ ᠪᠦᠬᠦ᠌ ᠤᠯᠤᠰ᠎ᠤᠨ ᠬᠡᠪᠴᠢᠶᠠᠨ᠎ᠳᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠤᠷᠲᠤᠳᠭᠠᠵᠤ᠂ ᠰᠤᠷᠭᠠᠭᠤᠯᠢ ᠡᠬᠢᠯᠡᠬᠦ᠌ ᠬᠤᠭᠤᠴᠠᠭ᠎ᠠ᠎ᠶ᠋ᠢ ᠬᠤᠢᠱᠢᠯᠠᠭᠤᠯᠵᠤ᠂ ᠠᠮᠢᠳᠤᠯᠢᠭ᠎ᠢᠶᠠᠷ ᠠᠵᠢᠯ᠎ᠢᠶᠠᠨ ᠰᠡᠷᠭᠦᠭᠡᠵᠦ᠍᠂ ᠤᠷᠬᠢᠯ ᠴᠠᠭ᠎ᠢ ᠵᠦᠷᠢᠬᠦᠯᠦᠨ ᠶᠠᠪᠤᠵᠤ ᠰᠠᠭᠤᠵᠤ᠂ ᠣᠯᠠᠨ᠎ᠢᠶᠠᠷ᠎ᠢᠶᠠᠨ ᠰᠡᠷᠭᠡᠢᠯᠡᠨ ᠬᠢᠵᠠᠭᠠᠷᠯᠠᠬᠤ᠎ᠶ᠋ᠢ ᠪᠠᠷᠢᠮᠲᠠᠯᠠᠨ᠂ 《ᠳᠥᠷᠪᠡᠨ ᠡᠷᠳᠡᠭᠡᠨ》 ᠢ ᠪᠠᠷᠢᠮᠲᠠᠯᠠᠵᠤ᠂ ᠬᠠᠯᠳᠠᠪᠤᠷᠢᠯᠠᠬᠤ ᠡᠬᠢ ᠰᠤᠷᠪᠤᠯᠵᠢ᠎ᠶ᠋ᠢ ᠡᠷᠡᠰ ᠬᠢᠵᠠᠭᠠᠷᠯᠠᠵᠤ᠂ ᠬᠢᠵᠢᠭ᠎ᠤᠨ ᠪᠠᠢᠳᠠᠯ᠎ᠤᠨ ᠥᠷᠭᠡᠵᠢᠨ ᠳᠡᠯᠭᠡᠷᠡᠬᠦ᠌᠎ᠶ᠋ᠢ ᠪᠦᠲᠦᠮᠵᠢᠲᠡᠶ ᠬᠤᠷᠢᠬ᠍ᠯᠠᠪᠠ᠃ ᠡᠮ᠎ᠤᠨ ᠵᠦᠢᠯ᠂ ᠸᠠᠺᠼᠢᠨ ᠪᠠ ᠪᠠᠢᠴᠠᠭᠠᠨ ᠱᠢᠯᠭᠠᠬᠤ ᠤᠷᠪᠠᠯᠵᠢ᠎ᠶ᠋ᠢ ᠰᠤᠳᠤᠯᠤᠨ ᠨᠡᠭᠡᠭᠡᠬᠦ᠌᠎ᠪᠠᠨ ᠴᠢᠩᠭᠠᠳᠭᠠᠪᠠ᠃ ᠡᠮᠨᠡᠯᠭᠡ᠎ᠳᠤ ᠬᠡᠷᠡᠭ᠌ᠯᠡᠬᠦ᠌ ᠡᠳ᠋ ᠪᠣᠳᠠᠰ᠎ᠤᠨ ᠦᠢᠯᠡᠳᠪᠦᠷᠢᠯᠡᠯ᠎ᠢ ᠦᠳᠲᠡᠷ ᠲᠦᠷᠭᠡᠨ ᠥᠷᠭᠡᠳᠭᠡᠵᠦ᠍᠂ ᠤᠬᠤᠷᠬᠠᠨ ᠬᠤᠭᠤᠴᠠᠭᠠᠨ᠎ᠳᠤ ᠶᠡᠭᠡ ᠬᠡᠮᠵᠢᠶ᠎ᠡ᠎ᠪᠠᠷ ᠨᠡᠮᠡᠭ᠌ᠳᠡᠬᠦᠯᠦᠨ᠂ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠤ ᠵᠦᠢᠯ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ᠎ᠶ᠋ᠢ ᠲᠣᠭ᠍ᠲᠠᠭᠤᠨ ᠪᠠᠢᠯᠭᠠᠬᠤ᠎ᠶ᠋ᠢ ᠰᠠᠢᠲᠤᠷ ᠠᠳᠭᠤᠵᠤ᠂ ᠵᠠᠮ ᠬᠠᠷᠢᠯᠴᠠᠭᠠᠨ᠎ᠤ ᠭᠤᠤᠯ ᠱᠤᠭᠤᠮ᠎ᠤᠨ ᠰᠠᠭᠠᠳ ᠦᠭᠡᠢ ᠨᠡᠪᠲᠡᠷᠡᠬᠦ᠌ ᠪᠠ ᠨᠡᠭᠦᠷᠡᠰᠦ ᠴᠠᠬᠢᠯᠭᠠᠨ ᠲᠤᠰᠤ ᠬᠡᠢ᠎ᠶ᠋ᠢᠨ ᠬᠠᠩᠭᠠᠯᠭ᠎ᠠ᠎ᠶ᠋ᠢ ᠪᠠᠲᠤᠯᠠᠪᠠ᠃ ᠬᠢᠵᠢᠭ᠎ᠤᠨ ᠪᠠᠢᠳᠠᠯ᠎ᠤᠨ ᠬᠤᠪᠢᠷᠠᠯᠲᠠ᠎ᠶ᠋ᠢ ᠠᠷᠭᠠᠴᠠᠭᠠᠬᠤ᠎ᠠᠴᠠ ᠪᠣᠯᠵᠤ᠂ ᠴᠠᠭᠲᠤᠨᠢ ᠲᠣᠬᠢᠷᠠᠭᠤᠯᠤᠨ ᠪᠠᠢᠡᠭ᠌ᠭᠤᠵᠢᠭᠤᠯᠤᠨ ᠰᠡᠷᠭᠡᠢᠯᠡᠨ ᠬᠢᠵᠠᠭᠠᠷᠯᠠᠬᠤ᠎ᠶ᠋ᠢ ᠠᠬᠢᠭᠤᠯᠪᠠ᠃ ᠬᠢᠯᠢ᠎ᠶ᠋ᠢᠨ ᠭᠠᠳᠠᠨᠠᠬᠢ ᠬᠢᠵᠢᠭ᠎ᠤᠨ ᠪᠠᠢᠳᠠᠯ ᠦᠷᠬᠡᠵᠢᠨ ᠲᠡᠯᠭᠡᠷᠡᠭ᠌ᠰᠡᠨ ᠪᠠᠢᠳᠠᠯ᠎ᠳᠤ ᠴᠢᠭ᠌ᠯᠡᠭᠦᠯᠦᠨ᠂ ᠴᠠᠭ ᠲᠤᠬᠠᠶ᠎ᠳᠤᠨᠢ ᠭᠠᠳᠠᠭᠠᠳᠤ᠎ᠠᠴᠠ ᠬᠠᠯᠳᠠᠪᠤᠷᠢᠯᠠᠨ ᠤᠷᠤᠵᠤ ᠢᠷᠡᠬᠦ᠌᠎ᠶ᠋ᠢ ᠰᠡᠷᠭᠡᠢᠯᠡᠬᠦ᠌ ᠱᠢᠰᠲ᠋ᠧᠮ᠎ᠢ ᠪᠠᠢᠭᠤᠯᠵᠤ᠂ ᠬᠢᠯᠢ᠎ᠶ᠋ᠢᠨ ᠭᠠᠳᠠᠨ᠎ᠠ ᠪᠠᠢᠭ᠎ᠠ ᠮᠠᠨ᠎ᠤ ᠤᠯᠤᠰ᠎ᠤᠨ ᠠᠷᠠᠳ ᠢᠷᠭᠡᠨ᠎ᠢᠶᠠᠨ ᠬᠠᠯᠠᠮᠵᠢᠯᠠᠨ ᠬᠠᠢᠷᠠᠯᠠᠬᠤ ᠡᠷᠴᠢᠮ᠎ᠢᠶᠠᠨ ᠴᠢᠩᠭᠠᠷᠠᠭᠤᠯᠪᠠ᠃ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠢᠳᠡᠪᠬᠢᠲᠡᠢ ᠥᠷᠨᠢᠭᠦᠯᠵᠤ᠂ ᠢᠯᠡ᠂ ᠲᠣᠳᠣ᠂ ᠬᠠᠷᠢᠭᠤᠴᠠᠯᠭ᠎ᠠ᠎ᠲᠠᠢ ᠣᠪᠣᠷ᠎ᠢᠶᠠᠷ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠮᠡᠳᠡᠬᠦᠯᠦᠨ ᠨᠡᠢᠳᠡᠯᠡᠵᠤ᠂ ᠬᠢᠵᠢᠭ᠎ᠢ ᠰᠡᠷᠭᠡᠢᠯᠡᠬᠦ᠌ ᠮᠡᠷᠭᠡᠵᠢᠯ ᠪᠣᠯᠤᠨ ᠠᠷᠭ᠎ᠠ ᠪᠠᠷᠢᠯ᠎ᠢᠶᠠᠨ ᠰᠠᠨᠠᠭᠠᠴᠢᠯᠠᠭ᠎ᠠ᠎ᠠᠴᠠ᠎ᠪᠠᠨ ᠬᠤᠪᠢᠶᠠᠯᠴᠠᠵᠤ᠂ ᠬᠠᠷᠢᠯᠴᠠᠨ ᠬᠠᠪᠰᠤᠷᠴᠤ᠌᠂ ᠬᠠᠮᠲᠤ᠎ᠪᠠᠷ ᠬᠢᠵᠢᠭ᠎ᠢ ᠡᠰᠡᠷᠭᠦᠴᠡᠪᠠ᠃
ᠮᠠᠨ᠎ᠤ 14 ᠳ᠋ᠦᠩᠱᠢᠭᠤᠷ ᠬᠥᠮᠦᠨ ᠠᠮᠠ ᠪᠦᠬᠦᠢ ᠡᠢᠮᠦ᠍ ᠨᠢᠬᠡᠨ ᠬᠥᠭ᠌ᠵᠢᠵᠦ᠍ ᠪᠠᠢᠭ᠎ᠠ ᠤᠯᠤᠰ᠎ᠲᠤ ᠠᠪᠴᠤ᠌ ᠬᠡᠯᠡᠪᠡᠯ᠂ ᠨᠡᠯᠢᠶᠡᠳ ᠣᠬᠤᠷᠬᠠᠨ ᠬᠤᠭᠤᠴᠠᠭᠠᠨ ᠳᠣᠲᠣᠷ᠎ᠠ ᠬᠢᠵᠢᠭ᠎ᠤᠨ ᠪᠠᠢᠳᠠᠯ᠎ᠢ ᠪᠦᠲᠦᠮᠵᠢᠲᠡᠶ ᠬᠢᠵᠠᠭᠠᠷᠯᠠᠵᠤ᠂ ᠠᠷᠠᠳ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬ᠍ᠰᠠᠨ᠎ᠨᠢ ᠬᠠᠳᠠᠭᠤ ᠪᠡᠷᠬᠡᠱᠢᠶᠡᠯ᠎ᠢ ᠲᠤᠭᠤᠯᠤᠨ ᠪᠠᠢᠵᠤ ᠤᠯᠤᠭ᠍ᠰᠠᠨ ᠲᠤᠩ ᠬᠢᠯᠪᠠᠷ ᠪᠤᠰᠤ ᠠᠮᠵᠢᠯᠳᠠ ᠪᠤᠯᠬᠤ ᠶᠤᠮ᠃ ᠪᠢᠳᠡ ᠪᠠᠰᠠ ᠯᠤᠲᠤ ᠶᠡᠭᠡ ᠦᠨ᠎ᠡ ᠥᠷᠳᠡᠭ ᠭᠠᠷᠭᠠᠭ᠍ᠰᠠᠨ ᠶᠤᠮ᠂ ᠨᠢᠭᠡᠳᠦᠭᠡᠷ ᠤᠯᠠᠷᠢᠯ᠎ᠳᠤ ᠠᠵᠤ ᠠᠬᠤᠶ᠎ᠶ᠋ᠢᠨ ᠰᠥᠭᠡᠷᠭᠦ᠌ ᠨᠡᠮᠡᠭ᠌ᠳᠡᠯ᠎ᠤᠨ ᠪᠠᠢᠳᠠᠯ ᠭᠠᠷᠴᠤ᠌᠂ ᠦᠢᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ ᠳᠠᠭᠠᠷᠢᠯᠲᠠ᠎ᠳᠤ ᠤᠴᠠᠷᠠᠪᠠ᠂ ᠭᠡᠪᠡᠴᠤ᠌ ᠠᠮᠢ ᠨᠠᠰᠤ ᠶᠠᠭᠤᠨ᠎ᠠᠴᠠ ᠴᠤ᠌ ᠡᠷᠬᠢᠮ ᠨᠠᠨᠳᠢᠨ ᠪᠠᠢᠳᠠᠭ ᠲᠤᠯᠠ ᠡᠨᠡ ᠪᠤᠯ ᠵᠠᠪᠠᠯ ᠳᠠᠭᠠᠭᠠᠬᠤ ᠶᠤᠰᠤᠳᠠᠢ ᠪᠥᠭᠡᠳ ᠭᠠᠷᠭᠠᠭᠤᠱᠢᠲᠠᠶ ᠦᠨ᠎ᠡ ᠲᠥᠯᠥᠪᠦᠷᠢ ᠪᠤᠯᠬᠤ ᠶᠤᠮ᠃ ᠪᠢᠳᠠ ᠬᠢᠵᠢᠭ᠎ᠤᠨ ᠪᠠᠢᠳᠠᠯ᠎ᠢ ᠰᠡᠷᠬᠡᠢᠯᠡᠨ ᠬᠢᠵᠠᠭᠠᠷᠯᠠᠬᠤ ᠪᠠ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢ ᠨᠢᠬᠡᠳᠦᠯᠳᠠᠢ ᠲᠦᠯᠦᠪᠯᠡᠨ ᠠᠬᠢᠭᠤᠯᠵᠤ᠂ ᠴᠠᠭ ᠲᠣᠬᠢᠶᠠᠯ᠎ᠢ ᠠᠯᠳᠠᠯ ᠦᠭᠡᠢ᠎ᠪᠠᠷ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠠᠬᠢᠭᠤᠯᠵᠤ᠂ 8 ᠲᠠᠯ᠎ᠠ᠎ᠶ᠋ᠢᠨ 90 ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ᠂ ᠠᠵᠤ ᠠᠬᠤᠢᠯᠠᠯ᠎ᠢ ᠲᠤᠰᠠᠯᠠᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ᠂ ᠬᠡᠰᠡᠭ ᠭᠠᠢᠯᠢ ᠰᠦᠢᠳᠭᠡᠯ᠎ᠢ ᠬᠠᠰᠤᠵᠤ ᠬᠡᠯᠲᠦᠷᠢᠭᠦᠯᠬᠦ᠂ ᠪᠣᠢ ᠪᠦᠬᠦᠢ ᠰᠦᠢᠳᠭᠡᠯ ᠬᠤᠷᠢᠶᠠᠬᠤ ᠵᠠᠰᠠᠮᠠᠯ ᠵᠠᠮ᠎ᠢᠶᠠᠷ ᠨᠡᠪᠳᠡᠷᠡᠬᠦ᠌ ᠰᠦᠢᠳᠭᠡᠯ᠎ᠢ ᠦᠯᠦ᠍ ᠬᠤᠷᠢᠶᠠᠬᠤ᠂ ᠡᠨᠧᠷᠭᠢ ᠬᠡᠷᠡᠭ᠌ᠯᠡᠬᠦ᠌ ᠥᠪᠡᠷ᠎ᠤᠨ ᠥᠷᠲᠡᠭ᠎ᠢ ᠪᠠᠭᠤᠷᠠᠭᠤᠯᠬᠤ᠂ ᠳᠡᠮ ᠬᠦᠤ᠎ᠲᠠᠢ ᠵᠢᠭᠡᠯᠡᠯᠭᠡ ᠲᠠᠯᠪᠢᠬᠤ ᠵᠡᠷᠭᠡ ᠲᠦᠷᠦ᠎ᠶ᠋ᠢᠨ ᠪᠤᠳᠤᠯᠭ᠎ᠠ᠎ᠶ᠋ᠢ ᠭᠡᠷᠡᠭ᠌ᠵᠢᠬᠦᠯᠪᠠ᠃ ᠵᠢᠷᠤᠮ᠎ᠤᠨ ᠶᠣᠰᠣᠭᠠᠷ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠎ᠶ᠋ᠢ ᠤᠷᠢᠳᠴᠢᠯᠠᠨ ᠪᠠᠭᠤᠯᠭᠠᠪᠠ᠃ ᠲᠠᠷᠢᠶᠠᠯᠠᠬᠤ ᠴᠠᠭ᠎ᠢ ᠰᠠᠭᠠᠲᠠᠭᠠᠯ ᠦᠬᠡᠢ᠎ᠪᠠᠷ ᠬᠠᠪᠤᠷ᠎ᠤᠨ ᠲᠠᠷᠢᠶᠠᠯᠠᠭ᠎ᠠ᠎ᠶ᠋ᠢ ᠠᠳᠭᠤᠪᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠴᠥᠬᠦᠷᠡᠰᠢ ᠦᠭᠡᠢ ᠠᠬᠢᠭᠤᠯᠪᠠ᠃ ᠬᠢᠵᠢᠭ᠎ᠢ ᠡᠰᠡᠷᠬᠦᠴᠡᠬᠦ᠌ ᠨᠢᠬᠡᠳᠦᠬᠡᠷ ᠹᠷᠣᠨᠲ᠎ᠤᠨ ᠪᠠ ᠬᠦᠴᠢᠷᠳᠡᠯᠳᠠᠢ ᠬᠦᠮᠦᠰ᠎ᠲᠤ ᠨᠦᠬᠦᠪᠦᠷᠢ ᠦᠭ᠌ᠴᠤ᠂ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ 1 ᠳᠠᠬᠢᠨ᠎ᠢᠶᠠᠷ ᠳᠡᠭᠡᠭ᠌ᠰᠢᠯᠡᠭᠦᠯᠬᠦ᠌᠎ᠪᠠᠷ ᠪᠤᠯᠪᠠ᠃ ᠡᠳᠡᠭᠡᠷ ᠲᠥᠷᠥ᠎ᠶ᠋ᠢᠨ ᠪᠣᠳᠣᠯᠭ᠎ᠠ᠎ᠨᠢ ᠦᠷᠭᠡᠨ ᠤᠯᠠᠨ ᠠᠷᠠᠳ ᠲᠦᠮᠡᠨ᠎ᠳᠤ ᠠᠱᠢᠭ ᠬᠦᠷᠲᠡᠭᠡᠵᠦ᠍᠂ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠪᠠ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠴᠠᠭ ᠲᠤᠬᠠᠢᠳᠤᠨᠢ ᠪᠦᠲᠦᠮᠵᠢᠲᠡᠢ ᠠᠬᠢᠭᠤᠯᠤᠭᠠᠳ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠡᠷᠡᠰ ᠴᠢᠩᠭ᠎ᠠ ᠤᠶᠠᠨ ᠬᠠᠳᠠᠨ ᠴᠢᠨᠠᠷ ᠪᠠ ᠯᠤᠲᠤ ᠶᠡᠭᠡ ᠳᠠᠯᠳᠠ ᠬᠦᠴᠦᠨ᠎ᠢ ᠢᠯᠡᠷᠡᠭᠦᠯᠵᠡᠢ᠃
ᠲᠥᠯᠥᠭᠡᠯᠡᠭ᠌ᠴᠢᠳ ᠡ!
ᠨᠢᠳᠤᠨᠤᠨ᠎ᠠᠴᠠ ᠨᠠᠭᠠᠱᠢᠬᠢ ᠠᠵᠤ ᠠᠬᠤᠶ ᠨᠡᠢᠭᠡᠮ᠎ᠤᠨ ᠬᠥᠭ᠌ᠵᠢᠯᠲᠡ ᠪᠣᠯᠤᠨ ᠡᠨᠡ ᠵᠢᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠲᠠᠯ᠎ᠠ᠎ᠪᠠᠷ ᠣᠯᠤᠭ᠍ᠰᠠᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠬ᠍ᠰᠠᠨᠤ ᠦᠷ᠎ᠡ ᠳ᠋ᠦᠩ ᠮᠥᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ᠎ᠪᠠᠷ ᠵᠢᠯᠣᠭᠤᠳᠤᠭ᠍ᠰᠠᠨᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠪᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠭᠢᠯ᠎ᠤᠨ ᠲᠠᠯᠠᠷᠬᠠᠯ ᠳᠡᠪᠱᠢᠭᠦᠯᠦᠶ᠎ᠡ! ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠤ ᠨᠡᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠤ ᠨᠡᠷ᠂ ᠲᠠᠢᠸᠠᠨ᠎ᠤ ᠠᠬ᠎ᠠ ᠳᠡᠭᠦᠤ ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠡᠷ᠎ᠲᠤ ᠴᠢᠩ ᠰᠡᠳᠭᠢᠯ᠎ᠤᠨ ᠲᠠᠯᠠᠷᠬᠠᠯ ᠳᠡᠪᠱᠢᠭᠦᠯᠦᠶᠠ! ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠪᠠ ᠬᠢᠵᠢᠭ᠎ᠤᠨ ᠪᠠᠢᠳᠠᠯ᠎ᠢ ᠡᠰᠡᠷᠬᠦᠴᠡᠬᠦ᠌ ᠲᠡᠮᠡᠴᠡᠯ᠎ᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ ᠳᠡᠪᠱᠢᠭᠦᠯᠦᠶ᠎ᠡ!
ᠠᠮᠵᠢᠯᠲᠠ᠎ᠪᠠᠨ ᠨᠤᠲᠠᠯᠠᠬᠤ᠎ᠶ᠋ᠢᠨ ᠵᠡᠷᠭᠡᠴᠡᠭᠡ᠎ᠪᠠᠷ᠂ ᠲᠤᠯᠭᠠᠷᠠᠵᠤ ᠪᠠᠢᠭ᠎ᠠ ᠬᠦᠴᠢᠷᠳᠡᠯ ᠪᠠ ᠠᠰᠠᠭᠤᠳᠠᠯ᠎ᠢ ᠴᠤ᠌ ᠪᠢᠳᠡ ᠰᠡᠷᠭᠡᠭ᠎ᠢᠶᠠᠷ ᠣᠯᠵᠤ ᠬᠠᠷᠠᠪᠠ᠃ ᠪᠦᠬᠦ᠌ ᠳᠡᠯᠡᠬᠡᠶ᠎ᠶ᠋ᠢᠨ ᠬᠢᠵᠢᠭ᠎ᠤᠨ ᠪᠠᠢᠳᠠᠯ᠎ᠤᠨ ᠳᠠᠭᠠᠷᠢᠯᠳᠠ᠎ᠠᠴᠠ ᠪᠣᠯᠵᠤ᠂ ᠳᠡᠯᠡᠬᠡᠶ᠎ᠶ᠋ᠢᠨ ᠠᠵᠤ ᠠᠬᠤᠶ ᠬᠦᠨᠳᠦ ᠨᠣᠴᠢᠲᠠᠶ ᠮᠠᠭᠤᠳᠠᠵᠤ᠂ ᠠᠵᠤ ᠦᠢᠯᠡᠰ᠎ᠤᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠷᠴᠢᠯ᠎ᠳᠤ ᠬᠠᠷᠰᠢ ᠰᠠᠭᠠᠳ ᠤᠴᠠᠷᠠᠵᠤ᠂ ᠤᠯᠠᠨ ᠤᠯᠤᠰ᠎ᠤᠨ ᠠᠷᠠᠯᠵᠢᠶᠠᠨ᠎ᠤ ᠪᠡᠯᠡ ᠣᠷᠣᠭᠤᠯᠤᠯᠲᠠ ᠪᠠᠭᠠᠰᠴᠤ᠌᠂ ᠪᠦᠬᠡᠮ ᠲᠠᠸᠠᠷ᠎ᠤᠨ ᠵᠠᠬ᠎ᠠ ᠳᠡᠯᠭᠡᠭᠦᠷ ᠲᠣᠭ᠍ᠲᠠᠪᠤᠷᠢ ᠦᠭᠡᠢ ᠪᠣᠯᠵᠤ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠬᠡᠷᠡᠭ᠌ᠯᠡᠭᠡ᠂ ᠪᠡᠯᠡ ᠣᠷᠣᠭᠤᠯᠤᠯᠲᠠ᠂ ᠭᠠᠳᠠᠭᠠᠳᠤ ᠭᠠᠷᠭᠠᠯᠲᠠ ᠪᠠᠭᠤᠷᠠᠵᠤ᠂ ᠠᠵᠢᠯ ᠣᠯᠭᠤᠯᠲᠠ᠎ᠶ᠋ᠢᠨ ᠳᠠᠷᠤᠯᠲᠠ ᠢᠯᠡᠳᠲᠡ ᠨᠡᠮᠡᠭ᠌ᠳᠡᠵᠦ᠍᠂ ᠠᠵᠤ ᠠᠬᠤᠢᠯᠠᠯ ᠢᠯᠠᠩᠭᠤᠶ᠎ᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠍ᠢᠯᠠᠯ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠬᠦᠴᠢᠷᠳᠡᠯ ᠲᠣᠪᠤᠢᠮ᠎ᠠ ᠢᠯᠡᠷᠡᠵᠦ᠍᠂ ᠮᠥᠩᠭᠦᠨ ᠭᠦᠢᠯᠭᠡᠭᠡ ᠵᠡᠷᠭᠡ ᠬᠦᠷᠢᠶᠡᠨ᠎ᠳᠠᠬᠢ ᠠᠶᠤᠯ ᠲᠦᠭ᠌ᠰᠢᠭᠦᠷᠢ ᠡᠳᠦᠶ ᠲᠡᠳᠦᠶ ᠬᠤᠷᠠᠮᠳᠤᠵᠤ᠂ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠱᠢᠷᠦᠭᠦᠰᠴᠤ᠌ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ᠌ ᠦᠭᠡᠢ ᠲᠠᠯ᠎ᠠ ᠣᠷᠣᠱᠢᠵᠤ᠂ ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ ᠮᠥᠨ ᠯᠡ ᠨᠡᠯᠢᠶᠡᠳ ᠲᠤᠪᠤᠢᠮ᠎ᠠ ᠤᠷᠤᠱᠢᠵᠤ᠂ ᠴᠥᠭᠡᠨ ᠲᠣᠭᠠᠨ᠎ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠠᠵᠢᠯ ᠬᠢᠬᠦ᠌ ᠦᠭᠡᠢ᠂ ᠠᠵᠢᠯ ᠬᠢᠵᠤ ᠴᠢᠳᠠᠬᠤ ᠦᠭᠡᠢ᠂ ᠳᠤᠷ᠎ᠠ᠎ᠪᠠᠷ᠎ᠢᠶᠠᠨ ᠬᠢᠵᠤ ᠪᠠᠢᠨ᠎ᠠ᠃ ᠵᠠᠷᠢᠮ ᠬᠦᠷᠢᠶᠡᠨ᠎ᠳᠤ ᠢᠯᠵᠠᠷᠠᠯ᠎ᠤᠨ ᠠᠰᠠᠭᠤᠳᠠᠯ ᠤᠯᠠᠨ ᠭᠠᠷᠴᠤ᠌ ᠪᠠᠢᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠳᠤᠮᠳᠠ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ᠎ᠪᠠᠷ ᠴᠥᠭᠡᠨ ᠪᠤᠰᠤ ᠪᠠᠭᠤᠷᠠᠶ ᠭᠤᠭ᠍ᠴᠤᠭ᠎ᠠ ᠢᠯᠡᠷᠡᠵᠡᠶ᠂ ᠤᠯᠠᠨ ᠲᠦᠮᠡᠨ᠎ᠤ ᠲᠤᠷᠠᠳᠤᠭ᠍ᠰᠠᠨ ᠵᠠᠷᠢᠮ ᠰᠠᠨᠠᠯ ᠰᠠᠨᠠᠭᠤᠯᠭ᠎ᠠ᠎ᠶ᠋ᠢ ᠴᠤ᠌ ᠴᠢᠬᠤᠯᠠᠴᠢᠯᠠᠬᠤ ᠬᠡᠷᠡᠭ᠌ᠲᠡᠶ ᠪᠠᠢᠨ᠎ᠠ᠃ ᠪᠢᠳᠡ ᠵᠠᠪᠠᠯ ᠠᠵᠢᠯ᠎ᠢᠶᠠᠨ ᠴᠢᠷᠮᠠᠢᠨ ᠰᠠᠢᠵᠢᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠤᠶᠤᠨ ᠴᠢᠳᠠᠯ᠎ᠢᠶᠠᠨ ᠱᠢᠪᠬᠠᠵᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠶ᠃
ᠬᠤᠶᠠᠷ᠂ ᠡᠨᠡ ᠵᠢᠯ᠎ᠤᠨ ᠬᠥᠭ᠌ᠵᠢᠯᠲᠡ᠎ᠶ᠋ᠢᠨ ᠭᠤᠤᠯ ᠬᠠᠷᠠᠯᠲᠠ ᠪᠠ ᠲᠠᠷᠠᠭᠠᠴᠢ᠎ᠶ᠋ᠢᠨ ᠱᠠᠲᠤᠨ᠎ᠤ ᠠᠵᠢᠯ᠎ᠤᠨ ᠶᠡᠷᠦᠩᠬᠡᠶ ᠪᠠᠢᠷᠢᠯᠠᠭᠤᠯᠤᠯᠲᠠ
ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠭᠦ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠦ᠍᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶ᠋ᠢ ᠡᠷᠡᠰ ᠲᠤᠭᠤᠱᠢᠯᠠᠭᠤᠯᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠭᠦ᠌ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠪᠠᠢᠡᠭ᠌ᠭᠤᠵᠢᠭᠤᠯᠤᠭ᠍ᠰᠠᠨ ᠤᠷᠢᠲᠠᠯ ᠳᠣᠤᠷ᠎ᠠ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠎ᠪᠠᠷ ᠴᠢᠷᠮᠠᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠎ᠪᠠᠷ ᠬᠥᠳᠡᠯᠭᠡᠭ᠌ᠴᠢ ᠬᠦᠴᠦᠨ ᠪᠣᠯᠭᠠᠵᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠭᠤᠷᠪᠠᠨ ᠶᠡᠭᠡ ᠪᠡᠷᠭᠡ ᠰᠡᠳᠦᠪ᠎ᠢ ᠱᠢᠢᠳᠪᠤᠷᠢᠯᠡᠭᠦ᠌ ᠳᠠᠢᠨ᠎ᠢ ᠡᠷᠡᠰ ᠰᠠᠢᠲᠤᠷ ᠬᠢᠵᠦ᠍᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠠᠵᠢᠯ᠎ᠤᠨ ᠡᠷᠴᠢᠮ᠎ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ᠎ᠤᠨ ᠠᠵᠢᠯ ᠣᠯᠭᠤᠯᠲᠠ᠎ᠶ᠋ᠢ ᠪᠠᠲᠤᠯᠠᠨ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠦ᠍᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠨ᠂ ᠠᠮᠤ ᠪᠤᠳᠠᠭ᠎ᠠ ᠡᠨᠧᠷᠭᠢ᠎ᠶ᠋ᠢᠨ ᠰᠤᠷᠪᠤᠯᠵᠢ᠎ᠶ᠋ᠢᠨ ᠠᠶᠦᠯᠭᠦᠢ ᠪᠠᠢᠬᠤ᠎ᠶ᠋ᠢ ᠪᠠᠲᠤᠯᠠᠵᠦ᠍᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠨ᠂ ᠦᠨᠳᠦᠰᠦᠨ ᠱᠠᠲᠤᠨ᠎ᠤ ᠠᠵᠢᠯᠯᠠᠭ᠎ᠠ᠎ᠨᠢ ᠪᠠᠲᠤᠯᠠᠵᠦ᠍᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠠᠵᠤ ᠠᠬᠤᠢ᠎ᠶ᠋ᠢᠨ ᠬᠥᠭ᠌ᠵᠢᠯᠲᠡ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠤᠨ ᠶᠡᠭᠡ ᠲᠠᠯ᠎ᠠ᠎ᠶ᠋ᠢ ᠬᠠᠮᠠᠭᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭᠦ᠌ ᠱᠢᠢᠳᠪᠦᠷᠢᠲᠦ ᠳᠠᠢᠨ᠎ᠳᠤ ᠱᠢᠢᠳᠪᠤᠷᠢᠳᠤ ᠢᠯᠠᠯᠲᠠ ᠣᠯᠬᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠭᠦ᠌ ᠪᠠᠲᠤᠯᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠭᠦ᠌ ᠭᠡᠷᠡᠭ᠌ᠲᠡᠢ᠃
ᠣᠳᠣᠬᠠᠨ᠎ᠳᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠳᠤ ᠤᠷᠢᠳ ᠡᠮᠦᠨ᠎ᠡ ᠭᠠᠷᠤᠭ᠎ᠠ ᠦᠭᠡᠢ ᠠᠶᠤᠯ ᠲᠦᠭ᠌ᠰᠢᠬᠦᠷᠢ ᠪᠠ ᠱᠢᠯᠭᠠᠯᠳᠠ ᠲᠤᠯᠭᠠᠷᠠᠵᠦ᠍ ᠪᠠᠢᠭ᠎ᠠ ᠪᠤᠯᠪᠠᠴᠤ᠌᠂ ᠪᠢᠳᠡᠨ᠎ᠳᠤ ᠦᠪᠡᠷᠮᠢᠴᠡ ᠪᠠᠢᠳᠠᠭ ᠤᠯᠤᠰ ᠲᠦᠷᠦ᠍ ᠪᠠ ᠪᠠᠢᠭᠤᠯᠤᠯ᠎ᠤᠨ ᠳᠠᠪᠠᠭᠤᠯᠢᠭ᠎ᠲᠠᠢ᠂ ᠦᠯᠡᠮᠵᠢ ᠵᠤᠵᠠᠭᠠᠨ ᠠᠵᠤ ᠠᠬᠤᠶ᠎ᠶ᠋ᠢᠨ ᠰᠠᠭᠤᠷᠢ᠎ᠲᠠᠢ᠂ ᠯᠤᠲᠤ ᠶᠡᠭᠡ ᠵᠠᠬ᠎ᠠ ᠳᠡᠯᠭᠡᠭᠦᠷ᠎ᠤᠨ ᠲᠠᠯᠳᠠ ᠬᠦᠴᠦᠨ᠎ᠲᠠᠢ᠂ ᠠᠵᠢᠯᠴᠢ ᠬᠦᠳᠡᠯᠮᠦᠷᠢᠴᠢ ᠤᠶᠤᠨ ᠤᠬᠠᠭᠠᠯᠢᠭ ᠦᠢ ᠤᠯᠠᠨ ᠠᠷᠠᠳ ᠲᠦᠮᠡᠨ᠎ᠲᠠᠢ ᠶᠤᠮ᠃ ᠱᠢᠯᠭᠠᠯᠳᠠ᠎ᠳᠤ ᠱᠢᠭᠤᠳ ᠬᠠᠨᠳᠤᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠵᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢᠶᠠᠨ ᠴᠢᠩᠭᠠᠳᠭᠠᠵᠤ᠂ ᠮᠠᠨ᠎ᠤ ᠤᠯᠤᠰ᠎ᠤᠨ ᠬᠦᠭ᠌ᠵᠢᠯᠳᠠ᠎ᠶ᠋ᠢᠨ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠳᠤᠬᠢᠶᠠᠯᠳᠤ ᠬᠤᠭᠤᠴᠠᠭ᠎ᠠ᠎ᠪᠠᠨ ᠬᠠᠮᠠᠭᠠᠯᠠᠵᠤ ᠰᠠᠢᠳᠤᠷ ᠬᠡᠷᠡᠭ᠌ᠯᠡᠬᠦ᠌ ᠯᠠ ᠶᠤᠮ ᠪᠣᠯ᠂ ᠣᠳᠣᠬᠠᠨ᠎ᠤ ᠬᠦᠴᠢᠷ ᠪᠡᠷᠬᠡᠱᠢᠶᠡᠯ᠎ᠢ ᠯᠠᠪᠲᠠᠶ ᠲᠤᠭᠤᠯᠤᠨ ᠳᠠᠪᠠᠵᠦ᠍ ᠴᠢᠳᠠᠬᠤ ᠮᠦᠷᠳᠡᠭᠡᠨ ᠳᠤᠮᠳᠠᠳᠤ ᠤᠯᠤᠰ᠎ᠤᠨ ᠬᠥᠭ᠌ᠵᠢᠯᠲᠡ ᠯᠠᠪᠲᠠᠶ ᠬᠦᠰᠡᠯ ᠡᠷᠡᠮᠡᠯᠵᠡᠯ᠎ᠢᠶᠠᠷ ᠳᠦᠭᠦᠷᠡᠩ ᠪᠠᠢᠵᠦ᠍ ᠴᠢᠳᠠᠬᠤ ᠶᠤᠮ᠃
ᠪᠠᠢᠳᠠᠯ᠎ᠢ ᠶᠡᠷᠦᠩᠬᠡᠢᠯᠡᠨ ᠰᠤᠳᠤᠯᠤᠨ ᠮᠠᠭᠠᠳᠯᠠᠭᠠᠳ᠂ ᠪᠢᠳᠡ ᠬᠢᠵᠢᠭ᠎ᠤᠨ ᠪᠠᠢᠳᠠᠯ᠎ᠠᠴᠠ ᠡᠮᠦᠨ᠎ᠠ ᠪᠣᠳᠣᠯᠬᠢᠯᠠᠭ᠍ᠰᠠᠨ ᠵᠢᠱ᠌ᠢᠭ᠌ᠰᠡᠨ ᠬᠠᠷᠠᠯᠲᠠ᠎ᠳᠤ ᠵᠣᠬᠢᠰᠲᠠᠶ ᠲᠣᠬᠢᠷᠠᠭᠤᠯᠤᠯᠲᠠ ᠬᠢᠵᠡᠢ᠃ ᠡᠨᠡ ᠵᠢᠯ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠵᠤ ᠠᠷᠠᠳ᠎ᠤᠨ ᠠᠮᠢᠳᠤᠷᠠᠯ᠎ᠢ ᠪᠠᠲᠤᠯᠠᠬᠤ᠎ᠶ᠋ᠢ ᠲᠠᠷᠢᠭᠦᠨ᠎ᠳᠤ ᠳᠠᠯᠪᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭᠦ᠌ ᠳᠠᠢᠨ᠎ᠳᠤ ᠵᠠᠪᠠᠯ ᠢᠯᠠᠯᠲᠠ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠭᠦ᠌ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ; ᠬᠤᠳᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ᠎ᠤ ᠲᠤᠭ᠎ᠠ᠎ᠶ᠋ᠢ 900 ᠲᠦᠮᠡ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠵᠦ᠍᠂ ᠬᠤᠳᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 6% ᠣᠷᠴᠢᠮ ᠪᠠᠢᠯᠭᠠᠵᠤ᠂ ᠬᠤᠳᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 5.5% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 3.5% ᠣᠷᠴᠢᠮ ᠪᠠᠢᠯᠭᠠᠨ᠎ᠠ; ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ᠎ᠢ ᠠᠬᠢᠭᠤᠯᠤᠨ ᠶᠠᠰᠤ ᠴᠢᠨᠠᠷ᠎ᠢ᠎ᠨᠢ ᠳᠡᠭᠡᠭ᠌ᠰᠢᠯᠡᠭᠦᠯᠵᠦ᠍᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠬᠢᠭᠡᠳ ᠠᠵᠤ ᠠᠬᠤᠶ᠎ᠶ᠋ᠢᠨ ᠨᠡᠮᠡᠭ᠌ᠳᠡᠯ᠎ᠢ ᠦᠨᠳᠦᠰᠦᠨ᠎ᠳᠡᠭᠡᠨ ᠵᠢᠭ᠌ᠳᠡ ᠪᠠᠢᠯᠭᠠᠨ᠎ᠠ; ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠭᠤᠨ᠎ᠤ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠱᠢᠶᠠᠨ᠎ᠢ ᠪᠦᠭᠦᠳᠡ᠎ᠶ᠋ᠢ ᠶᠠᠳᠠᠭᠤ᠎ᠠᠴᠠ ᠠᠩᠭᠢᠵᠢᠷᠠᠭᠤᠯᠤᠨ᠎ᠠ; ᠮᠥᠩᠭᠦᠨ ᠭᠦᠢᠯᠭᠡᠭᠡᠨ᠎ᠤ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠡᠵᠡᠮᠳᠡᠨ᠎ᠡ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠤᠨ ᠡᠨᠧᠷᠭᠢ᠎ᠶ᠋ᠢᠨ ᠬᠤᠷᠣᠭ᠍ᠳᠠᠭᠤᠯᠤᠯ ᠪᠠ ᠭᠤᠤᠯ ᠭᠤᠤᠯ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ᠎ᠶ᠋ᠢ ᠦᠷᠭᠦᠯᠵᠢᠯᠡᠨ ᠪᠠᠭᠤᠷᠠᠭᠤᠯᠵᠦ᠍᠂ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠤᠨ᠎ᠠ᠃
ᠲᠣᠳᠣᠷᠬᠠᠢᠯᠠᠭᠤᠱᠢᠳᠠᠢᠨᠢ᠂ ᠪᠢᠳᠡ ᠪᠦᠬᠦ᠌ ᠵᠢᠯ᠎ᠤᠨ ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠠᠳᠤ ᠪᠣᠳᠠᠲᠠᠶ ᠬᠠᠷᠠᠯᠲᠠ ᠳᠤᠷᠠᠳᠤᠭ᠍ᠰᠠᠨ ᠦᠭᠡᠢ᠂ ᠡᠭᠦᠨ᠎ᠤ ᠭᠤᠤᠯ ᠱᠢᠯᠳᠠᠭᠠᠨ᠎ᠨᠢ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠪᠠ ᠠᠵᠤ ᠠᠬᠤᠶ ᠠᠷᠠᠯᠵᠢᠶᠠᠨ᠎ᠤ ᠪᠠᠢᠳᠠᠯ᠎ᠤᠨ ᠲᠣᠭ᠍ᠲᠠᠭᠠᠯᠲᠤ ᠪᠤᠰᠤ ᠴᠢᠨᠠᠷ ᠮᠠᠰᠢ ᠶᠡᠭᠡ ᠪᠠᠢᠵᠤ᠂ ᠮᠠᠨ᠎ᠤ ᠤᠯᠤᠰ᠎ᠤᠨ ᠬᠥᠭ᠌ᠵᠢᠯᠲᠡ᠎ᠳᠤ ᠲᠥᠰᠦᠭᠡᠯᠡᠬᠦᠶ᠎ᠡ ᠪᠡᠷᠬᠡ ᠨᠥᠯᠥᠭᠡᠯᠡᠬᠦ᠌ ᠬᠦᠴᠦᠨ ᠵᠦᠢᠯ᠎ᠤᠳ ᠲᠤᠯᠭᠠᠷᠠᠵᠤ ᠪᠠᠢᠨ᠎ᠠ᠃ ᠢᠩᠭᠢᠵᠦ᠍ ᠬᠢᠬᠦ᠌᠎ᠨᠢ ᠡᠯ᠎ᠡ ᠲᠠᠯ᠎ᠠ᠎ᠶ᠋ᠢᠨ᠎ᠬᠢᠨ᠎ᠢ ᠬᠦᠳᠦᠯᠦᠨ ᠵᠢᠯᠤᠭᠤᠳᠴᠤ᠌ ᠤᠶᠤᠨ ᠴᠢᠳᠠᠯ᠎ᠢᠶᠠᠨ ᠲᠥᠪᠯᠡᠷᠡᠭᠦᠯᠦᠨ 《ᠵᠢᠷᠭᠤᠭ᠎ᠠ᠎ᠶ᠋ᠢ ᠲᠤᠭ᠍ᠳᠠᠭᠤᠨ ᠪᠠᠢᠯᠭᠠᠬᠤ》 《ᠵᠢᠷᠭᠤᠭ᠎ᠠ᠎ᠶ᠋ᠢ ᠪᠠᠲᠤᠯᠠᠬᠤ》 ᠶ᠋ᠢ ᠰᠠᠢᠲᠤᠷ ᠠᠳᠭᠤᠬᠤ᠎ᠳᠤ ᠠᠱᠢᠭ᠍ᠲᠠᠶ ᠶᠤᠮ᠃ 《ᠵᠢᠷᠭᠤᠭ᠎ᠠ᠎ᠶ᠋ᠢ ᠪᠠᠲᠤᠯᠠᠬᠤ》 ᠪᠣᠯ ᠡᠨᠡ ᠵᠢᠯ᠎ᠤᠨ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠠᠵᠢᠯ᠎ᠤᠨ ᠬᠦᠴᠦᠯᠡᠬᠦ᠌ ᠴᠡᠭ ᠪᠣᠯᠤᠨ᠎ᠠ᠃ 《ᠵᠢᠷᠭᠤᠭ᠎ᠠ᠎ᠶ᠋ᠢ ᠪᠠᠲᠤᠯᠠᠬᠤ》 ᠬᠢᠵᠠᠭᠠᠷ ᠱᠤᠭᠤᠮ᠎ᠢ ᠪᠠᠳᠤ ᠰᠠᠬᠢᠪᠠᠯ᠂ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠭᠤᠨ ᠪᠠᠢᠯᠭᠠᠵᠦ᠍ ᠴᠢᠳᠠᠨ᠎ᠠ; ᠪᠠᠳᠤᠯᠠᠬᠤ᠎ᠪᠠᠷ ᠲᠤᠭ᠍ᠳᠠᠭᠤᠨ ᠪᠠᠢᠯᠭᠠᠬᠤ᠎ᠶ᠋ᠢ ᠠᠬᠢᠭᠤᠯᠤᠨ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠎ᠪᠠᠷ ᠴᠢᠷᠮᠡᠢᠪᠡᠯ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌᠎ᠳᠤ ᠰᠠᠭᠤᠷᠢ᠎ᠶ᠋ᠢ ᠪᠠᠳᠤᠳᠭᠠᠨ ᠦᠭ᠌ᠴᠦ ᠴᠢᠳᠠᠬᠤ ᠶᠤᠮ᠃ ᠠᠵᠢᠯ ᠣᠯᠭᠤᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠨ᠂ ᠶᠠᠳᠠᠭᠤ᠎ᠠᠴᠠ ᠠᠩᠭᠢᠵᠢᠷᠠᠭᠤᠯᠬᠤ ᠬᠠᠷᠠᠯᠲᠠ᠎ᠶ᠋ᠢ ᠪᠡᠶᠡᠯᠡᠭᠦᠯᠭᠦ᠎ᠳᠤ ᠴᠦ᠍ ᠭᠡᠰᠡᠨ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠳᠤ ᠴᠤ᠌ ᠭᠡᠰᠡᠨ᠂ ᠴᠦᠮ ᠠᠵᠤ ᠠᠬᠤᠶ᠎ᠶ᠋ᠢᠨ ᠨᠡᠮᠡᠭ᠌ᠳᠡᠯ᠎ᠢᠶᠠᠷ ᠲᠤᠯᠭᠠᠭᠤᠷᠢᠯᠠᠭᠤᠯᠳᠠᠭ ᠪᠤᠯᠬᠤᠷ ᠠᠵᠤ ᠠᠬᠤᠶ᠎ᠶ᠋ᠢᠨ ᠠᠵᠢᠯᠯᠠᠭ᠎ᠠ᠎ᠨᠢ ᠲᠣᠭ᠍ᠲᠠᠭᠤᠨ ᠪᠠᠢᠯᠭᠠᠬᠤ᠎ᠨᠢ ᠪᠦᠬᠦ᠌ ᠲᠠᠯ᠎ᠠ᠎ᠳᠤ ᠬᠤᠯᠪᠣᠭ᠍ᠳᠠᠳᠠᠭ ᠭᠡᠳᠡᠭ᠎ᠢ ᠲᠠᠨᠢᠵᠦ᠍ ᠤᠯᠬᠤ ᠭᠡᠷᠡᠭ᠌ᠲᠡᠢ᠃ ᠥᠭᠡᠷᠡᠴᠢᠯᠡᠯᠲᠡ ᠨᠡᠭᠡᠭᠡᠯᠲᠡ᠎ᠶ᠋ᠢᠨ ᠠᠷᠭ᠎ᠠ᠎ᠪᠠᠷ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ᠂ ᠬᠡᠷᠡᠭ᠌ᠯᠡᠭᠡ᠎ᠶ᠋ᠢ ᠠᠬᠢᠭᠤᠯᠵᠦ᠍᠂ ᠵᠠᠬ᠎ᠠ ᠳᠡᠯᠭᠡᠭᠦᠷ᠎ᠢ ᠳᠠᠢᠴᠢᠯᠠᠨ᠂ ᠨᠡᠮᠡᠭ᠌ᠳᠡᠯ᠎ᠢ ᠲᠣᠭ᠍ᠲᠠᠭᠤᠨ ᠪᠠᠢᠯᠭᠠᠵᠦ᠍ ᠪᠠᠢᠭᠠᠳ᠂ ᠳᠠᠭᠠᠷᠢᠯᠲᠠ᠎ᠶ᠋ᠢ ᠪᠦᠲᠦᠮᠵᠢᠲᠡᠶ ᠠᠷᠭᠠᠴᠠᠭᠠᠬᠤ᠂ ᠰᠠᠢᠨ ᠣᠷᠴᠢᠯ᠎ᠢ ᠪᠡᠶᠡᠯᠡᠭᠦᠯᠬᠦ᠌ ᠱᠢᠨ᠎ᠡ ᠵᠠᠮ᠎ᠢ ᠨᠡᠭᠡᠭᠡᠬᠦ᠌ ᠭᠡᠷᠡᠭ᠌ᠲᠡᠢ᠃
ᠡᠳ᠋᠎ᠤᠨ ᠵᠠᠰᠠᠭ᠎ᠤᠨ ᠢᠳᠡᠪᠬᠢᠲᠡᠶ ᠲᠦᠷᠦ᠎ᠶ᠋ᠢᠨ ᠪᠤᠳᠤᠯᠭ᠎ᠠ᠎ᠶ᠋ᠢ ᠨᠡᠩ ᠢᠳᠡᠪᠬᠢᠲᠡᠶ ᠪᠦᠲᠦᠮᠵᠢ᠎ᠲᠠᠢ ᠪᠠᠢᠯᠭᠠᠬᠤ ᠬᠡᠷᠡᠭ᠌ᠲᠡᠶ᠃ ᠡᠨᠡ ᠵᠢᠯ ᠤᠯᠠᠭᠠᠨ ᠲᠤᠭ᠎ᠠ᠎ᠶ᠋ᠢᠨ ᠨᠣᠷᠮ᠎ᠠ᠎ᠶ᠋ᠢ 3.6% ᠠᠴᠠ ᠳᠡᠭᠡᠭ᠌ᠰᠢ ᠲᠣᠬᠢᠷᠠᠭᠤᠯᠬᠤ᠎ᠪᠠᠷ ᠲᠦᠯᠦᠪᠯᠡᠵᠦ᠍᠂ ᠡᠳ᠋᠎ᠤᠨ ᠵᠠᠰᠠᠭ᠎ᠤᠨ ᠤᠯᠠᠭᠠᠨ ᠲᠤᠭ᠎ᠠ᠎ᠶ᠋ᠢ ᠨᠢᠳᠤᠨᠤᠨ᠎ᠤ᠎ᠬᠢ ᠠᠴᠠ 1 ᠲᠦᠮᠡᠨ ᠳ᠋ᠦᠩᠱᠢᠭᠤᠷ ᠲᠥᠭᠦᠷᠢᠭ ᠨᠡᠮᠡᠭ᠌ᠳᠡᠬᠦᠯᠭᠦᠶ᠋ᠢᠨ ᠬᠠᠮᠳᠤ ᠬᠢᠵᠢᠭ᠎ᠢ ᠡᠰᠡᠷᠭᠦᠴᠡᠬᠦ᠌ ᠤᠯᠤᠰ᠎ᠤᠨ ᠣᠨᠴᠠᠭᠠᠶ ᠵᠢᠭᠡᠯᠡᠯᠭᠡ᠎ᠶ᠋ᠢ 1 ᠲᠦᠮᠡᠨ ᠳ᠋ᠦᠩᠱᠢᠭᠤᠷ ᠲᠥᠭᠦᠷᠢᠭ ᠲᠠᠷᠬᠠᠭᠠᠨ᠎ᠠ᠃ ᠡᠨᠡ ᠪᠣᠯ ᠣᠨᠴᠠᠭᠠᠶ ᠴᠠᠭ ᠦᠶ᠎ᠡ᠎ᠶ᠋ᠢᠨ ᠣᠨᠴᠠᠭᠠᠶ ᠠᠷᠭ᠎ᠠ ᠬᠡᠮᠵᠢᠶ᠎ᠡ ᠮᠦᠨ᠃ ᠳᠡᠭᠡᠷ᠎ᠡ ᠳᠤᠷᠠᠳᠤᠭ᠍ᠰᠠᠨ 2 ᠲᠦᠮᠡᠨ ᠳ᠋ᠦᠩᠱᠢᠭᠤᠷ ᠲᠥᠭᠦᠷᠢᠭ᠎ᠢ ᠪᠦᠬᠦᠨ᠎ᠢ ᠣᠷᠣᠨ ᠨᠤᠲᠤᠭ᠎ᠲᠤ ᠱᠢᠯᠵᠢᠭᠦᠯᠦᠨ ᠥᠭ᠌ᠴᠦ᠂ ᠣᠨᠴᠠᠭᠠᠢ ᠱᠢᠯᠵᠢᠭᠦᠯᠦᠨ ᠥᠭ᠌ᠬᠦ ᠲᠣᠭ᠍ᠲᠠᠴᠠ᠎ᠶ᠋ᠢ ᠪᠠᠢᠭᠤᠯᠤᠭᠠᠳ᠂ ᠪᠡᠯᠡ ᠮᠥᠩᠭᠦ᠎ᠶ᠋ᠢ ᠬᠤᠲᠠ ᠱᠢᠶᠠᠨ᠎ᠤ ᠦᠨᠳᠦᠰᠦᠨ ᠱᠠᠲᠤᠨ᠎ᠳᠤ ᠱᠢᠭᠤᠳ ᠬᠦᠷᠭᠡᠵᠦ᠍᠂ ᠱᠢᠭᠤᠳ ᠠᠵᠤ ᠠᠬᠤᠢᠯᠠᠯ᠎ᠳᠤ ᠬᠠᠷᠠᠭᠠᠯᠵᠠᠯ ᠦᠵᠡᠭᠦᠯᠦᠨ ᠠᠷᠠᠳ᠎ᠲᠤ ᠠᠱᠢᠭ ᠬᠦᠷᠲᠡᠭᠡᠨ᠎ᠠ᠂ ᠭᠤᠤᠯᠳᠠᠭᠤ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ᠂ ᠲᠦᠷᠢᠶᠡᠰᠦ ᠬᠥᠩᠭᠡᠯᠡᠵᠦ᠍ ᠬᠦᠤ ᠮᠥᠩᠭᠦ᠌ ᠪᠠᠭᠤᠷᠠᠭᠤᠯᠬᠤ᠂ ᠬᠡᠷᠡᠭ᠌ᠯᠡᠭᠡ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠳᠠᠮᠵᠢᠭᠦ᠌ ᠵᠡᠷᠭᠡ᠎ᠶ᠋ᠢ ᠪᠠᠭ᠍ᠳᠠᠭᠠᠭ᠍ᠰᠠᠨ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠬᠤ᠎ᠳᠤ ᠬᠡᠷᠡᠭ᠌ᠯᠡᠨ᠎ᠡ᠂ ᠣᠯᠠᠨ ᠨᠡᠢᠲᠡ᠎ᠶ᠋ᠢᠨ ᠡᠳ᠋᠎ᠤᠨ ᠵᠠᠰᠠᠭ᠎ᠤᠨ ᠱᠢᠨᠵᠢ ᠴᠢᠨᠠᠷ᠎ᠢ ᠴᠢᠩᠭᠠᠷᠠᠭᠤᠯᠵᠤ᠂ ᠦᠯᠡᠳᠡᠭᠡᠨ ᠠᠪᠴᠤ᠌ ᠨᠡᠭᠦᠯᠭᠡᠨ ᠬᠡᠷᠡᠭ᠌ᠯᠡᠬᠦ᠌᠎ᠶ᠋ᠢ ᠤᠭ᠍ᠲᠤ ᠵᠥᠪᠱᠢᠶᠡᠷᠡᠬᠦ᠌ ᠦᠭᠡᠢ᠃ ᠡᠳ᠋᠎ᠤᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠶᠡᠭᠡ᠎ᠪᠠᠷ ᠱᠢᠯᠢᠳᠡᠭ᠌ᠵᠢᠭᠦᠯᠵᠦ᠍᠂ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠯᠭ᠎ᠠ᠎ᠶ᠋ᠢ ᠨᠡᠮᠡᠭ᠌ᠳᠡᠭᠦᠯᠬᠦ᠌᠎ᠠᠴᠠ ᠪᠢᠰᠢ ᠬᠠᠰᠤᠭ᠍ᠳᠠᠭᠤᠯᠬᠤ ᠦᠭᠡᠢ ᠪᠠᠢᠵᠦ᠍᠂ ᠭᠤᠤᠯᠳᠠᠯᠭ᠎ᠠ᠎ᠲᠠᠢ ᠬᠦᠷᠢᠶᠡᠨ᠎ᠳᠠᠬᠢ ᠵᠠᠷᠤᠯᠭ᠎ᠠ᠎ᠶ᠋ᠢ ᠦᠨᠡᠨ ᠬᠦ᠌ ᠪᠠᠲᠤᠯᠠᠵᠤ᠂ ᠡᠩ᠎ᠤᠨ ᠴᠢᠨᠠᠷᠲᠠᠶ ᠵᠠᠷᠤᠯᠭ᠎ᠠ᠎ᠶ᠋ᠢ ᠡᠷᠡᠰ ᠪᠠᠭᠠᠰᠭᠠᠵᠤ᠂ ᠠᠰᠠᠷ ᠳᠠᠭ᠍ᠳᠤ ᠳᠠᠩᠬᠢᠮ ᠪᠠᠭᠤᠳᠠᠯ᠎ᠢ ᠱᠢᠨ᠎ᠡ᠎ᠪᠠᠷ ᠪᠠᠢᠭᠤᠯᠬᠤ᠎ᠶ᠋ᠢ ᠴᠢᠩᠭ᠎ᠠ ᠬᠢᠵᠠᠭᠠᠷᠯᠠᠵᠤ᠂ ᠯᠠᠷᠵᠢᠶ᠎ᠠ ᠳᠠᠳᠠᠵᠤ ᠪᠦᠷᠢᠯᠬᠡᠨ ᠰᠦᠢᠳᠭᠡᠬᠦ᠌᠎ᠶ᠋ᠢ ᠴᠢᠩᠭ᠎ᠠ ᠴᠠᠭᠠᠵᠠᠯᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠡᠷᠬᠡᠪᠰᠢ ᠦᠨᠡᠨ ᠬᠦ᠌ ᠭᠠᠮᠨᠠᠨ ᠠᠷᠪᠢᠯᠠᠵᠦ᠍᠂ ᠲᠥᠪ ᠵᠠᠰᠠᠭ᠎ᠤᠨ ᠣᠷᠳᠣᠨ ᠲᠦᠷᠦᠭᠦᠯᠡᠨ ᠬᠢᠵᠦ᠍᠂ ᠲᠥᠪ᠎ᠤᠨ ᠲᠤᠰ ᠱᠠᠲᠤᠨ᠎ᠤ ᠵᠠᠷᠤᠯᠭ᠎ᠠ᠎ᠶ᠋ᠢ ᠰᠥᠭᠡᠷᠭᠦ᠌ ᠨᠡᠮᠡᠭ᠌ᠳᠡᠯ᠎ᠢᠶᠠᠷ ᠲᠣᠬᠢᠷᠠᠭᠤᠯᠵᠠᠢ᠂ ᠡᠭᠦᠨ᠎ᠳᠤ ᠪᠠᠴᠢᠮ ᠬᠡᠷᠡᠭ᠌ᠴᠡᠭᠡᠨ᠎ᠤ ᠪᠤᠰᠤ ᠵᠠᠢᠯᠠᠰᠢ ᠦᠭᠡᠢ ᠪᠤᠰᠤ ᠵᠠᠷᠤᠯᠭ᠎ᠠ᠎ᠶ᠋ᠢ 50% ᠠᠴᠠ ᠳᠡᠭᠡᠭ᠌ᠰᠢ ᠪᠠᠭᠠᠰᠭᠠᠨ᠎ᠠ᠃ ᠡᠯ᠎ᠡ ᠲᠥᠷᠥᠯ᠎ᠤᠨ ᠦᠯᠡᠳᠡᠪᠦᠷᠢ ᠪᠡᠯᠡ ᠮᠥᠩᠭᠦ᠌᠂ ᠰᠤᠯᠠ ᠳᠠᠷᠤᠭ᠍ᠳᠠᠵᠦ᠍ ᠪᠠᠢᠭ᠎ᠠ ᠪᠠ ᠳ᠋ᠦᠩᠨᠡᠨ ᠱᠢᠯᠵᠢᠭᠦᠯᠦᠭ᠌ᠰᠡᠨ ᠪᠡᠯᠡ ᠮᠥᠩᠭᠦ᠎ᠶ᠋ᠢ ᠬᠤᠷᠢᠶᠠᠬᠤ ᠶᠣᠰᠣᠲᠠᠢ᠎ᠶ᠋ᠢ᠎ᠨᠢ ᠴᠦᠮ ᠬᠤᠷᠢᠶᠠᠵᠤ᠂ ᠳᠠᠬᠢᠨ ᠲᠣᠬᠢᠷᠠᠭᠤᠯᠤᠨ᠎ᠠ᠃ ᠶᠠᠰᠤ ᠴᠢᠨᠠᠷ᠎ᠢ ᠶᠡᠭᠡ᠎ᠪᠠᠷ ᠳᠡᠭᠡᠭ᠌ᠰᠢᠯᠡᠭᠦᠯᠦᠨ ᠦᠷ᠎ᠡ ᠠᠱᠢᠭ᠎ᠢ ᠶᠡᠭᠡ᠎ᠪᠠᠷ ᠨᠡᠮᠡᠭ᠌ᠳᠡᠭᠦᠯᠵᠦ᠍᠂ ᠡᠯ᠎ᠡ ᠵᠦᠢᠯ᠎ᠤᠨ ᠵᠠᠷᠤᠯᠭ᠎ᠠ᠎ᠶ᠋ᠢ ᠡᠷᠬᠡᠪᠰᠢ ᠨᠠᠷᠢᠨ ᠪᠤᠳᠤᠵᠦ᠍ ᠨᠢᠮᠪᠠᠶ ᠲᠦᠯᠦᠪᠯᠡᠨ᠂ ᠵᠣᠭᠤᠰ ᠨᠢᠭᠡᠪᠦᠷᠢ᠎ᠶ᠋ᠢ ᠵᠠᠪᠠᠯ ᠴᠢᠬᠤᠯᠠ ᠴᠢᠬᠤᠯᠠ ᠪᠠᠴᠢᠮ ᠵᠠᠩᠭᠢᠯᠠᠭ᠎ᠠ᠎ᠶ᠋ᠢᠨ ᠭᠠᠵᠠᠷ᠎ᠲᠤᠨᠢ ᠭᠡᠷᠡᠭ᠌ᠯᠡᠵᠦ᠍᠂ ᠵᠠᠬ᠎ᠠ ᠳᠡᠯᠭᠡᠭᠦᠷ᠎ᠤᠨ ᠪᠠᠶᠡᠴᠢ ᠴᠣᠭ᠍ᠴᠠ ᠪᠣᠯᠤᠨ ᠠᠷᠠᠳ ᠤᠯᠠᠨ᠎ᠳᠤ ᠵᠠᠪᠠᠯ ᠦᠨᠡᠨ ᠪᠣᠳᠠᠲᠠᠢ ᠲᠦᠷᠦᠭ᠌ᠳᠡᠯ ᠤᠯᠭᠤᠬᠤ ᠬᠡᠷᠡᠭ᠌ᠲᠡᠢ᠃
ᠵᠣᠭᠤᠰᠣᠨ᠎ᠤ ᠯᠠᠪᠳᠠᠭᠤᠨ ᠲᠦᠷᠦ᠎ᠶ᠋ᠢᠨ ᠪᠤᠳᠤᠯᠭ᠎ᠠ᠎ᠶ᠋ᠢ ᠨᠡᠩ ᠠᠮᠢᠳᠤᠯᠢᠭ ᠪᠦᠭᠡᠳ ᠲᠣᠬᠢᠷᠠᠮᠵᠢᠲᠠᠶ ᠪᠠᠢᠯᠭᠠᠬᠤ ᠬᠡᠷᠡᠭ᠌ᠲᠡᠶ᠃ ᠬᠠᠳᠠᠭᠠᠯᠠᠮᠵᠢ᠎ᠶ᠋ᠢᠨ ᠪᠡᠯᠡᠳᠭᠡᠯ ᠮᠦᠡᠭ᠌ᠭᠦ᠎ᠶ᠋ᠢᠨ ᠨᠤᠷᠮ᠎ᠠ ᠪᠠ ᠬᠦᠤ ᠮᠥᠩᠭᠦ᠎ᠶ᠋ᠢ ᠪᠠᠭᠤᠷᠠᠭᠤᠯᠬᠤ᠂ ᠳᠠᠬᠢᠨ ᠵᠢᠭᠡᠯᠡᠯᠭᠡ ᠦᠭ᠌ᠭᠦ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠳᠡᠯᠭᠡᠷᠡᠩᠭᠦᠶ ᠤᠳᠭ᠎ᠠ᠎ᠶ᠋ᠢᠨ ᠵᠣᠭᠤᠰᠣᠨ᠎ᠤ ᠬᠠᠩᠭᠠᠯᠭ᠎ᠠ᠎ᠶ᠋ᠢᠨ ᠬᠡᠮᠵᠢᠶ᠎ᠡ ᠪᠠ ᠨᠡᠢᠭᠡᠮ᠎ᠤᠨ ᠪᠠᠯᠠ ᠲᠣᠬᠢᠷᠠᠭᠤᠯᠭ᠎ᠠ᠎ᠶ᠋ᠢᠨ ᠬᠡᠪᠴᠢᠶᠠᠨ᠎ᠤ ᠨᠡᠮᠡᠭ᠌ᠳᠡᠯ᠎ᠤᠨ ᠬᠤᠷᠳᠤᠴᠠ᠎ᠶ᠋ᠢ ᠨᠢᠳᠤᠨᠤᠨ᠎ᠤ᠎ᠬᠢ᠎ᠠᠴᠠ ᠢᠯᠡᠳᠲᠡ ᠥᠨᠳᠥᠷ ᠪᠣᠯᠭᠠᠬᠤ᠎ᠶ᠋ᠢ ᠬᠦᠳᠦᠯᠦᠨ ᠵᠢᠯᠤᠭᠤᠳᠤᠨ᠎ᠠ᠃ ᠠᠷᠠᠳ᠎ᠤᠨ ᠵᠣᠭᠤᠰᠣᠨ᠎ᠤ ᠭᠤᠪᠢᠭᠤᠯᠭ᠎ᠠ᠎ᠶ᠋ᠢᠨ ᠨᠤᠷᠮ᠎ᠠ᠎ᠶ᠋ᠢ ᠵᠦᠶ ᠵᠣᠬᠢᠰᠲᠠᠶ ᠪᠥᠭᠡᠳ ᠲᠡᠩᠴᠡᠭᠦᠷᠢᠲᠡᠶ ᠲᠦᠪᠱᠢᠨ ᠳᠡᠭᠡᠷ᠎ᠡ ᠦᠨᠳᠦᠰᠦᠨ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠨ᠎ᠠ᠃ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠱᠢᠭᠤᠳ ᠬᠦᠷᠬᠦ᠌ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢᠨ ᠱᠢᠨ᠎ᠡ᠎ᠶ᠋ᠢ ᠡᠭᠦᠳᠴᠦ᠍᠂ ᠠᠵᠤ ᠠᠬᠤᠢᠯᠠᠯ᠎ᠤᠨ ᠳᠦᠭᠦᠮ ᠳᠦᠳᠡ᠎ᠪᠠᠷ ᠵᠢᠭᠡᠯᠡᠯᠭᠡ ᠤᠯᠵᠦ᠍ ᠴᠢᠳᠠᠬᠤ᠎ᠶ᠋ᠢ ᠠᠬᠢᠭᠤᠯᠵᠤ᠂ ᠬᠦᠦ ᠮᠥᠩᠭᠦ᠎ᠶ᠋ᠢᠨ ᠨᠤᠷᠮ᠎ᠠ᠎ᠶ᠋ᠢ ᠦᠷᠭᠦᠯᠵᠢᠯᠡᠨ ᠪᠠᠭᠤᠷᠠᠭᠤᠯᠬᠤ᠎ᠶ᠋ᠢ ᠠᠬᠢᠭᠤᠯᠤᠨ᠎ᠠ᠃
ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠶ᠃ ᠡᠳ᠋᠎ᠤᠨ ᠵᠠᠰᠠᠭ᠂ ᠵᠣᠭᠤᠰ ᠪᠠ ᠪᠡᠯᠡ ᠣᠷᠣᠭᠤᠯᠤᠯᠲᠠ ᠵᠡᠷᠭᠡ ᠲᠠᠯ᠎ᠠ᠎ᠶ᠋ᠢᠨ ᠲᠦᠷᠦ᠎ᠶ᠋ᠢᠨ ᠪᠤᠳᠤᠯᠭ᠎ᠠ᠎ᠪᠠᠷ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ᠎ᠶ᠋ᠢ ᠬᠦᠴᠦ᠎ᠪᠠᠨ ᠲᠥᠪᠯᠡᠷᠡᠭᠦᠯᠦᠨ ᠳᠡᠮᠵᠢᠭᠦ᠌ ᠬᠡᠷᠡᠭ᠌ᠲᠡᠶ᠃ ᠣᠳᠣ ᠪᠠᠢᠭ᠎ᠠ ᠠᠵᠢᠯ ᠣᠯᠭᠤᠯᠲᠠ᠎ᠶ᠋ᠢ ᠴᠢᠷᠮᠠᠢᠨ ᠲᠣᠭ᠍ᠲᠠᠪᠤᠷᠢᠵᠢᠭᠤᠯᠵᠤ᠂ ᠱᠢᠨ᠎ᠡ᠎ᠪᠠᠷ ᠠᠵᠢᠯ ᠣᠯᠭᠤᠬᠤ᠎ᠶ᠋ᠢ ᠢᠳᠡᠪᠬᠢᠲᠡᠶ᠎ᠪᠠᠷ ᠨᠡᠮᠡᠭ᠌ᠳᠡᠭᠦᠯᠵᠦ᠍᠂ ᠠᠵᠢᠯ ᠠᠯᠳᠠᠭ᠍ᠰᠠᠳ᠎ᠲᠤ ᠳᠠᠬᠢᠨ ᠠᠵᠢᠯ ᠣᠯᠭᠤᠬᠤ᠎ᠶ᠋ᠢ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠠᠵᠢᠯ ᠣᠯᠭᠤᠬᠤ ᠲᠠᠯ᠎ᠠ᠎ᠪᠠᠷ᠎ᠬᠢ ᠵᠦᠶ ᠵᠣᠬᠢᠰ ᠦᠭᠡᠢ ᠬᠢᠵᠠᠭᠠᠷᠯᠠᠯ᠎ᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠠᠵᠢᠯ ᠣᠯᠭᠤᠯᠲᠠ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠨᠡᠢᠳᠡᠯᠡᠭᠦ᠌ ᠶᠤᠰᠤᠳᠠᠢᠶ᠋ᠢᠨᠢ ᠴᠦᠮ ᠨᠡᠢᠳᠡᠯᠡᠵᠦ᠍᠂ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠳᠤ ᠬᠡᠷᠡᠭ᠌ᠯᠡᠵᠦ᠍ ᠪᠤᠯᠬᠤ ᠠᠷᠭ᠎ᠠ ᠬᠡᠮᠵᠢᠶ᠎ᠠ᠎ᠶ᠋ᠢ ᠴᠦᠮ ᠬᠡᠷᠡᠭ᠌ᠯᠡᠬᠦ᠌ ᠬᠡᠷᠡᠭ᠌ᠲᠡᠶ᠃
ᠶᠠᠳᠠᠭᠤ᠎ᠠᠴᠠ ᠠᠩᠭᠢᠵᠢᠷᠠᠭᠤᠯᠬᠤ ᠪᠣᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠌᠎ᠳᠤ ᠡᠷᠬᠡᠪᠰᠢ ᠪᠡᠶᠡᠯᠡᠭᠦᠯᠬᠦ᠌ ᠬᠠᠲᠠᠭᠤ ᠡᠭᠦᠷᠭᠡ ᠮᠥᠨ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠶᠠᠳᠠᠭᠤ᠎ᠠᠴᠠ ᠠᠩᠭᠢᠵᠢᠷᠠᠭᠤᠯᠬᠤ ᠪᠠᠷᠢᠮᠵᠢᠶ᠎ᠠ᠎ᠶ᠋ᠢ ᠪᠠᠷᠢᠮᠲᠠᠯᠠᠵᠤ᠂ ᠶᠠᠳᠠᠭᠤ᠎ᠶ᠋ᠢ ᠲᠡᠳᠬᠦᠬᠦ᠌ ᠤᠷᠤᠭᠤᠯᠤᠯᠲᠠ᠎ᠪᠠᠨ ᠨᠡᠮᠡᠭ᠌ᠳᠡᠭᠦᠯᠵᠤ᠂ ᠶᠠᠳᠠᠭᠤ᠎ᠶ᠋ᠢ ᠲᠡᠳᠬᠦᠬᠦ᠌ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠦᠯᠡᠳᠡᠵᠦ᠍ ᠪᠠᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ᠎ᠶ᠋ᠢ ᠦᠨᠡᠨ ᠭᠦ᠌ ᠪᠠᠲᠤᠯᠠᠵᠤ᠂ ᠳᠠᠬᠢᠨ ᠶᠠᠳᠠᠭᠤᠷᠠᠭ᠍ᠰᠠᠨ ᠬᠥᠮᠦᠨ ᠠᠮᠠ᠎ᠶ᠋ᠢ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠰᠠᠢᠲᠤᠷ ᠬᠡᠷᠡᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠬᠡᠷᠡᠭ᠌ᠲᠡᠢ᠃ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠢ ᠰᠠᠢᠲᠤᠷ ᠬᠢᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠭᠡ ᠰᠡᠳᠦᠪ᠎ᠢ ᠱᠢᠢᠳᠪᠤᠷᠢᠯᠡᠭᠦ᠌ ᠠᠵᠢᠯ᠎ᠤᠨ ᠱᠠᠳᠤ ᠦᠶᠡᠴᠢ ᠴᠢᠨᠠᠷᠲᠠᠢ ᠬᠠᠷᠠᠯᠲᠠ᠎ᠶ᠋ᠢ ᠪᠡᠶᠡᠯᠡᠭᠦᠯᠬᠦ᠌ ᠬᠡᠷᠡᠭ᠌ᠲᠡᠢ᠃ ᠮᠦᠡᠭ᠌ᠭᠦᠨ ᠭᠦᠢᠯᠬᠡᠭᠡ ᠵᠡᠷᠭᠡ ᠬᠦᠷᠢᠶᠡᠨ᠎ᠤ ᠬᠦᠨᠳᠦ ᠶᠡᠭᠡ ᠠᠶᠤᠯ ᠲᠦᠭ᠌ᠰᠢᠬᠦᠷᠢ᠎ᠶ᠋ᠢ ᠰᠡᠷᠬᠡᠢᠯᠡᠨ ᠡᠵᠡᠮᠳᠡᠬᠦ᠌᠎ᠪᠠᠨ ᠴᠢᠩᠭᠠᠳᠭᠠᠵᠤ᠂ ᠱᠢᠰᠲ᠋ᠧᠮ᠎ᠤᠨ ᠴᠢᠨᠠᠷᠲᠠᠶ ᠠᠶᠤᠯ ᠲᠦᠭ᠌ᠰᠢᠭᠦᠷᠢ᠎ᠶ᠋ᠢ ᠦᠯᠦ᠍ ᠡᠭᠦᠰᠭᠡᠬᠦ᠌ ᠬᠢᠵᠠᠭᠠᠷ ᠱᠤᠭᠤᠮ᠎ᠢ ᠡᠷᠡᠰ ᠪᠠᠲᠤ ᠰᠠᠬᠢᠬᠤ ᠭᠡᠷᠡᠭ᠌ᠲᠡᠢ᠃
ᠡᠨᠡ ᠵᠢᠯ ᠨᠢᠭᠡᠨᠲᠡ 5 ᠰᠠᠷ᠎ᠠ ᠱᠢᠬᠠᠮ᠎ᠤᠨ ᠬᠤᠭᠤᠴᠠᠭ᠎ᠠ ᠥᠩᠭᠡᠷᠡᠭᠡᠳ ᠪᠠᠢᠨ᠎ᠠ᠂ ᠳᠠᠷᠠᠭᠠᠴᠢ᠎ᠶ᠋ᠢᠨ ᠱᠠᠲᠤᠨ᠎ᠳᠤ ᠬᠢᠵᠢᠭ᠎ᠤᠨ ᠪᠠᠢᠳᠠᠯ᠎ᠢ ᠪᠠᠢᠡᠭ᠌ᠭᠤᠵᠢᠭᠤᠯᠤᠨ ᠰᠡᠷᠭᠡᠢᠯᠡᠨ ᠬᠢᠵᠠᠭᠠᠷᠯᠠᠬᠤ ᠠᠵᠢᠯ᠎ᠢ ᠣᠭ᠍ᠲᠣᠬᠠᠨ ᠴᠤ᠌ ᠰᠤᠯᠠᠷᠠᠭᠤᠯᠬᠤ ᠦᠭᠡᠶ ᠬᠢᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠵᠦᠢᠯ᠎ᠤᠨ ᠠᠵᠢᠯ᠎ᠢ ᠱᠠᠯᠠᠪᠳᠠᠨ ᠰᠠᠢᠲᠤᠷ ᠬᠢᠬᠦ᠌ ᠬᠡᠷᠡᠭ᠌ᠲᠡᠶ᠃ ᠨᠡᠢᠲᠡᠯᠡᠭ᠌ᠰᠡᠨ ᠲᠥᠷᠥ᠎ᠶ᠋ᠢᠨ ᠪᠣᠳᠣᠯᠭ᠎ᠠ᠎ᠪᠠᠨ ᠬᠦᠴᠦᠲᠠᠢ ᠪᠠᠢᠯᠭᠠᠬᠤ ᠮᠥᠷᠲᠡᠭᠡᠨ ᠦᠷᠭᠦᠯᠵᠢᠯᠡᠬᠦ᠌ ᠴᠢᠨᠠᠷ᠎ᠢ ᠴᠤ᠌ ᠪᠣᠳᠣᠯᠬᠢᠯᠠᠵᠦ᠍᠂ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠪᠠᠰᠠ ᠲᠡᠭᠦᠯᠳᠡᠷᠵᠢᠭᠦᠯᠵᠦ᠍ ᠪᠣᠯᠬᠤ ᠲᠤᠯᠠ ᠪᠢᠳᠡᠨ᠎ᠳᠤ ᠪᠦᠬᠦ᠌ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌ ᠢᠳᠠᠭᠡᠯ ᠵᠣᠷᠢᠭ ᠪᠤᠯᠤᠨ ᠬᠦᠴᠦᠨ ᠴᠢᠳᠠᠪᠤᠷᠢ ᠪᠠᠢᠨ᠎ᠠ᠃
ᠭᠤᠷᠪᠠ᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠠᠵᠤ ᠠᠬᠤᠢᠯᠠᠯ᠎ᠢ ᠲᠤᠭ᠍ᠳᠠᠭᠤᠨ ᠪᠠᠢᠯᠭᠠᠵᠦ᠍ ᠠᠵᠢᠯ ᠣᠯᠭᠤᠯᠲᠠ᠎ᠶ᠋ᠢ ᠪᠠᠲᠤᠯᠠᠬᠤ᠎ᠳᠤ ᠬᠦᠴᠦ᠍ ᠳᠠᠯᠪᠢᠨ᠎ᠠ
ᠠᠵᠢᠯ ᠣᠯᠭᠤᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠡᠷᠬᠡᠪᠰᠢ ᠳ᠋ᠦᠩᠱᠢᠭᠤᠷ ᠭᠠᠷᠤᠶ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠲᠣᠭ᠍ᠳᠠᠭᠤᠨ ᠪᠠᠢᠯᠭᠠᠵᠦ᠍᠂ ᠠᠵᠤ ᠠᠬᠤᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠦᠴᠢᠷ᠎ᠢ ᠲᠤᠭᠤᠯᠬᠤ᠎ᠳᠤᠨᠢ ᠴᠢᠳᠠᠯ᠎ᠢᠶᠠᠷ᠎ᠢᠶᠠᠨ ᠬᠠᠪᠰᠤᠷᠬᠤ ᠬᠡᠷᠡᠭ᠌ᠲᠡᠶ᠃
ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠡᠷᠴᠢᠮ᠎ᠢ ᠴᠢᠩᠭᠠᠷᠠᠭᠤᠯᠤᠨ᠎ᠠ᠃ ᠱᠠᠲᠤ ᠦᠶᠡᠴᠢ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠵᠦ᠍᠂ ᠲᠦᠷᠢᠮ᠎ᠤᠨ ᠴᠢᠨᠠᠷᠲᠠᠶ ᠲᠣᠬᠢᠷᠠᠭᠤᠯᠤᠯᠲᠠᠯᠤᠭᠠ ᠤᠶᠠᠯᠳᠤᠭᠤᠯᠤᠨ᠂ ᠡᠳ᠋᠎ᠤᠨ ᠢᠷᠡᠯᠳᠡ᠎ᠶ᠋ᠢ ᠳᠡᠳᠭᠦᠨ ᠪᠤᠢᠵᠢᠭᠤᠯᠵᠦ᠍᠂ ᠵᠠᠬ᠎ᠠ ᠳᠡᠯᠭᠡᠭᠦᠷ᠎ᠤᠨ ᠪᠠᠶᠠᠴᠢ ᠴᠣᠭ᠍ᠴᠠ᠎ᠶ᠋ᠢᠨ ᠬᠦᠴᠢᠷᠳᠡᠯ᠎ᠢᠶᠠᠨ ᠱᠢᠢᠳᠪᠦᠷᠢᠯᠡᠵᠦ᠍ ᠭᠦᠭ᠌ᠵᠢᠭᠦᠳᠤᠨᠢ ᠬᠦᠴᠦ᠍ ᠨᠡᠮᠡᠷᠢᠯᠡᠨ᠎ᠡ᠃ ᠡᠨᠡ ᠵᠢᠯ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠭᠠᠢᠯᠢ᠎ᠶ᠋ᠢᠨ ᠨᠤᠷᠮ᠎ᠠ᠎ᠶ᠋ᠢ ᠪᠠᠭᠤᠷᠠᠭᠤᠯᠬᠤ ᠪᠠ ᠠᠵᠤ ᠠᠬᠤᠢᠯᠠᠯ᠎ᠤᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠰᠦᠢᠳᠭᠡᠯ᠎ᠤᠨ ᠨᠤᠷᠮ᠎ᠠ᠎ᠶ᠋ᠢ ᠪᠠᠭᠤᠷᠠᠭᠤᠯᠬᠤ ᠵᠡᠷᠭᠡ ᠲᠦᠷᠢᠮ᠎ᠢ ᠦᠷᠭᠦᠯᠵᠢᠯᠡᠨ ᠬᠡᠷᠡᠭ᠌ᠵᠢᠭᠦᠯᠵᠦ᠍᠂ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠬᠡᠮᠵᠢᠶ᠎ᠠ᠎ᠶ᠋ᠢ ᠪᠠᠷᠤᠭ 5000 ᠳ᠋ᠦᠩᠱᠢᠭᠤᠷ ᠲᠥᠭᠦᠷᠢᠭ ᠱᠢᠨ᠎ᠠ᠎ᠪᠠᠷ ᠨᠡᠮᠡᠭ᠌ᠳᠡᠭᠦᠯᠦᠨ᠎ᠡ᠃ ᠡᠮᠦᠨᠡᠭᠢ ᠬᠤᠭᠤᠴᠠᠭᠠᠨ᠎ᠳᠤ ᠨᠠᠢᠳᠠᠯᠡᠭ᠌ᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠨᠠᠰᠤᠵᠢᠯ᠎ᠤᠨ ᠠᠰᠠᠷᠠᠮᠵᠢ ᠪᠠ ᠠᠵᠢᠯ ᠠᠯᠳᠠᠯᠲᠠ ᠪᠤᠯᠤᠨ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠨᠢᠭᠡᠴᠢ᠎ᠶ᠋ᠢᠨ ᠰᠦᠢᠳᠭᠡᠯ ᠲᠤᠱᠢᠶᠠᠬᠤ᠎ᠶ᠋ᠢ ᠬᠡᠯᠲᠦᠷᠢᠭᠦᠯᠬᠦ᠂ ᠪᠠᠭ᠎ᠠ ᠬᠡᠪᠴᠢᠶᠡᠨ᠎ᠤ ᠭᠠᠢᠯᠢ ᠲᠤᠱᠢᠶᠠᠭ᠍ᠴᠢ᠎ᠶ᠋ᠢᠨ ᠥᠷᠲᠡᠭ ᠨᠡᠮᠡᠭ᠌ᠳᠡᠯ᠎ᠤᠨ ᠭᠠᠢᠯᠢ᠎ᠶ᠋ᠢ ᠬᠠᠰᠤᠵᠤ ᠬᠡᠯᠲᠦᠷᠢᠭᠦᠯᠬᠦ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠲᠡᠭᠡᠭᠡᠪᠦᠷᠢ᠂ ᠬᠤᠭᠤᠯᠠ ᠤᠮᠳᠠ ᠬᠤᠨᠤᠭ ᠪᠠᠭᠤᠳᠠᠯ᠂ ᠵᠢᠭᠤᠯᠴᠢᠯᠡᠯ ᠵᠤᠭ᠎ᠠ ᠴᠡᠩᠭᠡᠯ᠂ ᠰᠣᠶᠣᠯ ᠪᠡᠶ᠎ᠡ᠎ᠶ᠋ᠢᠨ ᠲᠠᠮᠢᠷ ᠵᠡᠷᠭᠡ ᠦᠢᠯᠡᠴᠢᠯᠡᠭᠡᠨ᠎ᠤ ᠥᠷᠲᠡᠭ ᠨᠡᠮᠡᠭ᠌ᠳᠡᠯ᠎ᠤᠨ ᠭᠠᠢᠯᠢ᠎ᠶ᠋ᠢ ᠬᠡᠯᠳᠦᠷᠢᠭᠦᠯᠭᠦ᠌᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠦ᠌᠂ ᠭᠠᠷᠠᠮ᠎ᠤᠨ ᠪᠦᠲᠦᠭᠡᠨ ᠪᠠᠢᠭᠤᠯᠤᠯᠲᠠ᠎ᠶ᠋ᠢᠨ ᠵᠠᠷᠤᠳᠠᠯ᠎ᠢ ᠬᠠᠰᠤᠵᠤ ᠬᠡᠯᠲᠦᠷᠢᠭᠦᠯᠭᠦ᠎ᠶ᠋ᠢ ᠪᠠᠭ᠍ᠳᠠᠭᠠᠭ᠍ᠰᠠᠨ 6 ᠳ᠋ᠤᠭᠠᠷ ᠰᠠᠷ᠎ᠠ᠎ᠠᠴᠠ ᠡᠮᠦᠨ᠎ᠡ ᠬᠤᠭᠤᠴᠠᠭ᠎ᠠ᠎ᠨᠢ ᠳᠤᠯᠬᠤ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠭᠦᠢᠴᠡᠳᠭᠡᠬᠦ᠌ ᠬᠤᠭᠤᠴᠠᠭ᠎ᠠ᠎ᠶ᠋ᠢ ᠪᠦᠬᠦᠨ᠎ᠢ ᠡᠨᠡ ᠵᠢᠯ᠎ᠤᠨ ᠡᠴᠦᠰ ᠪᠣᠯᠲᠠᠯ᠎ᠠ ᠤᠷᠲᠤᠳᠭᠠᠨ᠎ᠠ᠃ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠠᠱᠢᠭ ᠣᠷᠣᠯᠭ᠎ᠠ᠎ᠶ᠋ᠢᠨ ᠭᠠᠢᠯᠢ ᠲᠤᠱᠢᠶᠠᠬᠤ᠎ᠶ᠋ᠢ ᠴᠥᠮ ᠢᠷᠡᠬᠦ᠌ ᠵᠢᠯ ᠪᠣᠯᠲᠠᠯ᠎ᠠ ᠬᠤᠢᠱᠢᠯᠠᠭᠤᠯᠤᠨᠠ᠃ ᠵᠢᠱ᠌ᠢᠯᠲᠡ᠎ᠪᠠᠷ᠂ ᠪᠦᠬᠦ᠌ ᠵᠢᠯ᠎ᠳᠤ ᠠᠵᠤ ᠠᠬᠤᠢᠯᠠᠯ᠎ᠤᠨ ᠳᠠᠷᠤᠭᠠᠰᠤ᠎ᠶ᠋ᠢ ᠬᠦᠡᠭ᠌ᠭᠡᠷᠡᠭᠦᠯᠭᠦ᠌ ᠲᠤᠭ᠎ᠠ 2.5 ᠲᠦᠮᠠᠨ ᠳ᠋ᠦᠩᠱᠢᠭᠤᠷ ᠭᠠᠷᠤᠢ ᠲᠥᠭᠦᠷᠢᠭ ᠱᠢᠨ᠎ᠡ᠎ᠪᠠᠷ ᠨᠡᠮᠡᠭ᠌ᠳᠡᠭᠦ᠌ ᠪᠤᠯᠤᠨ᠎ᠠ᠃ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠲᠦᠷᠦ᠎ᠶ᠋ᠢᠨ ᠪᠤᠳᠤᠯᠭ᠎ᠠ᠎ᠶ᠋ᠢ ᠠᠵᠤ ᠠᠬᠤᠢᠯᠠᠯ᠎ᠳᠤ ᠡᠷᠡᠰ ᠨᠠᠢᠳᠠᠪᠤᠷᠢᠵᠢᠭᠤᠯᠵᠤ᠂ ᠭᠦᠭᠡᠮᠳᠦᠭ ᠠᠭᠤᠯᠠᠰ᠎ᠢ ᠭᠡᠪᠢᠶᠠᠷᠨᠢ ᠦᠯᠡᠳᠡᠭᠡᠵᠦ᠍᠂ ᠭᠦᠭ᠌ᠵᠢᠭᠦ᠌ ᠢᠷᠡᠭᠡᠳᠦᠢ᠎ᠪᠠᠨ ᠲᠡᠮᠡᠴᠡᠨ ᠤᠯᠬᠤ ᠭᠡᠷᠡᠭ᠌ᠲᠡᠢ᠃
ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠶ᠋ᠢ ᠠᠬᠢᠭᠤᠯᠤᠨ᠎ᠠ᠃ ᠦᠢᠯᠡᠳᠪᠦᠷᠢ ᠬᠤᠳᠠᠯᠳᠤᠭᠠᠨ᠎ᠤ ᠦᠢᠯᠡᠰ᠎ᠤᠨ ᠴᠠᠬᠢᠯᠭᠠᠨ᠎ᠤ ᠦᠨ᠎ᠡ᠎ᠶ᠋ᠢ 5% ᠪᠠᠷ ᠪᠠᠭᠤᠷᠠᠭᠤᠯᠬᠤ ᠲᠦᠷᠦ᠎ᠶ᠋ᠢᠨ ᠪᠤᠳᠤᠯᠭ᠎ᠠ᠎ᠶ᠋ᠢ ᠡᠨᠡ ᠵᠢᠯ᠎ᠤᠨ ᠡᠴᠦᠰ ᠪᠣᠯᠲᠠᠯ᠎ᠠ ᠤᠷᠲᠤᠳᠭᠠᠨ᠎ᠠ᠃ ᠥᠷᠭᠡᠨ ᠪᠦᠰᠡ᠎ᠳᠦ ᠰᠦᠯᠵᠢᠶ᠎ᠡ ᠪᠠ ᠲᠤᠰᠭᠠᠶ ᠱᠤᠭᠤᠮ᠎ᠤᠨ ᠳᠤᠮᠳᠠᠴᠢ ᠵᠠᠷᠤᠳᠠᠯ᠎ᠢ 15% ᠪᠠᠷ ᠪᠠᠭᠤᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠭᠡᠷ ᠬᠥᠷᠥᠩᠭᠡ᠎ᠶ᠋ᠢᠨ ᠲᠦᠷᠢᠶᠡᠰᠦᠨ ᠮᠥᠩᠭᠦ᠎ᠶ᠋ᠢ ᠬᠠᠰᠤᠵᠤ ᠬᠡᠯᠲᠦᠷᠢᠭᠦᠯᠦᠨ᠂ ᠡᠯ᠎ᠡ ᠲᠥᠷᠥᠯ᠎ᠤᠨ ᠥᠮᠴᠢᠲᠡᠨ᠎ᠤ ᠭᠡᠷ᠎ᠤᠨ ᠲᠦᠷᠢᠶᠡᠰᠦ᠎ᠪᠠᠨ ᠬᠠᠰᠤᠵᠤ ᠬᠡᠯᠲᠦᠷᠢᠭᠦᠯᠬᠦ᠌ ᠪᠤᠶᠤ ᠬᠤᠢᠱᠢᠯᠠᠭᠤᠯᠤᠨ ᠬᠤᠷᠢᠶᠠᠬᠤ᠎ᠶ᠋ᠢ ᠵᠣᠷᠢᠬ᠍ᠵᠢᠭᠤᠯᠬᠤ ᠪᠦᠭᠡᠳ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠤᠨ᠎ᠠ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠲᠣᠭ᠍ᠲᠠᠭᠠᠯ᠎ᠠᠴᠠ ᠵᠥᠷᠢᠴᠡᠭ᠌ᠰᠡᠨ ᠰᠦᠢᠳᠭᠡᠯ ᠬᠤᠷᠢᠶᠠᠯᠳᠠ᠎ᠶ᠋ᠢ ᠡᠷᠡᠰ ᠴᠡᠭ᠌ᠴᠡᠯᠡᠨ ᠵᠠᠰᠠᠨ᠎ᠠ᠃
ᠠᠵᠤ ᠠᠬᠤᠢᠯᠠᠯ᠎ᠢ ᠲᠤᠭ᠍ᠳᠠᠭᠤᠨ ᠪᠠᠢᠯᠭᠠᠬᠤ᠎ᠳᠤ ᠦᠵᠡᠭᠦᠯᠬᠦ᠌ ᠮᠥᠩᠭᠦᠨ ᠭᠦᠢᠯᠭᠡᠭᠡᠨ᠎ᠤ ᠳᠡᠮᠵᠢᠯᠭᠡ᠎ᠶ᠋ᠢ ᠴᠢᠩᠭᠠᠳᠭᠠᠨ᠎ᠠ᠃ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠡᠬᠡ ᠬᠦᠦ᠎ᠶ᠋ᠢ ᠬᠤᠢᠱᠢᠯᠠᠭᠤᠯᠤᠨ ᠪᠤᠴᠠᠭᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠬᠦᠯᠬᠦ᠌ ᠬᠤᠭᠤᠴᠠᠭ᠎ᠠ᠎ᠶ᠋ᠢ ᠳᠡᠬᠢᠨ ᠢᠷᠡᠬᠦ᠌ ᠵᠢᠯ᠎ᠤᠨ 3 ᠰᠠᠷ᠎ᠠ᠎ᠶ᠋ᠢᠨ ᠰᠡᠭᠦᠯᠴᠢ ᠪᠣᠯᠲᠠᠯ᠎ᠠ ᠤᠷᠲᠤᠳᠭᠠᠵᠤ᠂ ᠵᠢᠵᠢᠭ ᠪᠢᠴᠢᠯ ᠠᠵᠤ ᠠᠬᠤᠢ᠍ᠢᠯᠠᠯ᠎ᠳᠤ ᠤᠯᠭᠤᠬᠤ ᠲᠦᠭᠡᠮᠡᠯ ᠬᠠᠷᠠᠭᠠᠯᠵᠠᠯᠳᠤ ᠬᠡᠯᠪᠡᠷᠢ᠎ᠶ᠋ᠢᠨ ᠵᠢᠭᠡᠯᠡᠯᠭᠡ᠎ᠶ᠋ᠢ ᠤᠷᠳᠤᠳᠭᠠᠬᠤ ᠶᠤᠰᠤᠲᠠᠢ᠎ᠶ᠋ᠢ᠎ᠨᠢ ᠴᠦᠮ ᠤᠷᠳᠤᠳᠭᠠᠭᠠᠳ᠂ ᠪᠤᠰᠤᠳ ᠬᠦᠴᠢᠷᠳᠡᠯ᠎ᠲᠠᠢ ᠠᠵᠤ ᠠᠬᠤᠢᠯᠠᠯ᠎ᠤᠨ ᠵᠢᠭᠡᠯᠡᠯᠭᠡ᠎ᠶ᠋ᠢ ᠵᠥᠪᠳᠡᠯᠴᠡᠵᠦ᠍ ᠪᠠᠢᠭᠠᠳ ᠬᠤᠭᠤᠴᠠᠭ᠎ᠠ᠎ᠶ᠋ᠢ᠎ᠨᠢ ᠤᠷᠳᠤᠳᠭᠠᠨ᠎ᠠ᠃ ᠬᠢᠨᠠᠨ ᠱᠢᠯᠭᠠᠵᠣ ᠣᠷᠮᠠᠱᠢᠭᠤᠯᠣᠨ ᠵᠣᠷᠢᠭ᠍ᠵᠢᠭᠤᠯᠬᠤ ᠳᠣᠭ᠍ᠳᠠᠴᠠᠶ᠋ᠢ ᠲᠡᠭᠦᠯᠳᠡᠷᠵᠢᠭᠦᠯᠵᠦ᠍᠂ ᠪᠠᠩᠬᠢ᠎ᠶ᠋ᠢ ᠵᠣᠷᠢᠭ᠍ᠵᠢᠭᠤᠯᠣᠨ ᠵᠣᠷᠢᠭ᠍ᠳᠠᠢ ᠵᠢᠭᠡᠯᠡᠭᠦᠯᠬᠦ᠂ ᠳᠣᠷᠠᠳᠠᠢ ᠵᠢᠭᠡᠯᠡᠭᠦᠯᠬᠦ᠂ ᠵᠢᠭᠡᠯᠡᠭᠦᠯᠵᠦ᠍ ᠳᠡᠢᠯᠬᠦ᠌ ᠪᠣᠯᠭᠠᠵᠣ᠂ ᠵᠢᠵᠢᠭ ᠪᠢᠴᠢᠯ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ᠂ ᠠᠩᠬᠠᠨ᠎ᠤ ᠵᠢᠭᠡᠯᠡᠯᠭᠡ᠂ ᠡᠬᠡ ᠮᠥᠩᠭᠦ᠎ᠶ᠋ᠢ᠎ᠨᠢ ᠪᠤᠴᠠᠭᠠᠯᠭᠠᠬᠤ ᠦᠭᠡᠢ᠎ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠎ᠶ᠋ᠢ ᠶᠡᠭᠡ᠎ᠪᠠᠷ ᠨᠡᠮᠡᠭ᠌ᠳᠡᠭᠦᠯᠵᠦ᠍᠂ ᠮᠦᠩᠭᠦᠨ ᠭᠦᠢᠯᠭᠡᠭᠡᠨ᠎ᠤ ᠱᠢᠨᠵᠢᠯᠡᠬᠦ᠌ ᠣᠬᠠᠭᠠᠨ ᠮᠡᠷᠭᠡᠵᠢᠯ ᠪᠣᠯᠣᠨ ᠳᠣᠮᠣ ᠳ᠋ᠠᠢᠲ᠋ᠠ᠎ᠶ᠋ᠢ ᠠᠱᠢᠬ᠍ᠯᠠᠨ ᠦᠢᠯᠡᠴᠢᠯᠡᠭᠡᠨ᠎ᠤ ᠦᠪᠡᠷ᠎ᠤᠨ ᠦᠷᠳᠡᠭ᠎ᠢ᠎ᠨᠢ ᠪᠠᠭᠤᠷᠠᠭᠤᠯᠵᠣ᠂ ᠦᠢᠯᠡᠴᠢᠯᠡᠭᠡᠨ᠎ᠤ ᠣᠨᠣᠴᠠᠳᠣ ᠴᠢᠨᠠᠷ᠎ᠢ ᠳᠡᠭᠡᠭ᠌ᠰᠢᠯᠡᠭᠦᠯᠦᠨ᠎ᠡ᠃ ᠵᠠᠰᠠᠭ᠎ᠤᠨ ᠣᠷᠳᠣᠨ᠎ᠤ ᠴᠢᠨᠠᠷᠲᠠᠶ ᠪᠠᠯᠠ ᠲᠣᠬᠢᠷᠠᠭᠤᠯᠭ᠎ᠠ᠎ᠶ᠋ᠢᠨ ᠳᠠᠭᠠᠭᠠᠯᠲᠠ᠎ᠶ᠋ᠢᠨ ᠬᠠᠮᠤᠷᠬᠤ ᠬᠡᠪᠴᠢᠶ᠎ᠡ᠎ᠶ᠋ᠢ ᠶᠡᠭᠡ᠎ᠪᠠᠷ ᠥᠷᠭᠡᠳᠭᠡᠬᠦ᠌᠎ᠶ᠋ᠢᠨ ᠬᠠᠮᠲᠤ ᠵᠠᠷᠤᠳᠠᠯ᠎ᠤᠨ ᠨᠣᠷᠮ᠎ᠠ᠎ᠶ᠋ᠢ ᠢᠯᠡᠳᠲᠡ ᠪᠠᠭᠤᠷᠠᠭᠤᠯᠤᠨ᠎ᠠ᠃ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠪᠠᠩᠬᠢ᠎ᠶ᠋ᠢᠨ ᠵᠢᠵᠢᠭ ᠪᠢᠴᠢᠯ ᠠᠵᠤ ᠠᠬᠤᠢᠯᠠᠯ᠎ᠳᠤ ᠤᠯᠭᠤᠬᠤ ᠲᠦᠭᠡᠮᠡᠯ ᠬᠠᠷᠠᠭᠠᠯᠵᠠᠯᠳᠤ ᠬᠡᠯᠪᠡᠷᠢ᠎ᠶ᠋ᠢᠨ ᠵᠢᠭᠡᠯᠡᠯᠭᠡ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ 40% ᠠᠴᠠ ᠦᠨᠳᠦᠷ ᠪᠠᠢᠯᠭᠠᠨ᠎ᠠ᠃ ᠠᠵᠤ ᠠᠬᠤᠢ᠍ᠢᠯᠡᠯᠲᠠᠢ ᠬᠤᠯᠪᠤᠭ᠍ᠳᠠᠭ᠍ᠰᠠᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃ ᠠᠵᠤ ᠠᠬᠤᠢᠯᠠᠯ ᠵᠢᠭᠡᠯᠡᠯᠭᠡ᠎ᠶ᠋ᠢᠨ ᠲᠡᠮᠳᠡᠭ᠌ᠲᠦ᠎ᠪᠠᠷ ᠪᠡᠯᠡ ᠲᠣᠬᠢᠷᠠᠭᠤᠯᠭ᠎ᠠ᠎ᠪᠠᠨ ᠥᠷᠭᠡᠳᠭᠡᠬᠦ᠌᠎ᠶ᠋ᠢ ᠳᠡᠮᠵᠢᠨ᠎ᠡ᠃ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠪᠠᠯᠠ ᠮᠥᠩᠭᠦ᠎ᠶ᠋ᠢ 《ᠬᠤᠭᠤᠰᠤᠨ ᠡᠷᠬᠢᠯᠳᠦᠭᠦᠯᠦᠨ》 ᠠᠱᠢᠭ ᠬᠤᠨᠵᠢᠬᠤ᠎ᠠᠴᠠ ᠰᠡᠷᠭᠡᠢᠯᠡᠵᠤ᠂ ᠮᠠᠭᠤ ᠰᠠᠨᠠᠭ᠎ᠠ᠎ᠪᠠᠷ ᠵᠢᠭᠡᠯᠡᠯᠭᠡ᠎ᠠᠴᠠ ᠵᠠᠢᠯᠠᠵᠤ᠂ ᠵᠢᠭᠡᠯᠡᠯᠭᠡ᠎ᠶ᠋ᠢ ᠬᠦᠴᠦᠨ ᠦᠭᠡᠢ ᠪᠤᠯᠭᠠᠬᠤ᠎ᠳᠤ ᠴᠤᠬᠢᠯᠲᠠ ᠦᠭ᠌ᠭᠦᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ ᠪᠤᠯᠤᠨ ᠵᠢᠭᠡᠯᠡᠯᠭᠡ ᠠᠪᠬᠤ ᠠᠵᠤ ᠠᠬᠤᠢᠯᠠᠯ ᠪᠤᠯ ᠬᠠᠮᠲᠤ ᠣᠷᠣᠱᠢᠨ ᠬᠠᠮᠲᠤ᠎ᠪᠠᠷ ᠬᠥᠭ᠌ᠵᠢᠳᠡᠭ ᠪᠤᠯᠬᠤᠷ ᠪᠠᠩᠬᠢᠶ᠋ᠢᠨᠬᠢᠨᠤ ᠵᠦᠶ ᠵᠣᠬᠢᠰᠲᠠᠶ ᠠᠱᠢᠭ ᠣᠯᠭᠤᠬᠤ᠎ᠶ᠋ᠢ ᠵᠣᠷᠢᠬ᠍ᠵᠢᠭᠤᠯᠤᠨ᠎ᠠ᠃ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠪᠠᠲᠤᠯᠠᠬᠤ᠎ᠶ᠋ᠢᠨ ᠲᠤᠯᠠᠳᠠ᠂ ᠵᠠᠪᠠᠯ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ ᠤᠯᠬᠤ ᠪᠤᠯᠤᠮᠵᠢᠳᠤ ᠴᠢᠨᠠᠷ᠎ᠢ ᠢᠯᠡᠳᠲᠡ ᠳᠡᠭᠡᠭ᠌ᠰᠢᠯᠡᠭᠦᠯᠵᠦ᠍᠂ ᠵᠠᠪᠠᠯ ᠶᠡᠷᠦᠩᠬᠡᠢᠯᠡᠭ᠌ᠰᠡᠨ ᠪᠠᠯᠠ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ᠎ᠢ ᠢᠯᠡᠳᠲᠡ ᠪᠠᠭᠤᠷᠠᠭᠤᠯᠬᠤ ᠬᠡᠷᠡᠭ᠌ᠲᠡᠶ᠃
ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠨ᠎ᠡ᠃ ᠭᠤᠤᠯᠳᠠᠯᠭ᠎ᠠ᠎ᠲᠠᠢ ᠠᠵᠢᠯ ᠲᠥᠷᠥᠯ᠂ ᠭᠤᠤᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠤᠬᠤ᠎ᠳᠤ ᠦᠵᠡᠭᠦᠯᠭᠦ᠌ ᠳᠡᠮᠵᠢᠯᠭᠡ᠎ᠪᠠᠨ ᠴᠢᠩᠭᠠᠳᠭᠠᠨ᠎ᠠ᠃ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠤᠨ ᠳᠤᠭ᠎ᠠ 874 ᠲᠦᠮᠡ ᠬᠦᠷᠭᠦ᠌ ᠪᠤᠯᠬᠤᠷ᠂ ᠵᠠᠬ᠎ᠠ ᠳᠡᠯᠭᠡᠭᠦᠷᠴᠢᠯᠡᠭ᠌ᠰᠡᠨ ᠨᠡᠢᠭᠡᠮᠴᠢᠯᠡᠭ᠌ᠰᠡᠨ ᠠᠵᠢᠯ ᠣᠯᠭᠤᠯᠲᠠ᠎ᠶ᠋ᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠴᠥᠮ ᠠᠵᠢᠯ ᠣᠯᠭᠤᠯᠲᠠ᠎ᠶ᠋ᠢᠨ ᠲᠠᠰᠤᠯᠳᠠᠯ ᠦᠭᠡᠢ ᠠᠵᠢᠯ ᠤᠯᠭᠤᠯᠲᠠ᠎ᠶ᠋ᠢᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ᠎ᠤ ᠦᠢᠯᠡᠴᠢᠯᠡᠭᠡᠨ᠎ᠤ ᠳᠦᠷᠦᠯ ᠵᠦᠢᠯ᠎ᠳᠤ ᠡᠯᠰᠠᠨ ᠬᠡᠷᠡᠭ᠌ᠯᠡᠬᠦ᠌᠎ᠶ᠋ᠢ ᠦᠷᠭᠡᠳᠭᠡᠬᠦ᠌ ᠬᠡᠷᠡᠭ᠌ᠲᠡᠶ᠃ ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠢ ᠲᠦᠪᠬᠢᠨᠡᠭᠦᠯᠬᠦ᠌ ᠪᠤᠯᠤᠨ ᠠᠵᠢᠯ ᠣᠯᠭᠤᠯᠲᠠ᠎ᠶ᠋ᠢᠨ ᠪᠠᠲᠤᠯᠠᠭ᠎ᠠ᠎ᠶ᠋ᠢ ᠰᠠᠢᠲᠤᠷ ᠬᠢᠨ᠎ᠠ᠃ ᠬᠦᠯᠦᠰᠦᠨ ᠠᠵᠢᠯᠴᠢᠳ᠎ᠤᠨ ᠠᠵᠢᠯ ᠣᠯᠤᠭ᠍ᠰᠠᠨ ᠭᠠᠵᠠᠷ᠎ᠲᠠᠭᠠᠨ ᠠᠵᠢᠯ ᠣᠯᠭᠤᠯᠳᠠ᠎ᠶ᠋ᠢᠨ ᠦᠢᠯᠡᠴᠢᠯᠡᠭᠡ᠎ᠶ᠋ᠢ ᠡᠷᠬᠡ ᠲᠡᠭ᠌ᠰᠢ᠎ᠪᠠᠷ ᠬᠦᠷᠲᠡᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ᠃ ᠵᠡᠮᠳᠡᠭ᠌ᠴᠤᠳ᠂ ᠠᠵᠢᠯ ᠣᠯᠤᠭ᠍ᠰᠠᠳ ᠦᠭᠡᠢ ᠭᠡᠷ ᠪᠦᠯᠢ ᠵᠡᠷᠭᠡ ᠬᠦᠴᠢᠷᠳᠡᠯ᠎ᠲᠠᠢ ᠬᠠᠮᠲᠤᠯᠢᠭ᠎ᠢ ᠬᠠᠪᠰᠤᠷᠤᠨ ᠲᠡᠳᠬᠦᠵᠦ᠍ ᠪᠠᠢᠭᠠᠳ ᠠᠵᠢᠯ ᠣᠯᠭᠤᠨ᠎ᠠ᠃ ᠮᠠᠨ᠎ᠤ ᠤᠯᠤᠰ᠎ᠲᠤ ᠰᠤᠯᠠ ᠠᠵᠢᠯ ᠬᠢᠭ᠌ᠰᠡᠳ᠎ᠢ ᠪᠠᠭ᠍ᠲᠠᠭᠠᠭ᠍ᠰᠠᠨ ᠠᠮᠢᠳᠤᠯᠢᠭ᠎ᠢᠶᠠᠷ ᠠᠵᠢᠯ ᠬᠢᠵᠦ᠍ ᠪᠠᠢᠭ᠎ᠠ ᠬᠥᠮᠦᠰ᠎ᠤᠨ ᠲᠤᠭ᠎ᠠ᠎ᠶ᠋ᠢ ᠳ᠋ᠦᠩᠱᠢᠭᠤᠷ᠎ᠢᠶᠠᠷ ᠬᠡᠯᠡᠯᠴᠡᠳᠡᠭ᠂ ᠡᠨᠡ ᠵᠢᠯ ᠣᠷᠣᠯᠭ᠎ᠠ ᠪᠠᠭᠠᠲᠠᠶ ᠬᠥᠮᠦᠰ᠎ᠲᠤ ᠨᠡᠢᠭᠡᠮ᠎ᠤᠨ ᠳᠠᠭᠠᠳᠭᠠᠯ᠎ᠤᠨ ᠰᠦᠢᠳᠭᠡᠯ᠎ᠢ ᠦᠪᠡᠷ᠎ᠤᠨ ᠳᠤᠷ᠎ᠠ᠎ᠠᠴᠠ ᠬᠤᠢᠱᠢᠯᠠᠭᠤᠯᠤᠨ ᠲᠤᠱᠢᠶᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠢᠯ ᠣᠯᠭᠤᠯᠲᠠ᠎ᠳᠤ ᠬᠤᠯᠪᠣᠭ᠍ᠳᠠᠬᠤ ᠵᠠᠰᠠᠭ ᠵᠠᠬᠢᠷᠭ᠎ᠠ ᠠᠵᠢᠯ ᠦᠢᠯᠡᠰ᠎ᠤᠨ ᠴᠢᠨᠠᠷᠲᠠᠶ ᠰᠦᠢᠳᠭᠡᠯ ᠬᠤᠷᠢᠶᠠᠯᠳᠠ᠎ᠶ᠋ᠢ ᠪᠦᠬᠦᠨ᠎ᠢ ᠬᠦᠴᠦᠨ ᠦᠭᠡᠢ ᠪᠣᠯᠭᠠᠵᠤ᠂ ᠬᠦᠳᠡᠯᠦᠩᠭᠦᠢ ᠡᠵᠡᠩᠨᠡᠯᠲᠡ᠎ᠶ᠋ᠢᠨ ᠲᠠᠯᠠᠪᠠᠢ ᠲᠠᠯᠠᠪᠤᠷ᠎ᠢ ᠵᠤᠬᠢᠰᠲᠠᠢ ᠲᠤᠬᠢᠷᠠᠭᠤᠯᠤᠨ᠎ᠠ᠃ ᠪᠤᠯᠪᠠᠰᠤᠷᠠᠭᠤᠯᠤᠯ᠎ᠢᠶᠠᠷ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ᠎ᠳᠤ ᠳᠡᠳᠬᠦᠨ ᠳᠤᠰᠠᠯᠠᠵᠤ᠂ ᠵᠠᠬ᠎ᠠ ᠳᠡᠯᠭᠡᠭᠦᠷ᠎ᠲᠤ ᠬᠠᠨᠳᠤᠭᠤᠯᠤᠭ᠍ᠰᠠᠨ ᠮᠡᠷᠭᠡᠵᠢᠯ ᠴᠢᠳᠠᠪᠤᠷᠢ᠎ᠶ᠋ᠢᠨ ᠪᠤᠯᠪᠠᠰᠤᠷᠠᠭᠤᠯᠤᠯ᠎ᠢ ᠴᠢᠩᠭᠠᠳᠭᠠᠵᠤ᠂ ᠠᠵᠢᠯ᠎ᠢᠶᠠᠷ ᠪᠤᠯᠪᠠᠰᠤᠷᠠᠭᠤᠯᠤᠯ᠎ᠢ ᠤᠷᠤᠯᠠᠭᠤᠯᠬᠤ᠎ᠶ᠋ᠢ ᠵᠤᠷᠢᠭ᠍ᠵᠢᠭᠤᠯᠵᠤ᠂ ᠦᠢᠯᠡᠳᠪᠦᠷᠢᠯᠡᠯ᠎ᠤᠨ ᠴᠢᠨᠠᠷᠲᠠᠢ ᠪᠤᠳᠠᠳᠤ ᠪᠤᠯᠪᠠᠰᠤᠷᠠᠭᠤᠯᠤᠯ᠎ᠤᠨ ᠰᠠᠭᠤᠷᠢᠨ᠎ᠢ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠠᠵᠤ᠂ ᠡᠨᠡ ᠵᠢᠯ ᠪᠤᠯᠤᠨ ᠢᠷᠡᠬᠦ᠌ ᠵᠢᠯ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠎ᠢ 3500 ᠲᠦᠮᠡᠨ ᠬᠥᠮᠦᠨ ᠤᠳᠠᠭ᠎ᠠ᠎ᠠᠴᠠ ᠳᠡᠭᠡᠭ᠌ᠰᠢ ᠬᠢᠵᠦ᠍᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ 200 ᠲᠦᠮᠡᠨ ᠬᠥᠮᠦᠨ᠎ᠢ ᠥᠷᠭᠡᠳᠭᠡᠨ ᠡᠯᠰᠡᠵᠦ᠍᠂ ᠨᠠᠩ ᠣᠯᠠᠨ ᠬᠥᠳᠡᠯᠮᠦᠷᠢᠴᠢᠳ᠎ᠢ ᠤᠷ᠎ᠠ ᠴᠢᠳᠠᠪᠤᠷᠢ᠎ᠲᠠᠢ ᠪᠤᠯᠭᠠᠵᠦ᠍᠂ ᠠᠵᠢᠯ ᠤᠯᠬᠤ᠎ᠳᠤ ᠳᠦᠭᠦᠮ ᠪᠤᠯᠭᠠᠬᠤ ᠬᠡᠷᠡᠭ᠌ᠳᠠᠢ᠃
ᠳᠥᠷᠪᠡ᠂ ᠥᠭᠡᠷᠡᠴᠢᠯᠡᠯᠲᠡ᠎ᠳᠤ ᠲᠦᠱᠢᠭ᠌ᠯᠡᠨ ᠵᠠᠬ᠎ᠠ ᠲᠡᠯᠭᠡᠬᠦᠷ᠎ᠤᠨ ᠪᠡᠶᠡᠴᠢ ᠴᠤᠭ᠍ᠴᠠ᠎ᠶ᠋ᠢᠨ ᠠᠮᠢᠳᠤᠯᠢᠭ ᠬᠥᠴᠤᠨ᠎ᠢ ᠬᠥᠭ᠌ᠵᠢᠬᠡᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠨᠡᠮᠡᠭ᠌ᠳᠡᠭᠦᠯᠦᠨ᠎ᠡ
ᠬᠦᠴᠢᠷ ᠪᠡᠷᠬᠡᠱᠢᠶᠡᠯ ᠪᠠ ᠱᠢᠯᠭᠠᠯᠲᠠ ᠬᠡᠳᠦᠢ ᠶᠡᠭᠡ ᠪᠣᠯᠬᠤ ᠳᠤᠳᠤᠮ ᠥᠭᠡᠷᠡᠴᠢᠯᠡᠯᠲᠡ᠎ᠶ᠋ᠢ ᠲᠡᠳᠦᠢ ᠭᠦᠨᠵᠡᠭᠡᠢᠷᠡᠭᠦᠯᠵᠦ᠍᠂ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠬᠥᠭ᠌ᠵᠢᠯᠲᠡ᠎ᠶ᠋ᠢᠨ ᠳᠣᠲᠤᠭᠠᠳᠤ ᠬᠥᠳᠡᠯᠭᠡᠭ᠌ᠴᠢ ᠬᠦᠴᠦᠨ᠎ᠢ ᠬᠦᠭ᠌ᠵᠢᠭᠡᠬᠦ᠌ ᠬᠡᠷᠡᠭ᠌ᠲᠡᠢ ᠶᠤᠮ᠃
《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠬᠦᠯᠬᠦ᠌》 ᠦᠭᠡᠷᠡᠴᠢᠯᠠᠯᠳᠠ᠎ᠶ᠋ᠢ ᠬᠥᠨᠵᠡᠭᠡᠢᠷᠡᠬᠦᠯᠦᠨᠡ᠃ ᠬᠢᠵᠢᠭ᠎ᠤᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠬᠢᠵᠠᠭᠠᠷᠯᠠᠬᠤ ᠪᠠᠢᠳᠠᠯ ᠳᠤᠤᠷ᠎ᠠ᠂ ᠠᠷᠭ᠎ᠠ ᠬᠡᠮᠵᠢᠶ᠎ᠡ᠎ᠪᠠᠨ ᠲᠣᠬᠢᠷᠠᠭᠤᠯᠤᠨ᠂ ᠭᠠᠷ ᠭᠦᠢᠴᠡᠳᠭᠡᠯ᠎ᠢ ᠳᠥᠭᠦᠮᠴᠢᠯᠡᠵᠦ᠍᠂ ᠪᠥᠬᠦ᠌ ᠲᠠᠯ᠎ᠠ᠎ᠪᠠᠷ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠂ ᠵᠠᠬ᠎ᠠ ᠳᠡᠯᠭᠡᠭᠦᠷ ᠪᠠ ᠡᠵᠡᠩᠨᠡᠯᠲᠡ᠎ᠶ᠋ᠢ ᠰᠡᠷᠭᠦᠭᠡᠬᠦ᠌᠎ᠶ᠋ᠢ ᠠᠬᠢᠭᠤᠯᠬᠤ ᠬᠡᠷᠡᠭ᠌ᠲᠡᠢ᠃ ᠨᠠᠩ ᠣᠯᠠᠨ ᠦᠢᠯᠡᠴᠢᠯᠡᠭᠡᠨ᠎ᠤ ᠵᠦᠢᠯᠡᠰ᠎ᠢ ᠨᠢᠭᠡ ᠰᠦᠯᠵᠢᠶ᠎ᠠ᠎ᠪᠠᠷ ᠪᠦᠬᠦᠨ᠎ᠢ ᠱᠢᠢᠳᠪᠤᠷᠢᠯᠡᠬᠦ᠌᠎ᠶ᠋ᠢ ᠠᠬᠢᠭᠤᠯᠵᠤ᠂ ᠠᠵᠤ ᠠᠬᠤᠢᠯᠠᠯ ᠨᠡᠭᠡᠭᠡᠨ ᠡᠷᠭᠢᠯᠡᠬᠦ᠌ ᠪᠥᠬᠦ᠌ ᠶᠠᠪᠤᠴᠠ᠎ᠶ᠋ᠢ ᠰᠦᠯᠵᠢᠶ᠎ᠡ᠎ᠪᠠᠷ ᠱᠢᠢᠳᠪᠦᠷᠢᠯᠡᠬᠦ᠌᠎ᠶ᠋ᠢ ᠪᠡᠶᠡᠯᠡᠭᠦᠯᠦᠨ᠎ᠡ᠃ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠡᠵᠡᠩᠨᠡᠯᠲᠡ᠎ᠶ᠋ᠢᠨ ᠲᠠᠯᠠᠪᠤᠷ ᠭᠠᠵᠠᠷ ᠪᠦᠷᠢᠳᠭᠡᠭᠦᠯᠬᠦ᠌ ᠬᠢᠵᠠᠭᠠᠷᠯᠠᠯ᠎ᠢ ᠠᠭᠤᠵᠢᠭᠤ ᠲᠠᠯᠪᠢᠵᠤ᠂ ᠡᠯ᠎ᠡ ᠲᠥᠷᠥᠯ᠎ᠤᠨ ᠠᠳᠠᠯ ᠦᠢᠯᠡᠰ ᠴᠣᠭ᠍ᠴᠠᠯᠠᠭ᠍ᠴᠢᠶ᠋ᠢᠨ ᠳᠡᠩᠰᠡᠯᠡᠭᠤᠯᠤᠨ ᠡᠵᠡᠩᠨᠡᠬᠦ᠂ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠬᠦᠷᠲᠡᠬᠦ᠌᠎ᠳᠤ ᠲᠥᠬᠦᠮ ᠦᠵᠡᠭᠦᠯᠦᠨ᠎ᠡ᠃ ᠳᠤᠮᠤ ᠳᠤᠮᠳᠠ ᠵᠢᠵᠢᠭ ᠠᠵᠤ ᠠᠬᠤᠢ᠍ᠢᠯᠠᠯ᠎ᠤᠨ ᠨᠠᠢᠯᠡᠨ ᠨᠡᠪᠳᠡᠷᠡᠯᠴᠡᠵᠦ᠍ ᠬᠦᠭ᠌ᠵᠢᠬᠦ᠌᠎ᠶ᠋ᠢ ᠳᠡᠮᠵᠢᠨ᠎ᠡ᠃ ᠨᠡᠢᠭᠡᠮ᠎ᠤᠨ ᠢᠲᠡᠭᠡᠮᠵᠢ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠠ᠃ ᠲᠥᠪ ᠭᠤᠤᠯᠴᠢ ᠬᠢᠨᠠᠯᠲᠠ ᠬᠠᠮᠢᠶᠠᠷᠤᠯᠲᠠ᠎ᠪᠠᠷ ᠡᠷᠬᠡ ᠲᠡᠭ᠌ᠰᠢ ᠥᠷᠢᠰᠥᠯᠳᠦᠭᠡᠨ᠎ᠢ ᠬᠠᠮᠠᠭᠠᠯᠠᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ᠎ᠪᠠᠷ ᠵᠠᠰᠠᠭ᠍ᠰᠠᠨ᠂ ᠤᠯᠠᠨ ᠤᠯᠤᠰᠴᠢᠯᠠᠭ᠍ᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠪᠤᠢ ᠪᠣᠯᠭᠠᠨ᠎ᠠ᠃
ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠳᠤᠮᠳᠠ ᠵᠢᠵᠢᠭ ᠪᠠᠩᠬᠢ᠎ᠶ᠋ᠢᠨ ᠬᠥᠷᠥᠩᠭᠡ᠎ᠪᠠᠨ ᠨᠥᠬᠦᠪᠥᠷᠢᠯᠡᠬᠦ᠌ ᠪᠠ ᠵᠠᠰᠠᠯᠲᠠ᠎ᠪᠠᠨ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠨᠠᠩ ᠰᠠᠢᠨ ᠦᠢᠯᠡᠴᠢᠯᠡᠭᠦᠯᠦᠨ᠎ᠡ᠃ ᠦᠢᠯᠡᠰ ᠪᠤᠰᠭᠠᠬᠤ ᠰᠠᠮᠪᠠᠷ᠎ᠠ᠎ᠳᠤ ᠦᠭᠡᠷᠡᠴᠢᠯᠡᠯᠲᠡ ᠬᠢᠬᠦ᠌᠎ᠶ᠋ᠢᠨ ᠬᠠᠮᠳᠦ ᠲᠠᠩᠰᠠᠯᠠᠭᠤᠯᠬᠤ ᠲᠦᠷᠢᠮ᠎ᠤᠨ ᠲᠣᠷᠱᠢᠯᠲᠠ ᠬᠢᠵᠤ᠂ ᠤᠯᠠᠨ ᠳᠡᠰ ᠲᠠᠪᠬᠤᠷᠭ᠎ᠠ᠎ᠶ᠋ᠢᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠢ ᠬᠦᠭ᠌ᠵᠢᠭᠦᠯᠦᠨ᠎ᠠ᠃ ᠳᠠᠭᠠᠳᠭᠠᠯ᠎ᠤᠨ ᠪᠠᠲᠤᠯᠠᠭ᠎ᠠ᠎ᠶ᠋ᠢᠨ ᠴᠢᠳᠠᠮᠵᠢ᠎ᠶ᠋ᠢ ᠥᠷᠭᠡᠳᠭᠡᠨ᠎ᠡ᠃ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠳᠤ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠨᠡᠩ ᠶᠡᠭᠡ ᠡᠵᠡᠨ ᠮᠡᠳᠡᠬᠦ᠌ ᠡᠷᠬᠡ᠎ᠶ᠋ᠢ ᠣᠯᠭᠤᠨ᠎ᠠ᠃ ᠴᠢᠳᠠᠪᠤᠷᠢᠲᠠᠨ᠎ᠤ ᠱᠢᠯᠵᠢᠯᠲᠡ᠎ᠶ᠋ᠢ ᠠᠬᠢᠭᠤᠯᠵᠤ᠂ ᠮᠡᠷᠭᠡᠵᠢᠯ ᠪᠠ ᠳ᠋ᠡᠢᠲ᠋ᠠ᠎ᠶ᠋ᠢᠨ ᠵᠠᠬ᠎ᠠ ᠳᠡᠯᠭᠡᠭᠦᠷ᠎ᠢ ᠪᠤᠢᠵᠢᠭᠤᠯᠵᠤ᠂ ᠡᠯ᠎ᠡ ᠲᠦᠷᠦᠯ᠎ᠤᠨ ᠡᠯᠧᠮᠧᠨ᠋ᠲ᠎ᠤᠨ ᠳᠠᠯᠳᠠ ᠴᠢᠳᠠᠪᠤᠷᠢ᠎ᠶ᠋ᠢ ᠬᠥᠭ᠌ᠵᠢᠭᠡᠨ᠎ᠡ᠃
ᠤᠯᠤᠰ᠎ᠤᠨ ᠦᠮᠴᠢᠯᠡᠯ᠎ᠤᠨ ᠬᠦᠷᠦᠩᠭᠡ ᠪᠠ ᠤᠯᠤᠰ᠎ᠤᠨ ᠦᠮᠴᠢᠯᠡᠯ᠎ᠤᠨ ᠠᠵᠦ᠍ ᠠᠬᠤᠢ᠍ᠢᠯᠠᠯ᠎ᠤᠨ ᠦᠭᠡᠷᠡᠴᠢᠯᠡᠯᠳᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠤᠳᠤ ᠦᠶ᠎ᠠ᠎ᠶ᠋ᠢᠨ ᠠᠵᠤ ᠠᠬᠤᠢ᠍ᠢᠯᠠᠯ᠎ᠤᠨ ᠳᠦᠷᠢᠮ᠎ᠢ ᠪᠦᠷᠢᠨᠱᠢᠭᠦᠯᠵᠤ᠂ ᠤᠯᠤᠰ᠎ᠤᠨ ᠥᠮᠴᠢᠯᠡᠯ᠎ᠤᠨ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠯ᠎ᠢ ᠲᠡᠭᠦᠯᠳᠡᠷᠵᠢᠭᠦᠯᠵᠦ᠍᠂ ᠬᠤᠯᠢᠮᠠᠭ ᠥᠮᠴᠢᠯᠡᠯ᠎ᠤᠨ ᠲᠦᠷᠢᠮᠲᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠨᠡᠢᠭᠡᠮ᠎ᠤᠨ ᠠᠵᠢᠯ ᠶᠠᠪᠤᠲᠠᠯ ᠡᠷᠬᠢᠯᠡᠬᠦ᠌ ᠡᠬᠦᠷᠭᠡ ᠴᠢᠲᠠᠪᠤᠷᠢ᠎ᠶ᠋ᠢ ᠰᠠᠯᠭᠠᠬᠤ ᠪᠠ ᠲᠡᠦᠭᠡᠨ ᠦᠯᠡᠳᠡᠭ᠌ᠳᠡᠯ ᠠᠰᠠᠭᠤᠳᠠᠯ᠎ᠢ ᠱᠢᠢᠳᠪᠤᠷᠢᠯᠡᠬᠦ᠌᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠭᠤᠣᠯ ᠬᠠᠷᠢᠭᠤᠴᠠᠯᠭ᠎ᠠ ᠭᠤᠣᠯ ᠠᠵᠢᠯ ᠳᠡᠭᠡᠷ᠎ᠡ᠎ᠪᠠᠨ ᠠᠩᠬᠠᠷᠤᠯ ᠲᠥᠪᠯᠡᠷᠡᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠵᠤ᠂ ᠭᠤᠣᠯᠯᠠᠬᠤ ᠦᠷᠢᠰᠦᠯᠳᠦᠬᠦ᠌ ᠬᠦᠴᠦᠨ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ᠃
ᠠᠷᠠᠳ᠎ᠠᠴᠠ ᠡᠵᠡᠩᠨᠡᠭ᠌ᠰᠡᠨ ᠠᠵᠣ ᠠᠬᠤᠢ᠎ᠶ᠋ᠢᠨ ᠬᠥᠭ᠌ᠵᠢᠯᠳᠡ᠎ᠶ᠋ᠢᠨ ᠣᠷᠴᠢᠨ ᠨᠥᠬᠦᠴᠡᠯ᠎ᠢ ᠱᠢᠯᠢᠳᠡᠭ᠌ᠵᠢᠬᠦᠯᠥᠨᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠡᠯᠧᠮᠧᠨ᠋ᠲ ᠪᠠ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠠᠳᠠᠯᠢ ᠲᠡᠭ᠌ᠰᠢ᠎ᠪᠠᠷ ᠤᠯᠬᠤ᠎ᠶ᠋ᠢ ᠪᠠᠲᠤᠯᠠᠵᠤ᠂ ᠠᠵᠤ ᠠᠬᠤᠢᠯᠠᠯ᠎ᠤᠨ ᠱᠢᠨᠵᠢ ᠴᠢᠨᠠᠷ᠎ᠯᠤᠭ᠎ᠠ ᠬᠤᠯᠪᠣᠭ᠍ᠳᠠᠭᠤᠯᠤᠭ᠍ᠰᠠᠨ ᠵᠦᠶ ᠵᠤᠬᠢᠰ ᠦᠭᠡᠢ ᠲᠣᠭ᠍ᠲᠠᠭᠠᠯ᠎ᠢ ᠢᠯᠭᠠᠷᠠᠭᠤᠯᠤᠨ ᠬᠦᠴᠦᠨ ᠦᠭᠡᠢ ᠪᠣᠯᠭᠠᠨ᠎ᠠ᠃ ᠵᠠᠰᠠᠭ᠎ᠤᠨ ᠣᠷᠳᠣᠨ᠎ᠤ ᠪᠠᠢᠭᠤᠯᠤᠮᠵᠢ᠎ᠶ᠋ᠢᠨ ᠠᠷᠠᠳ᠎ᠠᠴᠠ ᠡᠵᠡᠩᠨᠡᠭ᠌ᠰᠡᠨ ᠪᠠ ᠳᠤᠮᠳᠠ ᠵᠢᠵᠢᠭ ᠠᠵᠤ ᠠᠬᠤᠢᠯᠠᠯ᠎ᠳᠤ ᠥᠷᠢᠲᠦᠭ᠌ᠰᠡᠨ ᠵᠣᠭᠤᠰ᠎ᠢ ᠬᠤᠭᠤᠴᠠᠭ᠎ᠠ ᠲᠣᠭ᠍ᠲᠠᠭᠠᠨ ᠢᠯᠭᠠᠷᠠᠭᠤᠯᠤᠨ ᠲᠦᠯᠦᠨ᠎ᠠ᠃ ᠵᠠᠰᠠᠭ᠎ᠤᠨ ᠤᠷᠳᠤᠨ ᠪᠤᠯᠤᠨ ᠬᠤᠳᠠᠯᠳᠤᠭᠠᠴᠢᠨ᠎ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠵᠤ᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠶ᠎ᠶ᠋ᠢᠨ ᠡᠷᠡᠭᠦᠯ ᠬᠦᠭ᠌ᠵᠢᠯᠳᠠ᠎ᠶ᠋ᠢ ᠠᠬᠢᠭᠤᠯᠤᠨ᠎ᠠ᠃
ᠦᠢᠯᠡᠳᠬᠦ᠌ ᠦᠢᠯᠡᠰ᠎ᠤᠨ ᠲᠡᠰ ᠳᠡᠪᠱᠢᠯᠳᠠ ᠪᠠ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠤᠨ᠎ᠠ᠃ ᠦᠢᠯᠡᠳᠬᠦ᠌ ᠦᠢᠯᠡᠰ᠎ᠤᠨ ᠴᠢᠨᠠᠷ ᠰᠠᠢᠲᠠᠢ ᠬᠦᠭ᠌ᠵᠢᠯᠲᠠ᠎ᠶ᠋ᠢ ᠳᠡᠮᠵᠢᠨ᠎ᠠ᠂ ᠤᠷᠳᠤᠪᠲᠤᠷ ᠬᠤᠭᠤᠴᠠᠭᠠᠨ᠎ᠤ ᠵᠢᠭᠡᠯᠡᠯᠭᠡ᠎ᠶ᠋ᠢ ᠶᠡᠭᠡ᠎ᠪᠠᠷ ᠨᠡᠮᠡᠭ᠌ᠳᠡᠭᠦᠯᠦᠨ᠎ᠡ᠃ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢ ᠬᠥᠭ᠌ᠵᠢᠭᠦᠯᠵᠦ᠍᠂ ᠤᠶᠤᠨᠯᠢᠭ ᠦᠢᠯᠡᠳᠬᠦ᠌ ᠦᠢᠯᠡᠰ᠎ᠢ ᠠᠬᠢᠭᠤᠯᠵᠤ᠂ ᠱᠢᠨ᠎ᠠ᠎ᠪᠠᠷ ᠬᠦᠭ᠌ᠵᠢᠭ᠌ᠰᠡᠨ ᠠᠵᠤ ᠦᠢᠯᠡᠰ᠎ᠤᠨ ᠰᠦᠷᠦᠭ᠌ᠵᠢᠯ᠎ᠢ ᠪᠤᠢᠵᠢᠭᠤᠯᠤᠨ᠎ᠠ᠃ ᠰᠤᠳᠤᠯᠤᠨ ᠨᠡᠭᠡᠭᠡᠭᠦ᠌᠂ ᠵᠢᠷᠤᠵᠤ ᠲᠦᠯᠦᠪᠯᠡᠬᠦ᠂ ᠤᠳᠤ ᠦᠶ᠎ᠠ᠎ᠶ᠋ᠢᠨ ᠪᠤᠳᠠᠰ᠎ᠤᠨ ᠭᠦᠢᠯᠭᠡᠭᠡ᠂ ᠱᠢᠯᠭᠠᠨ ᠪᠠᠢᠴᠠᠭᠠᠬᠤ ᠱᠢᠯᠭᠠᠨ ᠬᠡᠮᠵᠢᠬᠦ᠌ ᠭᠡᠷᠡᠴᠢᠯᠡᠨ ᠨᠤᠳᠠᠯᠠᠬᠤ ᠵᠡᠷᠭᠡ ᠦᠢᠯᠡᠳᠪᠦᠷᠢᠯᠡᠯ᠎ᠤᠨ ᠴᠢᠨᠠᠷᠲᠠᠢ ᠦᠢᠯᠡᠴᠢᠯᠡᠭᠡᠨ᠎ᠤ ᠦᠢᠯᠡᠰ᠎ᠢ ᠬᠦᠭ᠌ᠵᠢᠭᠦᠯᠦᠨ᠎ᠠ᠃ ᠡᠯᠧᠺᠲᠷᠣᠨ ᠬᠤᠳᠠᠯᠳᠤᠭ᠎ᠠ ᠰᠦᠯᠵᠢᠶ᠎ᠡ᠎ᠪᠠᠷ ᠬᠤᠳᠠᠯᠳᠤᠨ ᠠᠪᠬᠤ᠂ ᠰᠦᠯᠵᠢᠶᠡᠨ ᠳᠡᠭᠡᠷᠡᠬᠢ ᠦᠢᠯᠡᠴᠢᠯᠡᠭᠡ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠨᠢ ᠬᠢᠵᠢᠭ᠎ᠢ ᠡᠰᠡᠷᠭᠦᠴᠡᠬᠦ᠌ ᠳᠤᠮᠳᠠ ᠴᠢᠬᠤᠯᠠ ᠦᠢᠯᠡᠳᠦᠯ ᠦᠵᠡᠭᠦᠯᠦᠭ᠌ᠰᠡᠨ ᠪᠠᠢᠨ᠎ᠠ᠂ ᠲᠡᠳᠡᠭᠡᠷ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠨᠡᠢᠲᠡᠯᠡᠵᠦ᠍᠂ 《ᠢᠨᠲ᠋ᠧᠷ ᠰᠦᠯᠵᠢᠶ᠎ᠡ +》 ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠳ᠋ᠢᠵᠢᠲᠠᠯ᠎ᠠ ᠠᠵᠤ ᠠᠬᠤᠶ᠎ᠶ᠋ᠢᠨ ᠱᠢᠨ᠎ᠡ ᠳᠠᠪᠠᠭᠤᠯᠢᠭ᠎ᠢ ᠪᠣᠶ ᠪᠣᠯᠭᠠᠬᠤ ᠬᠡᠷᠡᠭ᠌ᠲᠡᠶ᠃
ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠠᠭᠤᠷᠢ ᠰᠤᠳᠤᠯᠭᠠᠨ ᠪᠠ ᠬᠡᠷᠡᠭ᠌ᠯᠡᠭᠡᠨ᠎ᠤ ᠰᠠᠭᠤᠷᠢ ᠰᠤᠳᠤᠯᠭᠠᠨ᠎ᠢ ᠲᠣᠭ᠍ᠲᠠᠭᠤᠨ᠎ᠢᠶᠠᠷ ᠳᠡᠮᠵᠢᠵᠦ᠍᠂ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠪᠠᠢᠭᠠᠳ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ᠎ᠨᠢ ᠨᠡᠮᠡᠭ᠌ᠳᠡᠭᠦᠯᠵᠤ᠂ ᠦᠢᠯᠡᠳᠪᠦᠷᠢᠯᠡᠯ᠂ ᠵᠢᠭᠠᠨ ᠰᠤᠷᠭᠠᠯᠲᠠ᠂ ᠰᠤᠳᠤᠯᠭᠠᠨ ᠠᠭᠤᠰᠤᠯᠴᠠᠨ ᠱᠢᠨ᠎ᠠ᠎ᠶ᠋ᠢ ᠡᠭᠦᠳᠬᠦ᠌᠎ᠶ᠋ᠢ ᠠᠬᠢᠭᠤᠯᠤᠨ᠎ᠠ᠃ ᠤᠯᠤᠰ᠎ᠤᠨ ᠲᠤᠷᠱᠢᠯᠲᠠ᠎ᠶ᠋ᠢᠨ ᠲᠠᠰᠤᠭ᠎ᠢ ᠲᠦᠷᠭᠡᠯᠡᠨ ᠪᠠᠢᠭᠤᠯᠵᠤ᠂ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠱᠢᠰᠲ᠋ᠧᠮ᠎ᠢ ᠲᠠᠬᠢᠨ ᠪᠠᠢᠭᠤᠯᠵᠤ᠂ ᠨᠡᠢᠬᠡᠮ᠎ᠤᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠬᠥᠭ᠌ᠵᠢᠭᠦᠯᠵᠤ᠂ ᠵᠠᠩᠭᠢᠯᠠᠭ᠎ᠠ᠎ᠶ᠋ᠢᠨ ᠭᠤᠤᠯᠯᠠᠭ᠍ᠴᠢ ᠮᠡᠷᠭᠡᠵᠢᠯ᠎ᠤᠨ ᠪᠤᠭᠤᠮᠲᠠ ᠱᠢᠪᠲᠤᠯᠬᠤ᠎ᠶ᠋ᠢ ᠴᠢᠩᠭᠠᠳᠭᠠᠨ᠎ᠠ᠃ ᠠᠷᠠᠳ᠎ᠤᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠢ ᠬᠦᠭ᠌ᠵᠢᠭᠦᠯᠦᠨ᠎ᠠ᠃ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠠ ᠪᠦᠲᠦᠭᠡᠯ᠎ᠢ ᠬᠤᠪᠢᠷᠠᠭᠤᠯᠬᠤ ᠲᠤᠭ᠍ᠲᠠᠴᠠ᠎ᠳᠤ ᠦᠭᠡᠷᠡᠴᠢᠯᠡᠯᠲᠡ ᠬᠢᠵᠤ᠂ ᠱᠢᠨ᠎ᠠ᠎ᠶ᠋ᠢ ᠡᠭᠦᠳᠬᠦ᠌ ᠬᠡᠯᠬᠢᠶ᠎ᠠ᠎ᠶ᠋ᠢ ᠱᠢᠯᠤᠭᠤᠳᠭᠠᠵᠤ᠂ ᠱᠢᠨ᠎ᠠ᠎ᠶ᠋ᠢ ᠡᠭᠦᠳᠬᠦ᠌᠎ᠶ᠋ᠢ ᠵᠤᠷᠢᠭ᠍ᠵᠢᠭᠤᠯᠵᠤ᠂ ᠢᠯᠠᠭ᠍ᠳᠠᠯ᠎ᠢ ᠠᠭᠤᠴᠢᠯᠠᠬᠤ ᠱᠢᠨᠵᠢᠯᠡᠬᠦ᠌ ᠤᠬᠠᠭᠠᠨ᠎ᠢ ᠰᠤᠳᠤᠯᠭᠠᠨ᠎ᠤ ᠤᠷᠴᠢᠨ ᠨᠦᠬᠦᠴᠡᠯ᠎ᠢ ᠡᠭᠦᠳᠦᠨ᠎ᠠ᠃ ᠭᠤᠣᠯᠳᠠᠯᠭ᠎ᠠ᠎ᠲᠠᠢ ᠲᠦᠰᠦᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠳᠤ 《ᠲᠤᠩᠬᠠᠭ ᠨᠡᠢᠲᠡᠯᠡᠨ ᠮᠠᠩᠯᠠᠢᠯᠠᠭ᠍ᠴᠢ ᠡᠯᠰᠡᠬᠦ᠌》 ᠶ᠋ᠢ ᠬᠡᠷᠡᠭ᠌ᠵᠢᠭᠦᠯᠵᠦ᠍᠂ ᠬᠡᠨ ᠬᠢᠵᠦ᠍ ᠳᠡᠢᠯᠪᠡᠯ ᠲᠡᠭᠦᠨ᠎ᠢᠶᠠᠷ ᠬᠢᠯᠭᠡᠨ᠎ᠡ᠃
ᠪᠦᠬᠦᠳᠡ ᠤᠯᠠᠨ᠎ᠢᠶᠠᠷ᠎ᠢᠶᠠᠨ ᠠᠳᠠᠯ ᠦᠢᠯᠡᠰ ᠴᠤᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠬᠦᠳᠬᠦ᠌᠎ᠶ᠋ᠢ ᠬᠦᠨᠵᠡᠭᠡᠢ ᠠᠬᠢᠭᠤᠯᠤᠨ᠎ᠠ᠃ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ ᠪᠤᠯᠤᠨ ᠬᠤᠪᠢᠴᠠᠭᠠᠨᠤ ᠡᠷᠭᠡ᠎ᠶ᠋ᠢᠨ ᠪᠡᠯᠡ ᠤᠷᠤᠭᠤᠯᠤᠯᠲᠠ᠎ᠶ᠋ᠢ ᠬᠥᠭ᠌ᠵᠢᠭᠦᠯᠵᠦ᠍᠂ ᠠᠳᠠᠯ ᠦᠢᠯᠡᠰ ᠴᠣᠭ᠍ᠴᠠᠯᠠᠬᠤ ᠲᠠᠭᠠᠭᠠᠯᠲᠠᠲᠤ ᠵᠢᠭᠡᠯᠡᠯᠭᠡ᠎ᠶ᠋ᠢ ᠨᠡᠮᠡᠭ᠌ᠳᠡᠭᠦᠯᠦᠨ᠎ᠡ᠃ ᠱᠢᠨ᠎ᠡ ᠨᠢᠭᠡ ᠡᠭᠡᠯᠵᠢ᠎ᠶ᠋ᠢᠨ ᠪᠦᠬᠦ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠭᠦᠨᠵᠡᠭᠡᠢᠷᠡᠭᠦᠯᠵᠦ᠍᠂ ᠠᠳᠠᠯ ᠦᠢᠯᠡᠰ ᠴᠤᠭ᠍ᠴᠠᠯᠠᠬᠤ ᠪᠠ ᠱᠢᠨ᠎ᠠ᠎ᠶ᠋ᠢ ᠡᠬᠦᠳᠬᠦ᠌ ᠨᠢᠭᠡ ᠪᠦᠯᠦᠭ ᠵᠢᠱ᠌ᠢᠶ᠎ᠡ ᠦᠵᠡᠭᠦᠯᠬᠦ᠌ ᠰᠠᠭᠤᠷᠢᠨ ᠭᠠᠵᠠᠷ᠎ᠢ ᠱᠢᠨ᠎ᠡ᠎ᠪᠠᠷ ᠪᠠᠢᠭᠤᠯᠵᠤ᠂ ᠪᠠᠭ᠍ᠲᠠᠭᠠᠮᠵᠢᠲᠠᠢ ᠪᠦᠭᠡᠳ ᠪᠤᠯᠭᠤᠮᠵᠢᠲᠠᠢ ᠬᠢᠨᠠᠯᠲᠠ ᠬᠠᠮᠢᠶᠠᠷᠤᠯᠲᠠ᠎ᠶ᠋ᠢ ᠪᠠᠷᠢᠮᠲᠠᠯᠠᠵᠤ᠂ ᠲᠡᠪᠴᠡᠩ᠎ᠤᠨ ᠠᠵᠤ ᠠᠬᠤᠢ᠂ ᠬᠠᠮᠳᠤ᠎ᠪᠠᠷ ᠡᠳ᠋ᠯᠡᠬᠦ᠌ ᠠᠵᠤ ᠠᠬᠤᠢ᠎ᠶ᠋ᠢ ᠬᠥᠭ᠌ᠵᠢᠬᠦᠯᠤᠨ᠂ ᠨᠡᠢᠭᠡᠮ᠎ᠤᠨ ᠪᠦᠲᠦᠭᠡᠯᠴᠢ ᠬᠦᠴᠦᠨ᠎ᠢ ᠨᠡᠩ ᠶᠡᠭᠡ᠎ᠪᠠᠷ ᠬᠥᠭ᠌ᠵᠢᠭᠡᠨ᠎ᠡ᠃
ᠲᠠᠪᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠲᠦᠷᠭᠡᠯᠡᠨ ᠬᠤᠪᠢᠷᠠᠭᠤᠯᠬᠤ᠎ᠶ᠋ᠢ ᠠᠬᠢᠭᠤᠯᠤᠨ᠎ᠠ
ᠮᠠᠨ᠎ᠤ ᠤᠯᠤᠰ᠎ᠤᠨ ᠳᠣᠲᠣᠭᠠᠳᠤ ᠬᠡᠷᠡᠭ᠌ᠴᠡᠭᠡ᠎ᠶ᠋ᠢᠨ ᠳᠠᠯᠳᠠ ᠬᠦᠴᠦᠨ ᠶᠡᠭᠡ ᠪᠣᠯᠬᠤᠷ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠠᠮᠢᠳᠤᠷᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠤᠢᠯᠭᠠᠨ᠂ ᠬᠡᠷᠡᠭ᠌ᠯᠡᠭᠡ᠎ᠶ᠋ᠢ ᠨᠡᠮᠡᠭ᠌ᠳᠡᠭᠦᠯᠦᠨ ᠬᠥᠭ᠌ᠵᠢᠭᠡᠬᠦ᠌ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠪᠦᠲᠦᠮᠵᠢᠲᠡᠶ ᠤᠶᠠᠯᠳᠤᠭᠤᠯᠵᠤ᠂ ᠬᠠᠷᠢᠯᠴᠠᠨ ᠠᠬᠢᠭᠤᠯᠤᠨ᠎ᠠ᠃
ᠬᠡᠷᠡᠭ᠌ᠯᠡᠭᠡ᠎ᠶ᠋ᠢᠨ ᠳᠠᠬᠢᠨ ᠳᠡᠭᠡᠭ᠌ᠰᠢᠯᠡᠬᠦ᠌᠎ᠶ᠋ᠢ ᠠᠬᠢᠭᠤᠯᠤᠨ᠎ᠠ᠃ ᠠᠵᠢᠯ ᠣᠯᠭᠤᠯᠲᠠ᠎ᠶ᠋ᠢ ᠳᠤᠭ᠍ᠳᠠᠪᠤᠷᠢᠵᠢᠭᠤᠯᠬᠤ᠂ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠳᠤᠯᠠᠬᠤ᠎ᠪᠠᠷ ᠳᠠᠮᠵᠢᠭᠤᠯᠤᠨ᠂ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠬᠦᠰᠡᠯ ᠪᠠ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠢᠳᠡᠭᠡᠨ ᠤᠮᠳᠠᠭᠠᠨ᠂ ᠳᠡᠯᠭᠡᠭᠦᠷ ᠬᠤᠳᠠᠯᠳᠤᠭ᠎ᠠ᠂ ᠰᠣᠶᠣᠯ᠂ ᠵᠢᠭᠤᠯᠴᠢᠯᠠᠯ᠂ ᠬᠡᠷ ᠠᠬᠤᠢ᠎ᠶ᠋ᠢᠨ ᠦᠢᠯᠡᠴᠢᠯᠡᠭᠡ ᠵᠡᠷᠭᠡ ᠠᠮᠢᠳᠤᠷᠠᠯ᠎ᠤᠨ ᠦᠢᠯᠡᠴᠢᠯᠡᠭᠡᠨ᠎ᠤ ᠦᠢᠯᠡᠰ᠎ᠤᠨ ᠰᠡᠷᠭᠦᠨ ᠬᠥᠭ᠌ᠵᠢᠬᠦ᠌᠎ᠶ᠋ᠢ ᠳᠡᠮᠵᠢᠵᠦ᠍᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ᠎ᠶ᠋ᠢᠨ ᠠᠭᠤᠰᠤᠯᠴᠠᠯ᠎ᠢ ᠠᠬᠢᠭᠤᠯᠤᠨ᠎ᠠ᠃ ᠮᠠᠱᠢᠨ ᠲᠡᠷᠭᠡᠨ᠎ᠤ ᠬᠡᠷᠡᠭ᠌ᠯᠡᠭᠡ᠎ᠶ᠋ᠢ ᠠᠬᠢᠭᠤᠯᠵᠤ᠂ ᠲᠡᠷᠭᠡ ᠵᠤᠭ᠍ᠰᠤᠭᠠᠬᠤᠳᠤ ᠬᠦᠴᠢᠷ ᠠᠰᠠᠭᠤᠳᠠᠯ᠎ᠢ ᠶᠡᠭᠡ ᠬᠦᠴᠦᠨ᠎ᠢᠶᠠᠷ ᠱᠢᠢᠳᠪᠦᠷᠢᠯᠡᠨ᠎ᠠ᠃ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠦᠢᠯᠡᠴᠢᠯᠡᠭᠡ᠎ᠶ᠋ᠢ ᠬᠥᠭ᠌ᠵᠢᠭᠦᠯᠦᠨ᠎ᠡ᠃ ᠲᠤᠮᠤ ᠡᠷᠡᠭᠦᠯ ᠮᠡᠨᠳᠤ᠎ᠶ᠋ᠢᠨ ᠠᠵᠤ ᠦᠢᠯᠡᠰ᠎ᠢ ᠬᠦᠭ᠌ᠵᠢᠬᠦᠯᠦᠨ᠎ᠠ᠃ ᠶᠠᠪᠠᠭᠠᠨ ᠵᠡᠭᠡᠯᠢ᠎ᠶ᠋ᠢ ᠥᠭᠡᠷᠡᠴᠢᠯᠡᠨ ᠰᠠᠢᠵᠢᠷᠠᠭᠤᠯᠤᠨ᠎ᠠ᠃ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ᠎ᠶ᠋ᠢ ᠬᠥᠳᠡᠭᠡ ᠲᠣᠰᠭᠤᠨ᠎ᠳᠤ ᠣᠷᠣᠭᠤᠯᠬᠤ᠎ᠶ᠋ᠢ ᠳᠡᠮᠵᠢᠵᠦ᠍᠂ ᠬᠥᠳᠡᠭᠡ ᠲᠣᠰᠭᠤᠨ᠎ᠤ ᠬᠡᠷᠡᠭ᠌ᠯᠡᠭᠡ᠎ᠶ᠋ᠢ ᠥᠷᠭᠡᠳᠭᠡᠨ᠎ᠡ᠃ ᠤᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠬᠡᠷᠡᠭ᠌ᠯᠡᠭᠡ᠎ᠶ᠋ᠢ ᠥᠷᠭᠡᠳᠭᠡᠵᠦ᠍᠂ ᠤᠯᠠᠨ ᠲᠦᠮᠡᠨ᠎ᠤ ᠤᠯᠠᠨ ᠡᠱᠢᠴᠢᠯᠡᠭ᠌ᠰᠡᠨ ᠬᠡᠷᠡᠭ᠌ᠴᠡᠭᠡ᠎ᠳᠤ ᠵᠣᠬᠢᠴᠠᠭᠤᠯᠬᠤ ᠬᠡᠷᠡᠭ᠌ᠲᠡᠶ᠃
ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠎ᠶ᠋ᠢ 3.75 ᠲᠦᠮᠡᠨ ᠳ᠋ᠦᠩᠱᠢᠭᠤᠷ ᠲᠥᠭᠦᠷᠢᠭ ᠲᠣᠬᠢᠷᠠᠭᠤᠯᠬᠤ᠎ᠪᠠᠷ ᠲᠦᠯᠦᠪᠯᠡᠵᠦ᠍᠂ ᠨᠢᠳᠤᠨᠤᠨ᠎ᠤ᠎ᠬᠢ᠎ᠠᠴᠠ 1.6 ᠲᠦᠮᠡᠨ ᠳ᠋ᠦᠩᠱᠢᠭᠤᠷ ᠲᠥᠭᠦᠷᠢᠭ ᠨᠡᠮᠡᠭ᠌ᠳᠡᠭᠦᠯᠦᠨ᠂ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠎ᠶ᠋ᠢᠨ ᠲᠦᠰᠦᠯ᠎ᠤᠨ ᠬᠥᠷᠥᠩᠭᠡ ᠮᠥᠩᠭᠦ᠎ᠪᠠᠷ ᠭᠡᠷᠡᠭ᠌ᠯᠡᠵᠦ᠍ ᠪᠤᠯᠬᠤ ᠬᠠᠷᠢᠴᠠᠯ᠎ᠢ ᠳᠡᠭᠡᠭ᠌ᠰᠢᠯᠡᠭᠦᠯᠵᠦ᠍᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ 6000 ᠳ᠋ᠦᠩᠱᠢᠭᠤᠷ ᠲᠥᠭᠦᠷᠢᠭ ᠲᠣᠬᠢᠷᠠᠭᠤᠯᠤᠨ᠎ᠠ᠃ ᠬᠡᠷᠡᠭ᠌ᠯᠡᠭᠡ᠎ᠶ᠋ᠢ ᠠᠬᠢᠭᠤᠯᠵᠤ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠮᠥᠷᠲᠡᠭᠡᠨ ᠪᠦᠲᠦᠴᠡ᠎ᠳᠤ ᠲᠣᠬᠢᠷᠠᠭᠤᠯᠤᠯᠲᠠ ᠬᠢᠵᠦ᠍ ᠰᠡᠯᠭᠦᠬᠦ᠌ ᠬᠦᠴᠦᠨ᠎ᠢ ᠨᠡᠮᠡᠭ᠌ᠳᠡᠭᠦᠯᠬᠦ᠌ 《ᠬᠤᠶᠠᠷ ᠱᠢᠨ᠎ᠡ ᠨᠢᠭᠡ ᠴᠢᠬᠤᠯᠠ》 ᠪᠦᠲᠦᠭᠡᠨ ᠪᠠᠢᠭᠤᠯᠤᠯᠲᠠ᠎ᠶ᠋ᠢ ᠭᠤᠣᠯᠳᠠᠯᠭ᠎ᠠ᠎ᠲᠠᠢ ᠳᠠᠮᠵᠢᠨ᠎ᠠ᠂ ᠡᠭᠦᠨ᠎ᠳᠤ ᠭᠤᠤᠯᠳᠠᠭᠤ᠄ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠰᠦᠯᠵᠢᠶ᠎ᠡ᠎ᠶ᠋ᠢ ᠬᠥᠭ᠌ᠵᠢᠭᠦᠯᠵᠦ᠍᠂ 5G ᠶ᠋ᠢᠨ ᠬᠡᠷᠡᠭ᠌ᠯᠡᠯᠲᠡ᠎ᠶ᠋ᠢ ᠥᠷᠭᠡᠳᠭᠡᠨ᠎ᠠ᠃ ᠳ᠋ᠡᠢᠲ᠋ᠠ᠎ᠶ᠋ᠢᠨ ᠲᠦᠪ᠎ᠢ ᠪᠦᠲᠦᠭᠡᠨ ᠪᠠᠢᠭᠤᠯᠵᠤ᠂ ᠴᠠᠬᠢᠯᠭᠠᠨ ᠴᠡᠨᠡᠭ᠌ᠯᠡᠬᠦ᠌ ᠱᠤᠩ ᠵᠡᠷᠭᠡ ᠲᠦᠬᠦᠭᠡᠷᠦᠮᠵᠢ᠎ᠶ᠋ᠢ ᠨᠡᠮᠡᠭ᠌ᠳᠡᠭᠦᠯᠵᠤ᠂ ᠱᠢᠨ᠎ᠡ ᠡᠨᠧᠷᠭᠢ᠎ᠶ᠋ᠢᠨ ᠰᠣᠷᠪᠣᠯᠵᠢ ᠭᠡᠷᠡᠭ᠌ᠯᠡᠭᠦ᠌ ᠮᠠᠱᠢᠨ ᠲᠡᠷᠭᠡ᠎ᠶ᠋ᠢ ᠳᠡᠯᠭᠡᠷᠡᠭᠦᠯᠦᠨ᠂ ᠱᠢᠨ᠎ᠡ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠬᠥᠭ᠌ᠵᠢᠭᠡᠵᠦ᠍᠂ ᠠᠵᠤ ᠦᠢᠯᠡᠰ᠎ᠤᠨ ᠲᠠᠰ ᠳᠡᠪᠱᠢᠬᠦ᠌᠎ᠳᠤ ᠬᠦᠴᠦᠨ ᠨᠡᠮᠡᠷᠢᠯᠡᠨ᠎ᠡ᠃ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠶᠠᠨ᠎ᠤ ᠬᠤᠲᠠ᠎ᠶ᠋ᠢᠨ ᠤᠯᠠᠨ ᠨᠡᠢᠲᠡ᠎ᠶ᠋ᠢᠨ ᠲᠥᠬᠦᠭᠡᠷᠦᠮᠵᠢ ᠪᠠ ᠦᠢᠯᠡᠴᠢᠯᠡᠭᠡᠨ᠎ᠤ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍ ᠪᠠᠢᠭᠠᠳ᠂ ᠲᠠᠷᠢᠶᠠᠴᠢᠳ᠎ᠤᠨ ᠱᠢᠶᠠᠨ᠎ᠤ ᠬᠤᠲᠠ᠎ᠳᠤ ᠣᠴᠢᠵᠤ ᠠᠵᠢᠯ ᠣᠯᠵᠤ ᠠᠢᠯ ᠡᠷᠦᠬᠡ ᠪᠤᠰᠭᠠᠬᠤ ᠲᠠᠯ᠎ᠠ᠎ᠪᠠᠷ᠎ᠬᠢ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠬᠡᠷᠡᠭ᠌ᠴᠡᠭᠡ᠎ᠳᠤ ᠵᠣᠬᠢᠴᠠᠭᠤᠯᠤᠨ᠎ᠠ᠃ 3.9 ᠲᠦᠮᠡᠨ ᠬᠠᠭᠤᠴᠢᠨ ᠰᠠᠭᠤᠭᠠᠯᠢ ᠲᠣᠭᠤᠷᠢᠭ᠎ᠢ ᠦᠭᠡᠷᠡᠴᠢᠯᠡᠨ ᠵᠠᠰᠠᠬᠤ ᠠᠵᠢᠯ᠎ᠢ ᠱᠢᠨ᠎ᠡ᠎ᠪᠠᠷ ᠡᠬᠢᠯᠡᠭᠦᠯᠵᠦ᠍᠂ ᠬᠤᠭᠤᠯᠠᠢ ᠭᠤᠤᠷᠰᠤ᠎ᠶ᠋ᠢᠨ ᠲᠤᠤᠷ᠎ᠢ ᠦᠭᠡᠷᠡᠴᠢᠯᠡᠨ ᠪᠠᠢᠭᠤᠯᠬᠤ᠂ ᠴᠠᠬᠢᠯᠭᠠᠨ ᠱᠠᠳᠤ ᠨᠡᠮᠡᠵᠦ᠍ ᠤᠭ᠍ᠰᠠᠷᠠᠬᠤ ᠵᠡᠷᠭᠡ᠎ᠶ᠋ᠢ ᠳᠡᠮᠵᠢᠵᠤ᠂ ᠭᠡᠷ᠎ᠲᠡᠭᠡᠨ ᠨᠠᠰᠤᠲᠠᠨ᠎ᠢ ᠠᠰᠠᠷᠠᠬᠤ᠂ ᠬᠤᠭᠤᠯᠠᠯᠠᠬᠤ᠂ ᠴᠠᠪᠡᠷᠯᠡᠵᠦ᠍ ᠠᠷᠢᠯᠭᠠᠬᠤ ᠵᠡᠷᠬᠡ ᠤᠯᠠᠨ ᠶᠠᠩᠵᠤ᠎ᠶ᠋ᠢᠨ ᠨᠡᠢᠬᠡᠮ ᠳᠤᠭᠤᠷᠢᠭ᠎ᠤᠨ ᠦᠢᠯᠡᠴᠢᠯᠡᠭᠡ᠎ᠶ᠋ᠢ ᠬᠦᠭ᠌ᠵᠢᠬᠦᠯᠦᠨᠡ᠃ ᠵᠠᠮ ᠬᠠᠷᠢᠯᠴᠠᠭ᠎ᠠ᠂ ᠤᠰᠤᠨ ᠠᠱᠢᠬ᠍ᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠯᠤᠰ᠎ᠤᠨ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠬᠥᠷᠥᠩᠭᠡ ᠮᠥᠩᠭᠦ᠎ᠶ᠋ᠢ 1000 ᠳ᠋ᠦᠩᠱᠢᠭᠤᠷ ᠲᠥᠭᠦᠷᠢᠭ ᠨᠡᠮᠡᠭ᠌ᠳᠡᠭᠦᠯᠦᠨ᠎ᠡ᠃ ᠵᠠᠬ᠎ᠠ ᠳᠡᠯᠭᠡᠭᠦᠷᠴᠢᠯᠡᠭ᠌ᠰᠡᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠡᠷᠬᠡ ᠲᠡᠭ᠌ᠰᠢ᠎ᠪᠠᠷ ᠣᠷᠣᠯᠴᠠᠬᠤ᠎ᠶ᠋ᠢ ᠲᠡᠮᠵᠢᠨ᠎ᠠ᠃ ᠲᠦᠰᠦᠯ᠎ᠤᠨ ᠱᠢᠯᠢᠳᠡᠭ᠎ᠢ᠎ᠨᠢ ᠰᠣᠩᠭᠤᠨ᠂ ᠠᠷᠬᠠᠭ ᠭᠡᠮ ᠦᠯᠡᠳᠡᠭᠡᠬᠦ᠌ ᠥᠬᠡᠶ ᠪᠠᠢᠵᠤ᠂ ᠪᠠᠯᠠ ᠣᠷᠣᠭᠤᠯᠤᠯᠲᠠ᠎ᠶ᠋ᠢᠨ ᠦᠷ᠎ᠡ ᠠᠱᠢᠭ᠎ᠢ ᠲᠠᠰᠤᠷᠠᠯᠲᠠ ᠦᠭᠡᠢ ᠪᠠᠳᠠᠷᠠᠭᠤᠯᠤᠨ᠎ᠠ᠃
ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠭᠦᠨᠵᠡᠭᠡᠢ ᠠᠬᠢᠭᠤᠯᠤᠨ᠎ᠠ᠃ ᠲᠥᠪ ᠬᠤᠲᠠ ᠪᠠ ᠬᠤᠳᠠ᠎ᠶ᠋ᠢᠨ ᠪᠥᠬᠡᠬᠡᠨᠡᠷᠡᠯᠤᠨ ᠶᠡᠷᠦᠩᠬᠡᠢᠯᠡᠨ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠠᠵᠤ ᠦᠢᠯᠡᠰ᠎ᠢ ᠪᠤᠢᠵᠢᠭᠤᠯᠤᠨ᠂ ᠠᠵᠢᠯ ᠣᠯᠭᠤᠯᠲᠠ᠎ᠶ᠋ᠢ ᠨᠡᠮᠡᠭ᠌ᠳᠡᠭᠦᠯᠦᠨ᠎ᠡ᠃ ᠭᠡᠷ ᠪᠠᠢᠱᠢᠩ᠎ᠢ ᠪᠤᠯ ᠰᠠᠭᠤᠬᠤ᠎ᠶ᠋ᠢᠨ ᠲᠦᠯᠦᠭᠡ ᠪᠠᠷᠢᠭ᠍ᠰᠠᠨ᠎ᠠᠴᠠ ᠪᠢᠰᠢ ᠰᠠᠷᠢᠭᠠᠯᠠᠬᠤ᠎ᠶ᠋ᠢᠨ ᠲᠦᠯᠦᠭᠡ ᠪᠠᠷᠢᠭ᠍ᠰᠠᠨ ᠪᠢᠰᠢ ᠭᠡᠬᠦ᠌ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠬᠤᠲᠠ᠎ᠶ᠋ᠢᠨ ᠪᠠᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠡᠷ ᠪᠠᠢᠱᠢᠩ ᠭᠠᠵᠠᠷ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ ᠬᠥᠭ᠌ᠵᠢᠯᠳᠡ᠎ᠶ᠋ᠢ ᠠᠬᠢᠭᠤᠯᠤᠨ᠎ᠠ᠃ ᠠᠷᠠᠳ᠎ᠲᠤ ᠳᠦᠬᠦᠮ ᠦᠵᠡᠭᠦᠯᠬᠦ᠂ ᠰᠠᠭᠠᠳ ᠦᠭᠡᠢ ᠲᠥᠬᠦᠭᠡᠷᠦᠮᠵᠢ᠎ᠶ᠋ᠢ ᠲᠡᠭᠦᠯᠳᠡᠷᠵᠢᠭᠦᠯᠵᠦ᠍᠂ ᠬᠤᠳᠠ᠎ᠶ᠋ᠢ ᠠᠵᠢᠯᠯᠠᠬᠤ ᠪᠠ ᠣᠷᠣᠱᠢᠨ ᠰᠠᠭᠤᠬᠤ᠎ᠳᠤ ᠨᠡᠩ ᠲᠣᠬᠢᠷᠠᠮᠵᠢᠲᠠᠢ ᠪᠣᠯᠭᠠᠨ᠎ᠠ᠃
ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠦᠷᠭᠡᠯᠡᠨ ᠨᠠᠢᠳᠠᠪᠤᠷᠢᠵᠢᠭᠤᠯᠤᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠂ ᠵᠡᠬᠦᠨ ᠬᠤᠢᠳᠥ ᠣᠷᠣᠨ᠎ᠢ ᠪᠥᠬᠦ᠌ ᠲᠠᠯ᠎ᠠ᠎ᠪᠠᠷ ᠬᠥᠭ᠌ᠵᠢᠬᠦᠯᠦᠨ ᠮᠠᠨᠳᠣᠭᠤᠯᠬᠤ᠂ ᠲᠣᠮᠳᠠ ᠬᠡᠰᠡᠭ᠎ᠤᠨ ᠭᠠᠵᠠᠷ ᠣᠷᠣᠨ᠎ᠢ ᠮᠠᠨᠳᠣᠭᠤᠯ᠎ᠤᠨ ᠬᠥᠭ᠌ᠵᠢᠬᠦᠯᠬᠦ᠂ ᠵᠡᠬᠦᠨ ᠬᠡᠰᠡᠭ᠎ᠤᠨ ᠭᠠᠵᠠᠷ ᠣᠷᠣᠨ᠎ᠢ ᠣᠷᠢᠳ᠎ᠢᠶᠠᠷ ᠬᠥᠭ᠌ᠵᠢᠬᠦᠯᠬᠦ᠌᠎ᠶ᠋ᠢ ᠦᠷᠭᠦᠯᠵᠢᠯᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠭ᠍ᠰᠠᠨ ᠬᠥᠭ᠌ᠵᠢᠯᠲᠡ᠂ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠂ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠭᠦᠨᠵᠡᠭᠡᠶ ᠠᠬᠢᠭᠤᠯᠤᠨ᠎ᠠ᠃ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠶᠡᠭᠡ ᠬᠠᠮᠠᠭᠠᠯᠠᠯᠲᠠ᠎ᠶ᠋ᠢ ᠬᠠᠮᠲᠤ᠎ᠪᠠᠷ ᠠᠳᠭᠤᠬᠤ᠎ᠶ᠋ᠢ ᠠᠬᠢᠭᠤᠯᠤᠨ᠎ᠠ᠃ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠣᠪᠴᠢ᠎ᠶ᠋ᠢ ᠨᠠᠢᠷᠠᠭᠤᠯᠤᠨ ᠵᠣᠬᠢᠶᠠᠨ᠎ᠠ᠃ ᠴᠧᠩᠳᠦ᠋ ᠴᠦᠩᠴᠢᠩ ᠣᠷᠣᠨ᠎ᠤ ᠬᠤᠶᠠᠷ ᠬᠤᠲᠠ᠎ᠶ᠋ᠢᠨ ᠠᠵᠤ ᠠᠬᠤᠢ᠎ᠶ᠋ᠢᠨ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠲᠦᠷᠭᠡᠯᠡᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠳᠠᠯᠠᠢ ᠲᠠᠩᠭᠢᠰ᠎ᠤᠨ ᠠᠵᠤ ᠠᠬᠤᠶ᠎ᠶ᠋ᠢ ᠬᠥᠭ᠌ᠵᠢᠭᠦᠯᠦᠨ᠎ᠡ᠃
ᠬᠤᠪᠧᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠬᠠᠮ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠠᠵᠢᠯ ᠣᠯᠭᠤᠯᠲᠠ᠎ᠶ᠋ᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠢᠯᠯᠠᠭ᠎ᠠ᠎ᠨᠢ ᠪᠠᠲᠤᠯᠠᠬᠤ᠎ᠶ᠋ᠢ ᠳᠡᠮᠵᠢᠵᠦ᠍᠂ ᠠᠵᠤ ᠠᠬᠤᠶ ᠨᠡᠢᠭᠡᠮ᠎ᠤᠨ ᠡᠮᠬᠢ ᠵᠢᠷᠤᠮ᠎ᠢ ᠪᠦᠬᠦ᠌ ᠲᠠᠯ᠎ᠠ᠎ᠪᠠᠷ ᠰᠡᠷᠭᠦᠭᠡᠬᠦ᠌᠎ᠶ᠋ᠢ ᠠᠬᠢᠭᠤᠯᠤᠨ᠎ᠠ᠃
ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠬᠠᠤᠯᠢ ᠶᠣᠰᠣᠭᠠᠷ᠂ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠴᠠᠲᠠᠶ᠎ᠪᠠᠷ ᠪᠣᠬᠢᠷᠲᠤᠯ᠎ᠢ ᠵᠠᠰᠠᠬᠤ᠎ᠶ᠋ᠢ ᠲᠤᠪᠤᠢᠯᠭᠠᠨ᠎ᠠ᠃ ᠭᠤᠤᠯᠳᠠᠯᠭ᠎ᠠ᠎ᠲᠠᠢ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠭᠦᠨᠵᠡᠭᠡᠢᠷᠡᠭᠦᠯᠦᠨ᠎ᠡ᠃ ᠪᠣᠬᠢᠷ ᠤᠰᠤ᠂ ᠬᠤᠭ ᠨᠣᠪᠰᠢ᠎ᠶ᠋ᠢ ᠱᠢᠢᠳᠪᠦᠷᠢᠯᠡᠬᠦ᠌ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠢᠳᠤᠷᠠᠯ᠎ᠤᠨ ᠬᠤᠭ ᠨᠤᠪᠰᠢ᠎ᠶ᠋ᠢᠨ ᠲᠦᠷᠦᠯ ᠬᠤᠪᠢᠶᠠᠬᠤ᠎ᠶ᠋ᠢ ᠠᠬᠢᠭᠤᠯᠤᠨ᠎ᠠ᠃ ᠬᠦᠮᠦᠨ ᠠᠮᠠ ᠲᠦᠪᠯᠡᠷᠡᠭ᠌ᠰᠡᠨ ᠤᠷᠤᠨ᠎ᠳᠠᠬᠢ ᠠᠶᠤᠯᠲᠠᠶ ᠬᠢᠮᠢ᠎ᠶ᠋ᠢᠨ ᠪᠣᠳᠠᠰ ᠦᠢᠯᠡᠳᠪᠦᠷᠢᠯᠡᠬᠦ᠌ ᠠᠵᠤ ᠠᠬᠤᠢᠯᠠᠯ᠎ᠢ ᠨᠡᠭᠦᠯᠭᠡᠨ ᠥᠭᠡᠷᠡᠴᠢᠯᠡᠬᠦ᠌ ᠠᠵᠢᠯ᠎ᠢ ᠲᠦᠷᠭᠡᠳᠭᠡᠨ᠎ᠡ᠃ ᠡᠨᠧᠷᠭᠢ ᠠᠷᠪᠢᠯᠠᠵᠤ ᠣᠷᠴᠢᠨ ᠠᠬᠤᠶ᠎ᠶ᠋ᠢ ᠬᠠᠮᠠᠭᠠᠯᠠᠬᠤ ᠠᠵᠤ ᠦᠢᠯᠡᠰ᠎ᠢ ᠪᠤᠵᠠᠭᠠᠢᠷᠠᠭᠤᠯᠤᠨ᠎ᠠ᠃ ᠬᠡᠭᠡᠷ᠎ᠡ᠎ᠶ᠋ᠢᠨ ᠠᠮᠢᠲᠠᠨ᠎ᠢ ᠬᠠᠤᠯᠢ ᠪᠤᠰᠤ᠎ᠪᠠᠷ ᠠᠩᠨᠠᠵᠤ ᠬᠤᠷᠤᠭᠠᠬᠤ ᠪᠠ ᠠᠷᠠᠯᠵᠢᠶᠠᠯᠠᠬᠤ᠂ ᠢᠳᠡᠬᠦ᠌ ᠦᠢᠯᠡ ᠠᠵᠢᠯᠯᠠᠭ᠎ᠠ᠎ᠶ᠋ᠢ ᠴᠢᠩᠭ᠎ᠠ ᠱᠢᠢᠳᠭᠡᠨ᠎ᠡ᠃ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠤᠨ᠎ᠠ᠃
ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠢ ᠪᠠᠲᠤᠯᠠᠨ᠎ᠠ᠃ ᠨᠡᠬᠦᠷᠡᠰᠦ᠎ᠶ᠋ᠢ ᠴᠡᠪᠡᠷ ᠪᠦᠭᠡᠳ ᠦᠨᠳᠤᠷ ᠪᠦᠳᠦᠮᠵᠢᠳᠡᠢ ᠠᠱᠢᠭ᠍ᠯᠠᠬᠤ᠎ᠶ᠋ᠢ ᠠᠬᠢᠭᠤᠯᠵᠤ᠂ ᠳᠠᠬᠢᠨ ᠡᠭᠦᠰᠴᠦ᠍ ᠪᠤᠯᠬᠤ ᠡᠨᠧᠷᠭᠢ᠎ᠶ᠋ᠢᠨ ᠰᠤᠷᠪᠤᠯᠵᠢ᠎ᠶ᠋ᠢ ᠬᠥᠭ᠌ᠵᠢᠭᠦᠯᠵᠦ᠍᠂ ᠴᠢᠯᠠᠭᠤᠨ ᠲᠤᠰᠤ᠂ ᠪᠠᠢᠭᠠᠯᠢ᠎ᠶ᠋ᠢᠨ ᠱᠢᠲᠠᠮᠠᠬᠠᠶ ᠬᠡᠢ᠂ ᠴᠠᠬᠢᠯᠭᠠᠨ ᠬᠦᠴᠦᠨ᠎ᠤ ᠦᠢᠯᠡᠳᠪᠦᠷᠢᠯᠡᠬᠦ᠌ ᠬᠠᠩᠭᠠᠬᠤ ᠪᠣᠷᠣᠯᠠᠭᠤᠯᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠡᠨᠧᠷᠭᠢ᠎ᠶ᠋ᠢᠨ ᠰᠤᠷᠪᠤᠯᠵᠢ᠎ᠶ᠋ᠢ ᠨᠥᠭᠡᠴᠡᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
ᠵᠢᠷᠭᠤᠭ᠎ᠠ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ ᠲᠠᠷᠢᠶᠠᠯᠠᠩ᠎ᠤᠨ ᠡᠯᠪᠡᠭ ᠬᠤᠷᠢᠶᠠᠯᠲᠠ᠎ᠶ᠋ᠢ ᠣᠯᠵᠤ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ
ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠵᠤ᠂ ᠲᠠᠷᠢᠶᠠᠴᠢᠳ᠎ᠤᠨ ᠠᠮᠢᠳᠤᠷᠠᠯ᠎ᠤᠨ ᠲᠦᠪᠱᠢᠨ᠎ᠢ ᠳᠡᠭᠡᠭ᠌ᠰᠢᠯᠡᠭᠦᠯᠦᠨ᠎ᠡ᠃
ᠶᠠᠳᠠᠭᠤ᠎ᠠᠴᠠ ᠠᠩᠬᠢᠵᠢᠷᠠᠭᠤᠯᠬᠤ ᠪᠡᠷᠭᠡ ᠰᠡᠳᠤᠪ᠎ᠢ ᠱᠢᠢᠳᠪᠤᠷᠢᠯᠡᠬᠦ᠌ ᠳᠠᠢᠨ᠎ᠳᠤ ᠵᠠᠪᠠᠯ ᠢᠯᠠᠯᠳᠠ ᠤᠯᠤᠨ᠎ᠠ᠃ ᠦᠯᠡᠳᠡᠵᠦ᠍ ᠪᠠᠢᠭ᠎ᠠ ᠶᠠᠳᠠᠭᠤ ᠬᠦᠴᠢᠷᠳᠡᠯᠲᠡᠶ ᠱᠢᠶᠠᠨ ᠪᠣᠯᠤᠨ ᠶᠠᠳᠠᠭᠤ ᠬᠦᠴᠢᠷᠳᠡᠯᠲᠡᠶ ᠲᠣᠰᠭᠤᠨ᠎ᠢ ᠶᠠᠳᠠᠭᠤ᠎ᠠᠴᠠ ᠠᠩᠬᠢᠵᠢᠷᠠᠭᠤᠯᠵᠤ ᠪᠡᠷᠬᠡ ᠰᠡᠳᠦᠪ᠎ᠢ ᠱᠢᠢᠳᠪᠦᠷᠢᠯᠡᠬᠦ᠌ ᠡᠷᠴᠢᠮ᠎ᠢ ᠴᠢᠩᠭᠠᠷᠠᠭᠤᠯᠵᠤ᠂ ᠭᠠᠳᠠᠭ᠍ᠰᠢ ᠭᠠᠷᠴᠤ᠌ ᠬᠦᠴᠦ᠍ ᠶᠠᠪᠤᠬᠤ ᠬᠥᠳᠡᠯᠮᠦᠷᠢ ᠬᠦᠴᠦ᠎ᠶ᠋ᠢ ᠠᠵᠢᠯ ᠤᠯᠤᠭ᠍ᠰᠠᠨ ᠭᠠᠵᠠᠷ᠎ᠲᠤᠨᠢ ᠠᠵᠢᠯ᠎ᠤᠨ ᠪᠠᠢᠷᠢ᠎ᠶ᠋ᠢ᠎ᠨᠢ ᠲᠣᠭ᠍ᠲᠠᠪᠤᠷᠢᠵᠢᠭᠤᠯᠵᠤ ᠠᠵᠢᠯᠯᠠᠭᠤᠯᠬᠤ ᠬᠡᠷᠡᠭ᠌ᠲᠡᠶ᠃ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠢ ᠰᠡᠷᠭᠦᠭᠡᠨ ᠬᠥᠭ᠌ᠵᠢᠬᠦᠯᠬᠦ᠌᠎ᠶ᠋ᠢ ᠳᠡᠮᠵᠢᠨ᠎ᠡ᠃ ᠣᠨᠳᠣᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌᠎ᠶ᠋ᠢᠨ ᠵᠠᠯᠭᠠᠮᠵᠢ ᠲᠡᠳᠭᠦᠨ ᠳᠡᠮᠵᠢᠭᠦ᠌ ᠠᠵᠢᠯ᠎ᠢ ᠴᠢᠩᠭᠠᠳᠭᠠᠨ᠎ᠠ᠃ ᠵᠡᠭᠦᠨ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ ᠪᠠ ᠲᠦᠪ᠎ᠤᠨ ᠨᠢᠭᠡᠴᠢ᠎ᠶ᠋ᠢᠨ ᠴᠡᠭ ᠲᠤᠭ᠍ᠳᠠᠭᠠᠨ ᠶᠠᠳᠠᠭᠤ᠎ᠶ᠋ᠢ ᠲᠡᠳᠬᠦᠬᠦ᠌ ᠠᠵᠢᠯ᠎ᠢ ᠭᠦᠨᠵᠡᠭᠡᠢᠷᠡᠭᠦᠯᠦᠨ᠎ᠡ᠃ ᠤᠨᠴᠠᠭᠠᠢ ᠶᠡᠳᠠᠭᠤ ᠬᠦᠴᠢᠷᠳᠡᠯᠲᠡᠢ ᠬᠦᠮᠦᠨ ᠠᠮᠠ᠎ᠶ᠋ᠢᠨ ᠦᠨᠳᠦᠰᠦᠨ ᠵᠦᠢᠯ᠎ᠢ ᠪᠠᠲᠤᠯᠠᠬᠤ ᠪᠠᠲᠤᠯᠠᠭ᠎ᠠ᠎ᠶ᠋ᠢ ᠴᠢᠩᠭᠠᠳᠭᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠨᠡᠢᠳᠡᠮ ᠪᠠᠢᠴᠠᠭᠠᠯᠲᠠ᠎ᠶ᠋ᠢ ᠰᠠᠢᠲᠤᠷ ᠬᠢᠨ᠎ᠡ᠃ ᠶᠠᠳᠠᠭᠤ᠎ᠠᠴᠠ᠎ᠪᠠᠨ ᠠᠩᠬᠢᠵᠢᠷᠠᠭ᠍ᠰᠠᠨ ᠱᠢᠶᠠᠨ᠎ᠤ ᠲᠡᠳᠬᠦᠬᠦ᠌ ᠭᠤᠤᠯ ᠪᠤᠯᠬᠤ ᠲᠦᠷᠦ᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠯᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭ᠍ᠰᠠᠨ ᠤᠯᠠᠨ ᠲᠦᠮᠡᠨ᠎ᠢ ᠪᠦᠬᠦ᠌ ᠬᠦᠴᠦᠨ᠎ᠢᠶᠠᠷ ᠪᠠᠶᠠᠵᠢᠭᠤᠯᠤᠨ ᠴᠢᠨᠡᠭᠡᠯᠢᠭ᠌ᠵᠢᠭᠦᠯᠦᠨᠡ᠃
ᠲᠠᠷᠢᠶᠠᠯᠠᠩ᠎ᠤᠨ ᠦᠢᠯᠡᠳᠪᠦᠷᠢᠯᠡᠯ᠎ᠢ ᠬᠦᠴᠦᠯᠡᠨ ᠰᠠᠢᠲᠤᠷ ᠠᠳᠭᠤᠨ᠎ᠠ᠃ ᠠᠮᠤ ᠪᠤᠳᠠᠭ᠎ᠠ᠎ᠶ᠋ᠢᠨ ᠲᠠᠷᠢᠬᠤ ᠲᠠᠯᠠᠪᠠᠢ ᠪᠠ ᠤᠨᠠᠯᠲᠠ᠎ᠶ᠋ᠢ ᠲᠣᠭ᠍ᠲᠠᠪᠤᠷᠢᠵᠢᠭᠤᠯᠵᠤ᠂ ᠳᠠᠬᠢᠨ ᠲᠠᠷᠢᠬᠤ ᠢᠯᠡᠳᠭᠡᠭ᠌ᠴᠢ ᠲᠤᠭ᠎ᠠ᠎ᠶ᠋ᠢ ᠳᠡᠭᠡᠭ᠌ᠰᠢᠯᠡᠭᠦᠯᠵᠦ᠍᠂ ᠲᠤᠲᠤᠷᠭ᠎ᠠ ᠬᠤᠳᠠᠯᠳᠤᠨ ᠠᠪᠬᠤ ᠨᠠᠭᠠᠲᠤ ᠵᠠᠬ᠎ᠠ᠎ᠶ᠋ᠢᠨ ᠦᠨ᠎ᠡ᠎ᠶ᠋ᠢ ᠳᠡᠭᠡᠭ᠌ᠰᠢᠯᠡᠭᠦᠯᠵᠦ᠍᠂ ᠠᠮᠤ ᠪᠤᠳᠠᠭᠠᠨ᠎ᠤ ᠭᠠᠷᠤᠯᠲᠠ ᠶᠡᠬᠡᠲᠡᠶ ᠱᠢᠶᠠᠨ᠎ᠤ ᠱᠠᠩᠨᠠᠯ ᠬᠥᠬᠢᠭᠦᠯᠦᠯ᠎ᠢ ᠨᠡᠮᠡᠭ᠌ᠳᠡᠭᠦᠯᠵᠦ᠍᠂ ᠬᠦᠨᠳᠦ ᠶᠡᠭᠡ ᠡᠪᠡᠳᠴᠢᠨ ᠬᠤᠷᠣᠬᠠᠶ᠎ᠶ᠋ᠢᠨ ᠬᠥᠨᠥᠭᠡᠯ᠎ᠢ ᠶᠡᠭᠡ᠎ᠪᠠᠷ ᠰᠡᠷᠭᠡᠢᠯᠡᠨ ᠵᠠᠰᠠᠨ᠎ᠠ᠃ ᠱᠢᠷ᠎ᠠ ᠪᠤᠷᠴᠠᠭ ᠵᠡᠷᠭᠡ ᠲᠤᠰᠤᠯᠢᠬ ᠲᠠᠷᠢᠮᠠᠯ᠎ᠤᠨ ᠦᠢᠯᠡᠳᠪᠦᠷᠢᠯᠡᠯ᠎ᠢ ᠳᠡᠮᠵᠢᠨ᠎ᠠ᠃ ᠬᠠᠤᠯᠢ ᠲᠣᠭ᠍ᠲᠠᠭᠠᠯ᠎ᠠᠴᠠ ᠵᠥᠷᠢᠴᠡᠨ ᠲᠠᠷᠢᠶᠠᠨ ᠭᠠᠵᠠᠷ᠎ᠢ ᠡᠵᠡᠯᠡᠭ᠌ᠰᠡᠨ ᠦᠢᠯᠡ ᠠᠵᠢᠯᠯᠠᠭ᠎ᠠ᠎ᠶ᠋ᠢ ᠵᠠᠯᠬᠠᠭᠠᠨ ᠱᠢᠢᠳᠭᠡᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 8000 ᠲᠦᠮᠡᠨ ᠮᠦ᠍ ᠱᠢᠨ᠎ᠡ᠎ᠪᠠᠷ ᠪᠠᠢᠭᠤᠯᠤᠨ᠎ᠠ᠃ ᠱᠢᠯᠢᠳᠡᠭ ᠴᠢᠨᠠᠷ ᠰᠠᠢᠲᠠᠢ ᠡᠭᠦᠯᠳᠡᠷ᠎ᠢ ᠪᠤᠢᠵᠢᠭᠤᠯᠤᠨ ᠳᠡᠯᠭᠡᠷᠡᠭᠦᠯᠦᠨ᠎ᠠ᠃ ᠲᠡᠷᠢᠶᠠᠯᠠᠩ᠎ᠤᠨ ᠮᠠᠱᠢᠨ ᠬᠤᠳᠠᠯᠳᠤᠨ ᠠᠪᠬᠤ᠎ᠳᠤ ᠨᠦᠬᠦᠪᠦᠷᠢ ᠦᠭ᠌ᠬᠦ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠠ᠃ ᠬᠦᠳᠡᠭᠡ ᠳᠤᠰᠭᠤᠨ᠎ᠤ ᠦᠬᠡᠷᠡᠴᠢᠯᠡᠯᠳᠠ᠎ᠶ᠋ᠢ ᠬᠦᠨᠵᠡᠬᠡᠢᠷᠡᠬᠦᠯᠦᠨᠡ᠃ ᠠᠹᠷᠢᠺᠡ ᠲᠢᠪ᠎ᠤᠨ ᠭᠠᠭ᠍ᠠᠢ᠎ᠶ᠋ᠢᠨ ᠬᠢᠵᠢᠭ ᠵᠡᠷᠭᠡ ᠬᠢᠵᠢᠭ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ᠎ᠶ᠋ᠢ ᠴᠢᠩᠭᠠᠳᠭᠠᠵᠤ᠂ ᠭᠠᠭ᠍ᠠᠶ ᠲᠡᠵᠢᠭᠡᠬᠦ᠌ ᠦᠢᠯᠡᠳᠪᠦᠷᠢᠯᠡᠯ᠎ᠢ ᠰᠡᠷᠭᠦᠭᠡᠵᠤ᠂ ᠮᠠᠯ ᠵᠢᠭᠦᠷᠳᠡᠨ᠂ ᠤᠰᠤᠨ ᠭᠠᠷᠤᠯᠲᠠ᠎ᠶ᠋ᠢᠨ ᠲᠡᠵᠢᠭᠡᠪᠤᠷᠢ᠎ᠶ᠋ᠢ ᠬᠦᠭ᠌ᠵᠢᠬᠦᠯᠦᠨ᠎ᠠ᠃ ᠲᠡᠷᠢᠶᠠᠯᠠᠩ᠎ᠤᠨ ᠪᠦᠲᠦᠭᠡᠭ᠌ᠳᠡᠭᠦᠨ᠎ᠤ ᠭᠦᠢᠯᠭᠡᠭᠡᠨ᠎ᠤ ᠱᠢᠰᠲ᠋ᠧᠮ᠎ᠢ ᠪᠦᠷᠢᠨᠱᠢᠭᠦᠯᠦᠨ᠎ᠠ᠃ 《ᠬᠦᠨᠡᠰᠦᠨ᠎ᠤ ᠤᠭᠤᠲᠠ》 ᠶ᠋ᠢ ᠮᠤᠵᠢ᠎ᠶ᠋ᠢᠨ ᠳᠠᠷᠤᠭ᠎ᠠ ᠬᠠᠷᠢᠭᠤᠴᠠᠬᠤ ᠳᠦᠷᠢᠮ ᠪᠠ 《ᠨᠤᠭᠤᠭᠠᠨ᠎ᠤ ᠰᠠᠭ᠍ᠰᠤ》 ᠶ᠋ᠢ ᠬᠤᠲᠠ᠎ᠶ᠋ᠢᠨ ᠳᠠᠷᠤᠭ᠎ᠠ ᠬᠠᠷᠢᠭᠤᠴᠠᠬᠤ ᠳᠦᠷᠢᠮ᠎ᠢ ᠪᠣᠳᠠᠲᠠᠶ ᠨᠠᠢᠳᠠᠪᠤᠷᠢᠵᠢᠭᠤᠯᠤᠨ᠎ᠠ᠃ ᠳᠤᠮᠳᠠᠳᠤ ᠤᠯᠤᠰ᠎ᠤᠨ 14 ᠳ᠋ᠦᠩᠱᠢᠭᠤᠷ ᠬᠥᠮᠦᠨ ᠠᠮᠠ᠎ᠶ᠋ᠢᠨ ᠬᠤᠭᠤᠯᠠ ᠬᠦᠨᠡᠰᠦᠨ᠎ᠤ ᠠᠰᠠᠭᠤᠳᠠᠯ᠎ᠢ ᠪᠢᠳᠡ ᠪᠡᠶ᠎ᠡ᠎ᠳᠡᠭᠡᠨ ᠲᠦᠱᠢᠭ᠌ᠯᠡᠨ ᠱᠢᠢᠳᠪᠦᠷᠢᠯᠡᠬᠦ᠌ ᠴᠢᠳᠠᠪᠤᠷᠢ᠎ᠲᠠᠢ ᠪᠦᠭᠡᠳ ᠵᠠᠪᠠᠯ ᠪᠡᠶ᠎ᠡ᠎ᠳᠡᠭᠡᠨ ᠲᠦᠱᠢᠭ᠌ᠯᠡᠨ ᠱᠢᠢᠳᠪᠦᠷᠢᠯᠡᠬᠦ᠌ ᠬᠡᠷᠡᠭ᠌ᠲᠡᠢ᠃
ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠎ᠡ᠃ ᠲᠠᠷᠢᠶᠠᠴᠢᠳ᠎ᠤᠨ ᠦᠢᠷ᠎ᠡ ᠬᠠᠪᠢ᠎ᠳᠠᠭᠠᠨ ᠠᠵᠢᠯ ᠣᠯᠵᠤ ᠠᠳᠠᠯ ᠦᠢᠯᠡᠰ ᠴᠣᠭ᠍ᠴᠠᠯᠠᠬᠤ᠎ᠶ᠋ᠢ ᠳᠠᠮᠵᠢᠵᠤ᠂ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠦᠭ᠌ᠵᠢᠬᠦ᠌᠎ᠶ᠋ᠢ ᠠᠬᠢᠭᠤᠯᠵᠤ᠂ ᠠᠵᠢᠯ ᠣᠯᠭᠤᠬᠤ᠎ᠪᠠᠷ ᠲᠡᠳᠬᠦᠮᠵᠢ᠎ᠶ᠋ᠢ ᠣᠷᠣᠯᠠᠭᠤᠯᠬᠤ ᠬᠡᠪᠴᠢᠶ᠎ᠡ᠎ᠶ᠋ᠢ ᠥᠷᠭᠡᠳᠭᠡᠨ᠂ ᠨᠤᠲᠤᠭ᠎ᠲᠠᠭᠠᠨ ᠪᠤᠴᠠᠭ᠍ᠰᠠᠨ ᠬᠦᠯᠦᠰᠦᠨ ᠠᠵᠢᠯᠴᠢᠨ᠎ᠢ ᠬᠢᠬᠦ᠌ ᠠᠵᠢᠯ᠎ᠲᠠᠢ᠂ ᠤᠯᠬᠤ ᠣᠷᠣᠯᠭ᠎ᠠ᠎ᠲᠠᠢ ᠪᠣᠯᠭᠠᠨ᠎ᠠ᠃ ᠵᠤᠬᠢᠬᠤ ᠬᠡᠪᠴᠢᠶ᠎ᠡ᠎ᠳᠦ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠲᠡᠳᠬᠦᠵᠦ᠍᠂ ᠲᠠᠷᠢᠶᠠᠴᠢᠳ᠎ᠤᠨ ᠲᠤᠬᠠᠢᠯᠠᠭ᠍ᠰᠠᠨ ᠠᠵᠢᠯ᠎ᠤᠨ ᠮᠡᠷᠭᠡᠵᠢᠯ ᠴᠢᠳᠠᠪᠤᠷᠢ᠎ᠶ᠋ᠢᠨ ᠪᠤᠯᠪᠠᠰᠤᠷᠠᠯ᠎ᠢ ᠴᠢᠩᠭᠠᠳᠭᠠᠨ᠎ᠠ᠃ ᠬᠦᠯᠦᠰᠦᠨ ᠠᠵᠢᠯᠴᠢᠨ᠎ᠤ ᠴᠠᠯᠢᠩ ᠬᠦᠯᠦᠰᠤ᠎ᠶ᠋ᠢ ᠦᠷᠢᠳᠦᠬᠦ᠌ ᠠᠰᠠᠭᠤᠳᠠᠯ᠎ᠢ ᠬᠠᠤᠯᠢ ᠶᠤᠰᠤᠭᠠᠷ ᠦᠨᠳᠦᠰᠦᠨ᠎ᠠᠴᠠ᠎ᠨᠢ ᠵᠠᠰᠠᠨ᠎ᠠ᠃ ᠵᠤᠬᠢᠬᠤ ᠬᠡᠪᠴᠢᠶ᠎ᠠ᠎ᠲᠠᠢ ᠬᠡᠪᠴᠢᠶᠠᠵᠢᠭ᠍ᠰᠡᠨ ᠡᠵᠡᠩᠨᠡᠯᠲᠡ᠎ᠶ᠋ᠢᠨ ᠪᠡᠶᠡᠴᠢ ᠴᠤᠭ᠍ᠴᠠ᠎ᠶ᠋ᠢ ᠲᠡᠳᠭᠦᠨ ᠳᠡᠮᠵᠢᠵᠤ᠂ ᠲᠠᠷᠢᠶᠠᠴᠢᠨ ᠡᠷᠦᠬᠡ᠎ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠴᠢᠩᠭᠠᠳᠭᠠᠨ᠎ᠠ᠃ ᠲᠠᠷᠢᠶᠠᠯᠠᠩ᠎ᠤᠨ ᠪᠦᠲᠦᠭᠡᠭ᠌ᠳᠡᠭᠦᠨ᠎ᠤ ᠭᠦᠨᠵᠡᠭᠡᠢ ᠡᠳ᠋ᠱᠢᠭᠦᠯᠦᠨ ᠪᠤᠯᠪᠠᠰᠤᠷᠠᠭᠤᠯᠬᠤ᠎ᠶ᠋ᠢ ᠳᠡᠮᠵᠢᠨ᠎ᠠ᠃ ᠬᠦᠳᠡᠭᠡ ᠨᠤᠲᠤᠭ᠎ᠤᠨ ᠠᠵᠤ ᠦᠢᠯᠡᠰ᠎ᠢ ᠬᠦᠭ᠌ᠵᠢᠬᠦᠯᠬᠦ᠌᠎ᠳᠤ ᠬᠡᠷᠡᠭ᠌ᠯᠡᠬᠦ᠌ ᠭᠠᠵᠠᠷ᠎ᠢ ᠪᠠᠲᠤᠯᠠᠬᠤ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠠ᠃ ᠬᠠᠮᠲᠤ᠎ᠶ᠋ᠢᠨ ᠠᠵᠤ ᠠᠬᠤᠢ᠎ᠶ᠋ᠢᠨ ᠪᠤᠳᠠᠳᠤ ᠬᠦᠴᠦᠨ᠎ᠢ ᠴᠢᠩᠭᠠᠳᠭᠠᠨ᠎ᠠ᠃ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠤᠳᠤ ᠦᠶ᠎ᠡ᠎ᠶ᠋ᠢᠨ ᠲᠠᠷᠢᠶᠠᠯᠠᠩ᠎ᠤᠨ ᠲᠥᠬᠦᠭᠡᠷᠦᠮᠵᠢ᠂ ᠢᠳᠡᠬᠦ᠌ ᠤᠰᠤᠨ᠎ᠤ ᠠᠶᠤᠯᠭᠦᠶ᠎ᠶ᠋ᠢᠨ ᠢᠨᠵᠧᠨᠧᠷᠢᠩ ᠪᠠ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠬᠤ᠎ᠶ᠋ᠢ ᠳᠡᠮᠵᠢᠵᠦ᠍᠂ ᠲᠠᠷᠢᠶᠠᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠤᠨ᠎ᠠ᠃
ᠲᠤᠯᠤᠭ᠎ᠠ᠂ ᠨᠡᠩ ᠥᠨᠳᠥᠷ ᠲᠦᠪᠱᠢᠨ ᠪᠦᠬᠦᠢ ᠭᠠᠳᠠᠭ᠍ᠰᠢ ᠨᠡᠬᠡᠬᠡᠯᠳᠡ᠎ᠶ᠋ᠢ ᠠᠬᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠤᠨ᠎ᠠ
ᠭᠠᠳᠠᠭᠠᠳᠤ ᠣᠷᠴᠢᠨ ᠨᠥᠬᠦᠴᠡᠯ᠎ᠤᠨ ᠬᠤᠪᠢᠷᠠᠯᠲᠠ᠎ᠶ᠋ᠢᠨ ᠡᠮᠦᠨ᠎ᠡ᠂ ᠭᠠᠳᠠᠭ᠍ᠰᠢ ᠨᠡᠭᠡᠭᠡᠯᠲᠡ ᠬᠢᠬᠦ᠌᠎ᠪᠠᠨ ᠡᠷᠡᠰ ᠭᠤᠢᠪᠢᠰᠢ ᠦᠭᠡᠢ ᠥᠷᠭᠡᠳᠭᠡᠵᠦ᠍᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠵᠤ᠂ ᠨᠡᠭᠡᠭᠡᠯᠳᠡ᠎ᠪᠠᠷ ᠥᠭᠡᠷᠡᠴᠢᠯᠡᠯᠲᠡ᠎ᠶ᠋ᠢ ᠠᠬᠢᠭᠤᠯᠵᠤ ᠬᠥᠭ᠌ᠵᠢᠯᠲᠡ᠎ᠶ᠋ᠢ ᠠᠬᠢᠭᠤᠯᠤᠨ᠎ᠠ᠃
ᠭᠠᠳᠠᠭᠠᠳᠤ ᠠᠷᠠᠯᠵᠢᠶᠠᠨ᠎ᠤ ᠦᠨᠳᠦᠰᠦᠨ᠎ᠳᠡᠭᠡᠨ ᠲᠣᠭ᠍ᠲᠠᠭᠤᠨ ᠪᠠᠢᠬᠤ᠎ᠶ᠋ᠢ ᠠᠬᠢᠭᠤᠯᠤᠨ᠎ᠠ᠃ ᠠᠵᠤ ᠠᠬᠤᠢᠯᠠᠯ᠎ᠤᠨ ᠵᠠᠬᠢᠶᠠᠯᠠᠭ᠎ᠠ᠎ᠶ᠋ᠢ ᠨᠡᠮᠡᠭ᠌ᠳᠡᠭᠦᠯᠵᠦ᠍ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠠᠵᠢᠯ ᠣᠯᠭᠤᠯᠲᠠ᠎ᠶ᠋ᠢ ᠪᠠᠲᠤᠯᠠᠬᠤ᠎ᠶ᠋ᠢ ᠳᠡᠮᠵᠢᠬᠦ᠌᠎ᠲᠠᠢ ᠤᠶᠠᠯᠳᠤᠭᠤᠯᠤᠨ᠂ ᠢᠲᠡᠭᠡᠮᠵᠢᠲᠦ ᠵᠢᠭᠡᠯᠡᠯᠭᠡ ᠲᠠᠯᠪᠢᠬᠤ᠎ᠶ᠋ᠢ ᠨᠡᠮᠡᠭ᠌ᠳᠡᠭᠦᠯᠵᠦ᠍᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢ᠎ᠶ᠋ᠢᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠥᠪᠡᠷ᠎ᠤᠨ ᠦᠷᠲᠡᠭ᠎ᠢ ᠪᠠᠭᠤᠷᠠᠭᠤᠯᠵᠤ᠂ ᠭᠠᠳᠠᠭᠠᠳᠤ ᠭᠠᠷᠭᠠᠯᠲᠠ᠎ᠶ᠋ᠢᠨ ᠦᠢᠯᠡᠳᠬᠦᠨ᠎ᠢ ᠳᠣᠲᠣᠭᠠᠳᠤ᠎ᠳᠠᠭᠠᠨ ᠪᠣᠷᠣᠯᠠᠭᠤᠯᠬᠤ᠎ᠶ᠋ᠢ ᠳᠡᠮᠵᠢᠨ᠎ᠡ᠃ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠬᠥᠭ᠌ᠵᠢᠯᠲᠡ᠎ᠶ᠋ᠢ ᠲᠦᠷᠭᠡᠳᠭᠡᠵᠦ᠍᠂ ᠤᠯᠤᠰ᠎ᠤᠨ ᠬᠤᠭᠤᠷᠤᠨᠳᠤᠬᠢ ᠪᠠᠷᠠᠭ᠎ᠠ ᠲᠡᠭᠡᠭᠡᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠱᠢᠨ᠎ᠡ ᠨᠢᠭᠡ ᠡᠭᠡᠯᠵᠢ᠎ᠶ᠋ᠢᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠠ᠎ᠶ᠋ᠢ ᠠᠬᠢᠭᠤᠯᠤᠨ᠎ᠠ᠃ ᠭᠤᠷᠪᠠᠳᠤᠭᠠᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠢ ᠰᠠᠢᠲᠤᠷ ᠪᠡᠯᠡᠳᠭᠡᠨ ᠡᠷᠬᠢᠯᠡᠵᠦ᠍᠂ ᠭᠠᠳᠠᠭᠠᠳᠤ ᠣᠷᠣᠭᠤᠯᠤᠯᠲᠠ᠎ᠶ᠋ᠢ ᠢᠳᠡᠪᠬᠢᠲᠡᠶ᠎ᠪᠠᠷ ᠥᠷᠭᠡᠳᠭᠡᠵᠦ᠍᠂ ᠨᠡᠩ ᠥᠨᠳᠥᠷ ᠲᠦᠪᠱᠢᠨ ᠪᠦᠬᠦᠢ ᠳᠡᠯᠡᠬᠡᠶ᠎ᠳᠤ ᠬᠠᠨᠳᠤᠭ᠍ᠰᠠᠨ ᠲᠤᠮᠤ ᠵᠠᠬ᠎ᠠ ᠳᠡᠯᠭᠡᠭᠦᠷ᠎ᠢ ᠬᠥᠭ᠌ᠵᠢᠭᠦᠯᠦᠨ᠎ᠡ᠃
ᠭᠠᠳᠠᠭᠠᠳᠤ ᠪᠡᠯᠡ᠎ᠶ᠋ᠢ ᠢᠳᠡᠪᠬᠢᠲᠡᠶ ᠠᠱᠢᠬ᠍ᠯᠠᠨ᠎ᠠ᠃ ᠭᠠᠳᠠᠭᠠᠳᠤ ᠪᠡᠯᠡ᠎ᠶ᠋ᠢᠨ ᠣᠷᠣᠬᠤ ᠵᠥᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠶᠡᠭᠡ᠎ᠪᠠᠷ ᠴᠦᠭᠡᠳᠭᠡᠵᠦ᠍᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠨᠡᠢᠲᠡᠯᠡᠨ᠎ᠡ᠃ ᠠᠵᠤ ᠠᠬᠤᠢ᠎ᠶ᠋ᠢᠨ ᠤᠨᠴᠠᠭᠠᠢ ᠤᠷᠤᠨ᠎ᠤ ᠦᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠦᠨ᠎ᠠ᠃ ᠴᠢᠯᠦᠭᠡᠳᠤ ᠠᠷᠠᠯᠵᠢᠶᠠᠨ᠎ᠤ ᠲᠤᠷᠱᠢᠯᠲᠠ᠎ᠶ᠋ᠢᠨ ᠤᠷᠤᠨ᠎ᠳᠤ ᠨᠡᠩ ᠶᠡᠭᠡ ᠦᠭᠡᠷᠠᠴᠢᠯᠡᠯᠲᠠ ᠨᠡᠭᠡᠭᠡᠯᠳᠡ᠎ᠶ᠋ᠢᠨ ᠡᠵᠡᠨ ᠮᠡᠳᠡᠬᠦ᠌ ᠡᠷᠬᠡ ᠣᠯᠭᠤᠵᠤ᠂ ᠳᠤᠮᠳᠠ ᠪᠠᠷᠠᠭᠤᠨ ᠬᠡᠰᠡᠭ᠎ᠤᠨ ᠭᠠᠵᠠᠷ ᠤᠷᠤᠨ᠎ᠳᠤ ᠴᠢᠯᠦᠭᠡᠲᠤ ᠠᠷᠠᠯᠵᠢᠶᠠᠨ᠎ᠤ ᠲᠤᠷᠱᠢᠯᠲᠠ᠎ᠶ᠋ᠢᠨ ᠤᠷᠤᠨ᠂ ᠶᠡᠷᠦᠩᠭᠡᠢᠯᠡᠭ᠌ᠰᠡᠨ ᠭᠠᠢᠯᠢ᠎ᠶ᠋ᠢᠨ ᠪᠠᠲᠤᠯᠠᠭᠠᠲᠤ ᠤᠷᠤᠨ᠎ᠢ ᠨᠡᠮᠡᠨ ᠪᠠᠢᠭᠤᠯᠵᠤ᠂ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢ ᠨᠡᠮᠡᠭ᠌ᠳᠡᠭᠦᠯᠦᠨ᠎ᠠ᠃ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠠ᠃ ᠳᠣᠲᠣᠭᠠᠳᠤ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠳᠤ ᠠᠳᠠᠯᠢ ᠲᠡᠭ᠌ᠰᠢ᠎ᠪᠠᠷ ᠬᠠᠨᠳᠤᠬᠤ᠂ ᠭᠤᠤᠯᠴᠢ᠎ᠪᠠᠷ ᠥᠷᠢᠰᠥᠯᠳᠦᠭᠦᠯᠬᠦ᠌ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠤᠢ ᠪᠣᠯᠭᠠᠨ᠎ᠠ᠃
《ᠨᠢᠭᠡ ᠪᠦᠰᠡ ᠨᠢᠭᠡ ᠵᠠᠮ》 ᠢ ᠬᠠᠮᠲᠤ᠎ᠪᠠᠷ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠬᠠᠮᠲᠤ᠎ᠪᠠᠷ ᠵᠥᠪᠳᠡᠯᠴᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠵᠠᠷᠴᠢᠮ ᠪᠣᠯᠤᠨ ᠣᠯᠠᠨ ᠤᠯᠤᠰ᠎ᠤᠨ ᠨᠡᠢᠳᠡᠮ ᠬᠡᠷᠡᠭ᠌ᠯᠡᠬᠦ᠌ ᠳᠦᠷᠢᠮ᠎ᠢ ᠵᠢᠷᠤᠮᠯᠠᠨ᠂ ᠠᠵᠤ ᠠᠬᠤᠢᠯᠠᠯ᠎ᠤᠨ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠠᠷᠢᠯᠴᠠᠨ ᠬᠠᠷᠠᠭᠠᠯᠵᠠᠯ ᠦᠵᠡᠭᠦᠯᠬᠦ᠌ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠥᠷᠨᠢᠭᠦᠯᠦᠨ᠎ᠡ᠃ ᠭᠠᠳᠠᠭᠠᠳᠤ ᠪᠡᠯᠡ ᠣᠷᠣᠭᠤᠯᠤᠯᠲᠠ᠎ᠶ᠋ᠢ ᠬᠦᠲᠦᠯᠦᠨ ᠵᠢᠯᠤᠭᠤᠳᠴᠤ᠌ ᠡᠷᠡᠭᠦᠯ᠎ᠢᠶᠠᠷ ᠬᠥᠭ᠌ᠵᠢᠬᠦᠯᠤᠨᠠ᠃
ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢ ᠴᠢᠯᠥᠭᠡᠲᠡᠢ ᠪᠤᠯᠭᠠᠬᠤ ᠳᠦᠭᠦᠮ ᠳᠦᠳᠡ ᠪᠤᠯᠭᠠᠬᠤ᠎ᠶ᠋ᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠡᠷᠡᠰ ᠬᠠᠮᠠᠭᠠᠯᠠᠵᠤ᠂ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠳᠤ ᠢᠳᠡᠪᠬᠢᠲᠡᠶ ᠣᠷᠣᠯᠴᠠᠨ᠎ᠠ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠲᠤ ᠭᠠᠷᠤᠨ ᠦᠰᠦᠭ ᠵᠢᠷᠤᠬᠤ᠎ᠶ᠋ᠢ ᠠᠬᠢᠭᠤᠯᠵᠤ᠂ ᠳᠤᠮᠳᠠᠳᠤ ᠶᠠᠫᠣᠨ ᠺᠣᠷᠢᠶᠠ ᠵᠡᠷᠭᠡ᠎ᠶ᠋ᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡ᠎ᠶ᠋ᠢ ᠠᠬᠢᠭᠤᠯᠤᠨ᠎ᠠ᠃ ᠳᠤᠮᠳᠠᠳᠤ ᠠᠮᠧᠷᠢᠺᠠ᠎ᠶ᠋ᠢᠨ ᠠᠩᠬᠠᠳᠤᠭᠠᠷ ᠱᠠᠲᠤᠨ᠎ᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠢ ᠬᠠᠮᠲᠤ᠎ᠪᠠᠷ ᠨᠠᠢᠳᠠᠪᠤᠷᠢᠵᠢᠭᠤᠯᠤᠨ᠎ᠠ᠃ ᠳᠤᠮᠳᠠᠳᠤ ᠤᠯᠤᠰ ᠡᠯ᠎ᠡ ᠤᠯᠤᠰ᠎ᠯᠤᠭ᠎ᠠ᠎ᠶ᠋ᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠪᠠᠷ ᠴᠢᠷᠮᠠᠢᠨ᠎ᠠ᠃
ᠨᠠᠢ᠍ᠮᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠲᠠᠢ ᠤᠶᠠᠯᠳᠤᠭᠤᠯᠤᠨ᠂ ᠨᠡᠢᠭᠡᠮ᠎ᠤᠨ ᠠᠵᠢᠯ ᠦᠢᠯᠡᠰ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠤᠨ᠎ᠠ
ᠬᠦᠴᠢᠷ ᠪᠡᠷᠬᠡᠱᠢᠶᠡᠯ᠎ᠤᠨ ᠡᠮᠦᠨ᠎ᠡ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠬᠢᠵᠠᠭᠠᠷ ᠱᠤᠭᠤᠮ᠎ᠢ ᠡᠷᠡᠰ ᠪᠠᠲᠤ ᠰᠠᠬᠢᠵᠤ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠤᠴᠢᠷ ᠶᠠᠪᠤᠳᠠᠯ᠎ᠢ ᠴᠢᠷᠮᠠᠢᠨ ᠰᠠᠢᠲᠤᠷ ᠬᠢᠬᠦ᠌ ᠬᠡᠷᠡᠭ᠌ᠲᠡᠢ᠃
ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠮᠢ ᠨᠠᠰᠤ ᠶᠠᠭᠤᠨ᠎ᠠᠴᠠ ᠴᠤ᠌ ᠡᠷᠬᠢᠮ ᠨᠠᠨᠳᠢᠨ ᠬᠡᠳᠡᠭ᠎ᠢ ᠪᠡᠷᠢᠮᠳᠠᠯᠠᠵᠤ᠂ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠤᠯ᠎ᠢ ᠥᠭᠡᠷᠡᠴᠢᠯᠡᠵᠦ᠍᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠯᠳᠠᠪᠤᠷᠢᠲᠤ ᠡᠪᠡᠳᠴᠢᠨ᠎ᠢ ᠱᠢᠭᠤᠳ ᠮᠡᠳᠡᠭᠦᠯᠬᠦ᠌ ᠪᠠ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠢᠯᠡ ᠲᠣᠳᠣ ᠨᠡᠢᠲᠡᠯᠡᠬᠦ᠌᠎ᠶ᠋ᠢ ᠪᠠᠷᠢᠮᠲᠠᠯᠠᠨ᠎ᠠ᠃ ᠬᠢᠵᠢᠭ᠎ᠢ ᠡᠰᠡᠷᠭᠦᠴᠡᠬᠦ᠌ ᠤᠯᠤᠰ᠎ᠤᠨ ᠣᠨᠴᠠᠭᠠᠢ ᠵᠢᠭᠡᠯᠡᠯᠭᠡ᠎ᠶ᠋ᠢ ᠰᠠᠢᠲᠤᠷ ᠬᠡᠷᠡᠭ᠌ᠯᠡᠵᠦ᠍᠂ ᠸᠠᠺᠼᠢᠨ᠂ ᠡᠮ᠎ᠤᠨ ᠵᠦᠢᠯ ᠪᠣᠯᠤᠨ ᠲᠦᠷᠭᠡᠨ ᠪᠠᠢᠴᠠᠭᠠᠨ ᠱᠢᠯᠭᠠᠬᠤ ᠮᠡᠷᠭᠡᠵᠢᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠬᠢᠵᠢᠭ᠎ᠢ ᠰᠡᠷᠭᠡᠢᠯᠡᠬᠦ᠌ ᠡᠮᠨᠡᠨ ᠠᠪᠤᠷᠠᠬᠤ ᠡᠮᠨᠡᠯᠭᠡ ᠡᠷᠡᠭᠦᠯ ᠬᠠᠮᠠᠭᠠᠯᠠᠯ᠎ᠤᠨ ᠲᠥᠬᠦᠭᠡᠷᠦᠮᠵᠢ᠎ᠶ᠋ᠢ ᠨᠡᠮᠡᠭ᠌ᠳᠡᠭᠦᠯᠵᠦ᠍᠂ ᠱᠢᠯᠵᠢᠮᠡᠯ ᠲᠤᠷᠱᠢᠯᠲᠠ᠎ᠶ᠋ᠢᠨ ᠲᠠᠰᠤᠭ᠎ᠢ ᠨᠡᠮᠡᠭ᠌ᠳᠡᠬᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠤᠳᠠᠰ᠎ᠤᠨ ᠪᠠᠲᠤᠯᠠᠭ᠎ᠠ᠎ᠶ᠋ᠢ ᠴᠢᠩᠭᠠᠷᠠᠭᠤᠯᠵᠤ᠂ ᠦᠨᠳᠦᠰᠦᠨ ᠱᠠᠳᠤᠨ᠎ᠤ ᠡᠷᠡᠬᠦᠯ ᠬᠠᠮᠠᠭᠠᠯᠠᠯ ᠬᠢᠵᠢᠭ ᠰᠡᠷᠬᠡᠢᠯᠡᠯᠳᠠᠶ᠋ᠢ ᠴᠢᠩᠭᠠᠳᠭᠠᠨ᠎ᠠ᠃ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠴᠢᠳᠠᠪᠤᠷᠢᠲᠠᠨ᠎ᠤ ᠡᠩᠨᠡᠭᠡ᠎ᠶ᠋ᠢ ᠴᠢᠩᠭᠠᠳᠭᠠᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠦᠨ᠎ᠡ᠃ ᠡᠷᠡᠭᠦᠯ ᠬᠠᠮᠠᠭᠠᠯᠠᠯ ᠡᠷᠡᠬᠦᠯ ᠮᠠᠨᠳᠤ᠎ᠶ᠋ᠢᠨ ᠮᠡᠳᠡᠯᠭᠡ᠎ᠶ᠋ᠢ ᠲᠦᠭᠡᠮᠡᠯᠵᠢᠬᠦᠯᠵᠤ᠂ ᠡᠷᠡᠭᠦᠯ ᠰᠠᠷᠠᠭᠤᠯ ᠪᠤᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠨ᠎ᠠ᠃ ᠰᠡᠷᠭᠡᠢᠯᠡᠨ ᠬᠢᠵᠠᠭᠠᠷᠯᠠᠬᠤ ᠴᠢᠳᠠᠪᠤᠷᠢ᠎ᠪᠠᠨ ᠶᠡᠭᠡ᠎ᠪᠠᠷ ᠳᠡᠭᠡᠭ᠌ᠰᠢᠯᠡᠭᠦᠯᠵᠦ᠍᠂ ᠬᠢᠵᠢᠭ᠎ᠤᠨ ᠪᠠᠢᠳᠠᠯ ᠳᠠᠬᠢᠨ ᠳᠡᠯᠭᠡᠷᠡᠬᠦ᠌᠎ᠠᠴᠠ ᠡᠷᠡᠰ ᠰᠡᠷᠭᠡᠢᠯᠡᠵᠦ᠍᠂ ᠠᠷᠠᠳ ᠲᠦᠮᠡᠨ᠎ᠤ ᠡᠷᠡᠭᠦᠯ ᠮᠡᠨᠳᠦ᠎ᠶ᠋ᠢ ᠡᠷᠡᠰ ᠬᠠᠮᠠᠭᠠᠯᠠᠨ᠎ᠠ᠃
ᠦᠨᠳᠦᠰᠦᠨ ᠡᠮᠨᠡᠯᠭᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ᠃ ᠰᠠᠭᠤᠭᠠᠯᠢ ᠠᠷᠠᠳ᠎ᠤᠨ ᠡᠮᠨᠡᠯᠭᠡ᠎ᠶ᠋ᠢᠨ ᠳᠠᠭᠠᠳᠭᠠᠯ᠎ᠤᠨ ᠬᠥᠮᠦᠨ ᠳᠤᠮᠳᠠᠴᠢ᠎ᠶ᠋ᠢᠨ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ 30 ᠲᠥᠭᠦᠷᠢᠭ ᠨᠡᠮᠡᠭ᠌ᠳᠡᠭᠦᠯᠵᠦ᠍᠂ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠮᠤᠵᠢ ᠠᠯᠤᠰᠯᠠᠨ ᠱᠢᠭᠤᠳ ᠲᠠᠰᠤᠯᠤᠨ ᠪᠤᠳᠤᠬᠤ ᠲᠤᠷᠱᠢᠯᠲᠠ᠎ᠶ᠋ᠢ ᠥᠷᠨᠢᠭᠦᠯᠦᠨ᠎ᠡ᠃ ᠬᠢᠵᠢᠭ᠎ᠤᠨ ᠪᠠᠢᠳᠠᠯ᠎ᠳᠤ ᠨᠥᠯᠥᠭᠡᠯᠡᠭ᠌ᠳᠡᠭ᠌ᠰᠡᠨ ᠡᠮᠴᠢᠯᠡᠭᠡᠨ᠎ᠤ ᠪᠠᠢᠭᠤᠯᠤᠮᠵᠢ᠎ᠶ᠋ᠢ ᠳᠡᠳᠬᠦᠨ ᠳᠡᠮᠵᠢᠨ᠎ᠡ᠃ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢᠨ ᠶᠡᠷᠦᠩᠬᠡᠢᠯᠡᠭ᠌ᠰᠡᠨ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠠ᠃ 《ᠢᠨᠲ᠋ᠧᠷ ᠰᠦᠯᠵᠢᠶ᠎ᠠ + ᠡᠮ ᠡᠮᠨᠡᠯᠭᠡ ᠡᠷᠡᠭᠦᠯ ᠮᠡᠨᠳᠤ》 ᠶ᠋ᠢ ᠭᠦᠭ᠌ᠵᠢᠭᠦᠯᠦᠨᠠ᠃ ᠤᠷᠤᠨ ᠪᠦᠰᠠ᠎ᠶ᠋ᠢᠨ ᠡᠮ ᠡᠮᠨᠡᠯᠭᠡ᠎ᠶ᠋ᠢᠨ ᠲᠦᠪ᠎ᠢ ᠪᠦᠲᠦᠭᠡᠨ ᠪᠠᠢᠭᠤᠯᠤᠨ᠎ᠠ᠃ ᠬᠤᠲᠠ ᠬᠦᠳᠡᠭᠡ᠎ᠶ᠋ᠢᠨ ᠨᠡᠢᠭᠡᠮ ᠲᠤᠭᠤᠷᠢᠭ᠎ᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠠ᠃ ᠱᠠᠲᠤ ᠬᠤᠪᠢᠶᠠᠨ ᠤᠨᠤᠱᠢᠯᠠᠨ ᠵᠠᠰᠠᠬᠤ᠎ᠶ᠋ᠢ ᠠᠬᠢᠭᠤᠯᠤᠨ᠎ᠠ᠃ ᠬᠢᠲᠠᠳ ᠡᠮ ᠡᠮᠨᠡᠯᠭᠡ᠎ᠶ᠋ᠢ ᠮᠠᠨᠳᠤᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠢᠳᠡᠳ ᠡᠮᠨᠡᠯᠭᠡ ᠡᠸᠦ᠋ᠷᠦᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠴᠢᠩᠭᠠᠳᠭᠠᠨ᠎ᠠ᠃ ᠡᠶ᠎ᠡ ᠵᠤᠬᠢᠴᠠᠯ᠎ᠲᠠᠢ ᠡᠮᠴᠢ ᠪᠠ ᠡᠪᠡᠳᠴᠢᠲᠠᠨᠤ ᠬᠠᠷᠢᠴᠠᠭ᠎ᠠ᠎ᠶ᠋ᠢ ᠴᠤᠭ᠍ᠴᠠᠯᠠᠨ᠎ᠠ᠃ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠵᠤ᠂ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃
ᠰᠤᠷᠭᠠᠨ ᠬᠥᠮᠦᠵᠢᠯ᠎ᠤᠨ ᠭᠤᠤᠯᠴᠢ ᠲᠡᠭ᠌ᠰᠢ ᠬᠥᠭ᠌ᠵᠢᠯᠲᠡ ᠪᠠ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠶᠤᠰᠤ ᠰᠤᠷᠲᠠᠬᠤᠨ᠎ᠢᠶᠠᠷ ᠬᠦᠮᠦᠨ ᠬᠦᠮᠦᠵᠢᠬᠦᠯᠬᠦ᠌᠎ᠶ᠋ᠢ ᠪᠠᠷᠢᠮᠲᠠᠯᠠᠨ᠎ᠠ᠃ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠤᠯᠤᠨ ᠳᠤᠮᠳᠠ ᠵᠡᠷᠭᠡ᠎ᠶ᠋ᠢᠨ ᠪᠠ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠠᠵᠢᠯ᠎ᠢ ᠡᠮᠬᠢ ᠵᠢᠷᠤᠮ᠎ᠲᠠᠢ ᠵᠣᠬᠢᠶᠠᠨ ᠪᠠᠢᠭᠤᠯᠤᠨ᠎ᠠ᠃ ᠱᠢᠶᠠᠩ ᠪᠠᠯᠭᠠᠰᠤᠨ᠎ᠤ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ ᠪᠠ ᠱᠢᠶᠠᠨ ᠲᠤᠰᠭᠤᠨ᠎ᠤ ᠪᠠᠭ᠎ᠠ ᠬᠡᠪᠴᠢᠶᠠᠨ᠎ᠤ ᠰᠤᠷᠭᠠᠭᠤᠯᠢ ᠪᠤᠯᠤᠨ ᠱᠢᠶᠠᠨ᠎ᠤ ᠬᠤᠲᠠ᠎ᠶ᠋ᠢᠨ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠴᠢᠭᠡ ᠡᠬᠡ᠎ᠪᠠᠨ ᠳᠠᠭᠠᠵᠤ ᠨᠡᠭᠦᠨ ᠢᠷᠡᠭ᠌ᠰᠡᠨ ᠦᠷ᠎ᠠ ᠬᠡᠤᠬᠡᠳ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠰᠤᠷᠭᠠᠭᠤᠯᠢ᠎ᠳᠤ ᠤᠷᠤᠬᠤ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠠ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠍᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠢ ᠳᠠᠮᠵᠢᠵᠦ᠍ ᠵᠢᠷᠤᠮᠵᠢᠭᠤᠯᠤᠨ᠎ᠠ᠃ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠤᠷᠭᠠᠭᠤᠯᠢ᠎ᠶ᠋ᠢᠨ ᠨᠠᠰᠤᠨ᠎ᠠᠴᠠ ᠡᠮᠦᠨᠡᠬᠢ ᠰᠤᠷᠭᠠᠨ ᠬᠦᠮᠦᠵᠢᠯ᠎ᠢ ᠬᠦᠭ᠌ᠵᠢᠭᠦᠯᠵᠤ᠂ ᠠᠷᠠᠳ᠎ᠠᠴᠠ ᠡᠷᠬᠢᠯᠡᠭ᠌ᠰᠡᠨ ᠬᠡᠤᠬᠡᠳ᠎ᠤᠨ ᠴᠡᠴᠡᠷᠯᠢᠭ᠎ᠢ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠵᠦ᠍ ᠦᠭ᠌ᠬᠦᠨ᠎ᠡ᠃ ᠳᠡᠭᠡᠳᠤ ᠵᠡᠷᠭᠡ᠎ᠶ᠋ᠢᠨ ᠰᠤᠷᠭᠠᠨ ᠬᠦᠮᠦᠵᠢᠯ᠎ᠤᠨ ᠠᠭᠤᠯᠤᠭ᠍ᠳᠠᠬᠤᠨ᠎ᠤ ᠬᠡᠯᠪᠡᠷᠢ᠎ᠶ᠋ᠢᠨ ᠬᠦᠭ᠌ᠵᠢᠯᠲᠡ᠎ᠶ᠋ᠢ ᠠᠬᠢᠭᠤᠯᠵᠤ᠂ ᠲᠡᠷᠢᠭᠦᠨ ᠵᠡᠷᠬᠡ᠎ᠶ᠋ᠢᠨ ᠶᠡᠭᠡ ᠰᠤᠷᠭᠠᠭᠤᠯᠢ ᠪᠠ ᠲᠡᠷᠢᠭᠦᠨ ᠵᠡᠷᠬᠡ᠎ᠶ᠋ᠢᠨ ᠱᠢᠨᠵᠢᠯᠡᠭᠡᠨ᠎ᠤ ᠰᠠᠯᠠᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠳᠤᠮᠳᠠ ᠪᠠᠷᠠᠭᠤᠨ ᠬᠡᠰᠡᠭ ᠤᠷᠤᠨ᠎ᠤ ᠶᠡᠭᠡ ᠳᠡᠭᠡᠳᠤ ᠰᠤᠷᠭᠠᠭᠤᠯᠢ᠎ᠶ᠋ᠢᠨ ᠬᠦᠭ᠌ᠵᠢᠯᠲᠠ᠎ᠶ᠋ᠢ ᠳᠡᠮᠵᠢᠨ᠎ᠠ᠃ ᠶᠡᠭᠡ ᠳᠡᠬᠡᠳᠦ ᠰᠤᠷᠭᠠᠭᠤᠯᠢ᠎ᠶ᠋ᠢᠨ ᠬᠦᠳᠡᠭᠡ ᠳᠤᠰᠭᠤᠨ ᠪᠠ ᠶᠠᠳᠠᠭᠤ ᠬᠦᠴᠢᠷᠳᠡᠯᠳᠠᠢ ᠭᠠᠵᠠᠷ ᠤᠷᠤᠨ᠎ᠳᠤ ᠬᠠᠨᠳᠤᠭᠤᠯᠤᠨ ᠰᠤᠷᠤᠭ᠍ᠴᠢ ᠡᠯᠰᠡᠬᠦ᠌ ᠬᠡᠪᠴᠢᠶ᠎ᠡ᠎ᠶ᠋ᠢ ᠦᠷᠬᠡᠳᠭᠡᠨᠡ᠃ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠢ ᠬᠦᠭ᠌ᠵᠢᠬᠦᠯᠦᠨ᠎ᠠ᠃ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠤᠷᠭᠠᠨ ᠬᠦᠮᠦᠵᠢᠯ᠎ᠤᠨ ᠮᠡᠳᠡᠭᠡ ᠵᠠᠩᠭᠢᠵᠢᠯᠲᠠ᠎ᠶ᠋ᠢ ᠠᠬᠢᠭᠤᠯᠤᠨ᠎ᠠ᠃ ᠰᠤᠷᠭᠠᠨ ᠬᠦᠮᠦᠵᠢᠯ᠎ᠳᠠᠬᠢ ᠤᠷᠤᠭᠤᠯᠤᠯᠲᠠ᠎ᠶ᠋ᠢ ᠲᠤᠭ᠍ᠲᠠᠪᠤᠷᠢᠵᠢᠭᠤᠯᠵᠤ᠂ ᠣᠷᠣᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠬᠤᠲᠠ ᠬᠦᠳᠡᠭᠡ᠂ ᠤᠷᠤᠨ ᠪᠦᠰᠠ᠂ ᠰᠤᠷᠭᠠᠭᠤᠯᠢ᠎ᠶ᠋ᠢᠨ ᠬᠤᠭᠤᠷᠤᠨᠳᠤᠬᠢ ᠵᠦᠷᠢᠶ᠎ᠠ᠎ᠶ᠋ᠢ ᠪᠠᠭᠠᠰᠭᠠᠵᠤ᠂ ᠰᠤᠷᠭᠠᠨ ᠬᠦᠮᠦᠵᠢᠯ᠎ᠤᠨ ᠡᠬᠢ ᠪᠠᠶᠠᠯᠢᠭ᠎ᠢ ᠪᠤᠢ ᠪᠦᠬᠦᠢ ᠬᠡᠷ ᠪᠦᠯᠢ ᠪᠡ ᠬᠡᠤᠬᠡᠳ ᠨᠢᠬᠡᠪᠦᠷᠢ᠎ᠳᠤ ᠬᠦᠷᠳᠡᠬᠡᠵᠦ᠍᠂ ᠳᠡᠳᠡᠨ᠎ᠢ ᠬᠡᠷᠡᠯᠳᠦ ᠢᠷᠡᠬᠡᠳᠦᠢ᠎ᠲᠠᠢ ᠪᠤᠯᠭᠠᠨ᠎ᠠ᠃
ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠤᠨ᠎ᠠ᠃ ᠠᠵᠢᠯ᠎ᠠᠴᠠ᠎ᠪᠠᠨ ᠪᠠᠭᠤᠵᠤ ᠠᠮᠠᠷᠠᠭ᠍ᠰᠠᠨ ᠬᠥᠮᠦᠰ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠎ᠶ᠋ᠢᠨ ᠮᠥᠩᠭᠦ᠎ᠶ᠋ᠢ ᠳᠡᠭᠡᠭ᠌ᠰᠢᠯᠡᠭᠦᠯᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠰᠠᠭᠤᠷᠢ ᠠᠰᠠᠷᠠᠮᠵᠢ᠎ᠶ᠋ᠢᠨ ᠮᠥᠩᠭᠦ᠎ᠶ᠋ᠢᠨ ᠨᠠᠭᠠᠳᠤ ᠵᠠᠬ᠎ᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠎ᠡ᠃ ᠠᠵᠤ ᠠᠬᠤᠢ᠍ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠰᠠᠭᠤᠷᠢ ᠮᠦᠡᠭ᠌ᠭᠦ᠎ᠶ᠋ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠢ ᠬᠤᠷᠢᠶᠠᠵᠤ ᠨᠢᠭᠡᠳᠤᠯᠲᠠᠢ ᠵᠠᠷᠤᠬᠤ᠎ᠶ᠋ᠢ ᠪᠡᠶᠡᠯᠡᠭᠦᠯᠵᠤ᠂ ᠲᠦᠪ᠎ᠠᠴᠠ ᠲᠤᠬᠢᠷᠠᠭᠤᠯᠬᠤ ᠬᠠᠷᠢᠴᠠᠯ᠎ᠢ ᠳᠡᠭᠡᠭ᠌ᠰᠢᠯᠡᠭᠦᠯᠦᠨ᠎ᠠ᠃ ᠪᠦᠬᠦ᠌ ᠤᠯᠤᠰ᠎ᠲᠤ 3 ᠳ᠋ᠦᠩᠱᠢᠭᠤᠷ ᠱᠢᠬᠠᠮ ᠬᠥᠮᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠌ ᠠᠪᠴᠤ᠌ ᠪᠠᠢᠭ᠎ᠠ ᠪᠣᠯᠬᠤᠷ ᠡᠷᠬᠡᠪᠰᠢ ᠴᠠᠭ ᠲᠤᠬᠠᠶ᠎ᠳᠤᠨᠢ ᠲᠤᠭ᠎ᠠ ᠶᠣᠰᠣᠭᠠᠷ᠎ᠨᠢ ᠥᠭ᠌ᠬᠦ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠴᠡᠷᠢᠭ᠎ᠤᠨ ᠠᠯᠪᠠᠨ᠎ᠠᠴᠠ ᠪᠠᠭᠤᠭ᠍ᠰᠠᠳ᠎ᠢ ᠠᠰᠠᠷᠠᠨ ᠬᠠᠷᠠᠭᠠᠯᠵᠠᠬᠤ ᠲᠦᠷᠦ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠠ᠃ ᠠᠯᠪᠠᠨ᠎ᠤ ᠲᠦᠯᠦᠭᠡ ᠪᠡᠶ᠎ᠡ ᠦᠷᠡᠭ᠌ᠳᠡᠭ᠌ᠰᠡᠳᠤᠨ ᠠᠰᠠᠷᠠᠮᠵᠢ᠎ᠶ᠋ᠢᠨ ᠠᠵᠢᠯ᠎ᠢ ᠰᠠᠢᠲᠤᠷ ᠬᠢᠨ᠎ᠡ᠃ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠳᠠᠭᠠᠳᠭᠠᠯ᠎ᠳᠤ ᠣᠷᠣᠯᠴᠠᠭᠠᠳ 1 ᠵᠢᠯ ᠪᠣᠯᠤᠭᠠᠳᠤᠶ ᠬᠦᠯᠦᠰᠦᠨ ᠠᠵᠢᠯᠴᠢᠨ ᠵᠡᠷᠭᠡ ᠠᠵᠢᠯ ᠠᠯᠳᠠᠭ᠍ᠰᠠᠳ᠎ᠢ ᠴᠦᠮ ᠪᠠᠢᠩᠭᠤ ᠰᠠᠭᠤᠭ᠎ᠠ ᠭᠠᠵᠠᠷ᠎ᠤᠨ ᠬᠢᠨᠢ ᠪᠠᠲᠤᠯᠠᠭ᠎ᠠ᠎ᠳᠤ ᠣᠷᠣᠭᠤᠯᠤᠨ᠎ᠠ᠃ ᠨᠡᠢᠭᠡᠮ᠎ᠤᠨ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠦᠨ᠎ᠠ᠃ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠬᠤᠲᠠ ᠬᠥᠳᠡᠭᠡ᠎ᠶ᠋ᠢᠨ ᠬᠦᠴᠢᠷᠳᠡᠯᠲᠡᠶ ᠭᠡᠷ ᠪᠦᠯᠢ᠎ᠶ᠋ᠢᠨ ᠪᠠᠲᠤᠯᠠᠬᠤ ᠶᠤᠰᠤᠲᠠᠢ᠎ᠶ᠋ᠢ᠎ᠨᠢ ᠴᠦᠮ ᠪᠠᠲᠤᠯᠠᠵᠤ᠂ ᠨᠥᠬᠦᠴᠡᠯ᠎ᠳᠤ ᠨᠡᠢᠴᠡᠬᠦ᠌ ᠬᠤᠲᠠ ᠪᠠᠯᠭᠠᠰᠤᠨ᠎ᠤ ᠠᠵᠢᠯ ᠠᠯᠳᠠᠭ᠍ᠰᠠᠳ ᠪᠠ ᠨᠤᠲᠤᠭ᠎ᠲᠠᠭᠠᠨ ᠪᠤᠴᠠᠭ᠍ᠰᠠᠳᠢ ᠴᠠᠭ ᠲᠤᠬᠠᠶ᠎ᠳᠤᠨᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠭᠤᠯᠤᠨ᠎ᠠ᠃ ᠭᠠᠮᠱᠢᠭ ᠪᠤᠶᠤ ᠡᠪᠡᠳᠴᠢᠨ᠎ᠠᠴᠠ ᠪᠣᠯᠵᠤ ᠲᠦᠷ ᠴᠠᠭ᠎ᠤᠨ ᠬᠦᠴᠢᠷᠳᠡᠯ᠎ᠳᠤ ᠤᠴᠠᠷᠠᠭ᠍ᠰᠠᠨ ᠬᠥᠮᠦᠰ᠎ᠲᠤ ᠴᠥᠮ ᠠᠪᠤᠷᠠᠨ ᠲᠤᠰᠠᠯᠠᠯᠲᠠ ᠦᠵᠡᠭᠦᠯᠦᠨ᠎ᠡ᠃ ᠪᠤᠢ ᠪᠦᠬᠦᠢ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭ᠌ᠳᠠᠢ᠂ ᠠᠷᠠᠳ᠎ᠤᠨ ᠠᠮᠢᠳᠤᠷᠠᠯ᠎ᠢ ᠪᠠᠲᠤᠯᠠᠬᠤ᠎ᠨᠢ ᠴᠤ᠌ ᠨᠡᠩ ᠤᠯᠠᠨ ᠠᠵᠢᠯ ᠠᠯᠳᠠᠭ᠍ᠰᠠᠳ᠎ᠤᠨ ᠳᠠᠬᠢᠨ ᠠᠵᠢᠯ ᠤᠯᠬᠤ ᠪᠠ ᠵᠤᠷᠢᠭ᠍ᠲᠠᠢ᠎ᠪᠠᠷ ᠠᠳᠠᠯ ᠦᠢᠯᠡᠰ ᠴᠤᠭ᠍ᠴᠠᠯᠠᠬᠤ᠎ᠳᠤ ᠬᠦᠴᠦᠨ ᠨᠡᠮᠡᠷᠢᠯᠡᠬᠦ᠌᠎ᠨᠢ ᠯᠠᠪᠳᠠᠢ ᠶᠤᠮ᠃
ᠣᠯᠠᠨ ᠲᠦᠮᠡᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠪᠤᠢᠵᠢᠭᠤᠯᠤᠨ ᠦᠢᠯᠡᠳᠦᠯᠭᠡᠵᠢᠭᠦᠯᠵᠦ᠍᠂ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠦᠢᠯᠡᠰ᠎ᠢ ᠬᠦᠭ᠌ᠵᠢᠬᠦᠯᠦᠨ᠎ᠠ᠃ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠠᠱᠢᠬ᠍ᠯᠠᠬᠤ ᠪᠤᠯᠤᠨ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭᠠᠮᠵᠢᠯᠠᠬᠤ᠎ᠶ᠋ᠢ ᠴᠢᠩᠭᠠᠳᠭᠠᠨ᠎ᠠ᠃ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠶ᠋ᠢ ᠴᠢᠩᠭᠠᠳᠭᠠᠵᠤ᠂ ᠪᠡᠬᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠳᠡᠮᠢᠷ᠎ᠤᠨ ᠴᠤᠭ᠍ᠯᠠᠭᠠᠨ᠂ ᠵᠡᠮᠳᠡᠭ᠌ᠴᠤᠳ᠎ᠤᠨ ᠪᠡᠶ᠎ᠡ᠎ᠶ᠋ᠢᠨ ᠳᠡᠮᠢᠷ᠎ᠤᠨ ᠴᠤᠭ᠍ᠯᠠᠭᠠᠨ᠎ᠢ ᠪᠡᠯᠡᠳᠭᠡᠨ ᠡᠷᠬᠢᠯᠡᠵᠦ᠍᠂ ᠠᠷᠠᠳ ᠨᠡᠢᠲᠡ᠎ᠶ᠋ᠢᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠪᠤᠯᠤᠨ ᠠᠷᠠᠳ ᠨᠡᠢᠲᠡ᠎ᠶ᠋ᠢᠨ ᠨᠤᠮ ᠤᠡᠭ᠌ᠰᠢᠬᠤᠶ᠋ᠢ ᠰᠠᠨᠠᠭᠠᠴᠢᠯᠠᠵᠤ᠂ ᠨᠡᠢᠭᠡᠮ ᠳᠠᠶᠠᠭᠠᠷ᠎ᠢᠶᠠᠨ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ᠂ ᠥᠭᠡᠳᠡᠷᠬᠡᠭ ᠴᠠᠢᠯᠭᠠᠨ ᠪᠠᠢᠬᠤ᠎ᠶ᠋ᠢ ᠠᠬᠢᠭᠤᠯᠤᠨ᠎ᠠ᠃
ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠬᠤ ᠪᠠ ᠨᠡᠢᠭᠡᠮ᠎ᠤᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠦᠨ᠎ᠡ᠃ ᠨᠡᠢᠭᠡᠮ ᠲᠣᠭᠤᠷᠢᠭ᠎ᠤᠨ ᠬᠠᠮᠢᠶᠠᠷᠤᠯᠲᠠ ᠪᠤᠯᠤᠨ ᠦᠢᠯᠡᠴᠢᠯᠡᠭᠡᠨ᠎ᠤ ᠲᠤᠭ᠍ᠲᠠᠴᠠ᠎ᠶ᠋ᠢ ᠪᠦᠷᠢᠨᠱᠢᠭᠦᠯᠦᠨ᠎ᠠ᠃ ᠬᠦᠳᠡᠭᠡ ᠨᠤᠲᠤᠭ᠎ᠤᠨ ᠵᠠᠰᠠᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠢᠨ ᠳᠤᠷ᠎ᠠ᠎ᠶ᠋ᠢᠨ ᠦᠢᠯᠡᠴᠢᠯᠡᠭᠡ᠂ ᠨᠢᠭᠦᠯᠡᠰᠦᠩᠭᠦᠶ᠎ᠶ᠋ᠢᠨ ᠦᠢᠯᠡᠰ ᠵᠡᠷᠭᠡ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠲᠡᠮᠵᠢᠨ᠎ᠠ᠃ ᠡᠮᠡᠭ᠌ᠲᠡᠢᠴᠦᠳ᠂ ᠬᠡᠤᠬᠡᠳ᠂ ᠨᠠᠰᠤᠲᠠᠢᠴᠤᠳ᠂ ᠵᠡᠮᠳᠡᠭ᠌ᠴᠦᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠵᠠᠬᠢᠳᠠᠯ ᠰᠤᠷᠪᠤᠯᠵᠢᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢ ᠴᠢᠩᠭᠠᠳᠭᠠᠵᠤ᠂ ᠤᠯᠠᠨ ᠲᠦᠮᠡᠨ᠎ᠤ ᠵᠦᠶ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠱᠢᠢᠳᠪᠦᠷᠢᠯᠡᠵᠤ᠂ ᠵᠦᠷᠢᠴᠡᠯ ᠵᠠᠭᠤᠷᠠᠭᠠᠨ᠎ᠢ ᠲᠤᠬᠢᠲᠠᠢ ᠨᠠᠮᠳᠠᠭᠤᠯᠤᠨ᠎ᠠ᠃ ᠳᠣᠯᠣᠳᠤᠭᠠᠷ ᠤᠳᠠᠭᠠᠨ᠎ᠤ ᠪᠦᠬᠦ᠌ ᠤᠯᠤᠰ᠎ᠤᠨ ᠬᠥᠮᠦᠨ ᠠᠮᠠ᠎ᠶ᠋ᠢᠨ ᠨᠡᠢᠳᠡᠮ ᠪᠠᠢᠴᠠᠭᠠᠯᠲᠠ᠎ᠶ᠋ᠢ ᠥᠷᠨᠢᠭᠦᠯᠦᠨ᠎ᠡ᠃ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠠᠮᠤᠷ ᠲᠦᠪᠱᠢᠨ᠎ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠤ᠂ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠨᠠᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃
ᠠᠶᠤᠯᠭᠦᠶ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢ ᠴᠢᠩᠭᠠᠳᠭᠠᠨ᠎ᠠ᠃ ᠦᠶᠡᠷ ᠤᠰᠤᠳᠤᠯ᠂ ᠭᠠᠯ᠎ᠤᠨ ᠭᠠᠮᠱᠢᠭ᠂ ᠭᠠᠵᠠᠷ ᠬᠥᠳᠡᠯᠦᠯᠲᠡ ᠵᠡᠷᠭᠡ ᠭᠠᠮᠱᠢᠭ᠎ᠢ ᠰᠡᠷᠭᠡᠢᠯᠡᠬᠦ᠌᠎ᠶ᠋ᠢ ᠴᠢᠩᠭᠠᠳᠭᠠᠵᠤ᠂ ᠴᠠᠭ ᠠᠭᠤᠷ᠎ᠤᠨ ᠦᠢᠯᠡᠴᠢᠯᠡᠭᠡ᠎ᠶ᠋ᠢ ᠰᠠᠢᠲᠤᠷ ᠬᠢᠵᠦ᠍᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠠᠪᠤᠷᠠᠨ ᠲᠤᠰᠠᠯᠠᠬᠤ ᠪᠠ ᠭᠠᠮᠱᠢᠭ᠎ᠠᠴᠠ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ᠎ᠤᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠦᠨᠳᠦ ᠶᠡᠭᠡ ᠣᠨᠴᠠ ᠶᠡᠭᠡ ᠠᠳᠡᠯ ᠭᠠᠷᠬᠤ᠎ᠶ᠋ᠢ ᠡᠷᠡᠰ ᠬᠤᠷᠢᠬ᠍ᠯᠠᠨ᠎ᠠ᠃
ᠲᠥᠯᠥᠭᠡᠯᠡᠭ᠌ᠴᠢᠳ ᠡ!
ᠬᠠᠲᠠᠭᠤ ᠪᠡᠷᠬᠡ ᠨᠦᠰᠡᠷ ᠬᠦᠨᠳᠦ ᠡᠭᠦᠷᠭᠡ᠎ᠶ᠋ᠢᠨ ᠡᠮᠦᠨ᠎ᠡ᠂ ᠡᠯ᠎ᠡ ᠱᠠᠲᠤᠨ᠎ᠤ ᠵᠠᠰᠠᠭ᠎ᠤᠨ ᠣᠷᠳᠣᠨ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠤᠬᠠᠮᠰᠠᠷ᠎ᠠᠴᠠ᠎ᠪᠠᠨ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠵᠤ᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠨ᠂ ᠬᠠᠤᠯᠢ᠎ᠪᠠᠷ ᠵᠠᠰᠠᠭ᠍ᠰᠠᠨ ᠵᠠᠰᠠᠭ᠎ᠤᠨ ᠤᠷᠳᠤᠨᠢ ᠪᠠᠢᠭᠤᠯᠵᠤ᠂ ᠵᠠᠰᠠᠭ᠎ᠤᠨ ᠶᠠᠪᠤᠳᠠᠯ᠎ᠢ ᠢᠯᠡ ᠪᠤᠯᠭᠠᠬᠤ᠎ᠶ᠋ᠢ ᠪᠠᠷᠢᠮᠳᠠᠯᠠᠵᠤ᠂ ᠵᠠᠰᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠨᠡᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠬᠦ᠌ ᠬᠡᠷᠡᠭ᠌ᠲᠡᠢ᠃ ᠬᠢᠨᠠᠨ ᠪᠤᠳᠤᠬᠤ ᠬᠢᠨᠠᠯᠲᠠ᠎ᠶ᠋ᠢ ᠴᠢᠩᠭᠠᠳᠭᠠᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠡᠪᠯᠡᠯ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠤᠨ᠎ᠠ᠃ ᠵᠠᠰᠠᠭ᠎ᠤᠨ ᠣᠷᠳᠣᠨ᠎ᠤ ᠠᠵᠢᠯᠲᠠᠳ ᠬᠠᠤᠯᠢ ᠴᠠᠭᠠᠵᠠ᠂ ᠬᠢᠨᠠᠨ ᠪᠠᠢᠴᠠᠭᠠᠯᠲᠠ ᠪᠠ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠌ ᠬᠡᠷᠡᠭ᠌ᠲᠡᠶ᠃ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠢᠯᠵᠠᠷᠠᠯ᠎ᠢ ᠡᠷᠡᠰ ᠵᠠᠯᠬᠠᠭᠠᠨ ᠱᠢᠢᠳᠭᠡᠨ᠎ᠡ᠃
ᠡᠯ᠎ᠡ ᠱᠠᠲᠤᠨ᠎ᠤ ᠵᠠᠰᠠᠭ᠎ᠤᠨ ᠣᠷᠳᠣᠨ ᠦᠨᠡᠨ᠎ᠠᠴᠠ ᠵᠥᠪ᠎ᠢ ᠡᠷᠢᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠡᠢᠭᠡᠮ ᠵᠢᠷᠤᠮ᠎ᠤᠨ ᠠᠩᠬᠠᠨ᠎ᠤ ᠱᠠᠲᠤ ᠭᠡᠬᠦ᠌ ᠡᠨᠡ ᠬᠦ᠌ ᠤᠯᠤᠰ᠎ᠤᠨ ᠦᠨᠳᠦᠰᠦᠨ ᠪᠠᠢᠳᠠᠯ᠎ᠢ ᠪᠠᠲᠤ ᠡᠵᠡᠮᠱᠢᠵᠦ᠍᠂ ᠪᠤᠰᠤᠳᠴᠢ ᠵᠢᠮ᠎ᠡ ᠶᠣᠰᠣ᠎ᠶ᠋ᠢ ᠵᠢᠷᠤᠮᠯᠠᠵᠤ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠴᠦ᠍᠂ ᠥᠪᠡᠷ᠎ᠤᠨ ᠤᠴᠢᠷ ᠶᠠᠪᠤᠳᠠᠯ᠎ᠢᠶᠠᠨ ᠰᠠᠢᠲᠤᠷ ᠬᠢᠬᠦ᠌᠎ᠳᠤ ᠰᠠᠭᠤᠷᠢᠯᠠᠬᠤ ᠬᠡᠷᠡᠭ᠌ᠲᠡᠶ᠃ 《ᠳᠥᠷᠪᠡᠨ ᠰᠤᠷᠲᠠᠯ》 ᠢ ᠶᠡᠭᠡ᠎ᠪᠠᠷ ᠵᠠᠯᠠᠷᠠᠭᠤᠯᠤᠨ ᠵᠠᠰᠠᠵᠤ᠂ ᠬᠡᠯᠪᠡᠷᠢ᠎ᠶ᠋ᠢᠨ ᠦᠵᠡᠯ᠂ ᠨᠤᠶᠠᠨᠴᠢ ᠰᠤᠷᠲᠠᠯ᠎ᠢ ᠡᠷᠡᠰ ᠲᠡᠪᠴᠢᠵᠤ᠂ ᠦᠨᠳᠦᠰᠦᠨ ᠱᠠᠲᠤᠨ᠎ᠤ ᠥᠷᠭᠡᠨ ᠣᠯᠠᠨ ᠺᠠᠳ᠋ᠷ᠎ᠤᠨ ᠠᠵᠢᠯ ᠬᠢᠵᠦ᠍ ᠦᠢᠯᠡᠰ ᠴᠤᠭ᠍ᠴᠠᠯᠠᠬᠤ ᠠᠵᠢᠯᠯᠠᠭ᠎ᠠ᠎ᠶ᠋ᠢ ᠬᠡᠯᠪᠡᠷᠢ᠎ᠶ᠋ᠢᠨ ᠦᠵᠡᠯ᠎ᠤᠨ ᠬᠦᠯᠢᠶᠡᠰᠦᠯᠡᠯ᠎ᠠᠴᠠ ᠴᠢᠯᠦᠭᠡᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠭ᠌ᠰᠡᠳᠤᠨ ᠡᠮᠦᠨ᠎ᠡ᠎ᠠᠴᠠ ᠬᠠᠷᠢᠭᠤᠴᠠᠯᠭ᠎ᠠ ᠡᠭᠦᠷᠭᠡᠯᠡᠵᠦ᠍᠂ ᠲᠤᠱᠢᠶᠠᠯ ᠭᠦᠢᠴᠡᠳᠭᠡᠭ᠌ᠰᠡᠳᠢᠶᠠᠷ ᠬᠠᠷᠢᠭᠤᠴᠠᠯᠭ᠎ᠠ᠎ᠶ᠋ᠢ᠎ᠨᠢ ᠲᠤᠭᠤᠱᠢᠲᠠᠢ ᠭᠦᠢᠴᠡᠳᠭᠡᠭᠦᠯᠬᠦ᠌ ᠬᠡᠷᠡᠭ᠌ᠲᠡᠢ᠃ ᠠᠷᠠᠳ ᠣᠯᠠᠨ᠎ᠳᠤ ᠴᠢᠩᠭ᠎ᠠ ᠲᠦᠱᠢᠭ᠌ᠯᠡᠨ᠂ ᠦᠨᠳᠦᠰᠦᠨ ᠱᠠᠲᠤᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠨᠠᠩ ᠶᠡᠭᠡ ᠡᠷᠴᠢᠮ᠎ᠢᠶᠠᠷ ᠥᠭᠡᠷᠡᠴᠢᠯᠡᠯᠲᠡ ᠨᠡᠭᠡᠭᠡᠯᠲᠡ᠎ᠶ᠋ᠢ ᠠᠬᠢᠭᠤᠯᠵᠤ᠂ ᠨᠡᠢᠭᠡᠮ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠲᠦᠭ ᠲᠦᠮᠡᠨ ᠠᠷᠠᠳ ᠤᠯᠠᠨ᠎ᠤ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ᠂ ᠡᠨᠡ ᠪᠣᠯ ᠪᠢᠳᠡᠨ᠎ᠤ ᠠᠯᠢᠪᠠ ᠬᠦᠴᠢᠷ ᠪᠡᠷᠬᠡᠱᠢᠶᠡᠯ ᠪᠠ ᠱᠢᠯᠭᠠᠯᠲᠠ᠎ᠶ᠋ᠢ ᠢᠯᠠᠨ ᠳᠠᠪᠠᠭ᠍ᠤ ᠢᠲᠡᠭᠡᠯ ᠵᠤᠷᠢᠭ ᠮᠥᠨ᠃ ᠥᠷᠭᠡᠨ ᠤᠯᠠᠨ ᠺᠠᠳ᠋ᠷ ᠬᠦᠴᠢᠷ ᠪᠡᠷᠬᠡᠱᠢᠶᠡᠯ᠎ᠠᠴᠠ ᠵᠠᠢᠯᠠᠬᠤ ᠦᠭᠡᠢ᠂ ᠦᠨᠡᠨ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠲᠥᠪᠯᠡᠷᠡᠭᠦᠯᠦᠨ ᠬᠥᠭ᠌ᠵᠢᠯᠲᠡ᠎ᠶ᠋ᠢ ᠠᠳᠭᠤᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠬᠡᠷᠡᠭ᠌ᠲᠡᠢ᠃ ᠪᠢᠳᠡ ᠢᠮᠠᠭ᠍ᠲᠠ ᠠᠷᠠᠳ ᠤᠯᠠᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠡᠷᠡᠯᠬᠡᠭ᠌ᠯᠡᠨ ᠤᠷᠤᠭ᠍ᠰᠢᠯᠠᠳᠠᠭ ᠯᠠ ᠶᠤᠮ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ᠌ ᠬᠦᠰᠡᠯ ᠡᠷᠡᠮᠡᠯᠵᠡᠯ᠎ᠢ ᠯᠠᠪᠲᠠᠶ ᠪᠡᠶᠡᠯᠡᠭᠦᠯᠵᠦ᠍ ᠴᠢᠳᠠᠬᠤ ᠶᠤᠮ᠃
ᠡᠨᠡ ᠵᠢᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠠᠶᠠᠯᠠᠯ᠎ᠢ ᠡᠬᠢᠯᠡᠭᠦᠯᠬᠦ᠌᠎ᠳᠤ ᠵᠢᠷᠤᠭ ᠲᠥᠯᠥᠪᠯᠡᠭᠡ᠎ᠶ᠋ᠢ ᠵᠢᠷᠤᠭ᠍ᠯᠠᠬᠤ ᠬᠡᠷᠡᠭ᠌ᠲᠡᠢ᠃
ᠲᠥᠯᠥᠭᠡᠯᠡᠭ᠌ᠴᠢᠳ ᠡ!
ᠪᠢᠳᠡ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠪᠠᠨ ᠲᠦᠷᠭᠡᠳᠭᠡᠬᠦ᠌᠎ᠶ᠋ᠢ ᠳᠡᠮᠵᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠬᠡᠷᠡᠭ᠌ᠲᠡᠢ᠃ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠲᠤᠬᠠᠢ ᠦᠨᠳᠦᠰᠦᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠠᠱᠢᠨ ᠰᠤᠷᠲᠠᠬᠤᠨ᠎ᠤ ᠡᠲᠡᠭᠡᠳ᠎ᠤᠨ ᠬᠥᠮᠦᠰ ᠪᠠ ᠱᠠᠱᠢᠨ ᠱᠢᠲᠦᠳᠡᠭ ᠤᠯᠠᠨ ᠲᠦᠮᠡᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠦᠵᠡᠭᠦᠯᠬᠦ᠌ ᠢᠳᠡᠪᠬᠢ ᠦᠢᠯᠡᠳᠦᠯ᠎ᠢ᠎ᠨᠢ ᠪᠠᠳᠠᠷᠠᠭᠤᠯᠤᠨ᠎ᠠ᠃ ᠡᠬᠡ ᠤᠯᠤᠰ ᠮᠠᠨᠢ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠤᠨ ᠲᠦᠯᠦᠭᠡ ᠦᠷᠭᠦᠯᠵᠢ ᠰᠠᠨᠠᠭᠠᠱᠢᠷᠠᠳᠠᠭ᠂ ᠲᠡᠳᠡ ᠪᠤᠯ ᠡᠬᠡ ᠤᠯᠤᠰ ᠪᠤᠯᠤᠨ ᠳᠡᠯᠡᠬᠡᠶ ᠳ᠋ᠠᠬᠢᠨ᠎ᠢ ᠬᠤᠯᠪᠣᠭ᠍ᠰᠠᠨ ᠴᠢᠬᠤᠯᠠ ᠬᠥᠭᠦᠷᠭᠡ ᠮᠦᠨ᠂ ᠬᠠᠷᠢᠶᠠᠲᠤ ᠠᠬ᠎ᠠ ᠳᠡᠭᠦᠦ ᠨᠡᠷ ᠪᠣᠯᠤᠨ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠥᠪᠡᠷᠮᠢᠴᠡ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠨᠢᠭ᠍ᠲᠠᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠵᠤ᠂ ᠭᠡᠷᠡᠯ ᠰᠠᠴᠤᠷᠠᠩᠭᠤᠶ ᠦᠢᠯᠡᠰ᠎ᠢ ᠬᠠᠮᠲᠤ᠎ᠪᠠᠷ ᠰᠡᠳᠭᠢᠯ ᠨᠢᠬᠡᠳᠦᠨ ᠡᠭᠦᠳᠬᠦ᠌ ᠬᠡᠷᠡᠭ᠌ᠲᠡᠶ᠃
ᠨᠢᠳᠤᠨᠤᠨ᠎ᠠᠴᠠ ᠨᠠᠭᠠᠰᠢ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠪᠦᠲᠦᠭᠡᠨ ᠪᠠᠢᠭᠤᠯᠤᠯᠲᠠ ᠴᠢᠬᠤᠯᠠ ᠠᠬᠢᠯᠲᠠ᠎ᠲᠠᠢ ᠪᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠬᠢᠵᠠᠭᠠᠷᠯᠠᠬᠤ ᠳᠤᠮᠳᠠ ᠠᠷᠠᠳ᠎ᠤᠨ ᠴᠡᠷᠢᠭ ᠠᠩᠬᠢ ᠨᠠᠮ᠎ᠤᠨ ᠵᠢᠯᠤᠭᠤᠳᠤᠯᠭ᠎ᠠ᠎ᠶ᠋ᠢ ᠲᠠᠭᠠᠬᠤ᠂ ᠵᠠᠷᠯᠢᠭ᠎ᠢ ᠳᠠᠭᠠᠬᠤ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠬᠦ᠌ ᠱᠢᠯᠢᠳᠡᠭ ᠰᠤᠷᠲᠠᠯ᠎ᠢ ᠢᠯᠡᠷᠡᠭᠦᠯᠪᠡ᠃ ᠰᠢ᠎ᠶ᠋ᠢᠨ ᠫᠢᠩ᠎ᠤᠨ ᠴᠡᠷᠢᠭ᠎ᠢᠶᠠᠨ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ ᠲᠦᠷᠦ᠎ᠪᠠᠷ ᠴᠡᠷᠢᠭ᠎ᠢᠶᠠᠨ ᠪᠠᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢᠶᠠᠨ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠮᠡᠷᠭᠡᠵᠢᠯ᠎ᠢᠶᠠᠷ ᠴᠡᠷᠢᠭ᠎ᠢᠶᠠᠨ ᠬᠦᠴᠦᠷᠬᠡᠭ᠌ᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢᠶᠠᠨ ᠬᠦᠴᠦᠷᠬᠡᠭ᠌ᠵᠢᠭᠦᠯᠬᠦ᠂ ᠬᠠᠤᠯᠢ ᠶᠤᠰᠤᠭᠠᠷ ᠴᠡᠷᠢᠭ᠎ᠢᠶᠠᠨ ᠵᠠᠰᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠠᠴᠠ ᠠᠷᠠᠳ᠎ᠤᠨ ᠴᠡᠷᠢᠭ ᠠᠩᠭᠢ᠎ᠳᠤ ᠶᠠᠪᠤᠭᠤᠯᠬᠤ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠴᠡᠷᠢᠭ ᠪᠤᠯᠪᠠᠰᠤᠷᠠᠭᠤᠯᠤᠨ ᠳᠠᠢᠨ᠎ᠳᠤ ᠪᠡᠯᠡᠳᠭᠡᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠴᠢᠩᠭᠠᠳᠭᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠨ᠎ᠠ᠃ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ ᠬᠥᠭ᠌ᠵᠢᠯᠲᠡ᠎ᠶ᠋ᠢᠨ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠤ ᠲᠠᠯ᠎ᠠ᠎ᠶ᠋ᠢᠨ ᠠᠵᠢᠯ ᠪᠠ ᠵᠡᠪᠰᠡᠭ ᠲᠣᠨᠣᠭ᠍ᠯᠠᠯ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢᠴᠢᠯᠠᠯᠳᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠢᠮᠠᠭ᠍ᠲᠠ ᠬᠠᠳᠠ ᠴᠢᠯᠠᠭᠤ ᠮᠡᠲᠦ ᠪᠠᠲᠤ ᠪᠠᠬᠢ ᠪᠠᠢᠯᠭᠠᠨ᠎ᠠ᠃
ᠪᠢᠳᠡ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠲᠤᠭᠤᠱᠢᠯᠠᠭᠤᠯᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠦᠷᠢᠮ ᠪᠠ ᠭᠦᠢᠴᠡᠳᠭᠡᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠤᠨᠴᠠᠭᠠᠢ ᠤᠷᠤᠨ᠎ᠤ ᠵᠠᠰᠠᠭ᠎ᠤᠨ ᠤᠷᠳᠤᠨ᠎ᠤ ᠦᠨᠳᠦᠰᠦᠨ ᠬᠠᠤᠯᠢ᠎ᠳᠤ ᠬᠠᠷᠢᠭᠤᠴᠠᠯᠭ᠎ᠠ᠎ᠶ᠋ᠢ ᠨᠡᠢᠳᠡᠪᠤᠷᠢᠵᠢᠭᠤᠯᠤᠨᠠ᠃ ᠱᠢᠶᠠᠩᠭᠠᠩ ᠣᠣᠮᠧᠨ᠎ᠤ ᠠᠵᠤ ᠠᠬᠤᠶ᠎ᠪᠠᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠦ᠍᠂ ᠤᠯᠤᠰ ᠤᠷᠤᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠨ ᠠᠭᠤᠰᠤᠯᠳᠤᠨ ᠤᠷᠤᠬᠤ᠎ᠶ᠋ᠢ ᠳᠡᠮᠵᠢᠵᠦ᠍᠂ ᠱᠢᠶᠠᠩᠭᠠᠩ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠪᠠᠲᠤᠯᠠᠨ᠎ᠠ᠃
ᠪᠢᠳᠡ ᠲᠠᠢᠸᠠᠨ᠎ᠤ ᠲᠤᠬᠠᠶ ᠠᠵᠢᠯ᠎ᠤᠨ ᠦᠨᠳᠦᠰᠦᠨ ᠪᠤᠳᠤᠯᠭ᠎ᠠ ᠴᠢᠭ᠌ᠯᠡᠯᠲᠡ᠎ᠶ᠋ᠢ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠪᠠᠷᠢᠮᠲᠠᠯᠠᠵᠤ᠂ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》 ᠶ᠋ᠢᠨ ᠰᠠᠭᠤᠷᠢ ᠳᠡᠭᠡᠷ᠎ᠠ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠡᠩᠭᠡ ᠲᠠᠢᠪᠤᠩ ᠬᠥᠭ᠌ᠵᠢᠯᠲᠡ᠎ᠶ᠋ᠢ ᠠᠬᠢᠭᠤᠯᠤᠨ᠎ᠠ᠃ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠶ᠋ᠢ ᠡᠷᠡᠰ ᠡᠰᠡᠷᠭᠦᠴᠡᠬᠦ᠌ ᠪᠠ ᠬᠤᠷᠢᠬ᠍ᠯᠠᠬᠤ ᠬᠡᠷᠡᠭ᠌ᠲᠡᠶ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠬᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠬᠦ᠂ ᠲᠠᠢᠸᠠᠨ᠎ᠤ ᠠᠬ᠎ᠠ ᠳᠡᠭᠦᠦ ᠨᠡᠷ᠎ᠤᠨ ᠠᠵᠠ ᠵᠢᠷᠭᠠᠯ᠎ᠢ ᠪᠠᠲᠤᠯᠠᠬᠤ ᠪᠠᠢᠭᠤᠯᠤᠯ᠎ᠤᠨ ᠲᠣᠬᠢᠷᠠᠭᠤᠯᠤᠯᠲᠠ ᠪᠠ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠪᠠᠲᠤᠯᠠᠵᠤ᠂ ᠥᠷᠭᠡᠨ ᠤᠯᠠᠨ ᠲᠠᠢᠸᠠᠨ᠎ᠤ ᠠᠬ᠎ᠠ ᠳᠡᠭᠦᠦ ᠨᠡᠷ᠎ᠲᠠᠢ ᠪᠦᠯᠬᠦᠮᠳᠡᠨ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠶ᠋ᠢ ᠬᠠᠮᠲᠤ᠎ᠪᠠᠷ ᠡᠰᠡᠷᠭᠦᠴᠡᠵᠦ᠍᠂ ᠨᠢᠭᠡᠳᠦᠯ᠎ᠢ ᠠᠬᠢᠭᠤᠯᠪᠠᠯ᠂ ᠪᠢᠳᠡ ᠯᠠᠪᠲᠠᠢ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠰᠠᠢᠨ ᠰᠠᠢᠬᠠᠨ ᠢᠷᠡᠭᠡᠳᠦᠢ᠎ᠶ᠋ᠢ ᠨᠡᠬᠡᠬᠡᠨ ᠡᠭᠦᠳᠴᠦ᠍ ᠴᠢᠳᠠᠬᠤ ᠶᠤᠮ᠃
ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠢᠮᠤᠷᠠᠯ᠂ ᠠᠵᠤ ᠠᠬᠤᠶ᠎ᠶ᠋ᠢᠨ ᠬᠦᠨᠳᠦ ᠨᠣᠴᠢᠲᠠᠶ ᠪᠠᠭᠤᠷᠠᠯᠲᠠ ᠵᠡᠷᠭᠡ ᠪᠦᠬᠦ᠌ ᠪᠥᠮᠪᠥᠷᠴᠡᠭ᠎ᠤᠨ ᠴᠢᠨᠠᠷᠲᠠᠶ ᠱᠢᠯᠭᠠᠯᠲᠠ᠎ᠶ᠋ᠢ ᠠᠷᠭᠠᠴᠠᠭᠠᠬᠤ᠎ᠳᠤ ᠡᠯ᠎ᠡ ᠤᠯᠤᠰ ᠭᠠᠷ ᠬᠤᠯᠪᠣᠯᠴᠠᠨ ᠬᠠᠮᠲᠤ᠎ᠪᠠᠷ ᠤᠷᠤᠭ᠍ᠰᠢᠯᠠᠬᠤ ᠬᠡᠷᠡᠭ᠌ᠲᠡᠶ᠃ ᠳᠤᠮᠳᠠᠳᠤ ᠤᠯᠤᠰ ᠡᠯ᠎ᠡ ᠤᠯᠤᠰ᠎ᠯᠤᠭ᠎ᠠ ᠬᠢᠵᠢᠭ᠎ᠢ ᠰᠡᠷᠭᠡᠢᠯᠡᠬᠦ᠌ ᠬᠠᠮᠵᠢᠯᠴᠠᠭ᠎ᠠ᠎ᠪᠠᠨ ᠴᠢᠩᠭᠠᠳᠭᠠᠵᠤ᠂ ᠳᠡᠯᠡᠬᠡᠶ᠎ᠶ᠋ᠢᠨ ᠠᠵᠤ ᠠᠬᠤᠶ᠎ᠶ᠋ᠢᠨ ᠲᠣᠭ᠍ᠲᠠᠭᠤᠨ ᠪᠠᠢᠳᠠᠯ᠎ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠵᠠᠰᠠᠯᠲᠠ᠎ᠶ᠋ᠢ ᠠᠬᠢᠭᠤᠯᠵᠤ᠂ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠪᠠᠷ ᠭᠤᠤᠯᠯᠠᠭᠤᠯᠤᠭ᠍ᠰᠠᠨ ᠣᠯᠠᠨ ᠤᠯᠤᠰ᠎ᠤᠨ ᠱᠢᠰᠲ᠋ᠧᠮ ᠪᠣᠯᠤᠨ ᠣᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠣᠯᠠᠨ ᠤᠯᠤᠰ᠎ᠤᠨ ᠡᠮᠬᠢ ᠵᠢᠷᠤᠮ᠎ᠢ ᠬᠠᠮᠠᠭᠠᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃ ᠳᠤᠮᠳᠠᠳᠤ ᠤᠯᠤᠰ ᠡᠩᠭᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠡᠬᠡᠬᠡᠯᠳᠠ᠎ᠶ᠋ᠢ ᠦᠷᠬᠡᠳᠭᠡᠬᠦ᠌ ᠶᠠᠪᠤᠴᠠ᠎ᠳᠤ ᠡᠯ᠎ᠡ ᠤᠯᠤᠰ᠎ᠯᠤᠭ᠎ᠠ᠎ᠶ᠋ᠢᠨ ᠨᠥᠬᠦᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠎ᠡ᠂ ᠳᠤᠮᠳᠠᠳᠤ ᠤᠯᠤᠰ ᠪᠣᠯ ᠢᠮᠠᠭ᠍ᠲᠠ ᠳᠡᠯᠡᠬᠡᠶ᠎ᠶ᠋ᠢᠨ ᠡᠩᠭᠡ ᠲᠠᠢᠪᠤᠩ ᠲᠣᠭ᠍ᠲᠠᠭᠤᠨ ᠪᠠᠢᠳᠠᠯ ᠪᠠ ᠬᠥᠭ᠌ᠵᠢᠯ ᠴᠡᠴᠡᠭ᠌ᠯᠡᠯ᠎ᠢ ᠠᠬᠢᠭᠤᠯᠬᠤ ᠴᠢᠬᠤᠯᠠ ᠬᠦᠴᠦᠨ ᠪᠤᠯᠬᠤ ᠶᠤᠮ᠃
ᠲᠥᠯᠥᠭᠡᠯᠡᠭ᠌ᠴᠢᠳ ᠡ!
ᠳᠤᠮᠳᠠᠳᠤ᠎ᠶ᠋ᠢᠨ ᠦᠨᠳᠦᠰᠦᠲᠡᠨ ᠶᠡᠷᠦ᠎ᠠᠴᠠ ᠬᠦᠴᠢᠷ ᠪᠡᠷᠬᠡᠱᠢᠶᠡᠯ ᠬᠠᠷᠰᠢ ᠰᠠᠭᠠᠳ᠎ᠠᠴᠠ ᠠᠶᠤᠳᠠᠭ ᠦᠭᠡᠢ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠱᠢᠯᠭᠠᠯᠲᠠ᠎ᠶ᠋ᠢ ᠢᠯᠠᠨ ᠳᠠᠪᠠᠭ᠍ᠤ ᠡᠷᠡᠰ ᠪᠠᠲᠤ ᠵᠣᠷᠢᠭ ᠪᠠ ᠴᠢᠳᠠᠪᠤᠷᠢ᠎ᠲᠠᠢ ᠶᠤᠮ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠢᠷᠮᠡᠭᠦᠨ ᠵᠤᠷᠢᠭ᠍ᠲᠠᠢ᠎ᠪᠠᠷ ᠤᠷᠤᠭ᠍ᠰᠢᠯᠠᠨ ᠳᠠᠪᠱᠢᠵᠤ᠂ ᠬᠢᠵᠢᠭ᠎ᠤᠨ ᠪᠠᠢᠳᠠᠯ᠎ᠢ ᠰᠡᠷᠬᠡᠢᠯᠡᠨ ᠬᠢᠵᠠᠭᠠᠷᠯᠠᠬᠤ ᠪᠠ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢ ᠨᠢᠬᠡᠳᠦᠯᠳᠠᠢ ᠲᠦᠯᠦᠪᠯᠡᠨ ᠠᠬᠢᠭᠤᠯᠵᠤ᠂ ᠪᠦᠬᠦ᠌ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠦ᠍᠂ ᠮᠠᠨ᠎ᠤ ᠤᠯᠤᠰ᠎ᠢᠶᠠᠨ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠬᠦᠰᠡᠯ᠎ᠢ ᠪᠡᠶᠡᠯᠡᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!
(ᠱᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶ᠋ᠢᠨ 29 ᠤ ᠴᠠᠬᠢᠯᠭᠠᠨ ᠮᠡᠳᠡᠭᠡ᠂ ᠳᠣᠮᠳᠠᠳᠣ ᠣᠯᠣᠰ᠎ᠤᠨ ᠦᠨᠳᠦᠰᠦᠳᠡᠨ᠎ᠤ ᠬᠡᠯᠡᠨ᠎ᠤ ᠣᠷᠴᠢᠭᠤᠯᠭ᠎ᠠ᠎ᠶ᠋ᠢᠨ ᠳᠣᠪᠴᠢᠶ᠎ᠠ ᠣᠷᠴᠢᠭᠤᠯᠪᠠ)