ᠡᠬᠡ ᠭᠠᠵᠠᠷ ᠡᠶᠡᠷᠡᠵᠤ᠂ ᠠᠭᠤᠯᠠ ᠲᠠᠯ᠎ᠠ᠎ᠳᠤ ᠨᠢᠯᠬ᠎ᠠ ᠨᠤᠭᠤᠭ᠎ᠠ ᠰᠤᠶᠤᠭᠠᠯᠠᠨ᠂ ᠲᠦᠮᠡᠨ ᠪᠤᠳᠠᠰ ᠠᠮᠢᠯᠠᠨ ᠰᠡᠷᠬᠦᠭ᠌ᠰᠡᠨ ᠬᠠᠪᠤᠷ᠎ᠤᠨ ᠤᠷᠢᠨ᠎ᠳᠤ ᠤᠢ᠍ᠢᠵᠢᠭᠤᠯᠤᠯᠳᠠ᠎ᠶ᠋ᠢᠨ ᠶᠠᠭᠠᠷᠠᠯᠳᠡᠢ ᠴᠠᠭ ᠬᠦᠢ ᠬᠠᠢ ᠦᠬᠡᠢ ᠠᠢᠯᠴᠢᠯᠡᠨ ᠪᠠᠭᠤᠯ᠎ᠠ᠃ ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ ᠬᠠᠪᠤᠷ᠎ᠤᠨ ᠤᠢ᠍ᠢᠵᠢᠭᠤᠯᠤᠯᠳᠠ᠎ᠶ᠋ᠢᠨ ᠠᠵᠢᠯ᠎ᠳᠤ ᠬᠦᠴᠢᠷᠳᠡᠯ ᠠᠪᠴᠢᠷᠠᠭ᠍ᠰᠠᠨ ᠪᠤᠯᠪᠠᠴᠤ᠌ ᠮᠠᠨ᠎ᠤ ᠤᠷᠤᠨ᠎ᠤ ᠡᠯ᠎ᠠ ᠭᠠᠵᠠᠷ᠎ᠤᠨ᠎ᠬᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠬᠦ᠌᠎ᠶ᠋ᠢᠨ ᠬᠠᠮᠳᠤ ᠠᠱᠢᠬ᠍ᠳᠠᠢ ᠴᠠᠭ᠎ᠢ ᠠᠮᠵᠢᠭᠤᠯᠵᠤ᠂ ᠤᠢ᠍ᠢᠵᠢᠭᠤᠯᠵᠤ ᠨᠤᠭᠤᠭᠠᠷᠠᠭᠤᠯᠬᠤ ᠠᠵᠢᠯ᠎ᠢᠶᠠᠨ ᠢᠳᠡ ᠬᠦᠭ᠎ᠲᠠᠢ ᠶᠠᠪᠤᠭ᠍ᠳᠠᠭᠤᠯᠤᠨ᠎ᠠ᠃
ᠬᠠᠪᠤᠷ ᠪᠤᠯᠤᠮᠠᠬ᠍ᠴᠠ ᠬᠦᠪᠴᠢ᠎ᠶ᠋ᠢᠨ ᠡᠯᠡᠰᠦᠨ᠎ᠳᠤ ᠤᠯᠠᠨ ᠲᠦᠮᠡᠨ ᠰᠠᠯᠬᠢ ᠰᠦᠷᠦᠨ ᠡᠪᠡᠰᠤ ᠮᠤᠳᠤ ᠲᠠᠷᠢᠵᠤ ᠡᠬᠢᠯᠡᠳᠡᠭ ᠶᠤᠮ᠂ ᠬᠡᠳᠤᠨ ᠠᠷᠪᠠᠨ ᠵᠢᠯ᠎ᠤᠨ ᠲᠤᠷᠰᠢ ᠡᠨᠡ ᠬᠦ᠌ ᠠᠵᠢᠯ ᠶᠡᠷᠤ᠎ᠠᠴᠠ ᠲᠠᠰᠤᠯᠳᠠᠭ᠎ᠠ ᠦᠬᠡᠢ᠃ ᠠᠶᠤᠯ᠎ᠳᠤ ᠬᠢᠵᠢᠭ ᠲᠠᠯᠬᠡᠷᠡᠭ᠌ᠰᠡᠨ ᠪᠤᠯᠪᠠᠴᠦ᠍ ᠬᠦᠪᠴᠢ᠎ᠶ᠋ᠢᠨ ᠡᠯᠡᠰᠦ᠎ᠶ᠋ᠢᠨ ᠡᠩᠬᠡᠪᠡᠢ ᠠᠮᠢ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠲᠤᠭᠤᠷᠢᠭ᠎ᠤᠨ ᠺᠠᠳ᠋ᠷ ᠠᠵᠢᠯᠳᠠᠳ᠎ᠤᠨ ᠡᠯᠡᠰᠦ ᠮᠠᠩᠬ᠎ᠠ᠎ᠶ᠋ᠢ ᠵᠠᠰᠠᠵᠤ ᠨᠤᠭᠤᠭᠠᠷᠠᠭᠤᠯᠬᠤ ᠤᠷᠬᠢᠯᠦᠮ᠎ᠠ ᠰᠡᠳᠭᠢᠯ᠎ᠢ ᠦᠴᠦᠬᠡᠨ ᠴᠦ᠍ ᠨᠦᠯᠦᠬᠡᠯᠡᠵᠤ ᠴᠢᠳᠠᠭ᠍ᠰᠠᠨ ᠦᠬᠡᠢ᠂ ᠡᠷᠴᠢ ᠵᠤᠷᠢᠭ᠎ᠢ ᠦᠴᠦᠬᠡᠨ ᠴᠦ᠍ ᠪᠠᠭᠤᠷᠠᠭᠤᠯᠵᠤ ᠲᠡᠢᠯᠦᠭ᠌ᠰᠡᠨ ᠦᠬᠡᠢ᠃ ᠡᠩᠬᠡᠪᠡᠢ᠎ᠶ᠋ᠢᠨ ᠠᠮᠢ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠲᠤᠭᠤᠷᠢᠭ᠎ᠨᠢ ᠤᠮᠠᠷᠠᠰᠢ ᠬᠠᠳᠤᠨ ᠭᠤᠤᠯ᠎ᠢ ᠬᠦᠪᠡᠭᠡᠳᠡᠨ ᠬᠦᠪᠴᠢ᠎ᠶ᠋ᠢᠨ ᠡᠯᠡᠰᠦᠨ᠎ᠤ ᠲᠤᠮᠳᠠ ᠬᠡᠰᠡᠭ᠎ᠤᠨ ᠬᠤᠢᠳᠤ ᠵᠠᠬ᠎ᠠ᠎ᠪᠠᠷ ᠪᠠᠢᠷᠢᠯᠡᠵᠤ᠂ ᠶᠡᠷᠤᠩᠬᠡᠢ ᠲᠠᠯᠠᠪᠠᠢ᠎ᠨᠢ ᠪᠠᠷᠤᠭ 30 ᠲᠦᠮᠡᠨ ᠮᠦ᠍ ᠪᠠᠢᠳᠠᠭ᠃ 40 ᠵᠢᠯ᠎ᠤᠨ ᠲᠤᠷᠱᠢᠬᠢ ᠴᠦᠬᠦᠷᠡᠰᠢ ᠦᠬᠡᠢ ᠴᠢᠷᠮᠠᠢᠯᠭ᠎ᠠ᠎ᠪᠠᠷ ᠲᠠᠮᠵᠢᠨ ᠬᠠᠮᠠᠷ ᠬᠠᠳᠭᠤᠬᠤ ᠡᠪᠡᠰᠤ ᠦᠬᠡᠢ ᠪᠠᠢᠭ᠍ᠰᠠᠨ ᠡᠨᠡ ᠬᠦ᠌ ᠡᠯᠡᠰᠦᠨ ᠴᠦᠯ᠎ᠨᠢ ᠤᠳᠤ ᠵᠤᠨ᠎ᠤ ᠰᠠᠢᠬᠠᠨ ᠤᠯᠠᠷᠢᠯ᠎ᠳᠤ ᠡᠪᠡᠰᠤ ᠤᠷᠭᠤᠮᠠᠯ ᠬᠠᠯᠢᠭᠤᠷᠠᠨ ᠤᠢ ᠮᠤᠳᠤ ᠬᠦᠬᠡᠷᠡᠵᠤ᠂ ᠤᠷᠭᠤᠮᠠᠯ᠎ᠤᠨ ᠪᠦᠷᠬᠦᠴᠡ᠎ᠨᠢ 78% ᠳᠤ ᠬᠦᠷᠴᠤ᠌᠂ ᠤᠢ ᠱᠢᠭᠤᠢ᠎ᠶ᠋ᠢᠨ ᠪᠦᠷᠬᠦᠴᠡ᠎ᠨᠢ 41% ᠳᠤ ᠬᠦᠷᠦᠭ᠌ᠰᠡᠨ ᠨᠤᠭᠤᠭᠠᠨ ᠪᠦᠷᠢ᠎ᠳᠤ ᠪᠤᠯᠵᠤ ᠬᠤᠪᠢᠷᠠᠪᠠ᠃
ᠮᠠᠨ᠎ᠤ ᠤᠷᠤᠨ᠎ᠤ ᠡᠯ᠎ᠠ ᠭᠠᠵᠠᠷ᠎ᠤᠨ᠎ᠬᠢᠨ ᠡᠬᠡ ᠤᠯᠤᠰ᠎ᠤᠨ ᠤᠮᠠᠷᠠᠳᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠦᠳᠦᠬᠡᠨ ᠪᠠᠢᠭᠤᠯᠬᠤ ᠪᠠ ᠤᠮᠠᠷᠠᠳᠤ ᠬᠢᠯᠢ᠎ᠶ᠋ᠢᠨ ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ᠎ᠢ ᠴᠤᠭ᠍ᠴᠠᠯᠠᠬᠤ᠎ᠪᠠᠷ ᠶᠡᠷᠤᠩᠬᠡᠢ ᠬᠠᠷᠠᠯᠳᠠ᠎ᠪᠠᠨ ᠪᠤᠯᠭᠠᠵᠤ᠂ ᠤᠯᠤᠰ᠎ᠤᠨ ᠨᠤᠳᠤᠭ ᠲᠡᠪᠢᠰᠭᠡᠷ᠎ᠤᠨ ᠨᠤᠭᠤᠭᠠᠷᠠᠭᠤᠯᠤᠯᠳᠠ᠎ᠶ᠋ᠢ ᠪᠦᠬᠦ᠌ ᠬᠦᠴᠦᠨ᠎ᠢᠶᠠᠷ ᠠᠬᠢᠭᠤᠯᠤᠨ ᠡᠯᠡᠰᠦ᠎ᠶ᠋ᠢ ᠵᠠᠰᠠᠵᠤ ᠡᠯᠡᠰᠤᠷᠬᠡᠭ᠌ᠵᠢᠯᠢ ᠰᠡᠷᠬᠡᠢᠯᠡᠬᠦ᠌ ᠡᠷᠴᠢᠮ᠎ᠢᠶᠠᠨ ᠴᠢᠨᠠᠭ᠍ᠰᠢᠳᠠ ᠴᠢᠩᠭᠠᠷᠠᠭᠤᠯᠵᠤ᠂ ᠡᠨᠡ ᠵᠢᠯ 1297 ᠲᠦᠮᠡᠨ ᠮᠦ᠍ ᠮᠤᠳᠤ ᠪᠠ 1500 ᠲᠦᠮᠡᠨ ᠮᠦ᠍ ᠡᠪᠡᠰᠤ ᠲᠠᠷᠢᠬᠤ᠎ᠪᠠᠷ ᠬᠦᠴᠦᠯᠡᠨ ᠲᠡᠮᠡᠤᠯᠤᠨᠠ᠃ ᠤᠢ᠍ᠢᠵᠢᠭᠤᠯᠤᠯᠳᠠ᠎ᠶ᠋ᠢᠨ ᠡᠬᠦᠷᠭᠡ᠎ᠶ᠋ᠢ ᠪᠦᠬᠦ᠌ ᠲᠠᠯ᠎ᠠ᠎ᠪᠠᠷ ᠰᠠᠢᠳᠤᠷ ᠪᠡᠶᠡᠯᠡᠬᠦᠯᠬᠦ᠌᠎ᠶ᠋ᠢᠨ ᠲᠦᠯᠦᠭᠡ ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ ᠱᠢᠨᠵᠢᠯᠡᠬᠦ᠌ ᠤᠬᠠᠭᠠᠨᠴᠢ᠎ᠪᠠᠷ ᠣᠢᠵᠢᠭᠤᠯᠬᠤ᠂ ᠤᠷᠤᠨ ᠨᠤᠳᠤᠭ᠎ᠲᠤ ᠲᠤᠬᠢᠷᠠᠭ᠍ᠰᠠᠨ ᠴᠢᠬᠢ ᠮᠤᠳᠤ᠎ᠶ᠋ᠢ ᠰᠤᠩᠭᠤᠨ ᠲᠠᠷᠢᠬᠤ᠎ᠶ᠋ᠢ ᠪᠠᠷᠢᠮᠳᠠᠯᠠᠵᠤ᠂ ᠭᠠᠩ ᠬᠠᠭ᠍ᠰᠠᠷᠠᠭᠠᠨ᠎ᠳᠤ ᠲᠠᠭᠠᠭᠠᠴᠠᠳᠠᠢ ᠪᠤᠶᠤ ᠠᠷᠪᠢᠳᠠᠢ ᠤᠰᠤᠯᠠᠯᠳᠠ᠎ᠶ᠋ᠢᠨ ᠲᠠᠷᠢᠵᠤ ᠣᠢᠵᠢᠭᠤᠯᠬᠤ ᠮᠡᠷᠭᠡᠵᠢᠯ᠎ᠢ ᠥᠷᠭᠡᠨ᠎ᠢᠶᠠᠷ ᠬᠡᠷᠡᠭ᠌ᠯᠡᠵᠤ᠂ ᠨᠤᠲᠤᠭ᠎ᠤᠨ ᠮᠣᠳᠣᠨ᠎ᠤ ᠲᠦᠷᠦᠯ ᠪᠣᠯᠤᠨ ᠰᠠᠢᠨ ᠴᠢᠬᠢ ᠮᠤᠳᠤ᠎ᠶ᠋ᠢ ᠰᠤᠩᠭᠤᠨ ᠪᠤᠳᠠᠯᠢᠭ ᠮᠤᠳᠤ ᠲᠠᠷᠢᠬᠤ ᠬᠠᠷᠢᠴᠠᠯ᠎ᠢ ᠨᠡᠮᠡᠭ᠌ᠳᠡᠬᠦᠯᠵᠤ᠂ ᠣᠢᠵᠢᠭᠤᠯᠤᠯᠲᠠ᠎ᠶ᠋ᠢᠨ ᠡᠳᠡᠭᠡᠷᠡᠯᠲᠡ᠎ᠶ᠋ᠢᠨ ᠨᠣᠷᠮ᠎ᠠ ᠪᠠ ᠶᠠᠰᠤ ᠴᠢᠨᠠᠷ᠎ᠢ ᠲᠠᠬᠡᠭ᠌ᠰᠢᠯᠡᠬᠦᠯᠬᠦ᠌ᠪᠠᠷ ᠴᠢᠷᠮᠠᠢᠨ᠎ᠠ᠃
ᠭᠠᠵᠠᠷ ᠲᠡᠭ᠌ᠰᠢᠯᠡᠨᠠ᠂ ᠨᠦᠬᠡ ᠮᠠᠯᠳᠠᠨ᠎ᠠ᠂ ᠵᠠᠭ ᠲᠠᠷᠢᠨ᠎ᠠ ᠁ ᠠᠯᠠᠱᠠ ᠠᠢᠮᠠᠭ᠎ᠤᠨ ᠠᠯᠠᠱᠠ ᠪᠠᠷᠠᠭᠤᠨ ᠬᠤᠱᠢᠭᠤᠨ᠎ᠤ ᠠᠯᠳᠠᠨᠴᠤᠭ ᠰᠤᠮᠤ᠎ᠶ᠋ᠢᠨ ᠬᠠᠪᠤᠷ᠎ᠤᠨ ᠤᠢ᠍ᠢᠵᠢᠭᠤᠯᠤᠯᠳᠠ᠎ᠶ᠋ᠢᠨ ᠲᠤᠬᠠᠢ᠎ᠶ᠋ᠢᠨ ᠲᠠᠯᠠᠪᠤᠷ᠎ᠲᠤ ᠠᠵᠢᠯᠴᠢᠳ ᠨᠢᠯᠬ᠎ᠠ ᠵᠠᠭ ᠲᠠᠷᠢᠵᠤ ᠶᠠᠭᠠᠷᠠᠯᠳᠡᠢ ᠠᠵᠢᠯᠯᠠᠵᠠᠭᠠᠨ᠎ᠠ᠃ ᠮᠠᠩᠬᠠᠨ ᠨᠤᠳᠤᠭ᠎ᠲᠤ ᠪᠠᠢᠩᠭᠤ ᠲᠤᠬᠢᠶᠠᠯᠳᠤᠳᠠᠭ ᠵᠠᠭ᠎ᠨᠢ ᠭᠠᠩ ᠬᠠᠭ᠍ᠰᠠᠷᠠᠭᠠᠨ᠎ᠳᠤ ᠲᠡᠰᠪᠤᠷᠢᠳᠠᠢ ᠮᠦᠷᠳᠡᠭᠡᠨ ᠰᠠᠯᠬᠢ ᠡᠯᠡᠰᠦ᠎ᠶ᠋ᠢ ᠬᠤᠷᠢᠭ᠍ᠯᠠᠵᠤ ᠴᠢᠳᠠᠳᠠᠭ᠃ ᠵᠢᠯ ᠪᠦᠷᠢ᠎ᠶ᠋ᠢᠨ ᠭᠤᠷᠪᠠ᠂ ᠲᠦᠷᠪᠡᠨ ᠰᠠᠷ᠎ᠠ᠎ᠳᠤ ᠲᠠᠷᠢᠭ᠍ᠰᠠᠨ ᠵᠠᠭᠤᠨ ᠡᠳᠡᠭᠡᠷᠡᠯᠳᠡ᠎ᠶ᠋ᠢᠨ ᠨᠤᠷᠮ᠎ᠠ᠎ᠨᠢ ᠬᠠᠮᠤᠭ᠎ᠤᠨ ᠦᠨᠳᠤᠷ ᠪᠤᠯᠬᠤᠷ ᠠᠯᠠᠱᠠ ᠠᠢᠮᠠᠭ᠎ᠤᠨ᠎ᠬᠢᠨ ᠴᠠᠭ᠎ᠢ ᠠᠮᠵᠢᠨ ᠵᠠᠭ ᠲᠠᠷᠢᠬᠤ᠎ᠶ᠋ᠢ ᠪᠠᠳᠤᠯᠠᠯ᠎ᠠ᠃ ᠲᠤᠰ ᠠᠢᠮᠠᠭ᠎ᠤᠨ ᠡᠯ᠎ᠠ ᠭᠠᠵᠠᠷ᠎ᠤᠨ᠎ᠬᠢᠨ ᠡᠳᠤᠷ ᠪᠦᠷᠢ ᠲᠤᠭ᠍ᠳᠠᠭ᠍ᠰᠠᠨ ᠴᠠᠭ᠎ᠲᠤ ᠠᠵᠢᠯᠴᠢᠳ᠎ᠤᠨ᠎ᠢᠶᠠᠨ ᠪᠡᠶ᠎ᠠ᠎ᠶ᠋ᠢᠨ ᠬᠠᠯᠠᠭᠤᠨ᠎ᠢ ᠬᠡᠮᠵᠢᠭ᠌ᠰᠡᠨᠤ ᠲᠠᠷᠠᠭ᠎ᠠ ᠲᠤᠰᠭᠠᠢ ᠲᠡᠷᠭᠡ᠎ᠪᠠᠷ ᠬᠦᠷᠭᠡᠵᠤ᠂ ᠨᠢᠭᠡ ᠯᠡ ᠲᠤᠤᠷ᠎ᠠ ᠬᠦᠮᠦᠨ ᠲᠦᠪᠯᠡᠷᠡᠬᠦ᠌ᠠᠴᠠ ᠰᠡᠷᠬᠡᠢᠯᠡᠨ ᠲᠤᠭᠤᠢ᠍ᠢᠯᠠᠩ ᠬᠤᠪᠢᠶᠠᠨ ᠠᠵᠢᠯᠯᠠᠵᠤ ᠤᠢ᠍ᠢᠵᠢᠭᠤᠯᠤᠯᠳᠠ᠎ᠶ᠋ᠢᠨ ᠠᠵᠢᠯ᠎ᠢ ᠠᠬᠢᠭᠤᠯᠵᠠᠢ᠃ ᠤᠯᠠᠨ ᠵᠢᠯ᠎ᠤᠨ ᠲᠤᠷᠰᠢ᠂ ᠠᠯᠠᠱᠠ ᠠᠢᠮᠠᠭ ᠬᠦᠮᠦᠨ᠎ᠤ ᠬᠦᠴᠦ᠎ᠪᠠᠷ ᠤᠢ᠍ᠢᠵᠢᠭᠤᠯᠬᠤ᠂ ᠨᠢᠰᠭᠡᠯ᠎ᠢᠶᠠᠷ ᠲᠠᠷᠢᠵᠤ ᠤᠢ᠍ᠢᠵᠢᠭᠤᠯᠬᠤ᠂ ᠡᠯᠡᠰᠤ᠎ᠶ᠋ᠢ ᠪᠢᠳᠡᠬᠦᠮᠵᠢᠯᠡᠨ ᠤᠢ᠍ᠢᠵᠢᠭᠤᠯᠬᠤ ᠵᠡᠷᠭᠡ ᠤᠯᠠᠨ ᠵᠦᠢᠯ᠎ᠤᠨ ᠠᠷᠭ᠎ᠠ ᠠᠪᠴᠠᠯ᠎ᠢᠶᠠᠷ ᠪᠠᠳᠠᠢ᠎ᠶ᠋ᠢᠨ ᠵᠢᠷᠠᠨ᠂ ᠲᠡᠭ᠌ᠷᠢ ᠡᠯᠡᠰᠦ ᠵᠡᠷᠭᠡ ᠡᠯᠡᠰᠦᠨ ᠴᠦᠯ᠎ᠤᠨ ᠡᠷᠬᠢᠨ ᠲᠤᠭᠤᠷᠢᠨ᠎ᠢ ᠤᠢ᠍ᠢᠵᠢᠭᠤᠯᠵᠤ᠂ ᠡᠯᠡᠰᠦᠷᠬᠡᠭ᠌ᠵᠢᠯ ᠴᠦᠯᠯᠡᠷᠭᠡᠭ᠌ᠵᠢᠯ᠎ᠤᠨ ᠦᠷᠭᠡᠳᠬᠦ᠌ᠶ᠋ᠢ ᠪᠦᠳᠦᠮᠵᠢᠳᠠᠢ ᠬᠤᠷᠢᠬ᠍ᠯᠠᠬ᠍ᠰᠠᠨ ᠪᠠᠢᠨ᠎ᠠ᠃
ᠬᠦᠬᠡᠬᠤᠳᠡ᠎ᠳᠤ 《ᠢᠨᠲ᠋ᠧᠷ ᠰᠦᠯᠵᠢᠶ᠎ᠠ + ᠪᠦᠬᠦ᠌ ᠠᠷᠠᠳ᠎ᠤᠨ ᠠᠯᠪᠠᠨ ᠵᠢᠷᠤᠮ᠎ᠤᠨ ᠮᠤᠳᠤ ᠲᠠᠷᠢᠬᠤ》 ᠲᠦᠷᠦᠯ ᠵᠦᠢᠯ ᠢᠳᠡ ᠬᠦᠭ᠎ᠲᠠᠢ ᠶᠠᠪᠤᠭ᠍ᠳᠠᠨ᠎ᠠ᠂ ᠤᠢ᠍ᠢᠷ᠎ᠠ᠎ᠶ᠋ᠢᠨ ᠡᠳᠤᠷ᠎ᠤᠳ᠎ᠲᠤ ᠬᠤᠳᠠ᠎ᠶ᠋ᠢᠨ ᠠᠷᠠᠳ ᠠᠯᠪᠠᠨ ᠵᠢᠷᠤᠮ᠎ᠤᠨ ᠮᠤᠳᠤ ᠲᠠᠷᠢᠬᠤ ᠰᠦᠯᠵᠢᠶᠡᠨ᠎ᠳᠤ ᠨᠡᠷ᠎ᠠ᠎ᠪᠠᠨ ᠲᠠᠩᠰᠠᠯᠠᠨ ᠠᠯᠪᠠᠨ ᠵᠢᠷᠤᠮ᠎ᠤᠨ ᠮᠤᠳᠤ ᠲᠠᠷᠢᠬᠤ ᠲᠦᠷᠦᠯ ᠵᠦᠢᠯ᠎ᠢᠶᠠᠨ ᠰᠤᠩᠭᠤᠭ᠍ᠰᠠᠨᠤ ᠲᠠᠷᠠᠭ᠎ᠠ ᠰᠦᠯᠵᠢᠶ᠎ᠠ ᠪᠤᠶᠤ ᠵᠢᠷᠬᠢᠶ᠎ᠠ ᠲᠠᠬᠡᠷ᠎ᠠ ᠮᠡᠷᠭᠡᠨ ᠴᠤᠬᠤᠷ᠎ᠢ ᠱᠢᠷᠪᠢᠨ ᠵᠤᠭᠤᠰ ᠬᠠᠨᠳᠢᠪᠯᠠᠵᠤ᠂ ᠠᠯᠪᠠᠨ ᠵᠢᠷᠤᠮ᠎ᠤᠨ ᠮᠤᠳᠤ ᠲᠠᠷᠢᠬᠤ ᠡᠬᠦᠷᠭᠡ᠎ᠪᠠᠨ ᠬᠦᠢᠴᠡᠳᠭᠡᠬᠦ᠌᠎ᠶ᠋ᠢᠨ ᠤᠯᠠᠮ᠎ᠢᠶᠠᠷ ᠴᠡᠯᠡᠬᠡᠷ ᠠᠭᠤᠯᠠ ᠴᠡᠩᠬᠡᠭ ᠤᠰᠤ ᠴᠡᠯᠮᠡᠭ ᠠᠭᠠᠷ᠎ᠲᠠᠢ ᠦᠵᠡᠰᠭᠦᠯᠡᠩᠳᠦ ᠰᠠᠢᠬᠠᠨ ᠦᠪᠤᠷ ᠮᠤᠩᠭᠤᠯ᠎ᠢ ᠴᠤᠬ᠍ᠴᠠᠯᠠᠬᠤ᠎ᠪᠠᠷ ᠬᠦᠴᠦᠨ ᠴᠢᠳᠠᠯ᠎ᠢᠶᠠᠨ ᠡᠷᠬᠦᠵᠡᠭᠡᠨᠠ᠃ ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠮᠠᠨ᠎ᠤ ᠤᠷᠤᠨ ᠨᠡᠢᠭᠡᠮ᠎ᠤᠨ ᠡᠯ᠎ᠡ ᠡᠲᠡᠭᠡᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠰᠠᠭᠤᠷᠢᠨ᠎ᠤ ᠪᠦᠲᠦᠭᠡᠨ ᠪᠠᠢᠭᠤᠯᠤᠯᠳᠠ᠎ᠳᠤ ᠣᠷᠣᠯᠴᠠᠬᠤ᠎ᠶ᠋ᠢ ᠲᠠᠢᠴᠢᠯᠠᠨ ᠵᠤᠷᠢᠭ᠍ᠵᠢᠭᠤᠯᠵᠤ᠂ 2012 ᠣᠨ᠎ᠠᠴᠠ ᠨᠠᠭᠠᠰᠢ 8000 ᠭᠠᠷᠤᠢ ᠲᠦᠮᠡᠨ ᠬᠥᠮᠦᠨ (ᠤᠳᠠᠭ᠎ᠠ) ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠤ᠂ ᠨᠡᠢᠲᠡ 3000 ᠲᠦᠮᠡᠨ ᠰᠠᠭᠤᠷᠢ ᠮᠣᠳᠣ ᠲᠠᠷᠢᠵᠤ᠂ ᠤᠳᠤ ᠪᠦᠬᠦ᠌ ᠤᠷᠤᠨ᠎ᠳᠤ 3700 ᠭᠠᠷᠤᠢ ᠠᠯᠪᠠᠨ ᠵᠢᠷᠤᠮ᠎ᠤᠨ ᠮᠤᠳᠤ ᠲᠠᠷᠢᠬᠤ ᠰᠠᠭᠤᠷᠢᠨ᠎ᠲᠠᠢ ᠪᠤᠯᠪᠠ᠃ ᠶᠢᠰᠦᠳᠦᠭᠡᠷ ᠤᠳᠠᠭᠠᠨ᠎ᠤ ᠪᠦᠬᠦ᠌ ᠤᠯᠤᠰ᠎ᠤᠨ ᠤᠢ ᠱᠢᠭᠤᠢ᠎ᠶ᠋ᠢᠨ ᠡᠬᠢ ᠪᠠᠶᠠᠯᠢᠬ᠎ᠢ ᠨᠢᠭ᠍ᠳᠠᠯᠠᠨ ᠪᠠᠢᠴᠠᠭᠠᠭ᠍ᠰᠠᠨ ᠦᠷ᠎ᠠ ᠳ᠋ᠦᠩ᠎ᠠᠴᠠ ᠦᠵᠡᠪᠡᠯ᠂ ᠮᠠᠨ᠎ᠤ ᠤᠷᠤᠨ᠎ᠤ ᠤᠢ ᠱᠢᠭᠤᠢ ᠨᠤᠳᠤᠭ ᠪᠡᠯᠴᠢᠬᠡᠷ᠎ᠤᠨ ᠠᠮᠢ ᠠᠬᠤᠢ᠎ᠶ᠋ᠢᠨ ᠪᠠᠢᠳᠠᠯ ᠦᠷᠬᠦᠯᠵᠢᠯᠡᠨ ᠰᠠᠢᠵᠢᠷᠠᠵᠤ᠂ ᠪᠦᠬᠦ᠌ ᠤᠷᠤᠨ᠎ᠤ ᠤᠢ ᠱᠢᠭᠤᠢ᠎ᠶ᠋ᠢᠨ ᠪᠦᠷᠬᠦᠴᠡ 22.1% ᠳᠤ ᠬᠦᠷᠴᠤ᠌᠂ ᠡᠯᠡᠰᠦᠷᠭᠡᠭ᠌ᠵᠢᠯ ᠴᠦᠯᠯᠡᠷᠭᠡᠭ᠌ᠵᠢᠯ᠎ᠢ ᠰᠡᠷᠬᠡᠢᠯᠡᠨ ᠵᠠᠰᠠᠭ᠍ᠰᠠᠨ ᠦᠷ᠎ᠠ ᠪᠦᠳᠦᠮᠵᠢ ᠲᠤᠪᠤᠢᠮ᠎ᠠ ᠪᠤᠯᠵᠠᠢ᠃
ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ ᠭᠡᠬᠦ᠌ ᠤᠢ᠍ᠢᠯᠠᠭᠠᠭ᠍ᠳᠠᠬᠤᠨ ᠨᠢᠬᠡᠨᠳᠡ ᠦᠪᠤᠷ ᠮᠤᠩᠭᠤᠯᠴᠤᠳ᠎ᠤᠨ ᠰᠡᠳᠭᠢᠯ᠎ᠳᠤ ᠬᠠᠳᠠᠩᠱᠢᠵᠤ᠂ ᠮᠤᠳᠤ ᠲᠠᠷᠢᠵᠥ᠍ ᠤᠢ᠍ᠢᠵᠢᠭᠤᠯᠤᠨ ᠤᠯᠤᠰ᠎ᠤᠨ ᠨᠤᠳᠤᠭ ᠲᠡᠪᠢᠰᠭᠡᠷ᠎ᠢᠶᠠᠨ ᠨᠤᠭᠤᠭᠠᠷᠠᠭᠤᠯᠬᠤ᠎ᠨᠢ ᠨᠢᠬᠡᠨᠳᠡ ᠦᠪᠤᠷ ᠮᠤᠩᠭᠤᠯᠴᠤᠳ᠎ᠤᠨ ᠤᠬᠠᠮᠰᠠᠷᠳᠤ ᠠᠵᠢᠯᠯᠠᠭ᠎ᠠ ᠪᠤᠯᠤᠯ᠎ᠠ᠃ ᠠᠭ᠍ᠯᠠᠭ ᠠᠭᠤᠯᠠ᠎ᠶ᠋ᠢᠨ ᠪᠡᠯ ᠡᠯᠡᠰᠦᠨ ᠴᠦᠯ᠎ᠤᠨ ᠲᠤᠮᠳᠠ᠂ ᠠᠵᠤ ᠠᠬᠤᠢ᠍ᠢᠯᠡᠯ᠎ᠤᠨ ᠡᠷᠬᠢᠨ ᠲᠤᠭᠤᠷᠢᠨ ᠵᠠᠰᠠᠮᠠᠯ ᠵᠠᠮ᠎ᠤᠨ ᠬᠤᠶᠠᠷ ᠬᠠᠵᠠᠭᠤ᠂ ᠠᠢᠯ ᠲᠤᠰᠭᠤᠨ᠎ᠤ ᠲᠠᠷᠬᠡᠳᠡ ᠦᠢᠯᠡᠳᠪᠤᠷᠢ ᠠᠭᠤᠷᠬᠠᠢ᠎ᠶ᠋ᠢᠨ ᠭᠠᠵᠠᠷ᠎ᠲᠤ ᠁ ᠬᠤᠳᠠ ᠬᠦᠳᠡᠭᠡ᠎ᠳᠤ ᠬᠡᠰᠡᠨ ᠦᠬᠡᠢ ᠮᠤᠳᠤ ᠲᠠᠷᠢᠵᠤ ᠮᠤᠩᠭᠠᠨᠢᠬᠤ ᠬᠦᠮᠦᠰ᠎ᠤᠨ ᠪᠠᠷ᠎ᠠ ᠬᠠ ᠶᠠ ᠦᠬᠡᠢ ᠬᠠᠷᠠᠭ᠍ᠳᠠᠵᠤ᠂ ᠨᠤᠭᠤᠭᠠᠨ ᠤᠶᠠᠩᠭ᠎ᠠ ᠴᠢᠪᠬᠠᠳᠠᠭ᠍ᠰᠠᠨ ᠬᠠᠪᠤᠷ᠎ᠤᠨ ᠠᠢᠵᠠᠮ ᠬᠠᠩᠭᠠᠢ ᠨᠤᠳᠤᠭ᠎ᠲᠤ ᠠᠶᠠᠷ ᠠᠶᠠᠷ ᠴᠤᠤᠷᠢᠶᠠᠳᠤᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号