《ᠲᠠᠮᠠᠴᠢ ᠠᠵᠢᠨᠠᠢ》 ᠬᠤᠷᠳᠤᠨ ᠬᠦᠯᠦᠭ᠎ᠤᠨ ᠤᠷᠤᠯᠳᠤᠭᠠᠨ ᠶᠠᠪᠤᠭ᠍ᠳᠠᠯ᠎ᠠ
2020-08-10 09:16:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 8 ᠎ᠤ ᠡᠳᠦᠷ᠂ 2020 ᠦᠪᠦᠷ ᠮᠤᠩᠭᠤᠯ᠎ᠤᠨ ᠮᠤᠷᠢᠨ ᠤᠷᠤᠯᠳᠤᠭᠠᠨ · ᠲᠤᠯᠤᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠯᠠᠨ ᠤᠯᠤᠰ᠎ᠤᠨ ᠮᠤᠷᠢᠨ ᠮᠡᠷᠭᠡᠵᠢᠯ᠎ᠤᠨ ᠨᠠᠢᠷ ᠵᠢᠴᠢ ᠰᠦᠨᠢᠳ ᠪᠠᠷᠠᠭᠤᠨ ᠬᠤᠱᠢᠭᠤᠨ᠎ᠤ ᠭᠤᠷᠪᠠᠳᠤᠭᠠᠷ ᠬᠤᠭᠤᠴᠠᠭᠠᠨ᠎ᠤ 《ᠲᠠᠮᠠᠴᠢ ᠠᠵᠢᠨᠠᠢ》 ᠲᠠᠯ᠎ᠠ ᠨᠤᠲᠤᠭ᠎ᠤᠨ ᠬᠤᠷᠳᠤᠨ ᠬᠦᠯᠦᠭ᠎ᠤᠨ ᠤᠷᠤᠯᠳᠤᠭᠠᠨ ᠰᠦᠨᠢᠳ ᠪᠠᠷᠠᠭᠤᠨ ᠬᠤᠱᠢᠭᠤᠨ᠎ᠤ ᠠᠮᠢ ᠠᠬᠤᠢ᠎ᠶ᠋ᠢᠨ ᠬᠦᠷᠢᠶᠡᠯᠡᠩ᠎ᠳᠤ ᠶᠠᠪᠤᠭ᠍ᠳᠠᠯ᠎ᠠ᠃


QQ截图20200810091334.jpg


ᠨᠡᠭᠡᠭᠡᠯᠳᠡ᠎ᠶ᠋ᠢᠨ ᠶᠤᠰᠤᠯᠠᠯ ᠲᠡᠭᠡᠷᠡᠬᠢ ᠠᠵᠢᠨᠠᠢ ᠬᠦᠯᠦᠭ᠎ᠤᠨ ᠵᠢᠭ᠍ᠰᠠᠭᠠᠯ᠎ᠨᠢ ᠬᠤᠷᠠᠭ᠍ᠰᠠᠨ ᠤᠯᠠᠨ᠎ᠤ ᠠᠩᠬᠠᠷᠤᠯ᠎ᠢ ᠤᠨᠴᠠ ᠲᠠᠳᠠᠵᠤ᠂ ᠲᠠᠯ᠎ᠠ ᠨᠤᠲᠤᠭ᠎ᠤᠨ ᠮᠤᠷᠢᠳᠠᠨ ᠦᠨᠳᠦᠰᠦᠳᠡᠨ᠎ᠤ ᠴᠤᠭ ᠵᠢᠪᠬᠤᠭ᠎ᠠ ᠰᠦᠷ ᠭᠡᠷᠡᠯ᠎ᠢ ᠭᠦᠢᠴᠡᠳ ᠢᠯᠡᠳᠭᠡᠨ ᠬᠠᠷᠠᠭᠤᠯᠵᠠᠢ᠃ ᠰᠦᠨᠢᠳ᠎ᠤᠨ ᠲᠠᠯ᠎ᠠ ᠨᠤᠲᠤᠭ ᠪᠤᠯ ᠡᠷᠳᠡ ᠤᠵᠠᠭᠤᠷ᠎ᠠᠴᠠ᠎ᠪᠠᠨ ᠠᠪᠤᠭᠠᠳ ᠬᠤᠷᠳᠤᠨ ᠬᠦᠯᠦᠭ ᠰᠠᠢᠨ ᠮᠤᠷᠢ ᠭᠠᠷᠳᠠᠭ ᠭᠠᠵᠠᠷ ᠤᠷᠤᠨ ᠪᠦᠭᠡᠳ ᠡᠨᠡ ᠨᠤᠲᠤᠭ᠎ᠤᠨ ᠬᠦᠮᠦᠨ ᠠᠷᠠᠳ ᠬᠦᠳᠡᠯᠮᠦᠷᠢᠴᠢ ᠬᠤᠶᠠᠷ ᠭᠠᠷ ᠠᠪᠬᠠᠯᠵᠢ ᠴᠡᠴᠡᠨ ᠤᠬᠠᠭᠠᠨ᠎ᠢᠶᠠᠷ᠎ᠢᠶᠠᠨ ᠭᠠᠵᠠᠷ ᠤᠷᠤᠨ᠎ᠤ ᠤᠨᠴᠠᠯᠢᠭ᠎ᠲᠠᠢ ᠦᠪᠡᠷᠮᠢᠴᠡ ᠰᠤᠳᠤᠨ ᠠᠳᠤᠭᠤᠨ ᠰᠤᠶᠤᠯ᠎ᠢ ᠡᠭᠦᠳᠦᠨ ᠪᠦᠲᠦᠭᠡᠵᠠᠢ᠃

ᠲᠤᠰ ᠤᠳᠠᠭᠠᠨ᠎ᠤ ᠤᠷᠤᠯᠳᠤᠭᠠᠨ᠎ᠳᠤ᠂ ᠮᠤᠩᠭᠤᠯ ᠮᠤᠷᠢ ᠪᠤᠯᠤᠨ ᠡᠭᠦᠯᠳᠡᠷ᠎ᠤᠨ ᠮᠤᠷᠢᠨ᠎ᠤ 60 ᠭᠠᠵᠠᠷ᠎ᠤᠨ ᠤᠷᠤᠯᠳᠤᠭᠠᠨ᠂ 30 ᠭᠠᠵᠠᠷ᠎ᠤᠨ ᠦᠷᠢᠶ᠎ᠠ ᠮᠤᠷᠢᠨ᠎ᠤ ᠤᠷᠤᠯᠳᠤᠭᠠᠨ᠂ 16 ᠭᠠᠵᠠᠷ᠎ᠤᠨ ᠲᠠᠭ᠎ᠠ᠎ᠶ᠋ᠢᠨ ᠤᠷᠤᠯᠳᠤᠭᠠᠨ᠂ ᠠᠳᠤᠭᠤ ᠤᠷᠭᠠᠯᠠᠵᠤ ᠡᠮᠨᠢᠭ ᠰᠤᠷᠭᠠᠬᠤ᠂ ᠮᠤᠷᠢᠨ ᠲᠠᠪᠬᠢᠭᠠᠨ ᠲᠡᠭᠡᠷ᠎ᠡ᠎ᠠᠴᠠ ᠬᠠᠳᠠᠭ ᠱᠢᠭᠦᠷᠡᠬᠦ᠂ ᠠᠵᠢᠷᠭᠠᠨ᠎ᠤ ᠠᠳᠠᠯᠢᠳᠭᠠᠨ ᠱᠢᠯᠭᠠᠷᠠᠭᠤᠯᠤᠯᠳᠠ ᠵᠡᠷᠭᠡ ᠤᠷᠤᠯᠳᠤᠭᠠᠨ ᠮᠦᠷᠦ᠋ᠢᠴᠡᠭᠡᠨ᠎ᠤ ᠲᠦᠷᠦᠯ ᠵᠦᠢᠯ ᠲᠤᠬᠢᠷᠠᠭᠤᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号