ᠺᠢᠨᠣ᠋ 《ᠬᠠᠢᠷ᠎ᠠ᠎ᠶ᠋ᠢᠨ ᠳᠠᠭᠤᠤ — ᠬᠠᠢᠷ᠎ᠠ ᠪᠢᠯᠬᠠᠭ᠍ᠰᠠᠨ ᠤᠨ ᠰᠠᠷ᠎ᠠ》 ᠎ᠶ᠋ᠢ ᠬᠡᠬᠡᠨ ᠭᠤᠤᠯ ᠬᠤᠳᠠ᠎ᠳᠤ ᠰᠡᠭᠦᠳᠡᠷᠯᠡᠵᠤ ᠡᠬᠢᠯᠡᠪᠡ
2020-08-13 11:05:01
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 10 ᠎ᠤ ᠡᠳᠤᠷ᠂ ᠦᠪᠦᠷ ᠮᠤᠩᠭᠤᠯ᠎ᠳᠠᠬᠢ ᠶᠡᠭᠡ ᠬᠢᠩᠭᠠᠨ ᠳᠠᠪᠠᠭ᠎ᠠ᠎ᠶ᠋ᠢ ᠨᠡᠭᠡᠭᠡᠨ ᠠᠱᠢᠬ᠍ᠯᠠᠬᠤ ᠶᠠᠪᠤᠴᠠ᠎ᠶ᠋ᠢ ᠬᠠᠷᠠᠭᠤᠯᠤᠭ᠍ᠰᠠᠨ ᠺᠢᠨᠣ᠋ 《ᠬᠠᠢᠷ᠎ᠠ᠎ᠶ᠋ᠢᠨ ᠳᠠᠭᠤᠤ — ᠬᠠᠢᠷ᠎ᠠ ᠪᠢᠯᠬᠠᠭ᠍ᠰᠠᠨ ᠤᠨ ᠰᠠᠷ᠎ᠠ》 ᠎ᠶ᠋ᠢ ᠬᠡᠬᠡᠨ ᠭᠤᠤᠯ ᠬᠤᠳᠠ᠎ᠶ᠋ᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠲᠤ ᠰᠡᠭᠦᠳᠡᠷᠯᠡᠵᠤ ᠡᠬᠢᠯᠡᠪᠡ᠃

ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠳᠤ ᠵᠤᠷᠢᠭᠤᠯᠤᠭ᠍ᠰᠠᠨ 《ᠬᠠᠢᠷ᠎ᠠ᠎ᠶ᠋ᠢᠨ ᠳᠠᠭᠤᠤ — ᠬᠠᠢᠷ᠎ᠠ ᠪᠢᠯᠬᠠᠭ᠍ᠰᠠᠨ ᠤᠨ    ᠰᠠᠷ᠎ᠠ》 ᠺᠢᠨᠣ᠋᠎ᠨᠢ ᠭᠤᠤᠯᠳᠠᠭᠤ ᠦᠪᠦᠷ ᠮᠤᠩᠭᠤᠯ᠎ᠳᠠᠬᠢ ᠶᠡᠭᠡ ᠬᠢᠩᠭᠠᠨ ᠳᠠᠪᠠᠭ᠎ᠠ᠎ᠶ᠋ᠢ ᠨᠡᠭᠡᠭᠡᠨ ᠠᠱᠢᠭ᠍ᠯᠠᠭ᠍ᠰᠠᠨ ᠶᠠᠪᠤᠴᠠ᠎ᠪᠠᠷ ᠳᠡᠪᠢᠰᠭᠡᠷᠯᠡᠵᠤ᠂ ᠳᠡᠭᠡᠷ᠎ᠡ ᠵᠠᠭᠤᠨ᠎ᠤ ᠳᠠᠪᠢᠭᠠᠳ ᠤᠨ᠎ᠤ ᠡᠬᠢᠨ᠎ᠠᠴᠠ ᠪᠠᠢᠭᠠᠯᠢᠯᠢᠭ ᠤᠢ᠎ᠶ᠋ᠢ ᠤᠭ᠍ᠳᠤᠯᠬᠤ᠎ᠶ᠋ᠢ ᠪᠦᠬᠦ᠌ ᠳᠠᠯ᠎ᠠ᠎ᠪᠠᠷ ᠵᠤᠭ᠍ᠰᠤᠭᠠᠭ᠍ᠰᠠᠨ ᠬᠦᠷᠳᠡᠯᠡᠬᠢ 70 ᠵᠢᠯ᠎ᠤᠨ ᠮᠠᠨ᠎ᠤ ᠤᠯᠤᠰ᠎ᠤᠨ ᠤᠢ ᠱᠢᠭᠤᠢ᠎ᠶ᠋ᠢᠨ ᠠᠵᠤ ᠦᠢᠯᠡᠰ᠎ᠤᠨ ᠬᠦᠭ᠌ᠵᠢᠯᠳᠡ᠎ᠶ᠋ᠢᠨ ᠳᠡᠦᠭᠡ᠂ ᠤᠯᠤᠰ᠎ᠤᠨ ᠤᠢ ᠱᠢᠭᠤᠢ᠎ᠶ᠋ᠢᠨ ᠳᠤᠬᠠᠢ ᠲᠦᠷᠦ᠎ᠶ᠋ᠢᠨ ᠪᠤᠳᠤᠯᠭ᠎ᠠ᠎ᠶ᠋ᠢᠨ ᠬᠤᠪᠢᠷᠠᠯᠳᠠ ᠵᠢᠴᠢ ᠨᠠᠮ ᠵᠠᠰᠠᠭ᠎ᠤᠨ ᠤᠳᠤᠷᠢᠳᠤᠯᠭ᠎ᠠ ᠳᠤᠤᠷ᠎ᠠ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠬᠢᠷ ᠬᠦᠢᠳᠡᠨ ᠤᠷᠴᠢᠨ ᠳᠤᠭᠤᠷᠢᠨ᠎ᠳᠤ ᠬᠦᠴᠢᠷ ᠪᠡᠷᠭᠡᠱᠢᠶᠡᠯ᠎ᠢ ᠬᠠᠮᠳᠤ᠎ᠪᠠᠷ ᠲᠤᠭᠤᠯᠵᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠠᠩᠬᠠᠨ᠎ᠤ ᠵᠢᠯ᠎ᠤᠳ᠎ᠲᠤ ᠤᠯᠤᠰ᠎ᠤᠨ ᠠᠵᠤ ᠠᠬᠤᠢ᠎ᠶ᠋ᠢᠨ ᠬᠦᠭ᠌ᠵᠢᠯᠳᠡ᠎ᠳᠤ ᠶᠡᠭᠡ ᠬᠡᠮᠵᠢᠶᠡᠨ᠎ᠤ ᠪᠠᠴᠢᠮ ᠱᠠᠭᠠᠷᠳᠠᠬ᠍ᠳᠠᠵᠤ ᠪᠦᠬᠦᠢ ᠮᠤᠳᠤᠨ ᠮᠠᠲ᠋ᠧᠷᠢᠶᠠᠯ ᠬᠠᠩᠭᠠᠭ᠍ᠰᠠᠨ ᠦᠯᠢᠬᠡᠷ᠎ᠢ ᠪᠢᠴᠢᠭ᠌ᠯᠡᠵᠠᠢ᠃ ᠴᠠᠭ ᠦᠶ᠎ᠡ᠎ᠶ᠋ᠢᠨ ᠤᠷᠤᠭ᠍ᠰᠢᠯᠠᠯᠲᠠ᠎ᠶ᠋ᠢ ᠲᠠᠭᠠᠯᠲᠤᠨ ᠳᠡᠳᠡ ᠨᠠᠷ ᠮᠦᠨ ᠯᠡ ᠴᠤᠴᠠᠯᠳᠠ ᠦᠭᠡᠢ ᠴᠢᠷᠮᠠᠢᠵᠤ ᠡᠭᠡ ᠤᠯᠤᠰ᠎ᠤᠨ ᠤᠮᠠᠷᠠᠳᠤ ᠬᠢᠯᠢ᠎ᠶ᠋ᠢᠨ ᠠᠮᠢ ᠠᠬᠤᠢ᠎ᠶ᠋ᠢᠨ ᠬᠠᠯᠬᠠᠪᠴᠢ᠎ᠶ᠋ᠢ ᠬᠠᠮᠠᠭᠠᠯᠠᠬᠤ ᠬᠦᠨᠳᠦ ᠡᠬᠦᠷᠭᠡ᠎ᠶ᠋ᠢ ᠳᠤᠰᠤᠨ ᠠᠪᠴᠤ᠌᠂ ᠤᠯᠤᠰ᠎ᠤᠨ ᠠᠵᠤ ᠠᠬᠤᠢ ᠬᠢᠬᠡᠳ ᠠᠮᠢ ᠠᠬᠤᠢ᠎ᠶ᠋ᠢᠨ ᠬᠦᠭ᠌ᠵᠢᠯᠳᠡ᠎ᠳᠤ ᠯᠤᠳᠤ ᠶᠡᠭᠡ ᠭᠠᠪᠢᠶ᠎ᠠ ᠵᠢᠳᠭᠦᠯ ᠦᠵᠡᠭᠦᠯᠦᠭ᠌ᠰᠡᠭᠡᠷ ᠪᠤᠢ᠃

ᠤᠢ᠍ᠢᠯᠠᠭᠠᠭ᠍ᠰᠠᠨ᠎ᠢᠶᠠᠷ᠂ ᠲᠤᠰ ᠺᠢᠨᠣ᠋᠎ᠶ᠋ᠢ 2021 ᠤᠨ᠎ᠤ 5 ᠰᠠᠷ᠎ᠠ᠎ᠠᠴᠠ ᠡᠮᠦᠨ᠎ᠡ ᠰᠡᠭᠦᠳᠡᠷᠯᠡᠵᠤ ᠳᠠᠭᠤᠰᠭᠠᠭᠠᠳ ᠪᠦᠬᠦ᠌ ᠤᠯᠤᠰ᠎ᠤᠨ ᠡᠯ᠎ᠡ ᠺᠢᠨᠣ᠋᠎ᠶ᠋ᠢᠨ ᠤᠷᠳᠤᠨ᠎ᠳᠤ ᠢᠯᠡ ᠳᠠᠷᠬᠠᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号