8 ᠰᠠᠷ᠎ᠠ᠎ᠶ᠋ᠢᠨ 9 ᠤ ᠡᠳᠤᠷ᠂ 《ᠴᠡᠯᠡᠭᠡᠷ ᠳᠠᠯ᠎ᠠ᠎ᠳᠠᠭᠠᠨ ᠬᠠᠢᠷᠠᠳᠠᠢ》 ᠬᠡᠬᠦ᠌ ᠰᠦᠯᠵᠢᠶᠡᠨ ᠤᠳᠤᠳ᠎ᠤᠨ ᠱᠢᠭᠤᠳ ᠨᠡᠪᠳᠡᠷᠡᠭᠦᠯᠭᠡ ᠬᠢᠵᠤ ᠰᠤᠶᠤᠯ ᠵᠢᠭᠤᠯᠴᠢᠯᠠᠯ᠎ᠢᠶᠠᠷ ᠠᠷᠠᠳ᠎ᠲᠤ ᠠᠱᠢᠭ ᠬᠦᠷᠳᠡᠭᠡᠬᠦ᠌ ᠠᠵᠢᠯᠯᠠᠭ᠎ᠠ ᠬᠦᠬᠡᠬᠤᠳᠠ᠎ᠳᠤ ᠶᠠᠪᠤᠭ᠍ᠳᠠᠪᠠ᠃
ᠲᠤᠰ ᠠᠵᠢᠯᠯᠠᠭ᠎ᠠ᠎ᠨᠢ ᠪᠦᠷᠢᠨ ᠵᠠᠭᠤᠴᠢᠯᠠᠭᠤᠷ᠎ᠤᠨ ᠴᠠᠭ ᠦᠶ᠎ᠡ᠎ᠳᠠᠬᠢ ᠰᠤᠶᠤᠯ ᠵᠢᠭᠤᠯᠴᠢᠯᠠᠯ᠎ᠢ ᠳᠠᠨᠢᠯᠴᠠᠭᠤᠯᠤᠨ ᠤᠬᠠᠭᠤᠯᠬᠤ ᠱᠢᠨ᠎ᠡ ᠨᠢᠭᠡᠨ ᠬᠡᠯᠪᠡᠷᠢ ᠪᠠᠢᠵᠤ᠂ ᠤᠯᠤᠰ᠎ᠤᠨ ᠳᠤᠳᠤᠭᠠᠳᠤ᠎ᠶ᠋ᠢᠨ ᠮᠤᠵᠢ ᠠᠯᠤᠰᠯᠠᠠ ᠵᠢᠭᠤᠯᠴᠢᠯᠠᠬᠤ᠎ᠶ᠋ᠢ ᠠᠬᠢᠭᠤᠯᠤᠨ᠂ ᠬᠦᠬᠡᠬᠤᠳᠠ᠎ᠶ᠋ᠢᠨ ᠰᠤᠶᠤᠯ ᠵᠢᠭᠤᠯᠴᠢᠯᠠᠯ᠎ᠤᠨ ᠵᠠᠬ᠎ᠠ ᠳᠡᠯᠬᠡᠭᠦᠷᠢ ᠬᠦᠭ᠌ᠵᠢᠭᠦᠯᠵᠤ᠂ ᠰᠤᠶᠤᠯ ᠵᠢᠭᠤᠯᠴᠢᠯᠠᠯ᠎ᠤᠨ ᠭᠦᠭ᠌ᠵᠢᠯᠳᠡ᠎ᠶ᠋ᠢ ᠬᠠᠢᠨ ᠰᠦᠪᠡᠭ᠌ᠴᠢᠯᠡᠭ᠌ᠰᠡᠨ ᠠᠷᠭ᠎ᠠ ᠬᠡᠮᠵᠢᠶ᠎ᠡ ᠪᠤᠯᠬᠤ ᠶᠤᠮ᠃
ᠰᠦᠯᠵᠢᠶᠡᠨ ᠤᠳᠤᠳ᠎ᠠᠴᠠ ᠬᠦᠬᠡᠬᠤᠳᠠ᠎ᠶ᠋ᠢᠨ ᠬᠤᠳᠠ᠎ᠶ᠋ᠢᠨ ᠦᠵᠡᠮᠵᠢ᠂ ᠱᠢᠨ᠎ᠡ ᠬᠦᠳᠡᠭᠡ ᠠᠵᠤ ᠠᠬᠤᠢ᠎ᠶ᠋ᠢᠨ ᠵᠢᠭᠤᠯᠴᠢᠯᠠᠯ᠂ ᠤᠳᠤᠨ ᠬᠤᠭᠤᠯᠠᠨ ᠬᠡᠷ ᠵᠡᠷᠭᠡ᠎ᠶ᠋ᠢ ᠳᠠᠨᠢᠯᠴᠠᠭᠤᠯᠵᠤ᠂ 《ᠤᠬᠤᠷ ᠹᠢᠯᠢᠮ + ᠱᠢᠭᠤᠳ ᠨᠡᠪᠳᠡᠷᠡᠭᠦᠯᠭᠡ》 ᠵᠡᠷᠭᠡ ᠬᠡᠯᠪᠡᠷᠢ᠎ᠪᠠᠷ ᠴᠡᠯᠡᠭᠡᠷ ᠳᠠᠯ᠎ᠠ᠎ᠶ᠋ᠢᠨ ᠪᠤᠷᠴᠠ᠂ ᠱᠤᠤᠮᠠᠢ᠂ ᠰᠦ᠎ᠲᠠᠢ ᠴᠠᠢ ᠵᠡᠷᠭᠡ ᠠᠮᠳᠠᠳᠤ ᠢᠳᠡᠭᠡᠨ᠎ᠢ ᠰᠦᠯᠵᠢᠶᠡᠨ ᠤᠷᠤᠨ ᠵᠠᠢ᠎ᠳᠤ ᠳᠠᠷᠬᠠᠭᠠᠭ᠍ᠰᠠᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号