8 ᠰᠠᠷ᠎ᠠ᠎ᠶ᠋ᠢᠨ 13 ᠤ ᠤᠷᠤᠢ᠂ ᠮᠢᠩᠭᠠᠨ ᠬᠥᠮᠥᠨ᠎ᠤ ᠠᠨᠳᠠᠢ᠎ᠶ᠋ᠢᠨ ᠬᠦᠭ᠌ᠵᠢᠶᠡᠨᠳᠦ ᠠᠶᠠᠰ᠂ ᠤᠷᠠᠨ ᠪᠥᠵᠢᠭ᠎ᠢᠶᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠂ ᠲᠦᠩᠯᠢᠶᠣᠤ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠂ ᠲᠦᠩᠯᠢᠶᠣᠤ ᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠳᠠᠭᠠᠭᠠᠴᠢᠯᠠᠨ ᠡᠷᠭᠢᠯᠡᠭ᠌ᠰᠡᠨ 《ᠤᠶᠠᠩᠭ᠎ᠠ ᠨᠠᠬᠢᠯᠵᠠᠭᠠᠨᠲᠠᠢ ᠤᠮᠠᠷᠠᠲᠤ ᠬᠢᠯᠢ》 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠬᠤᠭᠤᠴᠠᠭᠠᠨ᠎ᠤ ᠠᠭᠤᠳᠠᠮ ᠲᠠᠯᠠᠪᠠᠶ᠎ᠶ᠋ᠢᠨ ᠪᠥᠵᠢᠭ᠎ᠤᠨ ᠤᠷᠤᠯᠳᠤᠭᠠᠨ ᠲᠥᠩᠯᠢᠶᠤᠤ ᠬᠤᠲᠠ᠎ᠶ᠋ᠢᠨ ᠠᠷᠠᠳ᠎ᠤᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠭᠡ᠎ᠪᠠᠷ ᠡᠬᠢᠯᠡᠪᠡ᠃

ᠪᠦᠬᠦ᠌ ᠣᠷᠣᠨ᠎ᠤ ᠠᠷᠠᠳ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠠᠭᠤᠳᠠᠮ ᠲᠠᠯᠠᠪᠠᠢ᠎ᠶ᠋ᠢᠨ ᠪᠥᠵᠢᠭ᠎ᠢ ᠳᠡᠯᠭᠡᠷᠡᠭᠦᠯᠬᠦ᠌ ᠵᠤᠷᠢᠯᠲᠠ᠎ᠪᠠᠷ᠂ ᠪᠥᠬᠦ᠌ ᠣᠷᠣᠨ᠎ᠤ ᠠᠷᠪᠠᠨ ᠬᠤᠶᠠᠷ ᠠᠢᠮᠠᠭ ᠬᠤᠲᠠ ᠵᠢᠴᠢ ᠮᠠᠨᠵᠤᠤᠷ ᠪᠠ ᠡᠷᠢᠶᠡᠨ᠎ᠠᠴᠠ ᠬᠥᠷᠥᠯᠴᠡᠨ ᠢᠷᠡᠭ᠌ᠰᠡᠨ ᠨᠡᠢᠲᠡ 15 ᠲᠥᠯᠥᠭᠡᠯᠡᠭ᠌ᠴᠢ ᠠᠩᠬᠢ᠎ᠶ᠋ᠢᠨ 520 ᠭᠠᠷᠤᠶ ᠪᠥᠵᠢᠭ᠎ᠤᠨ ᠪᠠᠭ᠍ᠠᠳᠠᠳ ᠲᠣᠰ ᠬᠤᠭᠤᠴᠠᠭᠠᠨ᠎ᠤ ᠤᠷᠤᠯᠳᠤᠭᠠᠨ᠎ᠳᠤ ᠣᠷᠣᠯᠴᠠᠵᠠᠶ᠃ ᠲᠤᠰ ᠤᠳᠠᠭᠠᠨ᠎ᠤ ᠤᠷᠤᠯᠳᠤᠭᠠᠨ᠎ᠳᠤ ᠤᠷᠤᠯᠴᠠᠬ᠍ᠰᠠᠨ ᠰᠤᠳᠤᠨ ᠪᠦᠳᠦᠬᠡᠯ᠎ᠢ ᠪᠤᠯ ᠡᠯ᠎ᠡ ᠭᠠᠵᠠᠷ ᠣᠷᠣᠨ᠎ᠠᠴᠠ ᠱᠠᠲᠤ ᠱᠠᠲᠤ᠎ᠪᠠᠷ ᠱᠢᠯᠢᠨ ᠰᠣᠩᠭᠤᠬᠤ᠎ᠪᠠᠷ ᠳᠠᠮᠵᠢᠨ ᠴᠤᠯᠭᠤᠷᠠᠭᠤᠯᠤᠬ᠍ᠰᠠᠨ ᠶᠤᠮ᠃
ᠲᠤᠰ ᠬᠤᠭᠤᠴᠠᠭᠠᠨ᠎ᠤ ᠤᠷᠤᠯᠳᠤᠭᠠᠨ᠎ᠨᠢ ᠤᠷᠤᠯᠴᠠᠬ᠍ᠰᠠᠳᠤᠨ ᠲᠤᠭ᠎ᠠ᠂ ᠤᠷᠤᠯᠴᠠᠬ᠍ᠰᠠᠳᠤᠨ ᠨᠠᠰᠤ᠂ ᠪᠦᠲᠦᠭᠡᠯ᠎ᠤᠨ ᠴᠢᠨᠠᠷ᠂ ᠤᠷ᠎ᠠ ᠮᠡᠷᠭᠡᠱᠢᠯ᠂ ᠬᠤᠪᠴᠠᠰᠤ ᠵᠠᠰᠠᠯ ᠵᠡᠷᠭᠡ ᠣᠯᠠᠨ ᠲᠠᠯ᠎ᠠ᠎ᠪᠠᠷ ᠲᠦᠷᠦᠬᠦᠦ ᠵᠢᠯ᠎ᠠᠴᠠ᠎ᠪᠠᠨ ᠳᠡᠭᠡᠭ᠌ᠰᠢᠯᠡᠯᠳᠡ ᠰᠠᠢᠵᠢᠷᠠᠯᠲᠠ᠎ᠲᠠᠢ᠃ ᠱᠢᠨ᠎ᠡ᠎ᠪᠠᠷ ᠵᠣᠬᠢᠶᠠᠬ᠍ᠳᠠᠬ᠍ᠰᠠᠨ ᠪᠥᠵᠢᠭ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠥᠵᠢᠭ᠂ ᠤᠤᠭᠠᠯ ᠪᠥᠵᠢᠭ ᠵᠡᠷᠭᠡ ᠤᠷᠤᠯᠳᠤᠭᠠᠨ᠎ᠳᠤ ᠣᠷᠣᠯᠴᠠᠭ᠍ᠰᠠᠨ ᠪᠦᠲᠦᠭᠡᠯ ᠨᠢᠭᠡ ᠪᠦᠷᠢ᠎ᠨᠢ ᠲᠠᠯ᠎ᠠ ᠨᠤᠲᠤᠭ᠎ᠤᠨ ᠭᠤᠶᠤ ᠦᠵᠡᠮᠵᠢ᠎ᠶ᠋ᠢ ᠳᠠᠢᠰᠠᠨᠠ ᠢᠯᠡᠷᠡᠬᠦᠯᠵᠠᠢ᠃