ᠳᠡᠯᠭᠡᠷ ᠵᠤᠨ᠎ᠤ ᠦᠪᠦᠷ ᠮᠤᠩᠭᠤᠯ ᠠᠮᠢᠵᠢᠷᠠᠯ᠎ᠤᠨ ᠬᠦᠴᠦᠨ ᠪᠢᠯᠬᠠᠭᠤᠯᠤᠨ ᠦᠷᠨᠢᠭᠦᠨ ᠬᠦᠭ᠌ᠵᠢᠯᠲᠡ᠎ᠪᠠᠨ ᠬᠤᠷᠦ᠋ᠢᠯᠠᠵᠤ ᠲᠠᠯ᠎ᠠ ᠨᠤᠲᠤᠭ᠎ᠤᠨ ᠰᠤᠶᠤᠯ ᠤᠷᠠᠯᠢᠭ᠎ᠤᠨ ᠦᠭᠡᠳᠡᠯᠡᠯ ᠴᠡᠴᠡᠭ᠌ᠯᠡᠯ᠎ᠢ ᠵᠢᠷᠤᠭ᠍ᠯᠠᠨ᠎ᠠ᠃
ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠲᠠᠯ᠎ᠠ ᠨᠤᠲᠤᠭ᠎ᠤᠨ ᠰᠤᠶᠤᠯ᠎ᠤᠨ ᠨᠠᠢᠷ 8 ᠰᠠᠷ᠎ᠠ᠎ᠶ᠋ᠢᠨ 8 ᠤ ᠡᠳᠦᠷ ᠬᠦᠬᠡᠬᠤᠲᠠ᠎ᠳᠤ ᠦᠪᠡᠳᠡᠭ᠌ᠰᠢ ᠶᠡᠭᠡ᠎ᠪᠠᠷ ᠡᠬᠢᠯᠡᠯ᠎ᠡ᠃ ᠦᠩᠭᠡᠷᠡᠭ᠌ᠰᠡᠨᠤᠬᠢᠲᠠᠢ ᠠᠳᠠᠯᠢ ᠦᠭᠡᠢ᠎ᠨᠢ ᠭᠡᠪᠡᠯ᠂ ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠤᠶᠤᠯ᠎ᠤᠨ ᠨᠠᠢᠷ᠎ᠤᠨ ᠡᠬᠢᠯᠡᠯᠳᠡ᠎ᠶ᠋ᠢᠨ ᠶᠤᠰᠤᠯᠠᠯ᠎ᠨᠢ ᠪᠢᠲᠡᠭᠦᠮᠵᠢᠯᠡᠭ᠌ᠰᠡᠨ ᠲᠠᠯᠠᠪᠠᠢ᠎ᠳᠤ ᠶᠠᠪᠤᠭ᠍ᠳᠠᠭ᠍ᠰᠠᠨ ᠪᠢᠰᠢ᠂ ᠬᠠᠷᠢᠨ ᠲᠤᠭᠤᠷᠢᠨ ᠲᠤᠭ᠍ᠯᠠᠬᠤ ᠬᠡᠯᠪᠡᠷᠢ᠎ᠪᠠᠷ ᠶᠠᠪᠤᠭ᠍ᠳᠠᠨ᠂ ᠲᠤᠭ᠍ᠲᠠᠭ᠍ᠰᠠᠨ ᠲᠤᠭ᠍ᠯᠠᠯᠲᠠ᠎ᠶ᠋ᠢᠨ ᠲᠠᠢᠰᠠ᠂ ᠤᠳᠤᠷᠢᠳᠤᠯᠭ᠎ᠠ᠎ᠶ᠋ᠢᠨ ᠶᠠᠷᠢᠶ᠎ᠠ ᠢᠯᠡᠳᠭᠡᠯ ᠭᠡᠵᠦ᠍ ᠦᠭᠡᠢ᠂ ᠠᠷᠠᠳ ᠲᠦᠮᠡᠨ᠎ᠲᠠᠢ ᠨᠢᠭ᠍ᠲᠠ ᠤᠢ᠍ᠢᠷᠠᠳᠴᠤ᠌᠂ ᠠᠬᠤᠢ ᠲᠠᠯᠠᠪᠠᠢ᠎ᠶ᠋ᠢᠨ ᠦᠵᠡᠭ᠌ᠴᠢᠳ ᠪᠠ ᠰᠦᠯᠵᠢᠶᠡᠨ ᠠᠨᠳᠠ ᠨᠠᠷ᠎ᠢ ᠳᠠᠭᠤᠤ᠎ᠶ᠋ᠢᠨ ᠳᠠᠯᠠᠢ ᠪᠦᠵᠢᠭ᠎ᠤᠨ ᠶᠢᠷᠲᠢᠨᠴᠦ᠎ᠪᠠᠷ ᠠᠶᠠᠯᠠᠭᠤᠯᠤᠨ᠂ ᠤᠷᠠᠯᠢᠭ᠎ᠤᠨ ᠦᠪᠡᠳᠡᠭ᠌ᠰᠢ ᠴᠤᠭ᠍ᠯᠠᠭᠠᠨ᠎ᠢᠶᠠᠷ᠎ᠢᠶᠠᠨ ᠠᠷᠠᠳ ᠤᠯᠠᠨ᠎ᠤ ᠠᠮᠢᠳᠤᠷᠠᠯ᠎ᠳᠤ ᠬᠦᠷ ᠪᠠᠶᠠᠷ ᠨᠡᠮᠡᠷᠢᠯᠡᠯ᠎ᠡ᠃ 《ᠡᠭᠡᠱᠢᠭ ᠤᠶᠠᠩᠭᠠᠷᠠᠭ᠍ᠰᠠᠨ ᠨᠠᠢ᠍ᠮᠠᠳᠤᠭᠠᠷ ᠰᠠᠷ᠎ᠠ — ᠠᠶ᠎ᠠ ᠳᠠᠭᠤᠤ ᠬᠦᠭ᠌ᠯᠡᠭ᠌ᠰᠡᠨ ᠰᠠᠢᠨ ᠰᠠᠢᠬᠠᠨ ᠠᠮᠢᠳᠤᠷᠠᠯ》 ᠢᠶᠠᠷ ᠭᠤᠤᠯ ᠰᠡᠳᠦᠪ ᠪᠤᠯᠭᠠᠭ᠍ᠰᠠᠨ ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠤᠶᠤᠯ᠎ᠤᠨ ᠨᠠᠢᠷ᠎ᠨᠢ ᠰᠤᠳᠤᠨ ᠪᠦᠲᠦᠭᠡᠯ᠎ᠢ ᠳᠡᠯᠭᠡᠨ ᠦᠵᠡᠭᠦᠯᠬᠦ᠂ ᠤᠯᠠᠮᠵᠢᠯᠠᠨ ᠱᠢᠨᠡᠴᠢᠯᠡᠵᠦ᠍᠂ ᠰᠤᠶᠤᠯ ᠤᠷᠠᠯᠢᠭ᠎ᠢ ᠬᠠᠮᠲᠤ᠎ᠪᠠᠷ ᠡᠳ᠋ᠯᠡᠬᠦ᠌ ᠪᠠ ᠰᠤᠯᠢᠯᠴᠠᠭ᠎ᠠ ᠬᠢᠵᠦ᠍ ᠲᠤᠯᠢᠳᠠᠬᠤ᠎ᠪᠠᠷ ᠭᠤᠤᠯ ᠠᠭᠤᠯᠭ᠎ᠠ ᠪᠤᠯᠭᠠᠨ᠂ ᠠᠷᠠᠳ ᠤᠯᠠᠨ ᠤᠷᠤᠯᠴᠠᠬᠤ ᠪᠠ ᠠᠢᠮᠠᠭ ᠬᠤᠲᠠ ᠬᠤᠯᠪᠤᠭᠠᠯᠠᠨ ᠬᠦᠳᠡᠯᠦᠯᠴᠡᠬᠦ᠌᠎ᠶ᠋ᠢ ᠳᠤᠪᠤᠢᠯᠭᠠᠵᠤ᠂ 18 ᠲᠦᠷᠦᠯ᠎ᠤᠨ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠲᠤᠬᠢᠷᠠᠭᠤᠯᠤᠨ᠂ ᠪᠦᠬᠦ᠌ ᠤᠷᠤᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠡᠯᠪᠡᠭ ᠪᠠᠶᠠᠯᠢᠭ ᠰᠤᠶᠤᠯ᠎ᠤᠨ ᠬᠦᠷᠲᠡᠭᠡᠯ ᠤᠯᠭᠤᠵᠤ ᠪᠠᠢᠭ᠎ᠠ ᠪᠢᠯᠡ᠃
ᠲᠤᠰ ᠬᠤᠭᠤᠴᠠᠭᠠᠨ᠎ᠤ ᠲᠠᠯ᠎ᠠ ᠨᠤᠲᠤᠭ᠎ᠤᠨ ᠰᠤᠶᠤᠯ᠎ᠤᠨ ᠨᠠᠢᠷ᠎ᠤᠨ ᠴᠢᠬᠤᠯᠠ ᠪᠦᠷᠢᠯᠳᠦᠭᠦᠨ ᠬᠡᠰᠡᠭ ᠪᠤᠯᠤᠭ᠍ᠰᠠᠨ 《ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠰᠤᠭᠠᠢ》 ᠵᠢᠴᠢ 《ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠰᠤᠭᠠᠢ》 ᠬᠡᠮᠡᠬᠦ᠌ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠪᠦᠲᠦᠭᠡᠯ᠎ᠤᠨ ᠦᠵᠡᠰᠭᠦᠯᠡᠩ᠎ᠨᠢ ᠦᠵᠡᠯ ᠰᠠᠨᠠᠭᠠᠴᠢ ᠴᠢᠨᠠᠷ᠂ ᠤᠷᠠᠯᠢᠭ᠎ᠤᠨ ᠴᠢᠨᠠᠷ᠂ ᠰᠤᠨᠢᠷᠬᠠᠯᠲᠤ ᠴᠢᠨᠠᠷ᠎ᠢ ᠨᠢᠭᠡᠳᠭᠡᠭ᠌ᠰᠡᠨ ᠤᠷᠠᠯᠢᠭ᠎ᠤᠨ ᠰᠤᠳᠤᠨ ᠪᠦᠲᠦᠭᠡᠯ᠎ᠢ ᠳᠡᠯᠭᠡᠨ ᠦᠵᠡᠭᠦᠯᠵᠦ᠍᠂ 《ᠠᠳᠤᠭᠤᠨ ᠰᠤᠶᠤᠯ》 ᠤᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ ᠪᠤᠢ; ᠭᠤᠸᠠᠩᠳᠦ᠋ᠩ ᠮᠤᠵᠢ᠎ᠠᠴᠠ ᠤᠷᠤᠭᠤᠯᠤᠨ ᠠᠪᠴᠢᠷᠠᠭ᠍ᠰᠠᠨ 《ᠳᠠᠯᠠᠢ᠎ᠶ᠋ᠢᠨ ᠶᠡᠭᠡ ᠵᠠᠮ — 〈ᠡᠮᠦᠨᠡᠲᠦ ᠲᠠᠩᠭᠢᠰ Ⅰ ᠨᠤᠮᠧᠷᠲᠤ〉 ᠵᠢᠪᠦᠭ᠌ᠰᠡᠨ ᠬᠦᠯᠭᠡ ᠤᠩᠭᠤᠴᠠ ᠬᠢᠭᠡᠳ ᠡᠮᠦᠨᠡᠲᠦ ᠰᠦᠩ ᠤᠯᠤᠰ᠎ᠤᠨ ᠳᠠᠯᠠᠢ᠎ᠶ᠋ᠢᠨ ᠠᠷᠠᠯᠵᠢᠶ᠎ᠠ》 ᠶ᠋ᠢᠨ ᠦᠵᠡᠰᠭᠦᠯᠡᠩ᠎ᠨᠢ ᠦᠪᠦᠷ ᠮᠤᠩᠭᠤᠯ᠎ᠤᠨ ᠠᠷᠠᠳ ᠲᠦᠮᠡᠨ᠎ᠢ ᠭᠡᠷ᠎ᠤᠨ ᠡᠭᠦᠳᠡᠨ᠎ᠳᠡᠭᠡᠨ ᠪᠤᠰᠤᠳ ᠮᠤᠵᠢ ᠤᠷᠤᠨ᠎ᠤ ᠲᠤᠮᠤ ᠦᠵᠡᠰᠭᠦᠯᠡᠩ᠎ᠢ ᠰᠤᠨᠢᠷᠬᠠᠵᠤ ᠳᠡᠢᠯᠬᠦ᠌ ᠪᠤᠯᠭᠠᠵᠠᠢ; ᠠᠭᠤᠳᠠᠮ ᠲᠠᠯᠠᠪᠠᠢ᠎ᠶ᠋ᠢᠨ ᠲᠤᠭ᠍ᠯᠠᠯᠲᠠ᠎ᠨᠢ ᠡᠯ᠎ᠡ ᠠᠢᠮᠠᠭ ᠬᠤᠲᠠ ᠬᠤᠱᠢᠭᠤ ᠱᠢᠶᠠᠨ (ᠲᠤᠭᠤᠷᠢᠭ) ᠤ ᠠᠭᠤᠳᠠᠮ ᠲᠠᠯᠠᠪᠠᠢ᠎ᠳᠤ 《ᠲᠠᠯ᠎ᠠ ᠨᠤᠲᠤᠭ᠎ᠤᠨ ᠳᠠᠭᠤᠤ ᠬᠦᠭ᠌ᠵᠢᠮ ᠠᠮᠳᠠᠳᠤ ᠢᠳᠡᠭᠡᠨ᠎ᠤ ᠨᠠᠢᠷ》 ᠤᠨ ᠠᠵᠢᠯᠯᠠᠭ᠎ᠠ᠎ᠲᠠᠢ ᠤᠶᠠᠯᠳᠤᠭᠤᠯᠤᠨ᠂ ᠤᠷᠠᠯᠢᠭ᠎ᠤᠨ ᠲᠤᠭ᠍ᠯᠠᠯᠲᠠ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠳᠡᠯᠭᠡᠨ ᠦᠵᠡᠭᠦᠯᠭᠡ᠂ ᠰᠤᠶᠤᠯ ᠵᠢᠭᠤᠯᠴᠢᠯᠠᠯ᠂ ᠰᠦᠨᠢ᠎ᠶ᠋ᠢᠨ ᠠᠵᠤ ᠠᠬᠤᠢ ᠵᠡᠷᠭᠡ᠎ᠶ᠋ᠢᠨ ᠠᠭᠤᠰᠤᠯᠴᠠᠨ ᠬᠦᠭ᠌ᠵᠢᠬᠦ᠌᠎ᠶ᠋ᠢ ᠶᠡᠭᠡ᠎ᠪᠠᠷ ᠠᠬᠢᠭᠤᠯᠵᠤ᠂ ᠠᠷᠠᠳ ᠤᠯᠠᠨ᠎ᠤ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ ᠪᠤᠢ; ᠤᠳᠭ᠎ᠠ ᠤᠷᠠᠯᠢᠭ᠎ᠤᠨ ᠰᠠᠢᠨ ᠳᠤᠷᠠᠴᠤᠤᠯ᠎ᠤᠨ ᠡᠭᠦᠯᠡᠨ ᠲᠤᠭ᠍ᠯᠠᠯᠲᠠ᠂ ᠡᠭᠦᠯᠡᠨ ᠬᠦᠯᠦᠭ 2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠂ 《ᠤᠷᠠᠨ ᠪᠦᠵᠢᠭ᠎ᠲᠠᠢ ᠤᠮᠠᠷᠠᠲᠤ ᠬᠢᠯᠢ》 ᠪᠦᠬᠦ᠌ ᠤᠷᠤᠨ᠎ᠤ ᠠᠭᠤᠳᠠᠮ ᠲᠠᠯᠠᠪᠠᠢ᠎ᠶ᠋ᠢᠨ ᠪᠦᠵᠢᠭ᠎ᠤᠨ ᠤᠷᠤᠯᠳᠤᠭᠠᠨ᠂ ᠤᠯᠠᠭᠠᠨᠮᠦᠴᠢᠷ᠎ᠤᠨ ᠱᠢᠨ᠎ᠡ ᠬᠦᠮᠦᠨ᠎ᠤ ᠱᠢᠨ᠎ᠡ ᠪᠦᠲᠦᠭᠡᠯ᠎ᠤᠨ ᠦᠵᠡᠰᠭᠦᠯᠡᠩ ᠵᠡᠷᠭᠡ᠎ᠨᠢ ᠠᠬᠤᠢ ᠲᠠᠯᠠᠪᠠᠢ᠎ᠶ᠋ᠢᠨ ᠪᠠ ᠰᠦᠯᠵᠢᠶᠡᠨ ᠳᠡᠭᠡᠷᠡᠬᠢ ᠠᠵᠢᠯᠯᠠᠭ᠎ᠠ᠎ᠶ᠋ᠢ ᠤᠶᠠᠯᠳᠤᠭᠤᠯᠤᠨ᠂ ᠭᠤᠢᠳᠠ ᠰᠠᠢᠬᠠᠨ ᠲᠤᠭ᠍ᠯᠠᠯᠲᠠᠪᠠᠷᠢᠶᠠᠨ ᠠᠷᠠᠳ ᠤᠯᠠᠨ᠎ᠤ ᠠᠩᠬᠠᠷᠤᠯ᠎ᠢ ᠲᠠᠲᠠᠵᠤ ᠪᠠᠢᠨ᠎ᠠ ᠁











2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号