《ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠬᠤ ᠵᠢᠴᠢ ᠮᠤᠩᠭᠤᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》 ᠭᠤᠣᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠪᠦᠳᠦᠭᠡᠯ᠎ᠤᠨ ᠦᠵᠡᠰᠭᠦᠯᠡᠩ ᠡᠬᠢᠯᠡᠪᠡ
2020-08-20 10:44:00
ᠵᠣᠬᠢᠶᠠᠭ᠍ᠴᠢ᠄
ᠨᠠᠷᠠᠨᠳᠤᠩᠭᠠᠯᠠᠭ ᠵᠢᠮᠢᠰᠭᠤᠸ᠎ᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 18 ᠎ᠤ ᠡᠳᠦᠷ᠎ᠤᠨ ᠦᠳᠡ᠎ᠶ᠋ᠢᠨ ᠬᠤᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ ᠬᠠᠮᠲᠤᠷᠠᠨ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠂ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ ᠬᠠᠮᠲᠤᠷᠠᠨ ᠡᠷᠭᠢᠯᠡᠭ᠌ᠰᠡᠨ ᠥᠪᠥᠷ ᠮᠣᠩᠭᠤᠯ᠎ᠤᠨ 2020 ᠣᠨ᠎ᠤ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠵᠢᠴᠢ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》 ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠪᠦᠲᠦᠭᠡᠯ᠎ᠤᠨ ᠦᠵᠡᠰᠭᠦᠯᠡᠩ ᠡᠬᠢᠯᠡᠪᠡ᠃

ᠲᠣᠰ ᠤᠳᠠᠭᠠᠨ᠎ᠤ ᠦᠵᠡᠰᠭᠦᠯᠡᠩ᠎ᠳᠤ ᠨᠡᠢᠲᠡ 1100 ᠭᠠᠷᠤᠶ ᠪᠦᠲᠦᠭᠡᠯ᠎ᠢ ᠳᠡᠯᠭᠡᠨ ᠦᠵᠡᠭᠦᠯᠪᠡ᠃ ᠪᠦᠲᠦᠭᠡᠯ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠨᠳᠦᠰᠦᠨ ᠱᠠᠲᠤᠨ᠎ᠤ ᠣᠯᠠᠨ ᠲᠦᠮᠡᠨ᠎ᠳᠤ ᠠᠪᠴᠢᠷᠠᠭ᠍ᠰᠠᠨ ᠱᠢᠨ᠎ᠡ ᠬᠤᠪᠢᠷᠠᠯᠲᠠ ᠱᠢᠨ᠎ᠡ ᠳᠦᠷᠰᠦ ᠪᠠᠢᠳᠠᠯ᠎ᠢ ᠭᠦᠢᠴᠡᠳ ᠲᠤᠰᠭᠠᠵᠤ᠂ ᠮᠣᠩᠭᠤᠯ ᠮᠤᠷᠢᠨ᠎ᠤ ᠶᠠᠩᠵᠤ ᠪᠦᠷᠢ᠎ᠶ᠋ᠢᠨ ᠤᠷᠠᠯᠢᠭ᠎ᠤᠨ ᠢᠯᠡᠷᠡᠭᠦᠯᠦᠯᠲᠡ᠎ᠠᠴᠠ ᠥᠪᠥᠷ ᠮᠣᠩᠭᠤᠯ᠎ᠤᠨ ᠥᠪᠡᠷᠮᠢᠴᠡ ᠦᠨᠳᠦᠰᠦᠲᠡᠨ᠎ᠤ ᠣᠨᠴᠠᠯᠢᠭ᠎ᠲᠠᠢ ᠤᠶᠤᠨ ᠰᠠᠨᠠᠭᠠᠨ᠎ᠤ ᠢᠲᠡᠭᠡᠯ ᠪᠢᠱᠢᠷᠡᠯ᠎ᠢ ᠢᠯᠡᠷᠡᠭᠦᠯᠪᠡ᠃

 

ᠤᠢ᠍ᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠦᠵᠡᠰᠭᠦᠯᠡᠩ᠎ᠢ ᠡᠷᠬᠢᠯᠡᠭ᠌ᠰᠡᠨ ᠵᠣᠷᠢᠯᠭ᠎ᠠ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠬᠤ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠤᠷᠠᠯᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠳᠤ ᠣᠯᠤᠭ᠍ᠰᠠᠨ ᠯᠤᠲᠤ ᠶᠡᠭᠡ ᠠᠮᠵᠢᠯᠲᠠ ᠪᠦᠲᠦᠮᠵᠢ ᠪᠣᠯᠤᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠢᠨᠡᠭᠡᠯᠢᠭ ᠨᠡᠢᠭᠡᠮ ᠵᠦᠭ ᠤᠷᠤᠭ᠍ᠰᠢᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ 《ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠵᠤ᠂ ᠵᠤᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ᠎ᠶ᠋ᠢᠨ ᠲᠦᠯᠦᠭᠡ ᠶᠤᠮ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号