ᠦᠩᠬᠡ ᠢᠯᠭᠠᠷᠠᠬ᠍ᠰᠠᠨ ᠰᠤᠶᠤᠯ᠎ᠢ ᠠᠮᠳᠠᠷᠬᠠᠨ ᠰᠤᠨᠢᠷᠬᠠᠬᠤ ᠪᠤᠯ ᠵᠢᠭᠤᠯᠴᠢᠯᠠᠭ᠍ᠰᠠᠳ᠎ᠤᠨ ᠬᠦᠰᠡᠯ ᠮᠦᠷᠦᠬᠡᠳᠦᠯ ᠰᠠᠨ᠃ ᠱᠢᠯᠢᠳᠡᠭ ᠤᠷᠠᠯᠢᠬ᠎ᠤᠨ ᠵᠦᠴᠦᠬᠡ᠂ ᠰᠤᠶᠤᠯ᠎ᠤᠨ ᠪᠦᠳᠦᠭᠡᠭ᠌ᠳᠡᠬᠦᠨ᠎ᠢ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠳᠤ ᠤᠷᠤᠭᠤᠯᠬᠤ᠎ᠨᠢ ᠦᠵᠡᠮᠵᠢ᠎ᠶ᠋ᠢᠨ ᠤᠷᠤᠨ᠎ᠤ ᠰᠤᠶᠤᠯ᠎ᠤᠨ ᠲᠦᠷᠦᠯ ᠵᠦᠢᠯ᠎ᠤᠨ ᠬᠠᠩᠭᠠᠯᠭ᠎ᠠ᠎ᠶ᠋ᠢ ᠲᠡᠭᠡᠭ᠌ᠰᠢᠯᠡᠬᠦᠯᠵᠦ᠍᠂ ᠰᠤᠶᠤᠯ ᠵᠢᠭᠤᠯᠴᠢᠯᠠᠯ᠎ᠤᠨ ᠪᠦᠳᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠶᠠᠯᠢᠬ᠍ᠵᠢᠭᠤᠯᠤᠨ᠂ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠠᠮᠢᠵᠢᠷᠠᠯ᠎ᠤᠨ ᠬᠦᠴᠦᠨ᠎ᠢ ᠬᠦᠭ᠌ᠵᠢᠬᠡᠵᠦ᠍ ᠴᠢᠳᠠᠬᠤ ᠪᠦᠬᠡᠳ ᠰᠤᠶᠤᠯ᠎ᠤᠨ ᠬᠡᠷᠡᠭ᠌ᠯᠡᠭᠡ᠎ᠶ᠋ᠢᠨ ᠨᠡᠮᠡᠭ᠌ᠳᠡᠯ᠎ᠢ ᠲᠤᠬ᠍ᠳᠠᠪᠤᠷᠢᠵᠢᠭᠤᠯᠬᠤ᠂ ᠦᠬᠡᠷᠡᠴᠢᠯᠡᠯᠳᠡ᠎ᠶ᠋ᠢ ᠠᠬᠢᠭᠤᠯᠬᠤ᠂ ᠪᠦᠳᠦᠴᠡ᠎ᠶ᠋ᠢ ᠲᠤᠬᠢᠷᠠᠭᠤᠯᠬᠤ᠂ ᠠᠷᠠᠳ᠎ᠲᠤ ᠠᠱᠢᠬ ᠬᠦᠷᠳᠡᠬᠡᠬᠦ᠌ ᠲᠤᠮᠳᠠᠬᠢ ᠦᠢᠯᠡᠳᠦᠯ᠎ᠢ ᠴᠦ᠍ ᠬᠦᠢᠴᠡᠳ ᠪᠠᠳᠠᠷᠠᠭᠤᠯᠵᠤ ᠴᠢᠳᠠᠬᠤ ᠶᠤᠮ᠃

ᠪᠠᠶᠠᠯᠢᠭ ᠰᠤᠶᠤᠯ᠎ᠤᠨ ᠲᠠᠩᠰᠤᠬ ᠲᠠᠢᠯᠠᠯᠭ᠎ᠠ
ᠦᠵᠡᠰᠭᠦᠯᠡᠩᠳᠦ ᠰᠠᠢᠬᠠᠨ ᠦᠪᠦᠷ ᠮᠤᠩᠭᠤᠯ᠎ᠢᠶᠠᠷ ᠰᠡᠯᠡᠬᠦᠴᠡᠨ ᠵᠢᠭᠤᠯᠴᠢᠯᠠᠬᠤ᠎ᠳᠤ ᠠᠳᠤᠭᠤᠨ ᠰᠤᠶᠤᠯ᠎ᠨᠢ ᠰᠤᠶᠤᠯ᠎ᠤᠨ ᠲᠠᠩᠰᠤᠬ ᠲᠠᠢᠯᠠᠯᠭ᠎ᠠ᠎ᠶ᠋ᠢᠨ ᠲᠡᠷᠢᠬᠦᠨ᠎ᠳᠤ ᠵᠢᠬ᠍ᠰᠠᠬᠤᠨᠢ ᠶᠠᠷᠢᠶᠠᠨ ᠦᠭᠡᠢ᠃
ᠨᠢᠳᠤᠨᠤᠨ᠎ᠤ 8 ᠰᠠᠷ᠎ᠠ᠎ᠳᠤ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠯᠤᠰ᠎ᠤᠨ ᠠᠳᠤᠭᠤᠨ ᠰᠤᠶᠤᠯ᠎ᠤᠨ ᠨᠠᠢᠷ ᠪᠤᠯᠤᠨ ᠠᠩᠬᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠲᠡᠯᠡᠬᠡᠢ᠎ᠶ᠋ᠢᠨ ᠠᠳᠤᠭᠤᠨ ᠰᠤᠶᠤᠯ᠎ᠤᠨ ᠦᠵᠡᠰᠭᠦᠯᠡᠩ᠎ᠤᠨ ᠴᠤᠬ᠍ᠯᠠᠭᠠᠨ ᠦᠪᠦᠷ ᠮᠤᠩᠭᠤᠯ᠎ᠤᠨ ᠴᠦᠬᠡᠨ ᠲᠤᠭᠠᠳᠤ ᠦᠨᠳᠦᠰᠦᠳᠡᠨ᠎ᠤ ᠤᠯᠠᠨ ᠲᠦᠮᠡᠨ᠎ᠤ ᠰᠤᠶᠤᠯ ᠲᠠᠮᠢᠷ᠎ᠤᠨ ᠬᠦᠳᠡᠯᠬᠡᠬᠡᠨ᠎ᠤ ᠲᠦᠪ᠎ᠲᠤ ᠬᠦᠱᠢᠬᠡ᠎ᠪᠠᠨ ᠰᠡᠬᠦᠭ᠌ᠰᠡᠨ ᠶᠤᠮ᠃ ᠮᠤᠷᠢᠨ ᠪᠦᠵᠢᠭ᠂ ᠮᠢᠩᠭᠠᠨ ᠬᠦᠮᠦᠨ ᠮᠤᠷᠢᠨ ᠬᠤᠭᠤᠷ ᠬᠦᠭ᠌ᠵᠢᠮᠳᠡᠬᠦ᠌ ᠵᠡᠷᠬᠡ ᠭᠤᠴᠤ᠌ ᠰᠠᠢᠬᠠᠨ ᠲᠤᠬ᠍ᠯᠠᠯᠳᠠᠨᠤᠭᠤᠳᠨᠢ ᠮᠤᠩᠭᠤᠯ ᠮᠤᠷᠢᠨ᠎ᠤ ᠵᠤᠷᠢᠬ ᠰᠠᠨᠠᠭ᠎ᠠ᠎ᠶ᠋ᠢᠨ ᠪᠠᠶᠠᠯᠢᠬ ᠠᠭᠤᠯᠤᠬ᠍ᠳᠠᠬᠤᠨ᠎ᠢ ᠳᠡᠯᠡᠬᠡᠢ ᠳ᠋ᠡᠬᠢᠨ᠎ᠳᠤ ᠭᠠᠢᠬᠠᠭᠤᠯᠪᠠ᠃ ᠬᠦᠬᠡᠬᠤᠳᠠ᠎ᠶ᠋ᠢᠨ ᠭᠤᠤᠯ ᠬᠤᠷᠠᠯ᠎ᠤᠨ ᠲᠠᠯᠠᠪᠠᠢ ᠪᠤᠯᠤᠨ ᠱᠢᠯᠢ᠎ᠶ᠋ᠢᠨ ᠭᠤᠤᠯ ᠠᠢᠮᠠᠬ᠎ᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠶᠠᠪᠣᠭ᠍ᠳᠠᠭ᠍ᠰᠠᠨ ᠨᠡᠬᠡᠬᠡᠯᠳᠡ᠎ᠶ᠋ᠢᠨ ᠶᠤᠰᠤᠯᠠᠯ᠂ ᠶᠠᠷᠢᠶᠠᠨ᠎ᠤ ᠲᠠᠪᠴᠠᠩ᠎ᠤᠨ ᠶᠠᠷᠢᠶ᠎ᠠ ᠲᠠᠢᠯᠤᠮᠵᠢ᠂ ᠤᠷᠤᠯᠳᠤᠭᠠᠨ ᠮᠦᠷᠦ᠋ᠢᠴᠡᠭᠡᠨ᠂ ᠤᠷᠠᠨ ᠰᠠᠢᠬᠠᠨ᠎ᠤ ᠲᠤᠬ᠍ᠯᠠᠯᠳᠠ᠂ ᠦᠵᠡᠭᠦᠯᠭᠡ ᠦᠵᠡᠰᠭᠦᠯᠡᠩ᠂ ᠲᠠᠮᠵᠢᠭᠤᠯᠭ᠎ᠠ᠎ᠶ᠋ᠢᠨ ᠲᠠᠪᠴᠠᠩ᠂ ᠭᠤᠤᠯ ᠰᠡᠳᠦᠪᠳᠦ ᠠᠵᠢᠯᠯᠠᠭ᠎ᠠ᠂ ᠪᠦᠳᠦᠬᠡᠯ᠎ᠤᠨ ᠴᠤᠬ᠍ᠯᠠᠭᠤᠯᠭᠠ ᠵᠡᠷᠬᠡ 8 ᠲᠦᠷᠦᠯ᠎ᠤᠨ 41 ᠵᠦᠢᠯ᠎ᠤᠨ ᠠᠵᠢᠯᠯᠠᠭ᠎ᠠ᠎ᠨᠢ ᠲᠠᠯ᠎ᠠ ᠨᠤᠳᠤᠬ᠎ᠤᠨ ᠵᠢᠭᠤᠯᠴᠢᠯᠠᠯ᠎ᠢ ᠬᠦᠭ᠌ᠵᠢᠬᠡᠵᠠᠢ᠃
ᠮᠤᠩᠭᠤᠯ ᠮᠤᠷᠢ᠎ᠪᠠᠷ ᠡᠯᠧᠮᠧᠨ᠋ᠲ᠎ᠢᠶᠠᠨ ᠪᠤᠯᠭᠠᠬ᠍ᠰᠠᠨ ᠤᠯᠠᠨ ᠡᠱᠢᠴᠢᠯᠡᠭ᠌ᠰᠡᠨ ᠰᠤᠶᠤᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠲᠦᠷᠦᠯ ᠵᠦᠢᠯ ᠦᠪᠦᠷ ᠮᠣᠩᠭᠤᠯ᠎ᠳᠤ ᠡᠢᠨ ᠬᠦ᠌ ᠦᠷᠨᠢᠨ ᠬᠦᠭ᠌ᠵᠢᠨᠡ᠃ ᠮᠠᠨ᠎ᠤ ᠣᠷᠣᠨ ᠦᠪᠦᠷ ᠮᠤᠩᠭᠤᠯ᠎ᠤᠨ ᠤᠯᠠᠨ ᠤᠯᠤᠰ᠎ᠤᠨ ᠮᠤᠷᠢᠨ ᠮᠡᠷᠬᠡᠵᠢᠯ᠎ᠤᠨ ᠨᠠᠢᠷ᠂ 《8 · 18》 ᠤ ᠵᠢᠷᠢᠮ᠎ᠤᠨ ᠮᠤᠷᠢᠨ ᠤᠷᠤᠯᠳᠤᠭᠠᠨ᠎ᠤ ᠨᠠᠢᠷ᠂ ᠲᠤᠮᠳᠠᠳᠤ ᠤᠯᠤᠰ᠎ᠤᠨ ᠬᠤᠷᠳᠤᠨ ᠮᠤᠷᠢᠨ᠎ᠤ ᠱᠠᠩᠨᠠᠯ᠎ᠳᠤ ᠤᠷᠤᠯᠳᠤᠭᠠᠨ ᠪᠤᠯᠤᠨ ᠲᠠᠯ᠎ᠠ ᠨᠤᠳᠤᠬ ᠮᠠᠯᠵᠢᠬᠤ ᠤᠷᠤᠨ᠎ᠳᠤ ᠶᠠᠪᠤᠬ᠍ᠳᠠᠵᠤ ᠪᠠᠢᠭ᠎ᠠ ᠡᠯ᠎ᠡ ᠵᠦᠢᠯ᠎ᠤᠨ ᠬᠡᠪᠴᠢᠶ᠎ᠡ᠎ᠲᠠᠢ ᠨᠠᠭᠠᠳᠤᠮ᠎ᠤᠨ ᠬᠤᠷᠠᠯ᠎ᠤᠨ ᠮᠤᠷᠢᠨ ᠤᠷᠤᠯᠳᠤᠭᠠᠨ ᠵᠡᠷᠬᠡ ᠲᠠᠮᠢᠷ ᠵᠢᠭᠤᠯᠴᠢᠯᠠᠯ᠎ᠤᠨ ᠤᠷᠤᠯᠳᠤᠭᠠᠨ ᠪᠤᠯᠤᠨ ᠤᠨᠴᠠᠯᠢᠬ᠍ᠳᠤ ᠵᠢᠭᠤᠯᠴᠢᠯᠠᠯ᠎ᠤᠨ ᠠᠵᠢᠯᠯᠠᠭ᠎ᠠ᠎ᠶ᠋ᠢ ᠵᠢᠯ ᠪᠤᠯᠭᠠᠨ 600 ᠭᠠᠷᠤᠢ ᠲᠠᠯᠠᠪᠠᠢ (ᠤᠳᠠᠭ᠎ᠠ) ᠡᠷᠬᠢᠯᠡᠨ ᠶᠠᠪᠤᠬ᠍ᠳᠠᠭᠤᠯᠵᠤ ᠪᠠᠢᠨ᠎ᠠ᠃

ᠦᠪᠦᠷ ᠮᠤᠩᠭᠤᠯ᠎ᠤᠨ ᠪᠠᠷᠠᠭᠤᠨ ᠬᠡᠰᠡᠭ᠎ᠤᠨ ᠶᠡᠭᠡ ᠭᠤᠪᠢ᠎ᠳᠤ ᠵᠢᠯ ᠲᠠᠷᠠᠭᠠᠯᠠᠨ ᠡᠷᠬᠢᠯᠡᠵᠦ᠍ ᠪᠠᠢᠭ᠎ᠠ ᠠᠯᠠᠱᠠ᠎ᠶ᠋ᠢᠨ ᠰᠤᠶᠤᠯ ᠵᠢᠭᠤᠯᠴᠢᠯᠠᠯ᠎ᠤᠨ ᠨᠠᠢᠷ᠎ᠨᠢ ᠰᠤᠶᠤᠯ ᠵᠢᠭᠤᠯᠴᠢᠯᠠᠯ ᠠᠭᠤᠰᠤᠯᠴᠠᠬ᠍ᠰᠠᠨ ᠰᠤᠶᠤᠯ᠎ᠤᠨ ᠲᠠᠩᠰᠤᠬ ᠲᠠᠢᠯᠠᠯᠭ᠎ᠠ ᠪᠣᠯᠵᠣ ᠬᠦᠮᠦᠰ᠎ᠲᠤ ᠣᠶᠣᠨ᠎ᠤ ᠬᠦᠷᠳᠡᠭᠡᠯ ᠬᠠᠩᠭᠠᠨ᠎ᠠ᠃ ᠲᠤᠰ ᠨᠠᠢᠷ᠎ᠨᠢ ᠰᠤᠶᠤᠯ ᠵᠢᠭᠤᠯᠴᠢᠯᠠᠯ᠎ᠢ ᠬᠦᠨᠵᠡᠬᠡᠢ ᠠᠭᠤᠰᠤᠯᠴᠠᠭᠤᠯᠬᠤ᠎ᠶ᠋ᠢ ᠠᠬᠢᠭᠤᠯᠬᠤ᠎ᠪᠠᠷ ᠭᠤᠤᠯ ᠱᠢᠵᠢᠮ ᠪᠤᠯᠭᠠᠨ᠂ 《ᠦᠩ ᠦᠷᠬᠡᠨ ᠠᠯᠠᠱᠠ᠎ᠶ᠋ᠢ ᠰᠣᠨᠢᠷᠬᠠᠬᠤ》 ᠪᠠᠷ ᠭᠤᠤᠯ ᠰᠡᠳᠦᠪ ᠪᠤᠯᠭᠠᠵᠤ᠂ ᠠᠯᠠᠱᠠ᠎ᠶ᠋ᠢᠨ ᠰᠤᠶᠤᠯ ᠵᠢᠭᠤᠯᠴᠢᠯᠠᠯ᠎ᠤᠨ ᠬᠦᠭ᠌ᠵᠢᠯᠳᠡ᠎ᠶ᠋ᠢᠨ ᠱᠢᠨ᠎ᠠ ᠲᠦᠷᠢ ᠲᠦᠷᠬᠦ᠌᠎ᠶ᠋ᠢ ᠪᠦᠬᠦ᠌ ᠲᠠᠯ᠎ᠠ᠎ᠪᠠᠷ ᠲᠡᠯᠬᠡᠨ᠂ ᠠᠯᠠᠱᠠ᠎ᠶ᠋ᠢᠨ ᠰᠤᠶᠤᠯ ᠵᠢᠭᠤᠯᠴᠢᠯᠠᠯ᠎ᠤᠨ ᠠᠵᠤ ᠦᠢᠯᠡᠰ᠎ᠤᠨ ᠴᠢᠨᠠᠷ ᠰᠠᠢᠳᠠᠢ ᠬᠦᠭ᠌ᠵᠢᠯᠳᠡ᠎ᠳᠤ ᠵᠢᠬᠦᠷ ᠤᠷᠭᠤᠭᠤᠯᠤᠯᠠ᠃
ᠡᠳᠡᠬᠡᠷ ᠪᠤᠯ ᠦᠪᠦᠷ ᠮᠤᠩᠭᠤᠯ᠎ᠤᠨ ᠰᠤᠶᠤᠯ᠎ᠤᠨ ᠨᠡᠯᠦᠬᠡᠷ ᠲᠠᠯᠠᠢ ᠲᠤᠳᠤᠷᠠᠬᠢ ᠬᠡᠰᠡᠭ᠌ᠬᠡᠨ ᠲᠤᠯᠬᠢᠶ᠎ᠠ ᠲᠠᠪᠠᠯᠭᠠᠨ ᠲᠡᠳᠦᠢ᠂ ᠪᠡᠶ᠎ᠡ᠎ᠪᠠᠷ᠎ᠢᠶᠠᠨ ᠡᠨᠡ ᠬᠦ᠌ ᠰᠤᠶᠤᠯ᠎ᠤᠨ ᠨᠡᠯᠦᠬᠡᠷ ᠲᠠᠯᠠᠢ᠎ᠪᠠᠷ ᠠᠶᠠᠯᠠᠪᠠᠯ ᠰᠠᠶᠢ ᠬᠦᠮᠦᠰ᠎ᠢ ᠰᠤᠬ᠍ᠳᠤᠭᠤᠷᠠᠭᠤᠯᠤᠮᠠ ᠭᠠᠢᠬᠠᠮᠱᠢᠬᠢᠨᠢ ᠮᠡᠳᠡᠷᠡᠵᠦ᠍ ᠲᠡᠢᠯᠬᠦ᠌ ᠰᠠᠨ᠃

ᠭᠤᠶᠣ ᠦᠵᠡᠮᠵᠢ᠎ᠶ᠋ᠢᠨ ᠬᠠᠪᠣᠳᠠᠢ ᠰᠤᠨᠢᠷᠬᠠᠯ
ᠦᠷᠬᠡᠨ ᠠᠭᠤᠳᠠᠮ ᠦᠪᠦᠷ ᠮᠤᠩᠭᠤᠯ᠎ᠤᠨ ᠲᠦᠷᠪᠡᠨ ᠤᠯᠠᠷᠢᠯ ᠴᠦᠮ ᠦᠪᠡᠷ᠎ᠤᠨ᠎ᠢᠶᠠᠨ ᠣᠨᠴᠠᠯᠢᠭ᠎ᠲᠠᠢ ᠭᠤᠶᠤᠬᠠᠨ ᠪᠠᠢᠳᠠᠭ᠃ ᠵᠤᠨ᠎ᠤ ᠣᠯᠠᠷᠢᠯ᠎ᠤᠨ ᠨᠠᠭᠠᠳᠤᠮ᠎ᠤᠨ ᠬᠤᠷᠠᠯ ᠪᠤᠯ ᠲᠠᠯ᠎ᠠ ᠨᠤᠳᠤᠬ᠎ᠤᠨ ᠰᠤᠶᠤᠯ ᠢᠷᠭᠡᠨᠱᠢᠯ᠎ᠤᠨ ᠣᠨᠴᠠᠯᠢᠭ ᠪᠤᠯᠤᠨ ᠪᠠᠢᠭᠠᠯᠢ᠎ᠶ᠋ᠢᠨ ᠦᠵᠡᠮᠵᠢ᠎ᠶ᠋ᠢᠨ ᠠᠭᠤᠰᠤᠯᠴᠠᠯ᠎ᠤᠨ ᠢᠯᠡᠷᠡᠯ ᠪᠤᠯᠤᠨ᠎ᠠ᠃
ᠨᠠᠭᠠᠳᠤᠮ᠎ᠤᠨ ᠬᠤᠷᠠᠯ ᠪᠤᠯ ᠮᠤᠩᠭᠤᠯᠴᠤᠳ᠎ᠤᠨ ᠦᠨᠢ ᠤᠳᠠᠭᠠᠨ ᠲᠡᠦᠬᠡ᠎ᠲᠠᠢ ᠤᠯᠠᠮᠵᠢᠯᠠᠯᠳᠤ ᠪᠠᠶᠠᠷ ᠪᠤᠯᠬᠤ ᠪᠦᠬᠡᠳ ᠪᠠᠰᠠ ᠴᠤ᠌ ᠲᠠᠯ᠎ᠠ ᠨᠤᠳᠤᠬ᠎ᠤᠨ ᠠᠷᠠᠳ ᠲᠦᠮᠡᠨ᠎ᠤ ᠪᠠᠶᠠᠷ ᠪᠠᠶᠠᠰᠭᠤᠯᠠᠩᠳᠤ ᠴᠤᠬ᠍ᠯᠠᠭᠠᠨ᠂ ᠲᠠᠯ᠎ᠠ ᠨᠤᠳᠤᠬ᠎ᠤᠨ ᠪᠤᠯᠪᠠᠰᠤᠨ ᠪᠤᠯᠤᠨ ᠦᠨᠳᠦᠰᠦᠳᠡᠨ᠎ᠤ ᠵᠠᠩ ᠦᠢᠯᠡ᠎ᠶ᠋ᠢ ᠲᠦᠪᠯᠡᠷᠡᠬᠦᠯᠦᠨ ᠲᠡᠯᠬᠡᠨ ᠦᠵᠡᠬᠦᠯᠬᠦ᠌ ᠦᠪᠡᠳᠡᠭ᠌ᠰᠢ ᠴᠤᠬ᠍ᠯᠠᠭᠠᠨ ᠪᠤᠯᠤᠨ᠎ᠠ᠃ ᠲᠠᠯ᠎ᠠ ᠨᠤᠳᠤᠬ᠎ᠤᠨ ᠤᠯᠠᠮᠵᠢᠯᠠᠯᠳᠤ ᠪᠠᠶᠠᠷ ᠪᠤᠯᠤᠬ᠍ᠰᠠᠨ᠎ᠤ ᠬᠤᠪᠢ᠎ᠳᠤ ᠤᠯᠠᠮᠵᠢᠯᠠᠨ ᠬᠦᠭ᠌ᠵᠢᠭᠦᠯᠬᠦ᠌ ᠶᠠᠪᠣᠴᠠ᠎ᠳᠠᠭᠠᠨ ᠨᠠᠭᠠᠳᠣᠮ᠎ᠤᠨ ᠬᠤᠷᠠᠯ᠎ᠳᠤ ᠨᠡᠩ ᠤᠯᠠᠨ ᠱᠢᠨ᠎ᠠ ᠡᠯᠧᠮᠧᠨ᠋ᠲ᠎ᠢ ᠠᠭᠤᠰᠭᠠᠨ ᠤᠷᠤᠭᠤᠯᠵᠠᠢ᠃ 29 ᠬᠤᠭᠤᠴᠠᠭ᠎ᠠ ᠡᠷᠬᠢᠯᠡᠨ ᠶᠠᠪᠤᠭ᠍ᠳᠠᠭᠤᠯᠵᠤ ᠪᠦᠬᠦᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠢᠭᠤᠯᠴᠢᠯᠠᠯ᠎ᠤᠨ ᠨᠠᠭᠠᠳᠣᠮ᠎ᠤᠨ ᠬᠤᠷᠠᠯ᠎ᠤᠨ ᠬᠤᠭᠤᠴᠠᠭᠠᠨ᠎ᠳᠤ᠂ ᠵᠢᠭᠤᠯᠴᠢᠯᠠᠭ᠍ᠰᠠᠳ ᠪᠦᠬᠡ ᠪᠠᠷᠢᠯᠳᠤᠬᠤ᠂ ᠮᠤᠷᠢ ᠤᠷᠤᠯᠳᠤᠬᠤ᠂ ᠰᠤᠷ ᠬᠠᠷᠪᠤᠬᠤ ᠵᠡᠷᠬᠡ ᠡᠷ᠎ᠠ᠎ᠶ᠋ᠢᠨ ᠭᠤᠷᠪᠠᠨ ᠨᠠᠭᠠᠳᠤᠮ᠎ᠢ ᠰᠣᠨᠢᠷᠬᠠᠬᠤ᠎ᠪᠠᠷ ᠪᠠᠷᠠᠬᠤ ᠦᠬᠡᠢ ᠤᠪᠤᠭ᠎ᠠ ᠲᠠᠬᠢᠬᠤ᠂ ᠮᠤᠩᠭᠤᠯ ᠬᠡᠷ ᠪᠣᠰᠭᠠᠬᠤ ᠵᠡᠷᠬᠡ ᠡᠯ᠎ᠡ ᠵᠦᠢᠯ᠎ᠤᠨ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ᠎ᠳᠤ ᠤᠷᠤᠯᠴᠠᠵᠤ᠂ ᠮᠤᠩᠭᠤᠯ ᠦᠨᠳᠦᠰᠦᠳᠡᠨ᠎ᠤ ᠬᠤᠪᠴᠠᠰᠤ ᠵᠠᠰᠠᠯ᠎ᠤᠨ ᠦᠵᠡᠬᠦᠯᠬᠡ ᠪᠤᠯᠤᠨ ᠦᠪᠡᠷᠮᠢᠴᠡ ᠤᠨᠴᠠᠭᠠᠢ ᠠᠳᠤᠭᠤᠨ ᠰᠤᠶᠤᠯ᠎ᠤᠨ ᠦᠵᠡᠬᠦᠯᠬᠡ᠎ᠶ᠋ᠢ ᠰᠤᠨᠢᠷᠬᠠᠵᠦ᠍᠂ ᠰᠦ᠎ᠲᠠᠢ ᠴᠠᠢ ᠴᠢᠨᠠᠬᠤ᠂ ᠬᠤᠨᠢᠨ ᠮᠢᠬ᠎ᠠ ᠴᠢᠨᠠᠬᠤ᠂ ᠴᠠᠭᠠᠨ ᠢᠳᠡᠭᠡᠨ ᠬᠢᠬᠦ᠌᠎ᠶ᠋ᠢ ᠪᠡᠶᠡᠴᠢᠯᠡᠨ ᠤᠢ᠍ᠢᠯᠠᠭᠠᠵᠤ᠂ ᠪᠠᠶᠠᠯᠢᠬ ᠰᠠᠢᠬᠠᠨ ᠨᠠᠭᠠᠳᠤᠮ᠎ᠤᠨ ᠬᠤᠷᠠᠯ᠎ᠢ ᠪᠡᠶ᠎ᠡ ᠰᠡᠳᠭᠢᠯ᠎ᠢᠶᠠᠷ᠎ᠢᠶᠠᠨ ᠮᠡᠳᠡᠷᠡᠨ᠎ᠠ᠃

ᠲᠤᠤᠷᠠᠢ᠎ᠶ᠋ᠢᠨ ᠤᠢ᠂ ᠴᠡᠩᠭᠡᠭ ᠨᠠᠭᠤᠷ ᠪᠤᠯ ᠬᠦᠮᠦᠨ᠎ᠤ ᠰᠡᠳᠭᠢᠯ᠎ᠢ ᠲᠠᠳᠠᠬ᠍ᠰᠠᠨ ᠦᠵᠡᠮᠵᠢ᠎ᠶ᠋ᠢᠨ ᠤᠷᠤᠨ᠃ ᠲᠤᠮᠳᠠᠳᠤ ᠤᠯᠤᠰ · ᠡᠵᠡᠨ᠎ᠡ᠎ᠶ᠋ᠢᠨ ᠤᠯᠠᠨ ᠤᠯᠤᠰ᠎ᠤᠨ ᠠᠯᠳᠠᠨ ᠨᠠᠮᠤᠷ᠎ᠤᠨ ᠲᠤᠤᠷᠠᠢ᠎ᠶ᠋ᠢᠨ ᠠᠮᠢ ᠠᠬᠤᠢ᠎ᠶ᠋ᠢᠨ ᠵᠢᠭᠤᠯᠴᠢᠯᠠᠯ᠎ᠤᠨ ᠨᠠᠢᠷ 19 ᠬᠤᠭᠤᠴᠠᠭ᠎ᠠ᠎ᠶ᠋ᠢᠨ ᠬᠤᠷᠠᠮᠳᠤᠭᠤᠯᠣᠯᠢᠶᠠᠷ ᠳᠠᠮᠵᠢᠭᠠᠳ ᠠᠯᠳᠠᠨ ᠨᠠᠮᠤᠷ᠎ᠤᠨ ᠠᠷᠪᠠᠨ ᠰᠠᠷ᠎ᠠ᠎ᠳᠠᠬᠢ ᠬᠦᠮᠦᠰ᠎ᠤᠨ ᠠᠩᠬᠠᠷᠤᠯ᠎ᠢ ᠬᠠᠮᠤᠬ᠎ᠤᠨ ᠶᠡᠭᠡ᠎ᠪᠠᠷ ᠲᠠᠳᠠᠬ᠍ᠰᠠᠨ ᠵᠢᠭᠤᠯᠴᠢᠯᠠᠯ᠎ᠤᠨ ᠦᠪᠡᠳᠡᠭ᠌ᠰᠢ ᠴᠤᠬ᠍ᠯᠠᠭᠠᠨ ᠪᠤᠯᠵᠤ᠂ ᠵᠢᠯ ᠪᠤᠯᠭᠠᠨ ᠶᠡᠭᠡ ᠬᠡᠮᠵᠢᠶᠡᠨ᠎ᠤ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠵᠢᠭᠤᠯᠴᠢᠯᠠᠭ᠍ᠴᠢ᠎ᠶ᠋ᠢᠨ ᠠᠩᠬᠠᠷᠣᠯ᠎ᠢ ᠰᠣᠷᠢᠨᠵᠢᠨᠳᠠᠨᠠ᠃ ᠲᠤᠤᠷᠠᠢ᠎ᠶ᠋ᠢᠨ ᠨᠠᠢᠷ᠎ᠤᠨ ᠬᠤᠭᠤᠴᠠᠭᠠᠨ᠎ᠳᠤ ᠵᠢᠭᠤᠯᠴᠢᠯᠠᠭ᠍ᠰᠠᠳ ᠭᠤᠶᠣ ᠰᠠᠢᠬᠠᠨ ᠲᠤᠤᠷᠠᠢ᠎ᠶ᠋ᠢᠨ ᠤᠢ᠎ᠪᠠᠷ ᠵᠤᠷᠴᠢᠨ ᠡᠬᠡ ᠪᠠᠢᠭᠠᠯᠢ᠎ᠶ᠋ᠢᠨ ᠭᠠᠢᠬᠠᠮᠱᠢᠬᠢ ᠰᠡᠳᠭᠢᠯ᠎ᠢᠶᠠᠷ᠎ᠢᠶᠠᠨ ᠮᠡᠳᠡᠷᠡᠵᠦ᠍ ᠪᠣᠯᠣᠨ᠎ᠡ᠃
ᠮᠦᠩᠬᠦᠨ ᠡᠪᠦᠯ ᠴᠠᠰᠤᠨ ᠱᠢᠷᠭᠡᠭ ᠪᠤᠳᠠᠷᠠᠨ ᠬᠡᠢᠰᠭᠦᠪᠠᠷ ᠡᠪᠦᠯ᠎ᠤᠨ ᠤᠯᠠᠷᠢᠯ᠎ᠤᠨ ᠨᠠᠭᠠᠳᠤᠮ᠎ᠤᠨ ᠬᠤᠷᠠᠯ ᠤᠯᠠᠨ᠎ᠤ ᠲᠤᠮᠳᠠ᠎ᠠᠴᠠ ᠤᠨᠴᠠᠭᠠᠢᠷᠠᠵᠤ᠂ ᠮᠦᠰᠦ ᠴᠠᠰᠤᠳᠤ ᠲᠠᠯ᠎ᠠ ᠨᠤᠳᠤᠬ᠎ᠤᠨ ᠡᠳᠡᠭᠡᠳ ᠦᠪᠡᠷᠮᠢᠴᠡ ᠨᠠᠢᠷᠠᠯ ᠬᠦᠭ᠌ᠵᠢᠮᠢ ᠬᠦᠭ᠌ᠵᠢᠮᠳᠡᠨᠡ᠃ ᠦᠪᠡᠷᠮᠢᠴᠡ ᠤᠨᠴᠠᠯᠢᠬ᠎ᠲᠠᠢ ᠦᠨᠳᠦᠰᠦᠳᠡᠨ᠎ᠤ ᠰᠤᠶᠤᠯ᠎ᠤᠨ ᠲᠤᠬ᠍ᠯᠠᠯᠳᠠ᠎ᠨᠢ ᠵᠢᠭᠤᠯᠴᠢᠯᠠᠭ᠍ᠰᠠᠳ᠎ᠲᠤ ᠲᠠᠯ᠎ᠠ ᠨᠣᠳᠤᠭ᠎ᠤᠨ ᠨᠠᠭᠠᠳᠤᠮ᠎ᠤᠨ ᠬᠤᠷᠠᠯ᠎ᠤᠨ ᠭᠤᠢᠳᠠ ᠰᠠᠢᠬᠠᠨ᠎ᠢ ᠮᠡᠳᠡᠷᠡᠬᠦᠯᠦᠨ᠎ᠡ᠃ ᠦᠨᠳᠦᠰᠦᠳᠡᠨ᠎ᠤ ᠤᠨᠴᠠᠯᠢᠬ᠎ᠲᠠᠢ ᠲᠠᠭᠤᠤ ᠪᠦᠵᠢᠭ᠂ ᠬᠤᠪᠴᠠᠰᠤ ᠵᠠᠰᠠᠯ᠎ᠤᠨ ᠦᠵᠡᠬᠦᠯᠬᠡ ᠪᠤᠯᠤᠨ ᠭᠠᠯ ᠲᠠᠬᠢᠯᠭ᠎ᠠ᠎ᠶ᠋ᠢᠨ ᠠᠵᠢᠯᠯᠠᠭ᠎ᠠ ᠵᠢᠴᠢ ᠮᠤᠩᠭᠤᠯ ᠪᠦᠬᠡ᠎ᠶ᠋ᠢᠨ ᠪᠠᠷᠢᠯᠳᠤᠭᠠᠨ᠂ ᠴᠠᠰᠤᠨ ᠲᠡᠭᠡᠷᠡᠬᠢ ᠮᠤᠷᠢᠨ ᠤᠷᠤᠯᠳᠤᠭᠠᠨ ᠵᠡᠷᠬᠡ᠎ᠨᠢ ᠬᠦᠮᠦᠰ᠎ᠢ ᠠᠯᠢ᠎ᠶ᠋ᠢ᠎ᠨᠢ ᠴᠤ᠌ ᠦᠵᠡᠬᠡᠳ ᠠᠮᠵᠢᠬᠤ ᠦᠬᠡᠢ ᠪᠤᠯᠭᠠᠨ᠎ᠠ᠃
ᠲᠦᠮᠡᠨ ᠪᠤᠳᠠᠰ ᠠᠮᠢᠯᠠᠨ ᠲᠦᠯᠵᠢᠬᠦ᠌ ᠣᠷᠢᠬᠠᠨ ᠬᠠᠪᠤᠷ᠂ ᠵᠦᠢᠯ᠎ᠤᠨ ᠴᠡᠴᠡᠭ ᠪᠠᠳᠠᠷᠠᠨ ᠲᠡᠯᠬᠡᠷᠡᠬᠦ᠌ ᠳᠡᠯᠭᠡᠷ ᠵᠤᠨ᠂ ᠡᠯᠪᠡᠭ ᠬᠤᠷᠢᠶᠠᠯᠳᠠ᠎ᠶ᠋ᠢᠨ ᠪᠠᠶᠠᠷ ᠪᠠᠭ᠍ᠠᠳᠣᠯᠲᠠᠢ ᠠᠯᠳᠠᠨ ᠨᠠᠮᠤᠷ᠂ ᠴᠠᠰᠣ ᠮᠦᠰᠦᠨ᠎ᠳᠤ ᠬᠤᠴᠢᠭ᠍ᠳᠠᠭ᠍ᠰᠠᠨ ᠮᠦᠩᠬᠦᠨ ᠡᠪᠦᠯ᠃ ᠦᠪᠦᠷ ᠮᠤᠩᠭᠤᠯ᠎ᠤᠨ ᠲᠦᠷᠪᠡᠨ ᠤᠯᠠᠷᠢᠯ᠎ᠨᠢ ᠪᠠᠶᠠᠷ ᠲᠤᠷᠠᠰᠭᠠᠯ ᠵᠢᠭᠤᠯᠴᠢᠯᠠᠯ᠎ᠤᠨ ᠲᠦᠷᠦᠯ ᠲᠡᠮᠳᠡᠭ᠎ᠤᠨ ᠲᠠᠳᠠᠬᠤ ᠬᠦᠴᠦᠨ᠎ᠢ ᠤᠯᠠᠮ ᠴᠢᠩᠭᠠᠳᠭᠠᠯᠠ᠃

ᠬᠤᠷᠠᠯ ᠦᠵᠡᠰᠭᠦᠯᠡᠩ᠎ᠤᠨ ᠦᠪᠡᠳᠡᠭ᠌ᠰᠢ ᠴᠤᠬ᠍ᠯᠠᠭᠠᠨ
ᠬᠦᠮᠦᠰ ᠭᠠᠳᠠᠬ᠍ᠰᠢ ᠭᠠᠷᠴᠤ᠌ ᠵᠢᠭᠤᠯᠴᠢᠯᠠᠨ ᠨᠠᠭᠠᠳᠴᠤ᠌᠂ ᠭᠤᠶᠤ ᠦᠵᠡᠮᠵᠢ᠎ᠶ᠋ᠢ ᠰᠤᠨᠢᠷᠬᠠᠨ ᠪᠠᠶᠠᠯᠢᠭ ᠰᠤᠶᠤᠯ᠎ᠢ ᠠᠮᠳᠠᠷᠬᠠᠬᠤ ᠶᠠᠪᠣᠴᠠ᠎ᠳᠠᠭᠠᠨ ᠳᠣᠷᠠᠰᠭᠠᠯᠤᠨ ᠪᠠᠷᠠᠭ᠎ᠠ ᠬᠤᠳᠠᠯᠳᠤᠨ ᠠᠪᠬᠤ᠎ᠨᠢ ᠠᠶᠠᠨᠳᠠᠭᠠᠨ᠎ᠤ ᠶᠠᠪᠣᠳᠠᠯ ᠶᠤᠮ᠃ ᠦᠪᠦᠷ ᠮᠤᠩᠭᠤᠯ᠎ᠳᠤ ᠢᠷᠡᠪᠡᠯ ᠦᠩᠭᠡ ᠢᠯᠭᠠᠷᠠᠭ᠍ᠰᠠᠨ ᠦᠨᠳᠦᠰᠦᠳᠡᠨ᠎ᠤ ᠤᠨᠴᠠᠯᠢᠬ᠍ᠳᠤ 《ᠵᠢᠵᠢᠭ ᠲᠠᠸᠠᠷ》 ᠢ ᠬᠤᠳᠠᠯᠳᠤᠨ ᠠᠪᠴᠤ᠌ ᠪᠤᠯᠬᠤ᠎ᠪᠠᠷ ᠪᠠᠷᠠᠬᠤ ᠦᠬᠡᠢ ᠪᠠᠰᠠ 《ᠲᠤᠮᠤ ᠮᠠᠢᠮᠠᠢ》 ᠬᠢᠵᠦ᠍ ᠪᠤᠯᠤᠨ᠎ᠠ᠃
ᠬᠤᠶᠠᠷ ᠵᠢᠯ᠎ᠳᠤ ᠨᠢᠬᠡ ᠶᠠᠪᠤᠭ᠍ᠳᠠᠳᠠᠭ ᠲᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠬ᠍ᠯᠠᠭᠠᠨ᠎ᠨᠢ ᠨᠢᠬᠡᠨᠳᠡ ᠲᠤᠮᠳᠠᠳᠤ ᠮᠤᠩᠭᠤᠯ ᠬᠤᠶᠠᠷ ᠤᠯᠤᠰ᠂ ᠲᠡᠷᠡᠴᠢᠯᠡᠨ ᠵᠡᠬᠦᠨ ᠬᠤᠢᠳᠤ ᠠᠽᠢᠶ᠎ᠠ᠎ᠶ᠋ᠢᠨ ᠭᠠᠵᠠᠷ ᠤᠷᠤᠨ᠎ᠤ ᠬᠤᠳᠠᠯᠳᠤᠭ᠎ᠠ᠂ ᠪᠡᠯᠡ ᠤᠷᠤᠭᠤᠯᠤᠯᠳᠠ᠂ ᠵᠢᠭᠤᠯᠴᠢᠯᠠᠯ᠎ᠤᠨ ᠬᠠᠮᠳᠤᠷᠠᠯᠴᠠᠭᠠᠨ᠎ᠤ ᠱᠢᠨ᠎ᠠ ᠲᠠᠪᠴᠠᠩ ᠪᠤᠯᠵᠠᠢ᠃ ᠨᠢᠳᠤᠨᠤᠨ ᠶᠠᠪᠤᠬ᠍ᠳᠠᠬ᠍ᠰᠠᠨ ᠭᠤᠷᠪᠠᠳᠤᠭᠠᠷ ᠬᠤᠭᠤᠴᠠᠭᠠᠨ᠎ᠤ ᠲᠤᠮᠳᠠᠳᠤ ᠤᠯᠤᠰ — ᠮᠤᠩᠭᠤᠯ ᠤᠯᠤᠰ᠎ᠤᠨ ᠦᠵᠡᠰᠭᠦᠯᠡᠩ᠎ᠤᠨ ᠴᠤᠬ᠍ᠯᠠᠭᠠᠨ ᠤᠯᠠᠭᠠᠠᠴᠠᠪ ᠬᠤᠳᠠ᠎ᠳᠤ ᠬᠦᠱᠢᠬᠡ᠎ᠪᠠᠨ ᠰᠡᠬᠦᠵᠦ᠍᠂ 《ᠲᠤᠮᠳᠠᠳᠤ ᠮᠤᠩᠭᠤᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠢ ᠪᠦᠳᠦᠬᠡᠨ ᠪᠠᠢᠭᠤᠯᠵᠤ᠂ ᠵᠡᠬᠦᠨ ᠬᠤᠢᠳᠤ ᠠᠽᠢᠶ᠎ᠠ᠎ᠶ᠋ᠢᠨ ᠤᠷᠤᠨ ᠪᠦᠰᠡ᠎ᠶ᠋ᠢᠨ ᠬᠠᠮᠳᠤᠷᠠᠯᠴᠠᠭ᠎ᠠ᠎ᠶ᠋ᠢ ᠠᠬᠢᠭᠤᠯᠬᠤ》 ᠪᠠᠷ ᠭᠤᠤᠯ ᠰᠡᠳᠦᠪ ᠪᠤᠯᠭᠠᠨ᠂ ᠱᠢᠨᠵᠢᠯᠡᠬᠦ᠌ ᠣᠬᠠᠭᠠᠨ ᠲᠧᠭ᠌ᠨᠢᠡ ᠮᠡᠷᠬᠡᠵᠢᠯ᠂ ᠠᠷᠠᠯᠵᠢᠶ᠎ᠠ ᠬᠤᠳᠠᠯᠳᠤᠭ᠎ᠠ᠂ ᠮᠠᠯ ᠠᠵᠣ ᠠᠬᠤᠢ ᠲᠠᠷᠢᠶᠠᠯᠠᠩ᠂ ᠡᠮ ᠡᠮᠨᠡᠯᠬᠡ᠂ ᠰᠤᠶᠤᠯ ᠵᠡᠷᠬᠡ ᠬᠦᠷᠢᠶᠡᠨ᠎ᠳᠤ ᠠᠩᠬᠠᠷᠤᠯ᠎ᠢᠶᠠᠨ ᠲᠦᠪᠯᠡᠷᠡᠬᠦᠯᠵᠦ᠍᠂ ᠶᠠᠷᠢᠶᠠᠨ᠎ᠤ ᠲᠠᠪᠴᠠᠩ᠂ ᠪᠡᠯᠡ ᠤᠷᠤᠭᠤᠯᠤᠯᠳᠠ ᠠᠷᠠᠯᠵᠢᠶᠠᠨ᠎ᠤ ᠲᠠᠨᠢᠯᠴᠠᠭᠤᠯᠭ᠎ᠠ᠂ ᠦᠵᠡᠰᠭᠦᠯᠡᠩ ᠲᠡᠯᠬᠡᠨ ᠦᠵᠡᠬᠦᠯᠬᠡ ᠪᠤᠯᠤᠨ ᠰᠤᠶᠤᠯ᠎ᠤᠨ ᠰᠤᠯᠢᠯᠴᠠᠭ᠎ᠠ ᠵᠡᠷᠬᠡ 4 ᠲᠤᠮᠤ ᠠᠵᠢᠯᠯᠠᠭ᠎ᠠ ᠲᠤᠬᠢᠷᠠᠭᠤᠯᠤᠨ᠂ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠬᠦᠨᠳᠦᠳᠦ ᠵᠤᠴᠢᠨ ᠪᠤᠯᠤᠨ ᠠᠷᠠᠯᠵᠢᠶᠠᠴᠢᠨ ᠨᠡᠢᠳᠡ 6000 ᠬᠦᠮᠦᠨ ᠣᠷᠣᠯᠴᠠᠭ᠍ᠰᠠᠨ ᠪᠠᠢᠪᠠ᠃

ᠨᠤᠮᠢᠨ ᠨᠤᠭᠤᠭᠠᠨ ᠲᠠᠯ᠎ᠠ ᠨᠣᠳᠤᠭ᠂ ᠢᠬ᠍ᠴᠣ ᠰᠠᠬᠤᠯᠢᠭ ᠤᠢ ᠬᠦᠪᠴᠢ᠂ ᠦᠷᠬᠡᠨ ᠶᠡᠭᠡ ᠭᠤᠪᠢ ᠴᠦᠯ᠂ ᠳᠣᠩᠭᠠᠯᠠᠭ ᠴᠡᠩᠬᠡᠭ ᠨᠠᠭᠤᠷ ᠪᠦᠷᠢᠳᠦ᠂ ᠣᠷᠣᠰᠭᠠᠯ ᠲᠦᠯᠭᠡᠨ ᠭᠤᠤᠯ ᠮᠦᠷᠡᠨ᠂ ᠨᠡᠯᠦᠭᠡᠷ ᠶᠡᠭᠡ ᠡᠯᠡᠰᠦ ᠮᠠᠩᠬ᠎ᠠ᠎ᠲᠠᠢ ᠦᠪᠦᠷ ᠮᠤᠩᠭᠤᠯ ᠭᠡᠵᠦ᠍ ᠡᠢᠮᠦ᠍ ᠯᠡ ᠦᠵᠡᠰᠭᠦᠯᠡᠩᠳᠦ ᠰᠠᠢᠬᠠᠨ ᠡ!
4 ᠬᠤᠭᠤᠴᠠᠭ᠎ᠠ᠎ᠶ᠋ᠢ ᠦᠩᠬᠡᠷᠡᠭᠡᠭ᠌ᠰᠡᠨ ᠦᠪᠦᠷ ᠮᠤᠩᠭᠤᠯ᠎ᠤᠨ ᠰᠤᠶᠤᠯ᠎ᠤᠨ ᠠᠵᠤ ᠦᠢᠯᠡᠰ᠎ᠤᠨ ᠦᠵᠡᠰᠭᠦᠯᠡᠩ᠎ᠤᠨ ᠴᠣᠭ᠍ᠯᠠᠭᠠᠨ ᠨᠢᠬᠡᠨᠳᠡ ᠤᠯᠤᠰ᠎ᠤᠨ ᠲᠤᠳᠤᠭᠠᠳᠤ ᠭᠠᠳᠠᠭᠠᠳᠤ᠎ᠳᠤ ᠠᠯᠳᠠᠷᠱᠢᠪᠠ᠃ ᠨᠢᠳᠤᠨᠤᠨ᠎ᠤ ᠦᠪᠦᠷ ᠮᠤᠩᠭᠤᠯ᠎ᠤᠨ ᠰᠤᠶᠤᠯ᠎ᠤᠨ ᠠᠵᠤ ᠦᠢᠯᠡᠰ᠎ᠤᠨ ᠦᠵᠡᠰᠭᠦᠯᠡᠩ᠎ᠤᠨ ᠴᠣᠭ᠍ᠯᠠᠭᠠᠨ᠎ᠳᠤ ᠰᠤᠶᠤᠯ᠎ᠤᠨ ᠠᠵᠤ ᠦᠢᠯᠡᠰ᠎ᠤᠨ ᠶᠡᠷᠦᠩᠬᠡᠢᠯᠡᠭ᠌ᠰᠡᠨ ᠤᠷᠳᠤᠨ᠂ 《ᠨᠢᠬᠡ ᠪᠦᠰᠡ ᠨᠢᠬᠡ ᠵᠠᠮ》 ᠤᠨ ᠤᠯᠠᠨ ᠤᠯᠤᠰ᠎ᠤᠨ ᠤᠷᠳᠤᠨ᠂ ᠰᠤᠶᠤᠯ ᠵᠢᠭᠤᠯᠴᠢᠯᠠᠯ᠎ᠤᠨ ᠡᠬᠦᠳᠦᠨ ᠪᠦᠳᠦᠬᠡᠯᠳᠡ᠎ᠶ᠋ᠢᠨ ᠠᠮᠢᠳᠤᠷᠠᠯ᠎ᠤᠨ ᠤᠷᠳᠤᠨ᠂ ᠲᠤᠭᠠᠴᠢᠯᠠᠬ᠍ᠰᠠᠨ ᠮᠡᠷᠬᠡᠵᠢᠯ᠎ᠢ ᠪᠡᠶᠡᠴᠢᠯᠡᠨ ᠤᠢ᠍ᠢᠯᠠᠭᠠᠬᠤ ᠤᠷᠳᠤᠨ᠂ 《ᠮᠤᠩᠭᠤᠯ ᠮᠤᠷᠢᠨ᠎ᠤ ᠵᠤᠷᠢᠬ ᠰᠠᠨᠠᠭ᠎ᠠ᠎ᠶ᠋ᠢ ᠪᠠᠳᠠᠷᠠᠭᠤᠯᠬᠤ》 ᠭᠤᠤᠯ ᠰᠡᠳᠦᠪᠳᠦ ᠤᠷᠳᠤᠨ᠂ ᠭᠤᠢᠳᠠ ᠰᠠᠢᠬᠠᠨ ᠦᠪᠦᠷ ᠮᠤᠩᠭᠤᠯ᠎ᠤᠨ ᠤᠷᠳᠤᠨ᠂ ᠤᠷᠠᠨ ᠪᠢᠴᠢᠯᠬᠡ᠎ᠶ᠋ᠢᠨ ᠱᠢᠯᠢᠳᠡᠭ ᠪᠦᠳᠦᠬᠡᠯ᠎ᠤᠨ ᠤᠷᠳᠤᠨ᠂ ᠤᠷ᠎ᠠ ᠮᠡᠷᠭᠡᠵᠢᠯ ᠤᠷᠠᠨ ᠵᠢᠷᠤᠬ᠎ᠤᠨ ᠤᠷᠳᠤᠨ ᠵᠡᠷᠬᠡ 8 ᠭᠤᠤᠯ ᠰᠡᠳᠦᠪᠳᠦ ᠦᠵᠡᠰᠭᠦᠯᠡᠩ᠎ᠤᠨ ᠤᠷᠳᠤᠨ᠎ᠳᠤ ᠦᠵᠡᠭᠦᠯᠭᠡ ᠦᠵᠡᠰᠭᠦᠯᠡᠩ ᠠᠷᠠᠯᠵᠢᠶ᠎ᠠ ᠬᠤᠳᠠᠯᠳᠤᠭ᠎ᠠ ᠪᠠᠢᠬᠤ ᠪᠦᠬᠡᠳ ᠪᠡᠶᠡᠴᠢᠯᠡᠨ ᠤᠢ᠍ᠢᠯᠠᠭᠠᠬᠤ ᠠᠵᠢᠯᠯᠠᠭ᠎ᠠ ᠴᠦ᠍ ᠳᠣᠬᠢᠷᠠᠭᠤᠯᠵᠠᠢ᠃ ᠡᠬᠦᠨ᠎ᠠᠴᠠ ᠭᠠᠳᠠᠨ᠎ᠠ ᠪᠠᠰᠠ ᠴᠢᠨ ᠱ᠌ᠢ ᠬᠤᠸᠠᠩ᠎ᠤᠨ ᠴᠡᠷᠢᠭ ᠮᠤᠷᠢᠨ᠎ᠤ ᠰᠠᠳᠠᠭ᠎ᠠ᠎ᠶ᠋ᠢᠨ ᠮᠦᠽᠸᠢ᠂ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠂ ᠱᠠᠨᠰᠢ᠎ᠶ᠋ᠢᠨ ᠲᠡᠦᠬᠡ᠎ᠶ᠋ᠢᠨ ᠮᠦᠽᠸᠢ᠂ ᠰᠦᠵᠸᠦ᠎ᠶ᠋ᠢᠨ ᠮᠦᠽᠸᠢ ᠵᠡᠷᠬᠡ ᠨᠢᠬᠡ ᠪᠦᠯᠦᠭ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠨᠡᠷᠡᠳᠦ ᠮᠦᠽᠸᠢ᠎ᠶ᠋ᠢᠨ ᠭᠤᠤᠯ ᠰᠡᠳᠦᠪᠳᠦ ᠰᠤᠶᠤᠯ᠎ᠤᠨ ᠪᠦᠳᠦᠭᠡᠭ᠌ᠳᠡᠬᠦᠨ᠎ᠢ ᠤᠷᠢᠵᠤ ᠦᠵᠡᠰᠭᠦᠯᠡᠩᠳᠤ ᠤᠷᠤᠯᠴᠠᠭᠤᠯᠤᠭ᠍ᠰᠠᠨ ᠪᠢᠯᠡ᠃ ᠤᠯᠠᠨ ᠵᠢᠯ᠎ᠤᠨ ᠬᠦᠭ᠌ᠵᠢᠯᠳᠡ᠎ᠪᠠᠷ ᠲᠠᠮᠵᠢᠭᠠᠳ ᠦᠪᠦᠷ ᠮᠤᠩᠭᠤᠯ᠎ᠤᠨ ᠰᠤᠶᠤᠯ᠎ᠤᠨ ᠠᠵᠤ ᠦᠢᠯᠡᠰ᠎ᠤᠨ ᠦᠵᠡᠰᠭᠦᠯᠡᠩ᠎ᠤᠨ ᠴᠣᠭ᠍ᠯᠠᠭᠠᠨ᠎ᠨᠢ ᠢᠳᠡᠭ ᠢᠳᠡᠭ᠎ᠢᠶᠠᠷ ᠦᠪᠦᠷ ᠮᠤᠩᠭᠤᠯ᠎ᠤᠨ ᠰᠤᠶᠤᠯ᠎ᠤᠨ ᠠᠵᠤ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠬᠤ ᠴᠢᠬᠤᠯᠠ ᠲᠠᠪᠴᠠᠩ ᠪᠤᠯᠪᠠ᠃

ᠦᠪᠦᠷ ᠮᠤᠩᠭᠤᠯ᠎ᠳᠤ ᠢᠷᠡᠪᠡᠯ᠂ ᠲᠠ ᠨᠠᠷ ᠪᠦᠬᠦ᠌ ᠣᠷᠣᠨ᠎ᠤ ᠴᠢᠨᠠᠷᠳᠠᠢ ᠪᠠᠶᠠᠷ ᠲᠤᠷᠠᠰᠭᠠᠯ᠎ᠤᠨ ᠠᠵᠢᠯᠯᠠᠭ᠎ᠠ ᠪᠤᠯᠤᠨ ᠬᠤᠷᠠᠯ ᠦᠵᠡᠰᠭᠦᠯᠡᠩ᠎ᠤᠨ ᠴᠣᠭ᠍ᠯᠠᠭᠠᠨᠢ ᠣᠯᠵᠣ ᠬᠠᠷᠠᠬᠤ ᠪᠦᠬᠡᠳ ᠦᠪᠡᠷᠮᠢᠴᠡ ᠤᠨᠴᠠᠯᠢᠬ᠎ᠲᠠᠢ᠂ ᠤᠷᠤᠨ ᠨᠤᠳᠤᠬ᠎ᠤᠨ ᠴᠢᠨᠠᠷᠳᠠᠢ ᠪᠠᠶᠠᠷ ᠲᠤᠷᠠᠰᠭᠠᠯ᠎ᠤᠨ ᠠᠵᠢᠯᠯᠠᠭ᠎ᠠ ᠪᠤᠯᠤᠨ ᠬᠤᠷᠠᠯ ᠦᠵᠡᠰᠭᠦᠯᠡᠩ᠎ᠤᠨ ᠠᠵᠢᠯᠯᠠᠭ᠎ᠠ ᠣᠭ᠍ᠳᠠᠷᠭᠤᠢ᠎ᠶ᠋ᠢᠨ ᠣᠳᠣᠳ᠎ᠲᠠᠢ ᠳᠤᠭ᠎ᠠ᠎ᠪᠠᠨ ᠮᠦᠴᠡᠬᠡᠷᠬᠡᠵᠦ᠍᠂ ᠡᠯ᠎ᠡ ᠭᠠᠵᠠᠷ᠎ᠤᠨ᠎ᠬᠢᠨ ᠦᠪᠡᠷ ᠦᠪᠡᠷᠰᠡᠳ᠎ᠤᠨ ᠪᠠᠶᠠᠷ ᠲᠤᠷᠠᠰᠭᠠᠯ᠎ᠤᠨ ᠵᠢᠭᠤᠯᠴᠢᠯᠠᠯ᠎ᠤᠨ ᠲᠦᠷᠦᠯ ᠲᠡᠮᠳᠡᠭ᠎ᠢᠶᠠᠨ ᠴᠤᠬ᠍ᠴᠠᠯᠠᠵᠤ ᠪᠠᠢᠭ᠎ᠠ᠎ᠶ᠋ᠢ ᠤᠯᠵᠤ ᠬᠠᠷᠠᠬᠤ ᠪᠣᠯᠣᠨ᠎ᠠ᠃ ᠲᠡᠷᠡ ᠮᠦᠷᠳᠡᠭᠡᠨ ᠤᠷᠤᠨ ᠨᠤᠳᠤᠬ᠎ᠤᠨ ᠰᠤᠶᠤᠯ᠎ᠤᠨ ᠤᠨᠴᠠᠯᠢᠬ ᠪᠤᠯᠤᠨ ᠦᠨᠳᠦᠰᠦᠳᠡᠨ᠎ᠤ ᠰᠤᠶᠤᠯ᠎ᠤᠨ ᠤᠨᠴᠠᠯᠢᠬ᠎ᠲᠠᠢ ᠵᠢᠭᠤᠯᠴᠢᠯᠠᠯ᠎ᠤᠨ ᠪᠦᠳᠦᠭᠡᠭ᠌ᠳᠡᠬᠦᠨ ᠪᠤᠯᠤᠨ ᠰᠤᠶᠤᠯ᠎ᠤᠨ ᠱᠢᠯᠢᠳᠡᠭ ᠪᠦᠳᠦᠭᠡᠯ᠎ᠤᠳ᠎ᠨᠢ ᠦᠨᠳᠦᠰᠦᠳᠡᠨ᠎ᠤ ᠰᠤᠶᠤᠯ᠎ᠤᠨ ᠠᠭᠤᠯᠤᠬ᠍ᠳᠠᠬᠤᠨ᠎ᠢ ᠬᠦᠢᠴᠡᠳ ᠬᠠᠷᠠᠭᠤᠯᠵᠤ᠂ ᠬᠦᠮᠦᠰ᠎ᠤᠨ ᠰᠡᠳᠭᠢᠯ᠎ᠤᠨ ᠬᠦᠪᠴᠢ᠎ᠶ᠋ᠢ ᠲᠤᠷᠬᠢᠭᠤᠯᠵᠤ ᠴᠢᠳᠠᠬᠤ᠎ᠨᠢ ᠶᠠᠷᠢᠶᠡᠨ ᠦᠬᠡᠢ᠃
ᠵᠠᠪ᠎ᠲᠠᠢ᠂ ᠴᠢᠯᠦᠭᠡᠲᠠᠢ ᠪᠣᠯ ᠦᠪᠦᠷ ᠮᠣᠩᠭᠤᠯ᠎ᠳᠤ ᠢᠷᠡᠵᠦ᠍ ᠳᠣᠯᠣᠭᠠᠨ ᠦᠩᠭᠡ᠎ᠪᠠᠷ ᠰᠣᠯᠣᠩᠭᠠᠷᠠᠭ᠍ᠰᠠᠨ ᠪᠠᠶᠠᠷ ᠳᠣᠷᠠᠰᠭᠠᠯᠤᠨ ᠠᠵᠢᠯᠯᠠᠭ᠎ᠠ᠎ᠶ᠋ᠢ ᠰᠣᠨᠢᠷᠬᠠᠭᠠᠷᠠᠢ᠂ ᠨᠡᠭᠡᠭᠡᠯᠳᠡᠳᠡᠢ ᠪᠠᠭ᠍ᠳᠠᠭᠠᠮᠵᠢᠳᠠᠢ ᠦᠪᠦᠷ ᠮᠤᠩᠭᠤᠯ ᠬᠡᠵᠢᠶᠡᠳᠡ ᠲᠠ ᠨᠠᠷ᠎ᠢ ᠪᠡᠶᠠᠷᠯᠠᠨ ᠤᠬ᠍ᠳᠤᠬᠤ ᠶᠤᠮ᠃
(ᠲᠤᠰ ᠨᠢᠭᠤᠷ᠎ᠤᠨ ᠬᠡᠷᠡᠯ ᠵᠢᠷᠤᠭ᠎ᠤᠳ᠎ᠢ ᠱᠢᠨᠬᠤᠸᠠ ᠬᠤᠷᠢᠶ᠎ᠠ᠎ᠠᠴᠠ ᠠᠪᠤᠪᠠ)