ᠪᠦᠭᠦᠲᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠪᠣᠬᠢᠷᠲᠤᠯ ᠣᠢᠭᠡᠢ ᠪᠠᠢᠬᠤ ᠳᠠᠪᠠᠭᠤᠯᠢᠭ᠎ᠢ ᠪᠤᠢ ᠪᠤᠯᠭᠠᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠱᠢᠯᠢᠳᠡᠭ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠣᠨ᠎ᠠ
2021-01-13 11:57:25
ᠵᠣᠬᠢᠶᠠᠭ᠍ᠴᠢ᠄
ᠬᠦᠸᠧ ᠬᠤᠩ ᠱᠧᠨ
ᠣᠩᠱᠢᠭ᠍ᠰᠠᠨ ᠣᠳᠠᠭ᠎ᠠ᠄
★★★☆☆

— ᠲᠦᠩᠯᠢᠶᠣᠤ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠹᠧᠩ ᠢᠦᠢ ᠵᠧᠨ᠎ᠢ ᠰᠤᠷᠪᠤᠯᠵᠢᠯᠠᠭ᠍ᠰᠠᠨ᠎ᠨᠢ

ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠠᠨᠠᠭᠤᠯᠭ᠎ᠠ》 ᠎ᠶ᠋ᠢ ᠬᠢᠨᠠᠨ ᠵᠥᠪᠯᠡᠨ ᠪᠠᠲᠤᠯᠠᠵᠣ᠂ 2021 ᠣᠨ᠎ᠤ ᠠᠵᠤ ᠠᠬᠤᠢ᠎ᠶ᠋ᠢᠨ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠲᠤᠰ ᠰᠣᠨᠢᠨ᠎ᠤ ᠰᠤᠷᠪᠤᠯᠵᠢᠯᠠᠭ᠍ᠴᠢ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠴᠢᠨᠠᠷ ᠰᠠᠢᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠲᠤᠬᠠᠢ ᠲᠦᠩᠯᠢᠶᠣᠤ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠹᠧᠩ ᠢᠦᠢ ᠵᠧᠨ᠎ᠢ ᠰᠤᠷᠪᠤᠯᠵᠢᠯᠠᠪᠠ᠃

ᠹᠧᠩ ᠢᠦᠶ ᠵᠧᠨ ᠬᠡᠯᠡᠭ᠌ᠰᠡᠨ᠎ᠨᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠲᠠᠢ ᠪᠥᠬᠦ᠌ ᠲᠠᠯ᠎ᠠ᠎ᠪᠠᠷ ᠪᠠᠷᠢᠮᠵᠢᠶᠠᠯᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠣᠯᠤᠨ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ᠂ ᠵᠠᠷᠴᠢᠮ᠂ ᠡᠭᠦᠷᠭᠡ᠂ ᠠᠷᠭ᠎ᠠ ᠬᠡᠮᠵᠢᠶ᠎ᠡ᠎ᠶ᠋ᠢ ᠲᠣᠳᠣᠷᠬᠠᠶ ᠳᠤᠷᠠᠳᠴᠠᠢ᠂ ᠲᠡᠷᠡ᠎ᠨᠢ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠳᠠᠢᠴᠢᠯᠠᠨ ᠵᠣᠷᠢᠭ᠍ᠵᠢᠭᠤᠯᠵᠤ ᠪᠠᠢᠭᠠᠳ ᠨᠢᠭᠡᠳᠦᠭᠡᠷ ᠵᠠᠭᠤᠨ ᠵᠢᠯ᠎ᠤᠨ ᠬᠠᠷᠠᠯᠲᠠ᠎ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠬᠤᠶᠠᠳᠤᠭᠠᠷ ᠵᠠᠭᠤᠨ ᠵᠢᠯ᠎ᠤᠨ ᠬᠠᠷᠠᠯᠲᠠ ᠲᠡᠢᠰᠢ ᠡᠷᠡᠯᠬᠡᠭ᠌ᠯᠡᠭᠦᠯᠦᠨ ᠤᠷᠤᠭ᠍ᠰᠢᠯᠠᠭᠤᠯᠬᠤ᠎ᠨᠢ ᠯᠠᠪᠲᠠᠶ᠃ ᠱ᠌ᠢ᠎ᠲᠠᠢ ᠹᠧᠩ ᠱᠦᠵᠢ ᠪᠣᠯᠤᠨ ᠪᠦ᠋ ᠱᠢᠶᠤᠤ ᠯᠢᠨ ᠲᠡᠷᠢᠭᠦᠯᠡᠭ᠌ᠴᠢ᠎ᠶ᠋ᠢᠨ ᠶᠠᠷᠢᠶ᠎ᠠ᠎ᠨᠢ ᠨᠠᠮ᠎ᠤᠨ ᠲᠥᠪ ᠬᠤᠷᠢᠶᠠᠨ᠎ᠤ  ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠳᠣᠭᠤᠷᠢᠨ᠎ᠳᠤ᠂ ᠠᠵᠢᠯ᠎ᠢᠶᠠᠨ ᠪᠤᠰᠤᠳᠴᠢ ᠮᠦᠷᠳᠡᠭᠡᠨ ᠪᠣᠳᠠᠲᠠᠢ᠎ᠪᠠᠷ ᠳ᠋ᠦᠩᠨᠡᠵᠦ᠍᠂ ᠠᠰᠠᠭᠤᠳᠠᠯ᠎ᠢᠶᠠᠨ ᠱᠢᠭᠤᠳ ᠮᠦᠷᠳᠡᠭᠡᠨ ᠠᠮᠢᠨ ᠭᠠᠵᠠᠷ᠎ᠢ᠎ᠨᠢ ᠣᠨᠣᠭᠠᠨ ᠵᠠᠳᠠᠯᠵᠣ᠂ ᠬᠠᠷᠠᠯᠲᠠ᠎ᠪᠠᠨ ᠲᠣᠳᠣᠷᠬᠠᠶ ᠮᠦᠷᠳᠡᠭᠡᠨ ᠪᠣᠳᠠᠲᠠᠶ ᠳᠣᠭ᠍ᠳᠠᠭᠠᠵᠣ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠲᠤᠭᠤᠱᠢᠯᠠᠭᠤᠯᠬᠤ᠎ᠶ᠋ᠢ ᠭᠦᠢᠴᠡᠳ ᠢᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠭᠤᠤᠯ ᠰᠡᠳᠦᠪ᠎ᠢ ᠢᠯᠡ ᠲᠣᠳᠣ ᠳᠣᠪᠤᠢᠯᠭᠠᠨ᠂ ᠪᠢᠳᠡ ᠱᠢᠨ᠎ᠡ ᠨᠢᠭᠡ ᠡᠭᠡᠯᠵᠢ᠎ᠶ᠋ᠢᠨ ᠬᠥᠭ᠌ᠵᠢᠯᠲᠡ᠎ᠶ᠋ᠢᠨ ᠳᠤᠮᠳᠠ ᠪᠠᠢᠷᠢ ᠲᠣᠭ᠍ᠲᠠᠭᠠᠯᠲᠠ᠎ᠪᠠᠨ ᠣᠨᠣᠪᠴᠢᠳᠠᠢ ᠡᠷᠢᠨ ᠣᠯᠬᠤ᠂ ᠳᠠᠪᠠᠭᠤᠯᠢᠭ᠎ᠢᠶᠠᠨ ᠠᠭᠤᠳᠠᠯᠬᠤ᠎ᠳᠤ ᠴᠢᠬᠤᠯᠠ ᠵᠢᠯᠣᠭᠤᠳᠣᠯᠭ᠎ᠠ ᠪᠠ ᠵᠢᠷᠤᠮᠯᠠᠯ ᠬᠠᠩᠭᠠᠵᠠᠢ᠃

ᠹᠧᠩ ᠢᠦᠶ ᠵᠧᠨ ᠬᠡᠯᠡᠭ᠌ᠰᠡᠨ᠎ᠨᠢ᠂ ᠡᠨᠡ ᠤᠳᠠᠭ᠎ᠠ᠎ᠶ᠋ᠢᠨ ᠪᠥᠬᠦᠳᠡ ᠬᠤᠷᠠᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠳᠡ᠎ᠪᠠᠷ ᠤᠳᠤᠷᠢᠳᠤᠮᠵᠢ ᠪᠣᠯᠭᠠᠬᠤ᠎ᠶ᠋ᠢ ᠳᠣᠪᠤᠢᠯᠭᠠᠵᠤ᠂ ᠭᠤᠤᠯ ᠴᠣᠭ᠍ᠴᠠ᠎ᠶ᠋ᠢᠨ ᠴᠢᠳᠠᠪᠬᠢᠲᠤ ᠣᠷᠣᠨ᠎ᠤ ᠪᠠᠢᠷᠢ ᠲᠣᠭ᠍ᠲᠠᠭᠠᠯᠲᠠ ᠶᠣᠰᠣᠭᠠᠷ ᠣᠷᠣᠨ ᠪᠦᠰᠡ᠎ᠶ᠋ᠢᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠵᠡᠭᠦᠨ ᠬᠡᠰᠡᠭ᠎ᠤᠨ ᠠᠢᠮᠠᠭ ᠬᠤᠲᠠ᠎ᠶ᠋ᠢᠨ ᠪᠣᠬᠢᠷᠲᠤᠯ ᠥᠬᠡᠶ ᠠᠮᠢ ᠠᠬᠤᠶ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠤᠨ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ  ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠠᠬᠢᠭᠤᠯᠤᠨ᠎ᠠ ᠭᠡᠵᠦ᠍ ᠲᠣᠳᠣᠷᠬᠠᠶ ᠳᠤᠷᠠᠳᠴᠠᠶ᠃ ᠲᠦᠩᠯᠢᠶᠣᠤ ᠬᠤᠲᠠ ᠮᠠᠯ ᠠᠵᠤ ᠠᠬᠤᠶ ᠲᠠᠷᠢᠶᠠᠯᠠᠩ᠎ᠤᠨ ᠡᠬᠢ ᠪᠠᠶᠠᠯᠢᠭ ᠬᠠᠷᠢᠴᠠᠩᠭᠤᠶ᠎ᠪᠠᠷ ᠡᠯᠪᠡᠭ ᠮᠦᠷᠳᠡᠭᠡᠨ ᠲᠦᠪᠯᠡᠷᠡᠭ᠌ᠰᠡᠨ ᠣᠷᠣᠨ ᠪᠣᠯᠤᠭ᠍ᠰᠠᠨ᠎ᠤ ᠬᠤᠪᠢ᠎ᠳᠤ᠂ ᠪᠠᠷᠠᠭᠤᠨ ᠯᠢᠶᠣᠤᠾᠧ ᠭᠤᠤᠯ᠎ᠤᠨ ᠳᠡᠭ᠌ᠰᠢ ᠲᠠᠯ᠎ᠠ᠂ ᠬᠤᠷᠴᠢᠨ᠎ᠤ ᠲᠠᠯ᠎ᠠ ᠨᠤᠲᠤᠭ᠎ᠨᠢ ᠣᠳᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠢ ᠬᠥᠭ᠌ᠵᠢᠭᠦᠯᠬᠦ᠌᠎ᠳᠤ ᠰᠠᠢᠨ ᠰᠠᠢᠬᠠᠨ ᠪᠠᠢᠭᠠᠯᠢ᠎ᠶ᠋ᠢᠨ ᠨᠥᠬᠦᠴᠡᠯ ᠬᠠᠩᠭᠠᠵᠠᠢ᠃ ᠭᠡᠪᠡᠴᠦ᠍ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠲᠠᠢ ᠬᠠᠷᠢᠴᠠᠭᠤᠯᠪᠠᠯ᠂ ᠪᠠᠰᠠ ᠠᠵᠤ ᠦᠢᠯᠡᠰ᠎ᠤᠨ ᠲᠠᠰ ᠳᠠᠪᠬᠤᠷᠭ᠎ᠠ ᠥᠨᠳᠥᠷ ᠪᠣᠰᠣ᠂ ᠬᠥᠭ᠌ᠵᠢᠯᠲᠡ ᠭᠦᠶᠴᠡᠳ ᠦᠭᠡᠢ᠂ ᠬᠡᠪᠴᠢᠶᠡᠵᠢᠭ᠌ᠰᠡᠨ ᠵᠣᠬᠢᠶᠠᠨ ᠪᠠᠢᠭᠤᠯᠤᠯᠴᠠᠭ᠍ᠰᠠᠨ ᠬᠡᠮᠵᠢᠶ᠎ᠡ ᠳᠣᠤᠷ᠎ᠠ᠂ ᠮᠠᠯᠴᠢᠨ ᠲᠠᠷᠢᠶᠠᠴᠢᠨ᠎ᠤ ᠣᠷᠣᠯᠭ᠎ᠠ ᠥᠨᠳᠥᠷ ᠪᠣᠰᠣ᠂ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ ᠬᠡᠪᠡᠷᠡᠭ ᠵᠡᠷᠭᠡ ᠠᠰᠠᠭᠤᠳᠠᠯ ᠣᠷᠣᠱᠢᠵᠣ ᠪᠠᠴᠢᠮ ᠱᠢᠶᠳᠪᠦᠷᠢᠯᠡᠬᠦ᠌ ᠴᠢᠬᠤᠯᠠᠲᠠᠶ ᠪᠠᠢᠨ᠎ᠠ᠃ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠪᠦᠬᠦᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠴᠢᠨᠠᠷ ᠰᠠᠢᠲᠠᠢ ᠥᠨᠳᠥᠷ ᠪᠦᠲᠦᠮᠵᠢᠲᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠴᠢᠷᠮᠠᠢᠨ ᠠᠬᠢᠭᠤᠯᠵᠤ᠂ ᠲᠠᠪᠤᠨ ᠲᠠᠯ᠎ᠠ᠎ᠪᠠᠷ ᠭᠤᠣᠯᠳᠠᠯᠭ᠎ᠠ᠎ᠲᠠᠢ ᠬᠦᠴᠦᠯᠡᠨ᠎ᠡ᠃

ᠨᠢᠭᠡ᠎ᠳᠤ᠂ ᠠᠮᠢ ᠠᠬᠤᠢ᠎ᠶ᠋ᠢ ᠣᠷᠢᠳ᠎ᠢᠶᠠᠷ ᠪᠣᠳᠣᠯᠬᠢᠯᠠᠵᠣ᠂ ᠪᠣᠬᠢᠷᠲᠤᠯ ᠦᠭᠡᠢ ᠬᠦᠭ᠌ᠵᠢᠯᠲᠠ᠎ᠶ᠋ᠢ ᠪᠠᠷᠢᠮᠲᠠᠯᠠᠨ᠎ᠠ᠃ ᠬᠤᠷᠴᠢᠨ᠎ᠤ ᠡᠯᠡᠰᠦᠷᠬᠡᠭ ᠭᠠᠵᠠᠷ᠎ᠤᠨ ᠵᠠᠰᠠᠯᠳᠠ᠎ᠶ᠋ᠢ ᠭᠤᠣᠯᠳᠠᠯᠭ᠎ᠠ᠎ᠲᠠᠢ ᠠᠬᠢᠭᠤᠯᠵᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ᠎ᠶ᠋ᠢ ᠪᠠᠷᠢᠮᠲᠠᠯᠠᠨ᠂ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠨ ᠰᠡᠯᠭᠦᠨ ᠮᠠᠯᠵᠢᠬᠤ᠎ᠶ᠋ᠢ ᠴᠢᠩᠳᠠᠯᠠᠵᠤ᠂ ᠵᠣᠷᠢᠭᠤᠳᠠ᠎ᠶ᠋ᠢᠨ ᠬᠠᠷᠱᠢᠯᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠨ᠂ 3000 ᠲᠦᠮᠡᠨ ᠮᠦ᠍ ᠡᠯᠡᠰᠦᠷᠬᠡᠭ ᠭᠠᠵᠠᠷ᠎ᠢ ᠪᠦᠲᠦᠮᠵᠢᠲᠡᠶ ᠵᠠᠰᠠᠭ᠍ᠰᠠᠨ᠎ᠤ ᠰᠠᠭᠤᠷᠢᠨ ᠳᠡᠭᠡᠷ᠎ᠡ᠂ ᠤᠯᠤᠰ᠎ᠤᠨ ᠳᠥᠷᠪᠡᠳᠦᠭᠡᠷ ᠪᠦᠯᠦᠭ᠎ᠤᠨ ᠠᠭᠤᠯᠠ ᠤᠰᠤ ᠣᠶ ᠱᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠲᠥᠷᠥᠯ ᠵᠦᠢᠯ᠎ᠢ ᠢᠳᠡᠪᠬᠢᠳᠡᠢ ᠴᠢᠷᠮᠠᠢᠨ ᠣᠯᠵᠤ᠂ ᠦᠯᠡᠳᠡᠵᠦ᠍ ᠪᠠᠢᠭ᠎ᠠ 1200 ᠲᠦᠮᠡᠨ ᠮᠦ᠍ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠨ᠎ᠠ᠃ ᠤᠰᠤ ᠣᠮᠳᠠ ᠠᠮᠤ ᠪᠤᠳᠠᠭᠠᠨ᠎ᠤ ᠵᠥᠷᠢᠴᠡᠯ᠎ᠢ ᠱᠢᠢᠳᠪᠦᠷᠢᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠤᠰᠤ᠎ᠪᠠᠷ ᠤᠨᠠᠯᠲᠠ᠎ᠶ᠋ᠢ ᠲᠣᠭ᠍ᠲᠠᠭᠠᠬᠤ᠂ ᠤᠰᠤ᠎ᠪᠠᠷ ᠳᠠᠷᠢᠬᠤ ᠬᠡᠮᠵᠢᠶ᠎ᠡ᠎ᠶ᠋ᠢ ᠲᠣᠭ᠍ᠲᠠᠭᠠᠬᠤ᠂ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠳᠥᠭᠡᠨ ᠪᠠᠢᠭᠤᠯᠤᠯᠲᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ 572 ᠲᠦᠮᠡᠨ ᠮᠦ᠍ ᠪᠦᠳᠦᠭᠡᠨ ᠪᠠᠢᠭᠤᠯᠤᠭ᠍ᠰᠠᠨ᠎ᠤ ᠰᠠᠭᠤᠷᠢᠨ ᠳᠡᠭᠡᠷ᠎ᠡ 60 ᠲᠦᠮᠡᠨ ᠮᠦ᠍᠎ᠶ᠋ᠢᠨ ᠪᠥᠳᠥᠭᠡᠨ ᠪᠠᠢᠭᠤᠯᠬᠤ ᠡᠭᠦᠷᠭᠡ᠎ᠶ᠋ᠢ ᠱᠢᠨ᠎ᠡ᠎ᠪᠠᠷ ᠨᠡᠮᠡᠭ᠌ᠳᠡᠭᠦᠯᠵᠦ᠍᠂ ᠵᠠᠯᠭᠠᠭ᠎ᠠ᠎ᠪᠠᠷ ᠤᠳᠤ᠎ᠶ᠋ᠢᠨ ᠪᠠᠢᠭ᠎ᠠ 600 ᠲᠦᠮᠡᠨ ᠮᠦ᠍᠎ᠶ᠋ᠢᠨ ᠡᠩ᠎ᠤᠨ ᠭᠤᠣᠷᠰᠣ᠎ᠪᠠᠷ ᠤᠰᠤᠯᠠᠬᠤ ᠲᠠᠷᠢᠶᠠᠨ ᠭᠠᠵᠠᠷ᠎ᠢ ᠥᠭᠡᠷᠡᠴᠢᠯᠡᠨ ᠳᠡᠰ ᠳᠡᠪᠱᠢᠭᠦᠯᠤᠨ᠎ᠠ᠃ ᠬᠤᠵᠢᠷᠯᠢᠭ ᠭᠠᠵᠠᠷ᠎ᠢ ᠵᠠᠰᠠᠬᠤ ᠠᠵᠢᠯ᠎ᠢ ᠲᠦᠷᠭᠡᠳᠭᠡᠨ ᠠᠬᠢᠭᠤᠯᠵᠤ᠂ ᠦᠯᠡᠳᠡᠵᠦ᠍ ᠪᠠᠢᠭ᠎ᠠ 60 ᠲᠦᠮᠡᠨ ᠮᠦ᠍ ᠬᠤᠵᠢᠷᠯᠢᠭ ᠭᠠᠵᠠᠷ᠎ᠢ ᠠᠯᠬᠤᠮ ᠬᠤᠪᠢᠶᠠᠨ ᠵᠠᠰᠠᠨ ᠰᠠᠢᠵᠢᠷᠠᠭᠤᠯᠵᠣ᠂ ᠶᠡᠷᠦᠩᠬᠡᠢᠯᠡᠭ᠌ᠰᠡᠨ ᠤᠨᠠᠯᠲᠠ᠎ᠶ᠋ᠢ᠎ᠨᠢ 20% ᠎ᠪᠠᠷ ᠳᠡᠭᠡᠭ᠌ᠰᠢᠯᠡᠭᠦᠯᠵᠦ᠍᠂ 35% ᠎ᠪᠠᠷ ᠤᠰᠤ ᠠᠷᠪᠢᠯᠠᠵᠤ᠂ ᠮᠦ᠍ ᠪᠦᠷᠢ᠎ᠶ᠋ᠢᠨ ᠳᠤᠮᠳᠠᠴᠢ ᠣᠷᠣᠯᠭ᠎ᠠ᠎ᠶ᠋ᠢ 450 ᠲᠥᠭᠦᠷᠢᠭ᠎ᠠᠴᠠ ᠳᠡᠭᠡᠭ᠌ᠰᠢ ᠨᠡᠮᠡᠭ᠌ᠳᠡᠭᠦᠯᠬᠦ᠌᠎ᠪᠠᠷ ᠴᠢᠷᠮᠠᠢᠨ᠎ᠠ᠃ ᠪᠠᠭᠠᠰᠤ ᠱᠢᠭᠡᠰᠦᠨ᠎ᠤ ᠪᠣᠬᠢᠷᠲᠤᠯ᠎ᠢ ᠡᠬᠢ ᠪᠠᠶᠠᠯᠢᠭ᠍ᠵᠢᠭᠤᠯᠤᠨ ᠠᠱᠢᠬ᠍ᠯᠠᠬᠤ᠎ᠶ᠋ᠢ ᠴᠢᠩᠭᠠᠳᠭᠠᠵᠤ᠂ ᠠᠱᠢᠬ᠍ᠯᠠᠯᠳᠠ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠬᠥᠳᠡᠭᠡ ᠲᠣᠰᠭᠤᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠰᠠᠢᠵᠢᠷᠠᠭᠤᠯᠤᠨ᠎ᠠ᠃

ᠬᠤᠶᠠᠷ᠎ᠲᠤ᠌᠂ ᠬᠤᠲᠠ᠎ᠪᠠᠷ ᠬᠥᠳᠡᠭᠡ ᠲᠣᠰᠭᠤᠨ᠎ᠢ ᠳᠠᠢᠴᠢᠯᠠᠵᠣ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠮᠠᠯᠴᠢᠨ ᠲᠠᠷᠢᠶᠠᠴᠢᠨ᠎ᠤ ᠬᠡᠪ ᠪᠣᠯᠪᠠᠰᠣᠷᠠᠯ᠎ᠢ ᠬᠦᠴᠦᠯᠡᠨ ᠳᠡᠭᠡᠭ᠌ᠰᠢᠯᠡᠭᠦᠯᠵᠦ᠍᠂ ᠡᠯ᠎ᠡ ᠱᠠᠲᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠎ᠤᠨ ᠦᠶᠯᠡᠳᠦᠯ᠎ᠢ ᠪᠠᠳᠠᠷᠠᠭᠤᠯᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠤᠨ ᠦᠵᠡᠯᠲᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠣ ᠴᠣᠭ᠍ᠴᠠᠯᠠᠬᠤ ᠬᠥᠮᠦᠵᠢᠯ᠎ᠢ ᠴᠢᠩᠭᠠᠳᠭᠠᠵᠣ᠂ ᠰᠣᠮᠣ ᠪᠠᠯᠭᠠᠰᠤ ᠭᠠᠴᠠᠭ᠎ᠠ ᠲᠣᠰᠭᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠥᠨᠳᠥᠷ ᠬᠡᠪ ᠪᠣᠯᠪᠠᠰᠤᠷᠠᠯ᠎ᠲᠠᠢ ᠣᠲᠣ ᠦᠶ᠎ᠡ᠎ᠶ᠋ᠢᠨ ᠮᠠᠯᠴᠢᠨ ᠲᠠᠷᠢᠶᠠᠴᠢᠨ᠎ᠢ ᠬᠥᠮᠦᠵᠢᠭᠦᠯᠦᠨ᠎ᠡ᠃ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠣᠯᠭᠤᠬᠤ᠎ᠶ᠋ᠢ ᠠᠬᠢᠭᠤᠯᠵᠤ᠂ 2021 ᠣᠨ᠎ᠳᠤ ᠲᠣᠭ᠍ᠲᠠᠭᠤᠨ᠎ᠢᠶᠠᠷ ᠱᠢᠯᠵᠢᠭᠦᠯᠦᠨ ᠠᠵᠢᠯ ᠣᠯᠭᠤᠬᠤ ᠬᠥᠮᠦᠰ᠎ᠢ ᠳᠠᠬᠢᠨ 10 ᠲᠦᠮᠡ ᠨᠡᠮᠡᠭ᠌ᠳᠡᠭᠦᠯᠬᠦ᠌᠎ᠪᠠᠷ ᠴᠢᠷᠮᠠᠢᠨ᠎ᠠ᠃ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠳᠠ᠎ᠶ᠋ᠢ ᠴᠢᠩᠭᠠᠳᠭᠠᠵᠤ᠂ ᠭᠠᠴᠠᠭ᠎ᠠ ᠲᠣᠰᠭᠤᠨ᠎ᠤ ᠬᠤᠶᠠᠷ ᠵᠥᠪᠯᠡᠯ᠎ᠤᠨ ᠬᠤᠭᠤᠴᠠᠭ᠎ᠠ ᠰᠣᠯᠢᠬᠤ ᠰᠣᠩᠭᠤᠭᠤᠯᠢ᠎ᠶ᠋ᠢ ᠰᠠᠢᠲᠤᠷ ᠠᠳᠭᠤᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠪᠬᠢ ᠪᠠ ᠵᠣᠬᠢᠶᠠᠨ ᠪᠠᠢᠭᠤᠯᠬᠤ ᠬᠦᠴᠦᠨ᠎ᠢ ᠴᠢᠩᠭᠠᠷᠠᠭᠤᠯᠵᠤ᠂ 80% ᠎ᠶ᠋ᠢᠨ ᠭᠠᠴᠠᠭ᠎ᠠ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠠᠭᠠᠭᠤᠯᠤᠨ ᠲᠤᠰᠭᠠᠶ ᠬᠤᠷᠱᠢᠶ᠎ᠠ ᠡᠷᠭᠢᠯᠡᠬᠦ᠌᠎ᠶ᠋ᠢ ᠠᠬᠢᠭᠤᠯᠵᠤ᠂ 10 ᠲᠦᠮᠡᠨ ᠲᠥᠭᠦᠷᠢᠭ᠎ᠠᠴᠠ ᠳᠡᠭᠡᠭ᠌ᠰᠢ ᠬᠠᠮᠲᠤ᠎ᠶ᠋ᠢᠨ ᠣᠷᠣᠯᠭ᠎ᠠ᠎ᠲᠠᠢ ᠭᠠᠴᠠᠭ᠎ᠠ ᠲᠣᠰᠭᠤᠨ᠎ᠤ ᠡᠵᠡᠯᠡᠬᠦ᠌ ᠬᠠᠷᠢᠴᠠᠯ᠎ᠢ 60% ᠎ᠠᠴᠠ ᠳᠡᠭᠡᠭ᠌ᠰᠢ᠎ᠳᠤ ᠬᠦᠷᠭᠡᠨ᠎ᠠ᠃

ᠭᠤᠷᠪᠠ᠎ᠳᠤ᠂ ᠭᠤᠷᠪᠠᠨ ᠠᠵᠤ ᠦᠢᠯᠡᠰ᠎ᠤᠨ ᠠᠭᠤᠰᠤᠯᠴᠠᠨ ᠬᠤᠷᠱᠢᠯᠴᠠᠵᠣ ᠬᠥᠭ᠌ᠵᠢᠬᠦ᠌᠎ᠶ᠋ᠢ ᠠᠬᠢᠭᠤᠯᠤᠨ᠎ᠠ᠃ ᠳᠠᠷᠢᠮᠠᠯ ᠲᠡᠵᠢᠭᠡᠪᠦᠷᠢ᠎ᠶ᠋ᠢᠨ ᠦᠢᠯᠡᠰ᠎ᠢ ᠬᠡᠪᠴᠢᠶᠡᠵᠢᠭᠦᠯᠬᠦ᠌ ᠮᠠᠱᠢᠨᠴᠢᠯᠠᠬᠤ ᠤᠶᠤᠨᠴᠢᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠳᠠᠷᠢᠵᠤ ᠲᠡᠵᠢᠭᠡᠬᠦ᠌ ᠡᠳ᠋ᠱᠢᠭᠦᠯᠬᠦ᠌᠎ᠶ᠋ᠢ ᠤᠶᠠᠯᠳᠤᠭᠤᠯᠤᠨ᠂ ᠮᠠᠯ ᠪᠡᠯᠴᠢᠭᠡᠷ᠎ᠢ ᠨᠢᠭᠡ ᠴᠤᠭ᠍ᠴᠠᠵᠢᠭᠤᠯᠬᠤ ᠴᠢᠭ᠌ᠯᠡᠯ᠎ᠢ ᠪᠠᠷᠢᠮᠲᠠᠯᠠᠵᠤ᠂ 400 ᠵᠢᠱ᠌ᠢᠶ᠎ᠡ ᠦᠵᠡᠭᠦᠯᠬᠦ᠌ ᠬᠤᠷᠱᠢᠶ᠎ᠠ ᠪᠠ 30 ᠲᠦᠮᠡᠨ ᠲᠣᠯᠣᠭᠠᠶ (ᠮᠢᠩᠭᠠᠨ ᠲᠣᠯᠣᠭᠠᠶ) ᠦᠬᠡᠷ᠎ᠤᠨ ᠲᠠᠯᠠᠪᠠᠶ ᠬᠢᠭᠡᠳ 30 ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢᠨ ᠳᠠᠢᠴᠢᠯᠠᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠵᠤᠬᠢᠰᠲᠠᠢ ᠬᠡᠪᠴᠢᠶᠡᠵᠢᠭ᠌ᠰᠡᠨ ᠡᠵᠡᠩᠨᠡᠯᠲᠡ᠎ᠶ᠋ᠢ ᠶᠡᠭᠡ᠎ᠪᠠᠷ ᠠᠬᠢᠭᠤᠯᠵᠤ᠂ ᠪᠣᠬᠢᠷᠲᠤᠯ ᠥᠬᠡᠶ ᠤᠳᠤᠷᠢᠳᠤᠮᠵᠢ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ ᠪᠠ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠨ᠎ᠠ᠃ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠤᠨ ᠣᠶᠤᠨᠴᠢᠯᠠᠯᠲᠠ᠎ᠶ᠋ᠢ ᠠᠬᠢᠭᠤᠯᠤᠨ᠎ᠠ᠃ ᠡᠷᠳᠡᠨᠢ ᠱᠢᠰᠢ᠎ᠶ᠋ᠢ ᠪᠦᠬᠦ᠌ ᠰᠠᠭᠤᠷᠢ᠎ᠪᠠᠷ᠎ᠨᠢ ᠨᠡᠭᠡᠭᠡᠨ ᠬᠥᠭ᠌ᠵᠢᠭᠦᠯᠵᠦ᠍ ᠠᠱᠢᠬ᠍ᠯᠠᠬᠤ᠎ᠶ᠋ᠢ ᠠᠬᠢᠭᠤᠯᠵᠤ᠂ ᠠᠯᠠᠱᠢᠨ ᠦᠬᠡᠷ ᠡᠳ᠋ᠱᠢᠭᠦᠯᠬᠦ᠌ ᠳᠤᠭ᠎ᠠ ᠬᠡᠮᠵᠢᠶ᠎ᠡ᠎ᠪᠠᠨ ᠨᠡᠮᠡᠭ᠌ᠳᠡᠭᠦᠯᠦᠨ ᠶᠠᠰᠣ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠵᠦ᠍᠂ ᠰᠦ᠎ᠶ᠋ᠢᠨ ᠦᠢᠯᠡᠰ᠎ᠤᠨ ᠲᠣᠯᠣᠭᠠᠢᠯᠠᠭ᠍ᠴᠢ ᠠᠵᠤ ᠠᠬᠤᠢ᠍ᠢᠯᠠᠯ᠎ᠢ ᠪᠤᠢᠵᠢᠭᠤᠯᠤᠨ ᠪᠤᠵᠠᠭᠠᠢᠷᠠᠭᠤᠯᠵᠤ᠂ ᠱᠢᠬᠢᠷᠯᠢᠭ ᠲᠥᠮᠥᠰᠥ᠍ ᠡᠯᠳᠡᠪ ᠠᠮᠤ ᠵᠢᠮᠢᠰ ᠢᠳᠡᠱᠢᠨ ᠨᠣᠭᠤᠭ᠎ᠠ ᠵᠡᠷᠭᠡ ᠣᠨᠴᠠᠯᠢᠭ᠍ᠲᠤ ᠬᠦᠷᠢᠶᠡᠯᠡᠩ ᠲᠣᠭᠤᠷᠢᠭ᠎ᠢ ᠪᠦᠲᠦᠭᠡᠨ ᠪᠠᠢᠭᠤᠯᠵᠤ᠂ ᠳᠡᠯᠡᠬᠡᠢ᠎ᠶ᠋ᠢᠨ ᠲᠡᠰ᠎ᠤᠨ ᠵᠢᠵᠢᠭ ᠡᠭᠦᠯᠳᠡᠷ᠎ᠤᠨ ᠱᠢᠪᠲᠦᠷᠲᠦ ᠬᠦᠴᠢᠯ᠎ᠤᠨ ᠦᠢᠯᠡᠳᠪᠦᠷᠢᠯᠡᠯ᠎ᠤᠨ ᠰᠠᠭᠤᠷᠢᠨ᠂ ᠪᠦᠬᠦ᠌ ᠤᠯᠤᠰ᠎ᠤᠨ ᠲᠦᠭᠦᠬᠡᠢ ᠮᠠᠲ᠋ᠧᠷᠢᠶᠠᠯ᠎ᠤᠨ ᠡᠮ᠎ᠤᠨ ᠦᠢᠯᠡᠳᠪᠦᠷᠢᠯᠡᠯ᠎ᠤᠨ ᠰᠠᠭᠤᠷᠢᠨ᠂ ᠤᠯᠤᠰ᠎ᠤᠨ ᠲᠡᠰ᠎ᠤᠨ ᠬᠦᠢᠲᠡᠨ ᠰᠡᠷᠢᠭᠦᠨ ᠭᠠᠵᠠᠷ ᠣᠷᠣᠨ᠎ᠤ ᠪᠣᠬᠢᠷᠲᠤᠯ ᠦᠭᠡᠢ ᠵᠢᠮᠢᠰ ᠢᠳᠡᠱᠢᠨ ᠨᠣᠭᠤᠭ᠎ᠠ᠎ᠶ᠋ᠢᠨ ᠦᠢᠯᠡᠳᠪᠦᠷᠢᠯᠡᠯ᠎ᠤᠨ ᠰᠠᠭᠤᠷᠢᠨ᠎ᠢ ᠬᠦᠴᠦᠯᠡᠨ ᠪᠠᠢᠭᠤᠯᠤᠨ᠎ᠠ᠃ ᠮᠠᠯ ᠠᠵᠤ ᠠᠬᠤᠶ ᠲᠠᠷᠢᠶᠠᠯᠠᠩ ᠬᠢᠭᠡᠳ ᠦᠢᠯᠡᠴᠢᠯᠡᠭᠡᠨ᠎ᠤ ᠦᠢᠯᠡᠰ᠎ᠢ ᠠᠭᠤᠰᠤᠯᠴᠠᠭᠤᠯᠤᠨ ᠬᠥᠭ᠌ᠵᠢᠬᠦᠯᠬᠦ᠌᠎ᠶ᠋ᠢ ᠰᠠᠢᠲᠤᠷ ᠠᠳᠭᠤᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠭᠤᠣᠯᠳᠠᠯᠭ᠎ᠠ᠎ᠲᠠᠢ ᠲᠥᠷᠥᠯ ᠵᠦᠶᠯ᠎ᠢ ᠠᠬᠢᠭᠤᠯᠬᠤ᠎ᠪᠠᠷ ᠳᠠᠮᠵᠢᠨ ᠤᠯᠤᠰ᠎ᠤᠨ ᠪᠣᠳᠠᠰ᠎ᠤᠨ ᠭᠦᠶᠯᠭᠡᠭᠡᠨ᠎ᠤ ᠭᠤᠤᠯ ᠠᠴᠢᠶᠠᠯᠠᠪᠤᠷᠢ ᠬᠤᠲᠠ ᠪᠠ ᠤᠯᠤᠰ᠎ᠤᠨ ᠭᠤᠤᠯᠯᠠᠭ᠍ᠴᠢ ᠬᠦᠶᠲᠡᠨ ᠬᠡᠯᠬᠢᠶᠡᠲᠦ ᠪᠣᠳᠠᠰ᠎ᠤᠨ ᠭᠦᠶᠯᠭᠡᠭᠡᠨ᠎ᠤ ᠰᠠᠭᠤᠷᠢᠨ᠎ᠢ ᠴᠣᠭ᠍ᠴᠠᠯᠠᠨ᠎ᠠ᠃

ᠳᠥᠷᠪᠡ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠪᠠ ᠮᠥᠩᠭᠦᠨ ᠭᠦᠶᠯᠭᠡᠭᠡᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃ ᠦᠷ᠎ᠡ᠎ᠶ᠋ᠢᠨ ᠢᠨᠵᠧᠨᠧᠷᠢᠩ᠎ᠢ ᠶᠡᠭᠡ᠎ᠪᠠᠷ ᠬᠡᠷᠡᠭ᠌ᠵᠢᠭᠦᠯᠵᠦ᠍᠂ ᠲᠠᠷᠢᠮᠠᠯ᠎ᠤᠨ ᠰᠠᠢᠨ ᠡᠭᠦᠯᠳᠡᠷ᠎ᠤᠨ ᠪᠦᠷᠬᠦᠴᠡ᠎ᠶ᠋ᠢᠨ ᠨᠣᠷᠮ᠎ᠠ 98%᠂ ᠮᠠᠯ ᠵᠢᠭᠦᠷᠲᠡᠨ᠎ᠤ ᠰᠠᠢᠨ ᠡᠭᠦᠯᠳᠡᠷ᠎ᠤᠨ ᠨᠣᠷᠮ᠎ᠠ 96% ᠎ᠳᠤ ᠬᠦᠷᠦᠭ᠌ᠰᠡᠨ᠎ᠤ ᠰᠠᠭᠤᠷᠢᠨ ᠳᠡᠭᠡᠷ᠎ᠡ᠂ ᠴᠢᠨᠠᠷ ᠰᠠᠢᠲᠠᠶ ᠦᠷ᠎ᠡ᠎ᠶ᠋ᠢᠨ ᠢᠷᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠴᠢᠨᠠᠭ᠍ᠰᠢᠳᠠ ᠬᠡᠷᠡᠭ᠌ᠵᠢᠭᠦᠯᠦᠨ᠎ᠡ; ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠠᠯᠠᠱᠢᠨ ᠦᠬᠡᠷ᠂ ᠰᠠᠭᠠᠯᠢ᠎ᠶ᠋ᠢᠨ ᠦᠨᠢᠶᠡᠨ᠎ᠤ ᠬᠦᠪᠦᠷᠡᠯ᠎ᠤᠨ ᠠᠵᠤ ᠦᠶᠯᠡᠰᠵᠢᠭ᠌ᠰᠡᠨ  ᠦᠢᠯᠡᠳᠪᠦᠷᠢᠯᠡᠯ᠎ᠢ ᠠᠬᠢᠭᠤᠯᠵᠤ᠂ ᠴᠡᠪᠡᠷ ᠡᠭᠦᠯᠳᠡᠷᠵᠢᠭᠦᠯᠬᠦ᠌ ᠠᠯᠬᠤᠴᠠ᠎ᠪᠠᠨ ᠲᠦᠷᠭᠡᠳᠭᠡᠨ᠂ ᠳᠤᠮᠳᠠᠳᠤ ᠤᠯᠤᠰ᠎ᠤᠨ ᠱᠢᠮᠧᠨ᠋ᠳᠡᠷ ᠦᠬᠡᠷ᠎ᠤᠨ ᠤᠯᠤᠰ᠎ᠤᠨ ᠲᠠᠰ᠎ᠤᠨ ᠦᠷ᠎ᠡ᠎ᠶ᠋ᠢᠨ ᠢᠷᠡᠯᠲᠡ᠎ᠶ᠋ᠢᠨ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠮᠥᠩᠭᠦᠨ ᠭᠦᠢᠯᠭᠡᠭᠡ᠎ᠪᠠᠷ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢ ᠳᠡᠮᠵᠢᠬᠦ᠌ ᠵᠢᠯᠣᠭᠤᠳᠭᠤ ᠰᠠᠨᠠᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠦᠬᠦ᠌ ᠣᠷᠣᠨ᠎ᠤ ᠠᠩᠬᠠᠳᠠᠭ᠍ᠴᠢ ᠠᠯᠠᠱᠢᠨ ᠦᠬᠡᠷ᠎ᠤᠨ ᠲᠤᠰᠭᠠᠶ ᠪᠠᠩᠬᠢ᠎ᠶ᠋ᠢᠨ ᠵᠢᠱ᠌ᠢᠶ᠎ᠡ ᠦᠵᠡᠭᠦᠯᠬᠦ᠌ ᠦᠢᠯᠡᠳᠦᠯ᠎ᠢ ᠰᠠᠢᠲᠤᠷ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠶ᠎ᠶ᠋ᠢᠨ ᠪᠡᠯᠡ ᠣᠷᠣᠭᠤᠯᠤᠯᠳᠠ ᠬᠥᠭ᠌ᠵᠢᠭᠦᠯᠦᠯᠳᠡ᠎ᠶ᠋ᠢᠨ ᠪᠦᠯᠦᠭ᠌ᠯᠡᠯ᠎ᠢ ᠰᠦᠪᠡᠭ᠌ᠴᠢᠯᠡᠨ ᠪᠠᠢᠭᠤᠯᠵᠤ᠂ ᠮᠥᠩᠭᠦᠨ ᠭᠦᠢᠯᠭᠡᠭᠡ᠎ᠶ᠋ᠢᠨ ᠲᠠᠷᠢᠶᠠᠯᠠᠩ ᠮᠠᠯ ᠠᠵᠤ ᠠᠬᠤᠶ᠎ᠳᠤ ᠦᠢᠯᠡᠴᠢᠯᠡᠬᠦ᠌ ᠬᠦᠷᠢᠶ᠎ᠡ ᠪᠠ ᠬᠡᠪᠴᠢᠶ᠎ᠡ᠎ᠶ᠋ᠢ ᠥᠷᠭᠡᠳᠭᠡᠨ᠎ᠡ᠃

ᠲᠠᠪᠤ᠎ᠳᠤ᠂ ᠶᠠᠰᠣ ᠴᠢᠨᠠᠷ᠎ᠢᠶᠠᠨ ᠪᠦᠬᠦ᠌ ᠬᠦᠴᠦᠨ᠎ᠢᠶᠠᠷ᠎ᠢᠶᠠᠨ ᠳᠡᠭᠡᠭ᠌ᠰᠢᠯᠡᠭᠦᠯᠵᠦ᠍᠂ ᠱᠢᠯᠢᠳᠡᠭ ᠨᠡᠷᠡᠲᠦ ᠲᠦᠷᠦᠯ ᠲᠡᠮᠳᠡᠭ᠎ᠢ ᠡᠭᠦᠳᠦᠨ᠎ᠡ᠃ ᠨᠢᠭᠡᠨᠲᠡ ᠪᠠᠢᠭ᠎ᠠ 192 ᠡᠷᠦᠬᠡ 《ᠭᠤᠷᠪᠠᠨ ᠪᠦᠳᠦᠭᠡᠭ᠌ᠳᠡᠬᠦᠨ》 ᠎ᠤ ᠪᠠᠷᠢᠮᠵᠢᠶ᠎ᠠ᠎ᠲᠠᠢ ᠠᠵᠤ ᠠᠬᠤᠢᠯᠠᠯ᠂ 5 ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠵᠠᠷ ᠵᠦᠶ᠎ᠶ᠋ᠢᠨ ᠢᠯᠡᠷᠬᠡᠢᠯᠡᠯᠳᠦ᠂ 4 ᠣᠷᠣᠨ ᠪᠦᠰᠡ᠎ᠶ᠋ᠢᠨ ᠴᠢᠨᠠᠷᠲᠠᠶ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠦᠷᠦᠯ ᠲᠡᠮᠳᠡᠭ᠎ᠤᠨ᠎ᠢᠶᠠᠨ ᠰᠠᠭᠤᠷᠢᠨ ᠳᠡᠭᠡᠷ᠎ᠡ᠂ ᠨᠠᠩ ᠣᠯᠠᠨ ᠪᠦᠳᠦᠭᠡᠭ᠌ᠳᠡᠬᠦᠨ᠎ᠳᠤ ᠭᠡᠷᠡᠴᠢᠯᠡᠭᠡ ᠬᠢᠯᠭᠡᠬᠦ᠌᠎ᠪᠠᠷ ᠴᠢᠷᠮᠠᠢᠵᠤ᠂ ᠶᠠᠰᠤ ᠴᠢᠨᠠᠷ᠎ᠤᠨ ᠠᠮᠤᠷ ᠲᠦᠪᠱᠢᠨ᠎ᠢ ᠬᠢᠨᠠᠨ ᠬᠠᠮᠢᠶᠠᠷᠬᠤ ᠮᠡᠳᠡᠭᠡ ᠵᠠᠩᠭᠢᠵᠢᠬ᠍ᠰᠡᠨ ᠨᠢᠭᠡᠳᠦᠯᠲᠡᠶ ᠲᠠᠪᠴᠠᠩ᠎ᠢ ᠪᠠᠢᠭᠤᠯᠤᠨ᠂ ᠶᠠᠰᠤ ᠴᠢᠨᠠᠷ᠎ᠤᠨ ᠠᠮᠤᠷ ᠲᠦᠪᠱᠢᠨ᠎ᠢ ᠪᠥᠬᠦ᠌ ᠶᠠᠪᠤᠴᠠ᠎ᠳᠤ ᠮᠥᠷᠳᠡᠵᠦ᠍ ᠪᠣᠯᠬᠤ ᠱᠢᠰᠲ᠋ᠧᠮ᠎ᠢ ᠴᠣᠭ᠍ᠴᠠᠯᠠᠵᠣ᠂ ᠪᠣᠬᠢᠷᠲᠤᠯ ᠥᠬᠡᠶ᠂ ᠣᠷᠭᠠᠨᠢᠭ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ ᠪᠥᠬᠦ᠌ ᠣᠷᠣᠨ ᠪᠦᠰᠡ᠎ᠶ᠋ᠢᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢ ᠤᠬᠠᠭᠠᠯᠠᠬᠤ ᠪᠠ ᠳᠡᠯᠭᠡᠷᠡᠭᠦᠯᠬᠦ᠌᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠰᠦᠯᠵᠢᠶ᠎ᠡ᠎ᠪᠠᠷ ᠪᠣᠷᠣᠯᠠᠭᠤᠯᠬᠤ ᠪᠠ 《ᠭᠠᠴᠠᠭ᠎ᠠ ᠲᠣᠰᠭᠤᠨ᠎ᠠᠴᠠ ᠭᠠᠷᠭᠠᠨ ᠬᠤᠲᠠ᠎ᠳᠤ ᠣᠷᠣᠭᠤᠯᠬᠤ》 ᠢᠨᠵᠧᠨᠧᠷᠢᠩ᠎ᠢ ᠠᠬᠢᠭᠤᠯᠤᠨ᠂ ᠰᠦᠯᠵᠢᠶᠡᠨ ᠳᠡᠭᠡᠷᠡᠬᠢ ᠡᠯᠧᠺᠲᠷᠣᠨ ᠬᠤᠳᠠᠯᠳᠤᠭ᠎ᠠ ᠬᠢᠭᠡᠳ ᠰᠦᠯᠵᠢᠶᠡᠨ ᠭᠠᠳᠠᠨᠠᠬᠢ ᠪᠣᠳᠠᠲᠤ ᠳᠡᠯᠭᠡᠭᠦᠷ᠂ ᠢᠳᠡᠭᠡᠨ ᠤᠮᠳᠠᠭᠠᠨ᠎ᠤ ᠪᠡᠶᠡᠴᠢᠯᠡᠨ ᠣᠢᠯᠠᠭᠠᠬᠤ ᠳᠡᠯᠭᠡᠭᠦᠷ᠂ ᠪᠦᠲᠦᠭᠡᠭ᠌ᠳᠡᠬᠦᠨ᠎ᠢ ᠳᠡᠯᠭᠡᠨ ᠦᠵᠡᠭᠦᠯᠬᠦ᠌ ᠲᠢᠩᠬᠢᠮ᠎ᠢ ᠨᠢᠭᠡ ᠴᠣᠠᠠᠴᠠᠵᠢᠭᠤᠯᠥᠠᠠᠰᠠᠨ ᠡᠵᠡᠩᠨᠡᠨ ᠪᠣᠷᠣᠯᠠᠭᠤᠯᠬᠤ ᠵᠠᠭ᠍ᠪᠤᠷ᠎ᠢ ᠴᠣᠭ᠍ᠴᠠᠯᠠᠵᠣ᠂ ᠪᠦᠲᠦᠭᠡᠭ᠌ᠳᠡᠬᠦᠨ᠎ᠤ ᠲᠦᠷᠦᠯ ᠲᠡᠮᠳᠡᠭ᠎ᠢ ᠲᠠᠰ ᠳᠡᠪᠱᠢᠬᠦᠯᠬᠦ᠌᠎ᠶ᠋ᠢ ᠳᠠᠢᠴᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号