ᠱᠢᠨᠵᠢᠯᠡᠬᠦ᠌ ᠤᠬᠠᠭᠠᠨ᠎ᠤ ᠱᠠᠩᠨᠠᠯ᠎ᠠᠴᠠ ᠱᠢᠨ᠎ᠡ ᠡᠭᠦᠳᠦᠯᠲᠡ᠎ᠶ᠋ᠢᠨ ᠮᠦᠷ ᠳᠤᠷᠠᠢᠨ᠎ᠠ
2021-01-17 12:44:48
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2019 ᠣᠨ᠎ᠤ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠱᠢᠢᠳᠪᠦᠷᠢ᠎ᠶ᠋ᠢ ᠨᠡᠢᠲᠡᠯᠡᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠᠭᠠᠢ ᠬᠤᠪᠢ ᠨᠡᠮᠡᠷᠢ᠎ᠶ᠋ᠢᠨ ᠱᠠᠩᠨᠠᠯ 2᠂ ᠢᠳᠡᠷ ᠵᠠᠯᠠᠭᠤ ᠨᠠᠰᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠱᠠᠩᠨᠠᠯ 9᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ 17 ᠵᠦᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ 104 ᠵᠦᠢᠯ᠎ᠢ ᠲᠤᠰ ᠲᠤᠰ ᠱᠢᠯᠭᠠᠷᠠᠭᠤᠯᠵᠤ ᠭᠠᠷᠭᠠᠵᠠᠢ᠃ ᠡᠳᠡᠭᠡᠷ ᠬᠦᠬᠢᠭᠦᠯᠦᠯ ᠱᠠᠩᠨᠠᠯ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠤ ᠬᠦᠭ᠌ᠵᠢᠯᠳᠡ᠎ᠶ᠋ᠢᠨ ᠵᠠᠮ ᠮᠦᠷ ᠳᠤᠳᠤᠷᠠᠵᠤ᠂ ᠰᠠᠭᠤᠷᠢ ᠰᠤᠳᠤᠯᠭᠠᠨ᠎ᠠᠴᠠ ᠳᠡᠷᠢᠭᠦᠨ᠎ᠤ ᠬᠡᠷᠡᠭ᠌ᠯᠡᠯᠲᠡ᠂ ᠠᠵᠤ ᠦᠢᠯᠡᠰ᠎ᠤᠨ ᠪᠣᠭᠤᠮᠲᠠ ᠱᠢᠪᠲᠤᠯᠤᠯᠲᠠ᠎ᠠᠴᠠ ᠠᠷᠠᠳ᠎ᠤᠨ ᠠᠮᠢᠳᠤᠷᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠢᠵᠢᠷᠠᠭᠤᠯᠤᠯᠲᠠ ᠬᠦᠷᠲᠡᠯ᠎ᠡ᠂ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠦᠪᠱᠢᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠤᠮᠲᠠ ᠱᠢᠪᠲᠤᠯᠬᠤ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠲᠤᠰᠭᠠᠬ᠍ᠰᠠᠨ ᠪᠠᠢᠯ᠎ᠠ᠃

ᠰᠠᠭᠤᠷᠢ ᠰᠤᠳᠤᠯᠭᠠᠨ᠎ᠤ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠠᠴᠠ ᠴᠢᠨᠠᠷ ᠰᠠᠢᠲᠠᠶ ᠦᠷ᠎ᠡ ᠪᠦᠲᠦᠭᠡᠯ ᠴᠤᠯᠭᠤᠷᠠᠨ᠎ᠠ

ᠰᠠᠭᠤᠷᠢ ᠰᠤᠳᠤᠯᠭᠠᠨ ᠪᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢᠨ ᠦᠨᠳᠦᠰᠦ ᠮᠥᠨ᠃ ᠦᠢᠷ᠎ᠡ᠎ᠶ᠋ᠢᠨ ᠵᠢᠯ᠎ᠤᠨ ᠲᠤᠷᠰᠢ ᠮᠠᠨ᠎ᠤ ᠣᠷᠣᠨ ᠰᠠᠭᠤᠷᠢ ᠰᠤᠳᠤᠯᠭᠠᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ᠍᠂ ᠪᠡᠯᠡ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠨᠢᠭᠡ ᠪᠦᠯᠦᠭ ᠰᠠᠭᠤᠷᠢ ᠰᠤᠳᠤᠯᠤᠯ᠎ᠤᠨ ᠦᠷ᠎ᠡ ᠪᠦᠲᠦᠭᠡᠯ ᠭᠠᠷᠭᠠᠯ᠎ᠠ᠃ 2019 ᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ᠎ᠤᠨ ᠳᠣᠲᠣᠷ᠎ᠠ ᠨᠡᠢᠲᠡ 5 ᠲᠥᠷᠥᠯ ᠵᠦᠢᠯ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ ᠡᠨᠡ ᠪᠣᠯ ᠮᠠᠨ᠎ᠤ ᠣᠷᠣᠨ ᠱᠠᠩᠨᠠᠯ᠎ᠤᠨ ᠲᠦᠷᠢᠮ᠎ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠨᠢᠭᠡᠳᠦᠭᠡᠷ ᠳᠡᠰ᠎ᠤᠨ ᠱᠠᠩᠨᠠᠯ᠎ᠤᠨ ᠲᠤᠭ᠎ᠠ᠎ᠪᠠᠷ ᠬᠠᠮᠤᠭ᠎ᠤᠨ ᠣᠯᠠᠨ ᠢᠯᠡᠷᠡᠭ᠌ᠰᠡᠨ ᠨᠢᠭᠡ ᠤᠳᠠᠭ᠎ᠠ ᠪᠤᠯᠬᠤ ᠶᠤᠮ᠃

ᠳᠤᠷᠠᠳᠤᠭᠤᠱᠢᠲᠠᠶ᠎ᠨᠢ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶ᠎ᠠ᠎ᠶ᠋ᠢᠨ ᠬᠠᠮᠲᠤ᠎ᠪᠠᠷ ᠪᠡᠶᠡᠯᠡᠭᠦᠯᠦᠭ᠌ᠰᠡᠨ 《ᠮᠣᠩᠭᠤᠯ ᠡᠮᠨᠡᠯᠭᠡ᠎ᠶ᠋ᠢᠨ ᠤᠯᠠᠮᠵᠢᠯᠠᠯᠲᠤ ᠭᠠᠳᠠᠷ ᠵᠠᠰᠠᠯ᠎ᠤᠨ ᠠᠷᠭ᠎ᠠ᠎ᠶ᠋ᠢᠨ ᠣᠨᠣᠯ᠎ᠤᠨ ᠱᠢᠰᠲ᠋ᠧᠮ᠎ᠢ ᠪᠠᠢᠭᠤᠯᠬᠤ ᠪᠠ ᠰᠠᠭᠤᠷᠢ ᠡᠮᠴᠢᠯᠡᠭᠡᠨ᠎ᠤ ᠰᠤᠳᠤᠯᠭᠠᠨ》 ᠎ᠨᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠨᠢᠭᠡᠳᠦᠭᠡᠷ ᠳᠡᠰ᠎ᠤᠨ ᠱᠠᠩᠨᠠᠯ ᠭᠥᠷᠳᠡᠭ᠌ᠰᠡᠨ ᠪᠠᠢᠨ᠎ᠠ᠃ ᠲᠤᠰ ᠰᠤᠳᠤᠯᠭᠠᠨ᠎ᠳᠤ 30 ᠵᠢᠯ᠎ᠤᠨ ᠴᠠᠭ ᠵᠠᠷᠤᠴᠠᠭᠤᠯᠤᠨ ᠮᠣᠩᠭᠤᠯ ᠡᠮᠨᠡᠯᠭᠡ᠎ᠶ᠋ᠢᠨ ᠤᠯᠠᠮᠵᠢᠯᠠᠯᠲᠤ ᠭᠠᠳᠠᠷ ᠵᠠᠰᠠᠯ᠎ᠤᠨ ᠰᠠᠭᠤᠷᠢ ᠡᠮᠴᠢᠯᠡᠭᠡᠨ᠎ᠤ ᠲᠤᠬᠠᠶ ᠱᠢᠰᠲ᠋ᠧᠮ᠎ᠲᠠᠢ ᠰᠤᠳᠤᠯᠭᠠᠨ ᠥᠷᠨᠢᠭᠦᠯᠵᠦ᠍᠂ ᠡᠯ᠎ᠡ ᠵᠦᠢᠯ᠎ᠤᠨ ᠮᠣᠩᠭᠤᠯ ᠡᠮᠨᠡᠯᠭᠡ᠎ᠶ᠋ᠢᠨ ᠤᠯᠠᠮᠵᠢᠯᠠᠯᠲᠤ ᠭᠠᠳᠠᠷ ᠵᠠᠰᠠᠯ᠎ᠤᠨ ᠮᠠᠲ᠋ᠧᠷᠢᠶᠠᠯ᠎ᠢ ᠡᠮᠬᠢᠳᠭᠡᠵᠡᠶ᠃ ᠲᠣᠰ ᠰᠤᠳᠤᠯᠭᠠᠨ ᠱᠠᠩᠨᠠᠯ ᠭᠥᠷᠳᠡᠭ᠌ᠰᠡᠨ᠎ᠨᠢ ᠮᠠᠨ᠎ᠤ ᠣᠷᠣᠨ᠎ᠤ ᠣᠯᠠᠨ ᠵᠢᠯ᠎ᠤᠨ ᠲᠤᠷᠰᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠳᠤ ᠮᠣᠩᠭᠤᠯ ᠡᠮ ᠡᠮᠨᠡᠯᠭᠡ᠎ᠶ᠋ᠢᠨ ᠲᠦᠷᠦᠯ ᠪᠠᠢᠭ᠎ᠠ ᠥᠬᠡᠶ ᠬᠤᠭᠤᠰᠤᠨ᠎ᠢ ᠨᠦᠬᠦᠪᠤᠷᠢᠯᠡᠪᠡ᠃

ᠪᠦᠷᠢᠳᠭᠡᠯ᠎ᠢ ᠦᠨᠳᠦᠰᠦᠯᠡᠪᠡᠯ᠂ ᠦᠢᠷ᠎ᠡ᠎ᠶ᠋ᠢᠨ ᠭᠤᠷᠪᠠᠨ ᠵᠢᠯ᠎ᠤᠨ ᠲᠤᠷᠰᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠨᠢᠭᠡᠳᠦᠭᠡᠷ ᠳᠡᠰ᠎ᠤᠨ ᠱᠠᠩᠨᠠᠯ᠎ᠤᠨ ᠲᠤᠭ᠎ᠠ ᠠᠭᠠᠵᠢᠮ᠎ᠢᠶᠠᠷ ᠨᠡᠮᠡᠭ᠌ᠳᠡᠵᠦ᠍᠂ 2017 ᠣᠨ᠎ᠳᠤ 3 ᠵᠦᠢᠯ᠂ 2018 ᠣᠨ᠎ᠳᠤ 4 ᠵᠦᠢᠯ ᠪᠠᠢᠭ᠍ᠰᠠᠨ᠎ᠠᠴᠠ᠎ᠪᠠᠨ 2019 ᠣᠨ᠎ᠳᠤ 5 ᠵᠦᠢᠯ ᠪᠣᠯᠵᠤ ᠨᠡᠮᠡᠭ᠌ᠳᠡᠪᠡ᠃ 2019 ᠣᠨ᠎ᠳᠤ ᠱᠠᠩᠨᠠᠯ ᠭᠥᠷᠳᠡᠭ᠌ᠰᠡᠨ 17 ᠵᠦᠢᠯ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ᠎ᠤᠨ ᠲᠦᠷᠦᠯ᠎ᠨᠢ ᠨᠡᠢᠲᠡ 705 ᠥᠭᠦᠯᠡᠯ ᠨᠡᠢᠲᠡᠯᠡᠵᠤ᠂ 2018 ᠣᠨ᠎ᠤ᠎ᠬᠢ᠎ᠠᠴᠠ ᠢᠯᠡᠳᠲᠡ ᠨᠡᠮᠡᠭ᠌ᠳᠡᠵᠠᠢ᠃ ᠡᠨᠡ᠎ᠨᠢ ᠮᠠᠨ᠎ᠤ ᠣᠷᠣᠨ᠎ᠤ ᠰᠠᠭᠤᠷᠢ ᠰᠤᠳᠤᠯᠭᠠᠨ᠎ᠤ ᠪᠡᠯᠡ ᠣᠷᠣᠭᠤᠯᠤᠯᠲᠠ᠎ᠶ᠋ᠢᠨ ᠵᠢᠯ ᠳᠠᠷᠠᠭᠠᠯᠠᠨ ᠨᠡᠮᠡᠭ᠌ᠳᠡᠬᠦ᠌᠎ᠶ᠋ᠢ ᠳᠠᠭᠠᠯᠳᠤᠨ ᠰᠠᠭᠤᠷᠢ ᠰᠤᠳᠤᠯᠭᠠᠨ᠎ᠤ ᠱᠢᠯᠢᠳᠡᠭ ᠦᠷ᠎ᠡ ᠪᠦᠲᠦᠭᠡᠯ ᠲᠣᠭ᠍ᠲᠠᠭᠤᠨ᠎ᠢᠶᠠᠷ ᠨᠡᠮᠡᠭ᠌ᠳᠡᠭ᠌ᠰᠡᠨ᠎ᠢ ᠬᠠᠷᠠᠭᠤᠯᠵᠤ ᠪᠠᠢᠨ᠎ᠠ᠃

ᠮᠡᠷᠭᠡᠵᠢᠯ᠎ᠤᠨ ᠨᠡᠭᠡᠭᠡᠨ ᠬᠥᠭ᠌ᠵᠢᠭᠦᠯᠦᠯᠳᠡ᠎ᠪᠠᠷ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠪᠠᠬᠢᠵᠢᠨ᠎ᠠ

104 ᠵᠦᠢᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ᠎ᠤᠨ ᠦᠷ᠎ᠡ ᠪᠦᠲᠦᠭᠡᠯ᠎ᠤᠨ ᠳᠣᠲᠣᠷ᠎ᠡ ᠠᠵᠤ ᠠᠬᠤᠢᠯᠠᠯ᠎ᠤᠳ ᠲᠤᠪᠤᠢᠮ᠎ᠠ ᠦᠢᠯᠡᠳᠦᠯ ᠦᠵᠡᠭᠦᠯᠵᠤ᠂ 175 ᠠᠵᠤ ᠠᠬᠤᠢᠯᠠᠯ ᠰᠤᠳᠤᠯᠤᠨ ᠨᠡᠬᠡᠬᠡᠬᠦ᠌᠎ᠳᠤ ᠣᠷᠣᠯᠴᠠᠪᠠ᠃ ᠡᠭᠦᠨ᠎ᠳᠤ᠂ ᠲᠥᠷᠥᠯ ᠵᠦᠢᠯ᠎ᠤᠨ ᠨᠢᠭᠡᠳᠦᠭᠡᠷ ᠪᠡᠶᠡᠯᠡᠭᠦᠯᠦᠭ᠌ᠰᠡᠨ ᠨᠢᠭᠡᠴᠢ ᠪᠣᠯᠬᠤ ᠠᠵᠤ ᠠᠬᠤᠢᠯᠠᠯ 47 ᠪᠠᠢᠵᠤ᠂ ᠠᠵᠤ ᠦᠢᠯᠡᠳᠪᠦᠷᠢ ᠮᠠᠯ ᠠᠵᠤ ᠠᠬᠤᠢ ᠲᠠᠷᠢᠶᠠᠯᠠᠩ᠎ᠤᠨ ᠬᠡᠷᠡᠭ᠌ᠯᠡᠭᠡᠨ᠎ᠤ ᠨᠡᠭᠡᠭᠡᠯᠲᠡ᠎ᠶ᠋ᠢᠨ ᠲᠥᠷᠥᠯ᠎ᠤᠨ ᠦᠷ᠎ᠡ ᠪᠦᠲᠦᠭᠡᠯ᠎ᠤᠨ 60% ᠎ᠶ᠋ᠢ ᠡᠵᠡᠯᠡᠵᠦ᠍ ᠪᠠᠢᠨ᠎ᠠ᠃ ᠠᠵᠤ ᠠᠬᠤᠢᠯᠠᠯ᠎ᠤᠨ ᠰᠤᠳᠤᠯᠤᠨ ᠨᠡᠬᠡᠬᠡᠬᠦ᠌ ᠪᠡᠯᠡ ᠣᠷᠣᠭᠤᠯᠤᠯᠲᠠ᠎ᠶ᠋ᠢᠨ ᠲᠠᠰᠤᠷᠠᠯᠲᠠ ᠦᠭᠡᠢ ᠳᠡᠭᠡᠭ᠌ᠰᠢᠯᠡᠬᠦ᠌᠎ᠶ᠋ᠢ ᠳᠠᠭᠠᠯᠳᠤᠨ ᠠᠵᠤ ᠠᠬᠤᠢᠯᠠᠯ᠎ᠤᠨ ᠰᠤᠳᠤᠯᠤᠨ ᠨᠡᠬᠡᠬᠡᠬᠦ᠌ ᠴᠢᠳᠠᠪᠤᠷᠢ ᠴᠤ᠌ ᠠᠯᠬᠤᠮ ᠠᠯᠬᠤᠮ᠎ᠢᠶᠠᠷ ᠴᠢᠩᠭᠠᠷᠠᠵᠤ᠂ ᠠᠵᠤ ᠠᠬᠤᠢᠯᠠᠯ᠎ᠢᠶᠠᠷ ᠭᠤᠤᠯ ᠴᠣᠭ᠍ᠴᠠ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠤᠶᠠᠯᠳᠤᠭᠤᠯᠤᠭ᠍ᠰᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠠᠢᠭᠤᠯᠤᠯᠲᠠ ᠶᠡᠭᠡ᠎ᠪᠠᠷ ᠴᠢᠩᠭᠠᠷᠠᠪᠠ᠃

ᠥᠪᠥᠷ ᠮᠣᠩᠭᠤᠯ᠎ᠤᠨ ᠬᠡᠪᠯᠡᠯ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠪᠠᠷ ᠲᠤᠯᠤᠭᠠᠢᠯᠠᠬ᠍ᠴᠢ ᠪᠤᠯᠭᠠᠭ᠍ᠰᠠᠨ 《ᠣᠯᠠᠨ ᠤᠯᠤᠰ᠎ᠤᠨ ᠪᠠᠷᠢᠮᠵᠢᠶᠠᠲᠤ ᠮᠣᠩᠭᠤᠯ ᠬᠡᠯᠡᠨ᠎ᠤ ᠲᠣᠭᠠᠴᠢᠯᠠᠭ᠍ᠰᠠᠨ ᠬᠡᠪᠯᠡᠯ᠎ᠤᠨ ᠱᠢᠰᠲ᠋ᠧᠮ᠎ᠤᠨ ᠰᠤᠳᠤᠯᠤᠨ ᠨᠡᠭᠡᠭᠡᠯᠲᠡ ᠵᠢᠴᠢ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠦᠯᠲᠡ》 ᠎ᠶ᠋ᠢᠨ ᠲᠥᠷᠥᠯ ᠵᠦᠢᠯ᠎ᠨᠢ ᠮᠣᠩᠭᠤᠯ ᠬᠡᠯᠡᠨ᠎ᠤ ᠺᠤᠳ᠋᠎ᠤᠨ ᠰᠠᠭᠤᠷᠢ ᠣᠨᠣᠯ᠎ᠢ ᠰᠤᠳᠤᠯᠬᠤ᠎ᠪᠠᠷ ᠳᠡᠮᠵᠢᠨ ᠳᠡᠯᠡᠬᠡᠶ ᠳᠡᠭᠡᠷ᠎ᠡ ᠮᠣᠩᠭᠤᠯ ᠬᠡᠯᠡᠨ᠎ᠤ ᠺᠤᠳ᠋᠎ᠤᠨ ᠣᠯᠠᠨ ᠤᠯᠤᠰ᠎ᠤᠨ ᠪᠠᠷᠢᠮᠵᠢᠶᠠᠲᠤ ᠥᠰᠥᠭ᠎ᠤᠨ ᠲᠢᠭ ᠵᠢᠴᠢ ᠪᠥᠷᠢᠨ ᠵᠠᠭᠤᠴᠢᠯᠠᠭᠤᠷ᠎ᠤᠨ ᠣᠷᠣᠭᠤᠯᠵᠤ ᠭᠠᠷᠭᠠᠬᠤ ᠭᠤᠤᠯ ᠮᠡᠷᠭᠡᠵᠢᠯ᠎ᠢ ᠰᠤᠳᠤᠯᠬᠤ᠎ᠶ᠋ᠢᠨ ᠬᠠᠮᠲᠤ ᠮᠣᠩᠭᠤᠯ ᠬᠡᠯᠡᠨ᠎ᠤ ᠰᠠᠭᠤᠷᠢ ᠵᠥᠭᠡᠯᠡᠨ ᠲᠣᠨᠤᠭ᠎ᠤᠨ ᠪᠦᠯᠦᠭ᠎ᠢ ᠨᠡᠭᠡᠭᠡᠨ ᠬᠥᠭ᠌ᠵᠢᠭᠦᠯᠵᠤ᠂ ᠪᠦᠷᠢᠨ ᠵᠠᠭᠤᠴᠢᠯᠠᠭᠤᠷ᠎ᠤᠨ ᠲᠣᠭᠠᠴᠢᠯᠠᠭ᠍ᠰᠠᠨ ᠬᠡᠪᠯᠡᠯ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠶᠳᠪᠦᠷᠢᠯᠡᠪᠡ᠃ ᠠᠵᠤ ᠦᠢᠯᠡᠰᠵᠢᠭᠦᠯᠦᠨ ᠨᠡᠭᠡᠭᠡᠨ ᠬᠥᠭ᠌ᠵᠢᠭᠦᠯᠬᠦ᠌ ᠪᠠ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌᠎ᠪᠠᠷ ᠲᠠᠮᠵᠢᠨ ᠮᠣᠩᠭᠤᠯ ᠬᠡᠯᠡᠨ᠎ᠤ ᠮᠡᠳᠡᠭᠡ ᠵᠠᠩᠭᠢᠵᠢᠯᠲᠠ᠎ᠶ᠋ᠢᠨ ᠭᠦᠨ ᠳᠠᠪᠬᠤᠷᠭ᠎ᠠ᠎ᠶ᠋ᠢᠨ ᠰᠤᠳᠤᠯᠤᠨ ᠨᠡᠭᠡᠭᠡᠯᠲᠡ ᠪᠠ ᠥᠷᠭᠡᠨ ᠬᠦᠷᠢᠶ᠎ᠠ᠎ᠶ᠋ᠢᠨ ᠬᠡᠷᠡᠭ᠌ᠯᠡᠭᠡᠨ᠎ᠤ ᠱᠢᠨ᠎ᠡ ᠠᠮᠢ ᠠᠬᠤᠶ᠎ᠶ᠋ᠢ ᠡᠭᠦᠳᠪᠡ᠃

ᠨᠡᠢᠭᠡᠮ᠎ᠤᠨ ᠬᠥᠭ᠌ᠵᠢᠯᠲᠡ᠎ᠲᠠᠢ ᠨᠢᠭ᠍ᠲᠠ ᠤᠶᠠᠯᠳᠤᠵᠤ ᠶᠡᠷᠦᠩᠬᠡᠢᠯᠡᠭ᠌ᠰᠡᠨ ᠦᠷ᠎ᠡ ᠠᠱᠢᠭ ᠢᠯᠡᠳᠲᠡ ᠳᠡᠭᠡᠭ᠌ᠰᠢᠯᠡᠪᠡ

ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠯ᠎ᠤᠨ ᠡᠷᠬᠡ᠎ᠶ᠋ᠢᠨ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠎ᠤᠨ ᠪᠠᠢᠳᠠᠯ ᠪᠣᠯ ᠠᠵᠤ ᠠᠬᠤᠶ᠎ᠶ᠋ᠢᠨ ᠥᠷᠢᠰᠥᠯᠳᠦᠭᠡᠨ᠎ᠤ ᠵᠢᠭᠠᠯᠲᠠ ᠲᠤᠭ᠎ᠠ ᠬᠢᠭᠡᠳ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠢᠯᠡᠷᠡᠭᠦᠯᠬᠦ᠌ ᠴᠢᠬᠤᠯᠠ ᠰᠠᠭᠤᠷᠢ ᠪᠠᠷᠢᠮᠵᠢᠶ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠱᠠᠩᠨᠠᠯ ᠬᠦᠬᠢᠬᠦᠯᠦᠯ᠎ᠤᠨ ᠲᠥᠪ᠎ᠤᠨ ᠪᠦᠷᠢᠳᠭᠡᠯ᠎ᠢ ᠦᠨᠳᠦᠰᠦᠯᠡᠪᠡᠯ᠂ 2019 ᠣᠨ᠎ᠤ 104 ᠵᠦᠢᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ ᠳᠣᠲᠣᠷ᠎ᠠ ᠡᠷᠬᠡ ᠣᠯᠭᠤᠭ᠍ᠰᠠᠨ ᠡᠭᠦᠳᠦᠯᠲᠡ᠎ᠶ᠋ᠢᠨ ᠲᠤᠰᠭᠠᠶ ᠠᠱᠢᠭ 220᠂ ᠬᠡᠷᠡᠭ᠌ᠯᠡᠭᠡᠨ᠎ᠤ ᠱᠢᠨ᠎ᠡ ᠬᠡᠯᠪᠡᠷᠢ᠎ᠶ᠋ᠢᠨ ᠲᠤᠰᠭᠠᠶ ᠠᠱᠢᠭ 158᠂ ᠤᠷᠭᠤᠮᠠᠯ᠎ᠤᠨ ᠱᠢᠨ᠎ᠡ ᠡᠭᠦᠯᠳᠡᠷ 19᠂ ᠺᠣᠮᠫᠢᠦ᠋ᠲ᠋ᠧᠷ᠎ᠤᠨ ᠵᠥᠭᠡᠯᠡᠨ ᠲᠤᠨᠤᠭ᠎ᠤᠨ ᠵᠣᠬᠢᠶᠠᠯ ᠪᠦᠲᠦᠭᠡᠯ᠎ᠤᠨ ᠡᠷᠬᠡ 66 ᠵᠦᠢᠯ ᠪᠠᠢᠵᠤ᠂ 2018 ᠣᠨ᠎ᠤ᠎ᠬᠢ᠎ᠠᠴᠠ ᠢᠯᠡᠳᠲᠡ ᠨᠡᠮᠡᠭ᠌ᠳᠡᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠯ᠎ᠤᠨ ᠡᠷᠬᠡ᠎ᠶ᠋ᠢᠨ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠎ᠤᠨ ᠳᠡᠭᠡᠭ᠌ᠰᠢᠯᠡᠯᠲᠡ᠎ᠨᠢ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠨᠳᠤᠤᠱᠢᠭᠤᠯᠤᠯᠳᠠ᠎ᠳᠤ 《ᠲᠦᠷᠭᠡᠳᠭᠡᠬᠦ᠌ ᠳᠠᠷᠤᠪᠴᠢ》 ᠎ᠶ᠋ᠢ ᠳᠠᠷᠤᠭ᠍ᠰᠠᠨ ᠪᠠᠢᠨ᠎ᠠ᠃

ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠯ᠎ᠤᠨ ᠡᠷᠬᠡ᠎ᠶ᠋ᠢᠨ ᠡᠭᠦᠳᠦᠨ ᠪᠦᠲᠦᠭᠡᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ᠎ᠤ ᠲᠤᠯᠭᠠᠭᠤᠷᠢ ᠠᠵᠤ ᠦᠶᠯᠡᠰ ᠪᠣᠯᠤᠨ ᠣᠨᠴᠠᠯᠢᠭ᠍ᠲᠤ ᠠᠵᠤ ᠦᠶᠯᠡᠰ᠎ᠲᠤ ᠨᠡᠩ ᠣᠨᠣᠪᠴᠢᠲᠠᠶ᠎ᠪᠠᠷ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠪᠠᠢᠨ᠎ᠠ᠃ 2019 ᠣᠨ᠎ᠤ 104 ᠵᠦᠢᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ᠎ᠳᠤ᠂ ᠠᠵᠤ ᠦᠢᠯᠡᠳᠪᠦᠷᠢ ᠮᠠᠯ ᠠᠵᠤ ᠠᠬᠤᠶ ᠲᠠᠷᠢᠶᠠᠯᠠᠩ᠎ᠤᠨ ᠬᠡᠷᠡᠭ᠌ᠯᠡᠭᠡᠨ᠎ᠤ ᠨᠡᠭᠡᠭᠡᠨ ᠬᠥᠭ᠌ᠵᠢᠭᠦᠯᠬᠦ᠌ ᠲᠥᠷᠥᠯ᠎ᠤᠨ ᠦᠷ᠎ᠡ ᠪᠦᠲᠦᠭᠡᠯ 78 ᠪᠠᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠎ᠶ᠋ᠢᠨ ᠱᠠᠩᠨᠠᠯ᠎ᠤᠨ ᠪᠥᠬᠦ᠌ ᠲᠣᠭᠠᠨ᠎ᠤ 75% ᠎ᠶ᠋ᠢ ᠡᠵᠡᠯᠡᠪᠡ᠃ 78 ᠵᠦᠢᠯ᠎ᠤᠨ ᠦᠷ᠎ᠡ ᠪᠦᠲᠦᠭᠡᠯ᠎ᠤᠨ 3 ᠵᠢᠯ᠎ᠳᠤ ᠱᠢᠨ᠎ᠡ᠎ᠪᠠᠷ ᠨᠡᠮᠡᠭ᠌ᠳᠡᠭ᠌ᠰᠡᠨ ᠦᠢᠯᠡᠳᠬᠦᠨ᠎ᠤ ᠥᠷᠲᠡᠭ 765.8 ᠳ᠋ᠦᠩᠱᠢᠭᠤᠷ ᠲᠥᠭᠦᠷᠢᠭ᠂ ᠠᠱᠢᠭ ᠬᠤᠨᠵᠢᠪᠣᠷᠢ 176.88 ᠳ᠋ᠦᠩᠱᠢᠭᠤᠷ ᠲᠥᠭᠦᠷᠢᠭ᠂ ᠭᠠᠢᠯᠢ ᠲᠠᠲᠠᠪᠤᠷᠢ 36.22 ᠳ᠋ᠦᠩᠱᠢᠭᠤᠷ ᠲᠥᠭᠦᠷᠢᠭ᠎ᠲᠤ ᠬᠦᠷᠴᠦ᠍᠂ ᠱᠢᠨ᠎ᠡ ᠮᠡᠷᠭᠡᠵᠢᠯ᠎ᠢ ᠬᠡᠷᠡᠭ᠌ᠯᠡᠬᠦ᠌᠎ᠪᠠᠷ ᠳᠠᠮᠵᠢᠨ 39.99 ᠳ᠋ᠦᠩᠱᠢᠭᠤᠷ ᠲᠥᠭᠦᠷᠢᠭ᠎ᠤᠨ ᠪᠡᠯᠡ ᠮᠦᠩᠬᠦ᠌ ᠠᠷᠪᠢᠯᠠᠵᠠᠢ᠃

ᠤᠯᠠᠭᠠᠨᠬᠠᠳᠠ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠤᠨ 2010 ᠣᠨ᠎ᠠᠴᠠ ᠡᠬᠢᠯᠡᠨ ᠦᠷᠨᠢᠭᠦᠯᠦᠭ᠌ᠰᠡᠨ 《ᠰᠠᠭᠠᠭ᠎ᠤᠨ ᠦᠷᠬᠡᠨ ᠳᠠᠯᠠᠩ᠎ᠤᠨ ᠬᠤᠤᠰ ᠵᠢᠷᠤᠬ᠎ᠠ᠎ᠶ᠋ᠢᠨ ᠳᠥᠭᠦᠮᠴᠢᠯᠡᠭ᠌ᠰᠡᠨ ᠪᠦᠬᠦ᠌ ᠶᠠᠪᠤᠴᠠ᠎ᠶ᠋ᠢᠨ ᠮᠠᠱᠢᠨᠴᠢᠯᠠᠭ᠍ᠰᠠᠨ ᠲᠠᠷᠢᠵᠤ ᠪᠤᠢᠵᠢᠭᠤᠯᠬᠤ ᠮᠡᠷᠭᠡᠵᠢᠯ᠎ᠤᠨ ᠰᠤᠳᠤᠯᠭᠠᠨ ᠪᠣᠯᠤᠨ ᠳᠡᠯᠭᠡᠷᠡᠭᠦᠯᠦᠯᠲᠡ》 ᠎ᠶ᠋ᠢᠨ ᠲᠦᠷᠦᠯ ᠵᠦᠢᠯ᠎ᠨᠢ ᠰᠠᠭᠠᠭ᠎ᠤᠨ ᠦᠷᠬᠡᠨ ᠳᠠᠯᠠᠩ᠎ᠤᠨ ᠬᠤᠤᠰ ᠵᠢᠷᠤᠬ᠎ᠠ᠎ᠪᠠᠷ ᠲᠠᠷᠢᠬᠤ ᠵᠠᠭ᠍ᠪᠤᠷ ᠵᠢᠴᠢ ᠲᠠᠷᠢᠵᠤ ᠪᠤᠢᠵᠢᠭᠤᠯᠬᠤ ᠮᠡᠷᠭᠡᠵᠢᠯ᠎ᠤᠨ ᠱᠢᠨ᠎ᠡ᠎ᠶ᠋ᠢ ᠡᠭᠦᠳᠴᠦ᠍᠂ ᠲᠡᠷᠢᠭᠦᠨ᠎ᠤ ᠰᠠᠭᠠᠭ᠎ᠤᠨ ᠦᠷᠬᠡᠨ ᠳᠠᠯᠠᠩ᠎ᠤᠨ ᠬᠤᠤᠰ ᠵᠢᠷᠤᠬ᠎ᠠ᠎ᠶ᠋ᠢᠨ ᠲᠠᠷᠢᠬᠤ ᠮᠠᠱᠢᠨ᠂ ᠳᠤᠮᠳᠠ ᠵᠡᠷᠭᠡ᠎ᠶ᠋ᠢᠨ ᠲᠠᠷᠢᠶᠠᠯᠠᠬᠤ ᠮᠠᠱᠢᠨ᠎ᠢ ᠪᠡᠶ᠎ᠡ᠎ᠪᠠᠨ ᠳᠠᠭᠠᠭᠠᠵᠤ ᠰᠤᠳᠤᠯᠤᠨ ᠡᠭᠦᠳᠴᠦ᠍᠂ ᠤᠯᠤᠰ᠎ᠤᠨ ᠳᠣᠲᠣᠭᠠᠳᠤ᠎ᠶ᠋ᠢᠨ ᠬᠤᠭᠤᠰᠣᠨ᠎ᠢ ᠨᠥᠬᠦᠪᠥᠷᠢᠯᠡᠪᠡ᠃ ᠨᠡᠢᠲᠡ 3 ᠤᠯᠤᠰ᠎ᠤᠨ ᠲᠤᠰᠭᠠᠶ ᠠᠱᠢᠭ᠎ᠤᠨ ᠡᠷᠬᠡ᠎ᠶ᠋ᠢ ᠣᠯᠵᠤ᠂ 13 ᠥᠭᠦᠯᠡᠯ ᠨᠡᠢᠲᠡᠯᠡᠵᠦ᠍᠂ 1 ᠣᠷᠣᠨ ᠨᠤᠲᠤᠭ᠎ᠤᠨ ᠪᠠᠷᠢᠮᠵᠢᠶ᠎ᠠ᠎ᠶ᠋ᠢ ᠳᠤᠭ᠍ᠳᠠᠭᠠᠨ 8 ᠱᠢᠨ᠎ᠡ ᠡᠭᠦᠯᠳᠡᠷ᠎ᠢ ᠪᠤᠢᠵᠢᠭᠤᠯᠤᠭ᠍ᠰᠠᠨ ᠪᠠᠢᠨ᠎ᠠ᠃ ᠤᠢ᠍ᠢᠷ᠎ᠠ᠎ᠶ᠋ᠢᠨ ᠭᠤᠷᠪᠠᠨ ᠵᠢᠯ᠎ᠳᠤ ᠨᠡᠢᠳᠡ 380 ᠲᠦᠮᠡᠨ ᠮᠦ᠍ ᠲᠠᠷᠢᠶᠠᠨ ᠭᠠᠵᠠᠷ᠎ᠲᠤ ᠳᠡᠯᠭᠡᠷᠡᠭᠦᠯᠵᠦ᠍᠂ ᠱᠢᠨ᠎ᠠ᠎ᠪᠠᠷ 3.21 ᠳ᠋ᠦᠩᠱᠢᠭᠤᠷ ᠲᠥᠭᠦᠷᠢᠭ᠎ᠤᠨ ᠠᠱᠢᠭ ᠬᠤᠨᠵᠢᠪᠣᠷᠢ ᠨᠡᠮᠡᠭ᠌ᠳᠡᠭᠦᠯᠵᠤ᠂ ᠯᠤᠲᠤ ᠶᠡᠭᠡ ᠠᠵᠤ ᠠᠬᠤᠶ᠂ ᠨᠡᠢᠭᠡᠮ ᠪᠠ ᠠᠮᠢ ᠠᠬᠤᠢ᠎ᠶ᠋ᠢᠨ ᠦᠷ᠎ᠡ ᠠᠱᠢᠭ ᠣᠯᠵᠠᠶ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号