​ ᠮᠠᠨᠵᠤᠤᠷ ᠬᠢᠯᠢ ᠎ᠶ᠋ᠢᠨ ᠪᠤᠭᠤᠮᠳᠠ ᠎ᠪᠠᠷ ᠤᠷᠤᠵᠤ ᠭᠠᠷᠤᠭ᠍ᠰᠠᠨ ᠲᠤᠮᠳᠠᠳᠤ ᠡᠸᠦ᠋ᠷᠤᠫᠠ ᠎ᠶ᠋ᠢᠨ ᠵᠢᠱᠢᠶᠠᠨ ᠎ᠤ ᠭᠠᠯᠳᠤ ᠲᠡᠷᠭᠡ 30% ᠭᠠᠷᠤᠢ ᠨᠡᠮᠡᠭ᠌ᠳᠡᠵᠠᠢ
2021-01-17 12:45:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2020 ᠤᠨ᠎ᠳᠤ᠂ ᠮᠠᠨᠵᠤᠤᠷ ᠬᠢᠯᠢ᠎ᠶ᠋ᠢᠨ ᠪᠤᠭᠤᠮᠳᠠ᠎ᠪᠠᠷ ᠲᠠᠮᠵᠢᠨ ᠬᠢᠯᠢ᠎ᠪᠠᠷ ᠤᠷᠤᠵᠤ ᠭᠠᠷᠤᠬ᠍ᠰᠡᠨ ᠲᠤᠮᠳᠠᠳᠤ ᠡᠸᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠭᠡ 3548 ᠴᠤᠪᠤᠭ᠎ᠠ᠂ 32.431 ᠲᠦᠮᠡᠨ ᠪᠠᠷᠢᠮᠵᠢᠶ᠎ᠠ ᠴᠢᠩᠬᠡᠯᠢᠭ᠎ᠲᠤ ᠬᠦᠷᠴᠤ᠌᠂ 2019 ᠤᠨ᠎ᠤ᠎ᠬᠢ᠎ᠠᠴᠠ ᠲᠤᠰ ᠪᠦᠷᠢ 35.1% ᠪᠠ 37.6% ᠎ᠪᠠᠷ ᠨᠡᠮᠡᠭ᠌ᠳᠡᠵᠤ᠂ ᠲᠠᠤᠬᠡᠨ ᠱᠢᠨ᠎ᠠ ᠲᠡᠮᠳᠡᠭ᠌ᠯᠡᠯ᠎ᠢ ᠡᠬᠦᠳᠴᠠᠢ᠃

2020 ᠤᠨ᠎ᠳᠤ᠂ ᠠᠶᠤᠯᠳᠤ ᠬᠢᠵᠢᠭ᠎ᠤᠨ ᠨᠦᠯᠦᠬᠡ᠎ᠪᠠᠷ ᠲᠠᠯᠡᠬᠡᠢ ᠳ᠋ᠠᠬᠢᠨ᠎ᠤ ᠠᠭᠠᠷ᠎ᠤᠨ ᠠᠶᠠᠯᠠᠯ ᠪᠠ ᠲᠠᠯᠠᠢ ᠲᠠᠩᠬᠢᠰ᠎ᠤᠨ ᠲᠠᠬᠡᠬᠡᠪᠤᠷᠢ ᠠᠳᠠᠯᠢ ᠪᠤᠰᠤ ᠬᠡᠮᠵᠢᠶ᠎ᠠ᠎ᠪᠠᠷ ᠨᠦᠯᠦᠬᠡᠯᠡᠭ᠌ᠳᠡᠵᠤ᠂ ᠡᠳ᠋ ᠪᠠᠷᠠᠭ᠎ᠠ᠎ᠶ᠋ᠢᠨ ᠬᠦᠢᠯᠬᠡᠬᠡ᠎ᠳᠤ ᠮᠠᠰᠢ ᠶᠡᠭᠡ ᠰᠠᠭᠠᠳ ᠬᠠᠷᠰᠢ ᠤᠴᠠᠷᠠᠭᠤᠯᠤᠭ᠍ᠰᠠᠨ ᠪᠠᠢᠨ᠎ᠠ᠃ ᠡᠨᠡ ᠬᠦ᠌ ᠪᠠᠢᠳᠠᠯ ᠲᠤᠤᠷ᠎ᠠ ᠤᠯᠤᠰ ᠤᠷᠤᠨ᠎ᠠᠴᠠ ᠲᠤᠮᠳᠠᠳᠤ ᠡᠸᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠭᠡ᠎ᠶ᠋ᠢᠨ ᠠᠮᠤᠷ ᠲᠦᠪᠱᠢᠨ ᠦᠨᠳᠤᠷ ᠪᠦᠳᠦᠮᠵᠢᠳᠠᠢ ᠪᠠᠢᠳᠠᠭ ᠲᠠᠪᠠᠭᠤᠯᠢᠭ᠎ᠢ ᠬᠦᠢᠴᠡᠳ ᠪᠠᠳᠠᠷᠠᠭᠤᠯᠵᠤ᠂ ᠱᠢᠨ᠎ᠠ ᠬᠠᠮᠳᠤᠷᠠᠯᠴᠠᠭ᠎ᠠ᠎ᠶ᠋ᠢ ᠪᠤᠢ ᠪᠤᠯᠭᠠᠨ ᠱᠢᠨ᠎ᠠ ᠵᠠᠮ ᠱᠤᠭᠤᠮ᠎ᠢ ᠨᠡᠮᠡᠭ᠌ᠳᠡᠬᠦᠯᠵᠤ᠂ ᠲᠤᠮᠳᠠᠳᠤ ᠡᠸᠦ᠋ᠷᠤᠫᠠ ᠵᠢᠴᠢ ᠵᠠᠮ ᠲᠠᠭᠠᠤ ᠤᠯᠤᠰ᠎ᠤᠳ᠎ᠤᠨ ᠡᠳ᠋ ᠪᠠᠷᠠᠭ᠎ᠠ᠎ᠶ᠋ᠢᠨ ᠬᠦᠢᠯᠬᠡᠬᠡ᠎ᠶ᠋ᠢ ᠨᠡᠪᠳᠡᠷᠡᠬᠦᠯᠬᠦ᠌ ᠪᠠ ᠡᠳ᠋ ᠪᠤᠳᠠᠰ᠎ᠤᠨ ᠬᠠᠩᠭᠠᠯᠭ᠎ᠠ᠎ᠶ᠋ᠢ ᠲᠤᠭ᠍ᠳᠠᠪᠤᠷᠢᠵᠢᠭᠤᠯᠬᠤ᠎ᠳᠤ ᠴᠢᠬᠤᠯᠠ ᠦᠢᠯᠡᠳᠤᠯ ᠦᠵᠡᠬᠦᠯᠵᠠᠢ᠃ ᠡᠬᠦᠨ᠎ᠳᠤ ᠮᠠᠨᠵᠤᠤᠷ ᠬᠢᠯᠢ᠎ᠶ᠋ᠢᠨ ᠪᠤᠭᠤᠮᠳᠠ᠎ᠶ᠋ᠢᠨ᠎ᠬᠢᠨ 《ᠲᠤᠭᠠᠴᠢᠯᠠᠭ᠍ᠰᠠᠨ ᠬᠢᠯᠢ᠎ᠶ᠋ᠢᠨ ᠪᠤᠭᠤᠮᠳᠠ》 ᠎ᠶ᠋ᠢᠨ ᠱᠢᠰᠲ᠋ᠧᠮ᠎ᠢ ᠠᠱᠢᠬ᠍ᠯᠠᠨ ᠪᠤᠭᠤᠮᠳᠠ ᠪᠠ ᠬᠠᠮᠢᠶ᠎ᠠ ᠪᠦᠬᠦᠢ ᠠᠵᠤ ᠠᠬᠤᠢ᠍ᠢᠯᠠᠯ᠎ᠯᠤᠭ᠎ᠠ᠎ᠶ᠋ᠢᠨ ᠮᠡᠳᠡᠭᠡ ᠵᠠᠩᠬᠢ᠎ᠶ᠋ᠢᠨ ᠲᠠᠮᠵᠢᠭᠤᠯᠭ᠎ᠠ᠎ᠪᠠᠨ ᠴᠢᠩᠭᠠᠳᠭᠠᠬᠤ᠎ᠶ᠋ᠢᠨ ᠬᠠᠮᠳᠤ ᠬᠢᠯᠢ᠎ᠪᠠᠷ ᠤᠷᠤᠵᠤ ᠭᠠᠷᠬᠤ ᠲᠤᠮᠳᠠᠳᠤ ᠡᠸᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠭᠡᠨ᠎ᠳᠤ 24 ᠴᠠᠭ᠎ᠢᠶᠠᠷ ᠦᠢᠯᠡᠴᠢᠯᠡᠵᠤ᠂ ᠠᠯᠢ ᠲᠦᠷᠬᠡᠨ᠎ᠢᠶᠠᠷ ᠬᠢᠯᠢ᠎ᠪᠠᠷ ᠦᠩᠬᠡᠷᠡᠬᠦᠯᠬᠦ᠌᠎ᠶ᠋ᠢ ᠪᠠᠳᠤᠯᠠᠭ᠍ᠰᠠᠨ ᠪᠠᠢᠨ᠎ᠠ᠃

3835495_baix_1610336958945_m.jpg 

ᠵᠡᠬᠦᠨᠳᠡᠬᠢ ᠵᠢᠷᠤᠭ᠄ ᠮᠠᠨᠵᠤᠤᠷ ᠬᠢᠯᠢ᠎ᠶ᠋ᠢᠨ ᠪᠤᠭᠤᠮᠳᠠ᠎ᠶ᠋ᠢᠨ ᠠᠵᠢᠯᠴᠢᠨ ᠵᠢᠵᠢᠬᠦᠷᠯᠡᠭ᠌ᠴᠢ ᠲᠠᠰᠤᠭ᠎ᠤᠨ᠎ᠬᠢᠨ ᠪᠤᠯᠤᠨ ᠠᠴᠢᠵᠤ ᠲᠠᠬᠡᠬᠡᠪᠤᠷᠢᠯᠡᠬᠦ᠌ ᠮᠠᠱᠢᠨ᠎ᠤ ᠵᠢᠯᠤᠭᠤᠴᠢ᠎ᠲᠠᠢ ᠬᠠᠷᠢᠯᠴᠠᠵᠤ᠂ ᠠᠴᠢᠵᠤ ᠪᠠᠭᠤᠯᠭᠠᠬᠤ ᠠᠵᠢᠯ᠎ᠢ ᠵᠤᠯᠭᠠᠭᠤᠯᠵᠤ ᠪᠠᠢᠭ᠎ᠠ᠎ᠨᠢ᠃

3835494_baix_1610336958646_m.jpg

ᠪᠠᠷᠠᠭᠤᠨᠳᠡᠬᠢ ᠵᠢᠷᠤᠭ᠄ ᠡᠳ᠋ ᠪᠠᠷᠠᠭ᠎ᠠ ᠰᠠᠪᠠᠯᠠᠭ᠍ᠰᠠᠨ ᠴᠢᠩᠬᠡᠯᠢᠭ᠎ᠢ ᠲᠤᠮᠳᠠᠳᠤ ᠡᠸᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠭᠡᠨ᠎ᠳᠤ ᠭᠠᠷᠭᠠᠵᠤ ᠪᠠᠢᠭ᠎ᠠ᠎ᠨᠢ᠃

ᠬᠦᠸᠧ ᠨᠠᠢ ᠯᠦᠨ ᠬᠡᠷᠡᠯ ᠵᠢᠷᠤᠭ᠎ᠢᠶᠠᠷ ᠮᠡᠳᠡᠬᠡᠯᠡᠪᠡ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号