ᠲᠦᠴᠢᠦᠸᠠᠨ ᠱᠢᠶᠠᠨ᠄ ᠡᠰᠢ ᠰᠦᠷᠡᠯ᠎ᠢ 《ᠡᠷᠳᠡᠨᠢ》 ᠪᠤᠯᠭᠠᠨ ᠬᠤᠪᠢᠷᠠᠭᠤᠯᠤᠨ᠎ᠡ
2021-01-18 12:00:50
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

 《ᠬᠡᠷ᠎ᠲᠡᠭᠡᠨ ᠠᠪᠠᠴᠢᠭᠠᠳ ᠬᠡᠷᠡᠭ᠌ᠯᠡᠵᠦ᠍ ᠲᠠᠢᠯᠬᠦ᠌ ᠥᠬᠡᠶ᠂ ᠲᠠᠷᠢᠶᠠᠨ ᠭᠠᠵᠠᠷ᠎ᠲᠤ ᠬᠠᠶᠠᠴᠢᠬᠠᠪᠠᠯ ᠢᠷᠡᠬᠦ᠌ ᠵᠢᠯ᠎ᠤᠨ ᠬᠠᠪᠤᠷ᠎ᠤᠨ ᠲᠠᠷᠢᠶᠠᠯᠠᠭ᠎ᠠ᠎ᠶ᠋ᠢ ᠨᠥᠯᠥᠭᠡᠯᠡᠨ᠎ᠡ᠂ ᠥᠩᠭᠡᠷᠡᠭ᠌ᠰᠡᠨ᠎ᠳᠤ ᠵᠢᠯ ᠪᠦᠷᠢ᠎ᠶ᠋ᠢᠨ ᠨᠠᠮᠤᠷ᠎ᠤᠨ ᠬᠤᠷᠢᠶᠠᠯᠲᠠ ᠳᠠᠭᠤᠰᠤᠭ᠍ᠰᠠᠨ᠎ᠤ ᠳᠠᠷᠠᠭ᠎ᠠ ᠲᠠᠷᠢᠶᠠᠴᠢᠳ ᠡᠰᠢ ᠰᠦᠷᠡᠯ᠎ᠢᠶᠠᠨ ᠶᠠᠭᠠᠬᠢᠵᠤ  ᠱᠢᠢᠳᠪᠦᠷᠢᠯᠡᠬᠦ᠌᠎ᠶ᠋ᠢᠨ ᠲᠦᠯᠦᠬᠡ ᠶᠡᠭᠡ ᠰᠠᠨᠠᠭ᠎ᠠ ᠵᠤᠪᠠᠳᠠᠭ ᠶᠤᠮ᠃ ᠬᠠᠷᠢᠨ 〈ᠢ ᠮᠢᠨ ᠺᠣᠮᠫᠠᠨᠢ〉 ᠡᠷᠦᠬᠡ ᠳᠠᠷᠠᠭᠠᠯᠠᠨ ᠡᠰᠢ ᠰᠦᠷᠡᠯ᠎ᠢ ᠬᠤᠷᠢᠶᠠᠵᠤ ᠠᠪᠬᠤ ᠪᠤᠯᠤᠭ᠍ᠰᠠᠨ᠎ᠠᠴᠠ ᠨᠠᠭᠠᠰᠢ ᠪᠢᠳᠡᠨ᠎ᠤ ᠬᠦᠴᠢᠷᠳᠡᠯ᠎ᠢ  ᠱᠢᠢᠳᠪᠦᠷᠢᠯᠡᠭ᠌ᠰᠡᠨ᠎ᠢᠶᠠᠷ ᠪᠠᠷᠠᠬᠤ ᠥᠬᠡᠶ ᠪᠠᠰᠠ ᠠᠱᠢᠭ ᠣᠷᠣᠯᠭ᠎ᠠ᠎ᠲᠠᠢ ᠪᠤᠯᠭᠠᠯ᠎ᠠ》 ᠭᠡᠵᠤ ᠲᠦᠴᠢᠦᠸᠠᠨ ᠱᠢᠶᠠᠨ᠎ᠤ ᠶᠦᠩ ᠠᠨ ᠪᠠᠯᠭᠠᠰᠤ᠎ᠶ᠋ᠢᠨ ᠬᠠᠷᠠᠴᠢᠨ ᠲᠣᠰᠭᠤᠨ᠎ᠤ ᠡᠷᠳᠡᠨᠢ ᠱᠢᠰᠢ ᠲᠠᠷᠢᠳᠠᠭ ᠵᠠᠩ ᠢᠦᠢ ᠵᠢᠶᠦ᠋ᠨ ᠤᠷᠮᠠᠳᠠᠢ ᠶᠠᠷᠢᠨ᠎ᠠ᠃ ᠲᠡᠬᠦᠨ᠎ᠤ ᠬᠡᠯᠡᠵᠤ ᠪᠠᠢᠭ᠎ᠠ 《ᠢ ᠮᠢᠨ ᠺᠤᠮᠫᠠᠨᠢ》 ᠬᠡᠳᠡᠭ᠎ᠨᠢ ᠢ ᠮᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢ ᠵᠢᠭᠠᠵᠤ ᠪᠤᠢ᠃

ᠲᠦᠴᠢᠦᠸᠠᠨ ᠱᠢᠶᠠᠨ ᠪᠣᠯ ᠲᠠᠷᠢᠶᠠᠯᠠᠩ᠎ᠤᠨ ᠲᠣᠮᠣ ᠱᠢᠶᠠᠨ ᠮᠦᠨ᠂ ᠪᠥᠬᠦ᠌ ᠱᠢᠶᠠᠨ᠎ᠤ ᠲᠠᠷᠢᠶᠠᠨ ᠭᠠᠵᠠᠷ᠎ᠤᠨ ᠲᠠᠯᠠᠪᠠᠶ 266 ᠲᠦᠮᠡᠨ ᠮᠥ᠍ ᠪᠠᠢᠵᠤ᠂ ᠵᠢᠯ᠎ᠳᠤ 100 ᠭᠠᠷᠤᠶ ᠲᠦᠮᠡᠨ ᠲᠣᠨ ᠲᠠᠷᠢᠮᠠᠯ᠎ᠤᠨ ᠡᠰᠢ ᠰᠦᠷᠡᠯ ᠭᠠᠷᠳᠠᠭ ᠶᠤᠮ᠃ ᠤᠢ᠍ᠢᠷ᠎ᠠ᠎ᠶ᠋ᠢᠨ ᠬᠤᠶᠠᠷ ᠵᠢᠯ᠎ᠳᠤ ᠲᠦᠴᠢᠦᠸᠠᠨ ᠱᠢᠶᠠᠨ᠎ᠤ ᠶᠦᠩ ᠠᠨ ᠪᠠᠯᠭᠠᠰᠤ᠎ᠶ᠋ᠢᠨ 《ᠢ ᠮᠢᠨ ᠺᠤᠮᠫᠠᠨᠢ》 ᠎ᠶ᠋ᠢᠨ᠎ᠬᠢᠨ ᠪᠡᠭᠡᠵᠢᠩ ᠬᠢᠬᠡᠳ ᠥᠪᠥᠷ ᠮᠣᠩᠭᠤᠯ᠎ᠤᠨ ᠠᠵᠢᠯ ᠲᠦᠷᠦᠯ᠎ᠢᠶᠠᠷ ᠬᠠᠪᠰᠤᠷᠤᠨ ᠲᠡᠳᠬᠦᠬᠦ᠌ ᠠᠵᠠ ᠲᠣᠬᠢᠶᠠᠯ᠎ᠢ ᠠᠱᠢᠬ᠍ᠯᠠᠨ᠂ ᠪᠡᠭᠡᠵᠢᠩ᠎ᠤᠨ ᠹᠠᠩᠱᠠᠨ ᠲᠣᠭᠤᠷᠢᠭ᠎ᠲᠠᠢ ᠬᠠᠮᠵᠢᠯᠴᠠᠵᠤ ᠬᠠᠶᠠᠭ᠍ᠳᠠᠮᠠᠯ ᠡᠰᠢ ᠰᠦᠷᠡᠯ᠎ᠢ ᠠᠵᠤ ᠦᠢᠯᠡᠰᠵᠢᠬᠦᠯᠵᠤ᠂ ᠣᠷᠴᠢᠨ ᠲᠣᠭᠤᠷᠢᠨ᠎ᠢ ᠬᠠᠮᠠᠭᠠᠯᠠᠬᠤ ᠮᠥᠷᠲᠡᠭᠡᠨ ᠪᠠᠰᠠ ᠲᠠᠷᠢᠶᠠᠴᠢᠳ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌ ᠱᠢᠨ᠎ᠡ ᠵᠠᠮ᠎ᠢ ᠬᠠᠢᠨ ᠰᠦᠪᠡᠭ᠌ᠴᠢᠯᠡᠵᠠᠢ᠃ ᠤᠳᠤ ᠲᠤᠰ ᠺᠣᠮᠫᠠᠨᠢ᠎ᠶ᠋ᠢᠨ ᠵᠢᠯ᠎ᠤᠨ ᠦᠢᠯᠡᠳᠬᠦᠨ᠎ᠤ ᠦᠷᠲᠡᠭ 3838 ᠲᠦᠮᠡᠨ ᠲᠥᠭᠦᠷᠢᠭ᠎ᠲᠤ ᠬᠦᠷᠴᠦ᠍᠂ ᠠᠱᠢᠭ ᠤᠯᠵᠠᠪᠦᠷᠢ᠎ᠨᠢ 137 ᠲᠦᠮᠡᠨ ᠲᠥᠭᠦᠷᠢᠭ᠎ᠢ ᠲᠠᠪᠠᠭᠠᠳ 1200 ᠭᠠᠷᠤᠢ ᠲᠠᠷᠢᠶᠠᠯᠠᠬᠤ ᠡᠷᠦᠬᠡ᠎ᠶ᠋ᠢ ᠱᠢᠭᠤᠳ ᠲᠠᠢᠴᠢᠯᠠᠨ ᠠᠱᠢᠭ ᠤᠷᠤᠯᠭ᠎ᠠ᠎ᠶ᠋ᠢ᠎ᠨᠢ ᠪᠦᠳᠦᠮᠵᠢᠳᠠᠢ ᠨᠡᠮᠡᠭ᠌ᠳᠡᠬᠦᠯᠵᠤ ᠪᠠᠢᠨ᠎ᠠ᠃

2019 ᠣᠨ᠎ᠳᠤ᠂ ᠲᠦᠴᠢᠦᠸᠠᠨ ᠱᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠪᠡᠭᠡᠵᠢᠩ᠎ᠤᠨ ᠹᠠᠩᠱᠠᠨ ᠲᠣᠭᠤᠷᠢᠭ᠎ᠤᠨ ᠬᠠᠪᠰᠤᠷᠤᠯᠭ᠎ᠠ ᠳᠣᠤᠷ᠎ᠠ 《ᠢ ᠮᠢᠨ ᠺᠤᠮᠫᠠᠨᠢ》 ᠬᠢᠬᠡᠳ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠾᠧᠩ ᠹᠧᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠡᠰᠢ ᠰᠦᠷᠡᠯ ᠠᠮᠢᠳᠤ ᠪᠣᠳᠠᠰ᠎ᠤᠨ ᠢᠯᠭᠠᠳᠠᠰᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠱᠢᠬ᠍ᠯᠠᠬᠤ ᠲᠥᠷᠥᠯ ᠵᠦᠢᠯ᠎ᠢ ᠭᠡᠷᠡᠭ᠌ᠵᠢᠬᠦᠯᠵᠤ᠂ ᠺᠣᠮᠫᠠᠨᠢ᠎ᠠᠴᠠ ᠬᠠᠶᠠᠭ᠍ᠳᠠᠮᠠᠯ ᠡᠰᠢ ᠰᠦᠷᠡᠯ᠂ ᠠᠮᠢᠳᠤ ᠪᠤᠳᠠᠰ᠎ᠤᠨ ᠢᠯᠭᠠᠳᠠᠰᠤ᠎ᠶ᠋ᠢ ᠲᠤᠬᠢᠳᠠᠢ  ᠱᠢᠢᠳᠪᠦᠷᠢᠯᠡᠵᠦ᠍ ᠳᠠᠬᠢᠨ ᠠᠱᠢᠬ᠍ᠯᠠᠬᠤ᠎ᠶ᠋ᠢᠨ ᠬᠠᠮᠲᠤ ᠲᠡᠭᠦᠨ᠎ᠢ ᠱᠢᠨ᠎ᠡ ᠬᠡᠯᠪᠡᠷᠢ᠎ᠶ᠋ᠢᠨ ᠪᠣᠷᠲᠣᠭᠤᠷ᠎ᠤᠨ ᠪᠦᠲᠦᠭᠡᠭ᠌ᠳᠡᠬᠦᠨ ᠪᠣᠯᠭᠠᠨ  ᠦᠢᠯᠡᠳᠪᠦᠷᠢᠯᠡᠪᠡ᠃ ᠲᠣᠰ ᠲᠥᠷᠥᠯ ᠵᠦᠢᠯ᠎ᠨᠢ ᠵᠢᠯ᠎ᠳᠤ 10 ᠲᠦᠮᠡᠨ ᠲᠣᠨ ᠱᠢᠭᠡᠭ ᠪᠤᠯᠤᠨ 10 ᠲᠦᠮᠡᠨ ᠲᠣᠨ ᠡᠰᠢ ᠰᠦᠷᠡᠯ᠎ᠢ ᠪᠣᠬᠢᠷᠲᠤᠯ ᠥᠬᠡᠶ᠎ᠪᠠᠷ  ᠱᠢᠢᠳᠪᠦᠷᠢᠯᠡᠵᠦ᠍ ᠲᠠᠢᠯᠬᠦ᠌ ᠪᠤᠯᠤᠭ᠍ᠰᠠᠨ ᠪᠠᠢᠨ᠎ᠠ᠃ 《ᠮᠠᠨ᠎ᠤ ᠠᠵᠤ ᠠᠬᠤᠢ᠍ᠢᠯᠠᠯ᠎ᠳᠤ ᠠᠪᠴᠦ᠍ ᠬᠡᠯᠡᠪᠡᠯ ᠡᠰᠢ ᠰᠦᠷᠡᠯ᠎ᠨᠢ 〈ᠡᠷᠳᠡᠨᠢ〉 ᠪᠤᠯᠬᠤ ᠶᠤᠮ᠂ ᠮᠠᠨ᠎ᠤ ᠬᠠᠮᠲᠤᠷᠠᠯᠴᠠᠭ᠎ᠠ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠵᠠᠢ》 ᠭᠡᠵᠤ 《ᠢ ᠮᠢᠨ ᠺᠤᠮᠫᠠᠨᠢ》 ᠎ᠶ᠋ᠢᠨ ᠲᠡᠳ᠋ ᠶᠡᠷᠦᠩᠬᠡᠶ ᠳᠠᠭᠠᠭᠠᠮᠠᠯ ᠪᠤᠤᠱᠠᠨ ᠲᠠᠨᠢᠯᠴᠠᠭᠤᠯᠤᠨ᠎ᠠ᠃ 《ᠢ ᠮᠢᠨ ᠺᠤᠮᠫᠠᠨᠢ》 ᠲᠠᠷᠢᠶᠠᠯᠠᠬᠤ ᠡᠷᠦᠬᠡ᠎ᠶ᠋ᠢᠨ ᠡᠰᠢ ᠰᠦᠷᠡᠯ ᠪᠠ ᠮᠠᠯ᠎ᠤᠨ ᠢᠯᠭᠠᠳᠠᠰᠤ᠎ᠶ᠋ᠢ ᠬᠤᠷᠢᠶᠠᠨ ᠠᠪᠴᠤ᠌᠂ ᠲᠠᠷᠢᠶᠠᠴᠢᠳ ᠡᠰᠢ ᠰᠦᠷᠡᠯ ᠪᠠ ᠮᠠᠯ᠎ᠤᠨ ᠢᠯᠭᠠᠳᠠᠰᠤ᠎ᠶ᠋ᠢ ᠦᠢᠯᠡᠳᠪᠦᠷᠢ᠎ᠳᠤ ᠬᠦᠷᠭᠡᠵᠦ᠍ ᠬᠦᠷᠬᠡᠪᠡᠯ ᠨᠢᠭᠡ ᠲᠣᠨ ᠡᠰᠢ ᠰᠦᠷᠡᠯ᠎ᠢᠶᠠᠷ 200 ᠺᠢᠯᠥᠭ᠌ᠷᠠᠮ ᠣᠷᠭᠠᠨᠢᠭ ᠪᠣᠷᠲᠣᠭᠤᠷ ᠰᠣᠯᠢᠵᠤ᠂ ᠨᠢᠭᠡ ᠲᠣᠨ ᠮᠠᠯ᠎ᠤᠨ ᠱᠢᠬᠡᠭ ᠢᠯᠭᠠᠳᠠᠰᠤ᠎ᠪᠠᠷ 400 ᠺᠢᠯᠥᠭ᠌ᠷᠠᠮ ᠣᠷᠭᠠᠨᠢᠭ ᠪᠣᠷᠲᠣᠭᠤᠷ ᠰᠣᠯᠢᠵᠦ᠍ ᠪᠤᠯᠤᠨ᠎ᠠ᠃ ᠡᠭᠦᠨ᠎ᠤ ᠬᠠᠮᠲᠤ 《ᠢ ᠮᠢᠨ ᠺᠤᠮᠫᠠᠨᠢ》 ᠨᠢᠭᠡ ᠲᠣᠨ ᠪᠠᠺᠲ᠋ᠧᠷᠢᠳᠤ ᠪᠤᠷᠳᠤᠭᠤᠷ ᠬᠤᠳᠠᠯᠳᠤᠬᠤ ᠪᠦᠷᠢ ᠤᠯᠤᠬ᠍ᠰᠠᠨ ᠠᠱᠢᠭ ᠣᠯᠵᠠᠪᠤᠷᠢ᠎ᠠᠴᠠ᠎ᠪᠠᠨ 30 ᠲᠥᠭᠦᠷᠢᠭ ᠭᠠᠷᠭᠠᠨ ᠲᠣᠰᠭᠤᠨ᠎ᠤ ᠬᠠᠮᠲᠤ᠎ᠶ᠋ᠢᠨ ᠬᠥᠭ᠌ᠵᠢᠯᠲᠡ᠎ᠶ᠋ᠢᠨ ᠰᠠᠭᠤᠷᠢ ᠮᠥᠩᠭᠦ᠌ ᠪᠣᠯᠭᠠᠵᠤ ᠪᠤᠢ᠃ ᠡᠨᠡ ᠬᠤᠶᠠᠷ ᠲᠦᠷᠦᠯ᠎ᠨᠢ ᠵᠢᠯ ᠪᠦᠷᠢ 600 ᠭᠠᠷᠤᠢ ᠶᠠᠳᠠᠭᠤ ᠬᠦᠴᠢᠷᠳᠡᠯᠲᠡᠢ ᠡᠷᠦᠬᠡ᠎ᠳᠤ ᠠᠱᠢᠭ ᠬᠦᠷᠲᠡᠭᠡᠵᠦ᠍ ᠪᠠᠢᠨ᠎ᠠ᠃ 《ᠥᠩᠭᠡᠷᠡᠭ᠌ᠰᠡᠨ᠎ᠳᠤ ᠪᠢ ᠥᠪᠡᠷ᠎ᠢᠶᠠᠨ ᠲᠠᠷᠢᠶ᠎ᠠ ᠳᠠᠷᠢᠵᠤ ᠪᠠᠢᠬ᠍ᠰᠠᠨ ᠦᠶ᠎ᠠ᠎ᠳᠤ ᠬᠠᠮᠤᠭ᠎ᠤᠨ ᠵᠤᠪᠠᠳᠠᠭ ᠡᠰᠢ ᠰᠦᠷᠡᠯ᠎ᠢᠶᠠᠨ ᠶᠠᠭᠠᠬᠢᠵᠤ ᠱᠢᠢᠤᠡᠪᠤᠷᠢᠯᠡᠬᠦ᠌ ᠶᠠᠪᠤᠳᠠᠯ ᠪᠤᠯᠤᠨ᠎ᠠ᠃ 〈ᠢ ᠮᠢᠨ ᠺᠣᠮᠫᠠᠨᠢ〉 ᠪᠠᠢᠭᠤᠯᠤᠭ᠍ᠳᠠᠵᠤ ᠠᠮᠢᠳᠤ ᠪᠣᠳᠠᠰ᠎ᠤᠨ ᠣᠷᠭᠠᠨᠢᠭ ᠪᠣᠷᠲᠣᠭᠤᠷ ᠪᠣᠯᠪᠠᠰᠤᠷᠠᠭᠤᠯᠬᠤ ᠪᠤᠯᠤᠭ᠍ᠰᠠᠨ᠎ᠨᠢ ᠦᠨᠡᠬᠡᠷ ᠰᠠᠢᠨ᠂ ᠺᠤᠮᠫᠠᠨᠢ᠎ᠶ᠋ᠢᠨ ᠦᠷ᠎ᠠ ᠠᠱᠢᠭ ᠵᠢᠯ᠎ᠠᠴᠠ ᠵᠢᠯ ᠰᠠᠢᠵᠢᠷᠠᠨ ᠮᠢᠨᠦ᠍ ᠰᠠᠷ᠎ᠠ᠎ᠶ᠋ᠢᠨ ᠴᠠᠯᠢᠩ ᠴᠦ᠍ 4500 ᠲᠥᠭᠦᠷᠢᠭ ᠪᠣᠯᠵᠤ ᠨᠡᠮᠡᠭ᠌ᠳᠡᠭ᠌ᠰᠡᠨ》 ᠬᠡᠵᠤ 《ᠢ ᠮᠢᠨ ᠺᠤᠮᠫᠠᠨᠢ》 ᠎ᠳᠤ ᠬᠥᠯᠥᠰᠥᠨ ᠠᠵᠢᠯ ᠬᠢᠵᠦ᠍ ᠪᠠᠢᠭ᠎ᠠ ᠶᠦᠩ ᠠᠨ ᠪᠠᠯᠭᠠᠰᠤ᠎ᠶ᠋ᠢᠨ ᠢᠦᠢ ᠱᠦ᠍ ᠲᠣᠰᠭᠤᠨ᠎ᠤ ᠠᠷᠠᠳ ᠱᠢᠶᠤᠤ ᠵᠢᠶᠠᠨ ᠵᠢᠶᠦ᠋ᠨ ᠬᠡᠯᠡᠨ᠎ᠠ᠃

《ᠢ ᠮᠢᠨ ᠺᠤᠮᠫᠠᠨᠢ》 ᠎ᠶ᠋ᠢᠨ ᠲᠤᠬᠠᠢᠯᠠᠭ᠍ᠰᠠᠨ ᠠᠵᠢᠯ᠎ᠤᠨ ᠬᠦᠷᠢᠶ᠎ᠠ ᠬᠡᠪᠴᠢᠶ᠎ᠡ ᠥᠷᠭᠡᠳᠬᠦ᠌᠎ᠶ᠋ᠢ ᠳᠠᠭᠠᠯᠳᠤᠨ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦ᠎ᠨᠢ ᠤᠯᠠᠮ ᠴᠢᠩᠭᠠᠷᠠᠵᠤ᠂ ᠡᠷᠬᠢᠨ ᠲᠤᠭᠤᠷᠢᠨ᠎ᠤ ᠲᠠᠷᠢᠶᠠᠴᠢᠳ᠎ᠢ ᠲᠠᠢᠴᠢᠯᠠᠨ ᠠᠱᠢᠭ ᠤᠷᠤᠯᠭ᠎ᠠ᠎ᠶ᠋ᠢ᠎ᠨᠢ ᠨᠡᠮᠡᠭ᠌ᠳᠡᠬᠦᠯᠬᠦ᠌ ᠴᠢᠳᠠᠪᠤᠷᠢ ᠴᠦ᠍ ᠤᠯᠠᠮ ᠴᠢᠩᠭᠠᠷᠠᠭ᠍ᠰᠠᠨ ᠪᠠᠢᠨ᠎ᠠ᠃ ᠣᠳᠣᠬᠠᠨ ᠪᠤᠯᠳᠠᠯ᠎ᠠ ᠲᠤᠰ ᠺᠣᠮᠫᠠᠨᠢ ᠶᠠᠳᠠᠭᠤ ᠬᠦᠴᠢᠷᠳᠡᠯᠲᠡᠢ 40 ᠬᠥᠮᠦᠨ᠎ᠳᠤ ᠠᠵᠢᠯ ᠣᠯᠭᠤᠵᠤ᠂ ᠪᠠᠰᠠ 3 ᠵᠢᠯ ᠲᠦᠷᠢᠶᠡᠰᠦᠨ ᠮᠥᠩᠭᠦ᠌ ᠦᠯᠦ᠍ ᠬᠤᠷᠢᠶᠠᠬᠤ ᠬᠡᠯᠪᠡᠷᠢ᠎ᠪᠠᠷ ᠦᠢᠯᠡᠰ ᠪᠤᠰᠭᠠᠬᠤ ᠬᠦᠰᠡᠯ᠎ᠲᠠᠢ ᠣᠶᠤᠲᠠᠨ ᠪᠣᠯᠤᠨ ᠲᠣᠰᠭᠤᠨ᠎ᠤ ᠠᠷᠠᠳ᠎ᠲᠤ ᠨᠡᠢᠳᠡ 16 ᠲᠠᠰᠤᠯᠭ᠎ᠠ 4000 ᠲᠡᠭ᠌ᠰᠢ ᠳᠥᠷᠪᠡᠯᠵᠢᠨ ᠮᠧᠲᠷ᠎ᠤᠨ ᠬᠤᠳᠠᠯᠳᠤᠭᠠᠨ᠎ᠤ ᠠᠰᠠᠷ ᠬᠠᠩᠭᠠᠵᠤ᠂ ᠣᠶᠤᠲᠠᠨ ᠪᠣᠯᠤᠨ ᠲᠣᠰᠭᠤᠨ᠎ᠤ ᠠᠷᠠᠳ᠎ᠤᠨ ᠦᠢᠯᠡᠰ ᠪᠤᠰᠭᠠᠬᠤ ᠬᠦᠰᠡᠯ ᠵᠡᠭᠦᠳᠦ᠎ᠶ᠋ᠢ᠎ᠨᠢ ᠲᠡᠷᠭᠡᠯᠱᠢᠬᠦᠯᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号