《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠪᠡᠶ᠎ᠠ᠎ᠶ᠋ᠢᠨ ᠲᠠᠮᠢᠷ᠎ᠤᠨ ᠥᠢᠯᠡᠰ᠎ᠤᠨ ᠠᠮᠵᠢᠯᠳᠠ ᠪᠥᠳᠥᠮᠵᠢ᠎ᠶ᠋ᠢᠨ ᠲᠤᠬᠠᠢ ᠰᠤᠨᠢᠨ ᠮᠡᠳᠡᠭᠡ ᠨᠠᠢᠳᠠᠯᠠᠬᠦ᠌ ᠬᠤᠷᠠᠯ ᠬᠤᠷᠠᠯᠳᠤᠵᠠᠢ
2021-01-20 11:13:13
ᠵᠣᠬᠢᠶᠠᠭ᠍ᠴᠢ᠄
ᠪᠤᠤ ᠥᠷᠭᠡᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 19 ᠎ᠤ ᠥᠳᠡ᠎ᠶ᠋ᠢᠨ ᠬᠤᠢᠨ᠎ᠠ᠂ ᠥᠪᠡᠷᠳᠡᠭᠡᠨ ᠵᠠᠰᠭᠠᠤ ᠤᠷᠤᠨ᠎ᠤ ᠪᠡᠶ᠎ᠠ᠎ᠶ᠋ᠢᠨ ᠲᠠᠮᠢᠷ᠎ᠤᠨ ᠲᠤᠪᠴᠢᠶ᠎ᠠ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠬᠦᠯᠭᠡ᠎ᠶ᠋ᠢᠨ ᠬᠤᠭᠤᠴᠠᠭᠠᠨ᠎ᠳᠠᠬᠢ ᠪᠡᠶ᠎ᠠ᠎ᠶ᠋ᠢᠨ ᠲᠠᠮᠢᠷ᠎ᠤᠨ ᠥᠢᠯᠡᠰ᠎ᠤᠨ ᠠᠮᠵᠢᠯᠳᠠ ᠪᠥᠳᠥᠮᠵᠢ᠎ᠶ᠋ᠢᠨ ᠲᠤᠬᠠᠢ ᠰᠤᠨᠢᠨ ᠮᠡᠳᠡᠭᠡ ᠨᠠᠢᠳᠠᠯᠠᠬᠦ᠌ ᠬᠤᠷᠠᠯ ᠬᠤᠷᠠᠯᠳᠤᠭᠤᠯᠵᠠᠢ᠃

ᠬᠤᠷᠠᠯ᠎ᠠᠴᠠ ᠥᠢᠯᠠᠭᠠᠬ᠍ᠰᠠᠨ᠎ᠢᠶᠠᠷ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠬᠦᠯᠭᠡ᠎ᠶ᠋ᠢᠨ ᠬᠤᠭᠤᠴᠠᠭᠠᠨ᠎ᠳᠤ ᠪᠥᠬᠦ᠌ ᠤᠷᠤᠨ᠎ᠤ ᠪᠡᠶ᠎ᠠ᠎ᠶ᠋ᠢᠨ ᠲᠠᠮᠢᠷ᠎ᠤᠨ ᠠᠵᠤ ᠥᠢᠯᠡᠰ᠎ᠤᠨ ᠶᠡᠷᠥᠩᠭᠡᠢ ᠥᠢᠯᠡᠳᠪᠤᠷᠢᠯᠡᠯ᠎ᠤᠨ ᠥᠷᠳᠡᠭ 319 ᠳ᠋ᠥᠡᠭ᠌ᠰᠢᠭᠤᠷ ᠲᠥᠬᠦᠷᠢᠭ᠎ᠲᠤ ᠬᠥᠷᠴᠤ᠌᠂ ᠨᠡᠮᠡᠭ᠌ᠳᠡᠯ ᠥᠷᠳᠡᠭ 145 ᠳ᠋ᠥᠡᠭ᠌ᠰᠢᠭᠤᠷ ᠲᠥᠬᠦᠷᠢᠭ᠎ᠲᠤ ᠬᠥᠷᠴᠠᠢ; ᠪᠡᠶ᠎ᠠ᠎ᠶ᠋ᠢᠨ ᠲᠠᠮᠢᠷ᠎ᠤᠨ ᠱᠠᠩᠨᠠᠯᠳᠤ ᠰᠤᠭᠤᠯᠤᠭ᠎ᠠ᠎ᠶ᠋ᠢᠨ ᠪᠤᠷᠤᠯᠠᠭᠤᠯᠭ᠎ᠠ᠎ᠶ᠋ᠢᠨ ᠬᠡᠮᠵᠢᠶ᠎ᠠ 240 ᠳ᠋ᠥᠡᠭ᠌ᠰᠢᠭᠤᠷ ᠲᠥᠬᠦᠷᠢᠭ᠎ᠲᠤ ᠬᠥᠷᠴᠤ᠌᠂ ᠠᠳᠠᠯᠢ ᠬᠤᠭᠤᠴᠠᠭᠠᠨ᠎ᠠᠴᠠ᠎ᠪᠠᠨ 122% ᠎ᠢᠶᠠᠷ ᠨᠡᠮᠡᠭ᠌ᠳᠡᠪᠠ; ᠮᠠᠨ᠎ᠤ ᠤᠷᠤᠨ᠎ᠤ ᠬᠥᠯ ᠪᠥᠮᠪᠦᠭᠡ᠎ᠶ᠋ᠢᠨ ᠲᠠᠯᠠᠪᠠᠢ 3530 ᠨᠡᠮᠡᠭ᠌ᠳᠡᠨ᠂ ᠲᠤᠷᠱᠢᠯᠳᠠ᠎ᠶ᠋ᠢᠨ ᠴᠡᠭ᠎ᠤᠨ ᠮᠤᠵᠢ ᠤᠷᠤᠨ ᠪᠤᠯᠤᠬ᠍ᠰᠠᠨ᠎ᠤ ᠠᠩᠬᠠᠨ᠎ᠤ ᠵᠢᠯ᠎ᠳᠤ 1140 ᠪᠠᠢᠬ᠍ᠰᠠᠨ᠎ᠠᠴᠠ᠎ᠪᠠᠨ ᠭᠤᠷᠪᠠᠨ ᠲᠠᠬᠢᠨ᠎ᠢᠶᠠᠷ ᠨᠡᠮᠡᠭ᠌ᠳᠡᠵᠠᠢ; ᠮᠠᠨ᠎ᠤ ᠤᠷᠤᠨ᠎ᠤ ᠬᠥᠯ ᠪᠥᠮᠪᠦᠭᠡ᠎ᠶ᠋ᠢᠨ ᠲᠤᠰᠭᠠᠢ ᠮᠡᠷᠭᠡᠵᠢᠯ᠎ᠤᠨ ᠥᠨᠡᠮᠯᠡᠯ᠎ᠲᠠᠢ ᠲᠠᠰᠭᠠᠯᠵᠢᠭᠤᠯᠤᠬ᠍ᠴᠢ ᠲᠤᠷᠱᠢᠯᠳᠠ᠎ᠶ᠋ᠢᠨ ᠴᠡᠭ᠎ᠤᠨ ᠮᠤᠵᠢ ᠤᠷᠤᠨ ᠪᠤᠯᠤᠬ᠍ᠰᠠᠨ ᠠᠩᠬᠠᠨ᠎ᠤ ᠵᠢᠯ᠎ᠳᠤ 145 ᠪᠠᠢᠬ᠍ᠰᠠᠨ᠎ᠠᠴᠠ᠎ᠪᠠᠨ ᠤᠳᠤᠬᠠᠨ᠎ᠳᠤ 11199 ᠪᠤᠯᠤᠨ ᠨᠡᠮᠡᠭ᠌ᠳᠡᠭ᠌ᠰᠡᠨ ᠪᠠᠢᠨ᠎ᠠ; ᠪᠥᠬᠦ᠌ ᠤᠷᠤᠨ᠎ᠤ ᠬᠤᠱᠢᠭᠤ ᠱᠢᠶᠠᠨ (ᠬᠤᠳᠠ᠂ ᠲᠤᠭᠤᠷᠢᠬ) ᠎ᠳᠤ ᠪᠥ᠋ᠬᠦ᠌ ᠠᠷᠠᠳ᠎ᠤᠨ ᠪᠡᠶ᠎ᠠ ᠴᠢᠬᠢᠷᠠᠬ᠍ᠵᠢᠭᠤᠯᠬᠤ ᠲᠥᠪ᠎ᠢ ᠪᠥᠬᠦᠨ᠎ᠢᠶᠠᠷ᠎ᠢᠶᠠᠨ ᠲᠥᠭᠡᠮᠡᠯᠵᠢᠬᠦᠯᠬᠦ᠌᠎ᠶ᠋ᠢ ᠪᠡᠶᠡᠯᠡᠬᠦᠯᠵᠥ᠍᠂ ᠪᠥᠬᠦ᠌ ᠤᠷᠤᠨ᠎ᠤ ᠬᠥᠮᠥᠨ ᠲᠤᠮᠳᠠᠴᠢ᠎ᠳᠤ ᠨᠤᠬ᠍ᠳᠠᠬᠤ ᠪᠡᠶ᠎ᠠ᠎ᠶ᠋ᠢᠨ ᠲᠠᠮᠢᠷ᠎ᠤᠨ ᠲᠡᠯᠡᠪᠡᠢ 2.02 ᠲᠡᠭ᠌ᠰᠢ ᠲᠥᠷᠪᠡᠯᠵᠢᠨ ᠮᠧᠲᠷ᠎ᠲᠤ ᠬᠥᠷᠴᠠᠢ; ᠪᠥᠬᠦ᠌ ᠠᠷᠠᠳ᠎ᠤᠨ ᠪᠡᠶ᠎ᠠ ᠴᠢᠬᠢᠷᠠᠬ᠍ᠵᠢᠭᠤᠯᠬᠤ ᠤᠷᠤᠯᠳᠤᠭᠠᠨ᠎ᠤ ᠲᠥᠷᠤᠯ᠎ᠤᠨ ᠠᠵᠢᠯᠯᠠᠭ᠎ᠠ᠎ᠶ᠋ᠢ ᠵᠢᠯ ᠪᠤᠯᠭᠠᠨ ᠲᠡᠭ᠌ᠰᠢᠳᠭᠡᠭᠡᠳ 2200 ᠭᠠᠷᠤᠢ ᠤᠳᠠᠭ᠎ᠠ ᠡᠷᠬᠢᠯᠡᠨ ᠶᠠᠪᠤᠬ᠍ᠳᠠᠭᠤᠯᠵᠥ᠍᠂ ᠤᠷᠤᠯᠴᠠᠬ᠍ᠰᠠᠨ ᠬᠥᠮᠥᠨ᠎ᠤ ᠲᠤᠭ᠎ᠠ ᠨᠡᠢᠳᠠ 900 ᠭᠠᠷᠤᠢ ᠲᠥᠮᠡᠨ ᠬᠥᠮᠥᠨ ᠤᠳᠠᠭ᠎ᠠ᠎ᠳᠤ ᠬᠥᠷᠥᠭ᠌ᠰᠡᠨ ᠪᠠᠢᠨ᠎ᠠ᠃


 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号