— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠳᠥᠷᠪᠡᠳᠦᠭᠡᠷ ᠬᠤᠷᠠᠯ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠭᠡᠶ᠎ᠡ
ᠬᠦᠨᠳᠦ ᠡᠭᠦᠷᠭᠡ᠎ᠶ᠋ᠢ ᠡᠬᠦᠷᠬᠡᠯᠡᠵᠤ ᠲᠦᠮᠡᠨ ᠭᠠᠵᠠᠷ᠎ᠤᠨ ᠠᠶᠠᠨ᠎ᠳᠠᠭᠠᠨ ᠳᠠᠬᠢᠨᠳᠠ ᠮᠤᠷᠳᠠᠨ᠎ᠠ᠃ ᠥᠴᠥᠭᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠳᠥᠷᠪᠡᠳᠦᠭᠡᠷ ᠬᠤᠷᠠᠯ ᠬᠥᠬᠡᠬᠤᠲᠠ᠎ᠳᠤ ᠦᠪᠡᠳᠡᠭ᠌ᠰᠢ ᠶᠡᠭᠡ᠎ᠪᠠᠷ ᠡᠬᠢᠯᠡᠪᠡ᠃ ᠪᠥᠬᠦ᠌ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠡᠭᠦᠷᠭᠡ ᠬᠠᠷᠢᠭᠤᠴᠠᠯᠭ᠎ᠠ ᠡᠬᠦᠷᠬᠡᠯᠡᠨ᠂ ᠨᠢᠭᠡ ᠲᠠᠩᠬᠢᠮ᠎ᠳᠤ ᠴᠤᠭ᠍ᠯᠠᠷᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢᠨ ᠲᠥᠯᠥᠭᠡ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠳᠤᠰᠠᠯᠠᠨ᠎ᠠ᠃ ᠪᠢᠳᠡ ᠶᠡᠭᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠶ᠎ᠠ!
2020 ᠣᠨ ᠪᠣᠯ ᠱᠢᠨ᠎ᠡ ᠳᠤᠮᠳᠠᠳᠤ ᠤᠯᠤᠰ᠎ᠤᠨ ᠲᠡᠦᠬᠡᠨ᠎ᠳᠠᠬᠢ ᠪᠠᠰᠠ ᠴᠤ᠌ ᠥᠪᠥᠷ ᠮᠣᠩᠭᠤᠯ᠎ᠤᠨ ᠲᠡᠦᠬᠡᠨ᠎ᠳᠠᠬᠢ ᠲᠦᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠡᠨᠡ ᠨᠢᠭᠡ ᠵᠢᠯ᠎ᠳᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠡᠨᠡᠳᠲᠡ ᠡᠭᠦᠰᠴᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠠᠬᠤᠢ᠎ᠶ᠋ᠢᠨ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠬᠦ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ ᠡᠭᠦᠷᠭᠡ ᠬᠦᠨᠳᠦ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠢᠨ᠎ᠠ᠃ ᠤᠯᠠᠨ ᠵᠦᠢᠯ᠎ᠤᠨ ᠬᠦᠴᠢᠷ ᠪᠡᠷᠬᠡᠱᠢᠶᠡᠯ ᠳᠠᠪᠬᠤᠴᠠᠨ᠂ ᠣᠯᠠᠨ ᠹᠷᠣᠨᠲ᠎ᠤᠨ ᠪᠠᠢᠯᠳᠤᠭᠠᠨ᠎ᠤ ᠠᠬᠤᠶ ᠪᠠᠢᠳᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠱᠢᠨ᠎ᠡ ᠪᠠᠢᠷᠢᠯᠠᠭᠤᠯᠤᠯᠲᠠ ᠱᠢᠨ᠎ᠡ ᠠᠷᠭ᠎ᠠ ᠬᠡᠮᠵᠢᠶ᠎ᠡ ᠱᠢᠨ᠎ᠡ ᠱᠠᠭᠠᠷᠳᠠᠯᠭ᠎ᠠ᠎ᠶ᠋ᠢ ᠴᠤᠤᠷᠢᠶᠠᠲᠤᠨ ᠳᠠᠭᠠᠵᠤ᠂ ᠨᠠᠮ ᠵᠠᠰᠠᠭ᠎ᠤᠨ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠰᠠᠨᠠᠭᠤᠯᠭ᠎ᠠ ᠳᠤᠷᠠᠳᠴᠤ᠌ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ ᠬᠤᠤᠰ ᠴᠢᠭ᠌ᠯᠡᠯ᠎ᠢᠶᠠᠷ ᠬᠦᠴᠦᠯᠡᠬᠦ᠌᠎ᠶ᠋ᠢ ᠪᠠᠷᠢᠮᠳᠠᠯᠠᠵᠤ᠂ ᠶᠡᠭᠡ ᠲᠠᠯ᠎ᠠ᠎ᠳᠤ ᠦᠶᠯᠡᠴᠢᠯᠡᠬᠦ᠌ ᠳᠤᠮᠳᠠ ᠦᠵᠡᠭᠦᠯᠪᠡᠰᠦ ᠵᠣᠬᠢᠬᠤ ᠦᠢᠯᠡᠳᠦᠯ᠎ᠢᠶᠠᠨ ᠪᠠᠳᠠᠷᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠬᠦᠴᠦᠨ᠎ᠢ ᠨᠡᠮᠡᠷᠢᠯᠡᠪᠡ᠃
ᠨᠢᠭᠡ ᠵᠢᠯ᠎ᠤᠨ ᠲᠤᠷᠰᠢ᠂ ᠪᠠᠢᠩᠭᠤ᠎ᠶ᠋ᠢᠨ ᠬᠤᠷᠢᠶ᠎ᠠ᠎ᠠᠴᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠬᠤ᠎ᠶ᠋ᠢ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠦᠵᠡᠯ ᠰᠠᠨᠠᠭ᠎ᠠ᠎ᠪᠠᠨ ᠵᠡᠪᠰᠡᠭ᠌ᠯᠡᠬᠦ᠌᠎ᠶ᠋ᠢ ᠴᠢᠩᠭᠠᠳᠭᠠᠨ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ᠎ᠶ᠋ᠢᠨ ᠤᠯᠤᠰ ᠲᠦᠷᠦ᠎ᠶ᠋ᠢᠨ ᠰᠠᠭᠤᠷᠢ᠎ᠶ᠋ᠢ ᠪᠠᠲᠤᠳᠭᠠᠪᠠ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠳᠦᠷᠢᠮᠵᠢᠯᠲᠡ᠂ ᠵᠢᠷᠤᠮᠵᠢᠯᠲᠠ᠎ᠶ᠋ᠢᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠪᠡ; ᠴᠢᠨᠠᠷ ᠰᠠᠢᠲᠠᠢ ᠬᠥᠭ᠌ᠵᠢᠯᠲᠡ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠨᠠᠮ ᠵᠠᠰᠠᠭ᠎ᠤᠨ ᠭᠤᠣᠯ ᠠᠵᠢᠯ᠎ᠤᠨ ᠲᠤᠭᠤᠷᠢᠨ᠎ᠳᠤ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠤ᠌᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠭᠦᠨᠴᠡ᠎ᠲᠠᠢ᠂ ᠡᠷᠴᠢᠮ᠎ᠲᠠᠢ᠂ ᠬᠠᠢᠷ᠎ᠠ ᠰᠡᠳᠭᠢᠯᠭᠡ᠎ᠲᠠᠢ ᠨᠢᠭᠡ ᠪᠦᠯᠦᠭ ᠦᠷ᠎ᠡ ᠪᠦᠲᠦᠭᠡᠯ᠎ᠢ ᠪᠤᠢ ᠪᠣᠯᠭᠠᠪᠠ; ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠱᠢᠨ᠎ᠡ ᠲᠠᠪᠴᠠᠩ᠎ᠢ ᠪᠠᠢᠭᠤᠯᠬᠤ᠎ᠪᠠᠷ ᠳᠠᠮᠵᠢᠭᠤᠯᠤᠨ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠤᠨ᠂ ᠬᠦᠴᠦᠨ ᠴᠢᠳᠠᠯ᠎ᠢ ᠥᠷᠭᠡᠨ᠎ᠢᠶᠠᠷ ᠬᠤᠷᠠᠮᠳᠤᠭᠤᠯᠵᠤ᠂ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠠᠬᠢᠵᠢᠭᠦᠯᠦᠨ ᠬᠥᠭ᠌ᠵᠢᠭᠦᠯᠪᠠ; ᠤᠯᠤᠰ ᠲᠥᠷᠥ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ ᠪᠣᠯᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠢ ᠳᠠᠢᠴᠢᠯᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠲᠡᠮᠡᠴᠡᠯ᠎ᠳᠤ ᠢᠳᠡᠪᠬᠢᠲᠡᠶ ᠣᠷᠣᠯᠴᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠠᠷᠠᠳ ᠲᠦᠮᠡᠨ᠎ᠤ ᠲᠥᠯᠥᠭᠡ》 ᠪᠠᠢᠬᠤ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ; ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠪᠠᠷ ᠬᠥᠳᠤᠯᠤᠨ ᠳᠠᠭᠠᠭᠤᠯᠬᠤ᠎ᠶ᠋ᠢ ᠪᠠᠷᠢᠮᠲᠠᠯᠠᠨ᠂ ᠶᠠᠰᠤ ᠴᠢᠨᠠᠷ᠎ᠤᠨ ᠤᠳᠤᠷᠢᠳᠤᠮᠵᠢ᠎ᠶ᠋ᠢ ᠲᠤᠪᠤᠢᠯᠭᠠᠵᠤ᠂ ᠭᠡᠱᠢᠭᠦᠳ᠎ᠤᠨ ᠦᠢᠯᠡᠳᠦᠯ᠎ᠢ ᠴᠢᠩᠭᠠᠷᠠᠭᠤᠯᠤᠨ᠂ ᠤᠯᠤᠰ ᠲᠦᠷᠦ᠎ᠶ᠋ᠢᠨ ᠵᠥᠪᠯᠡᠯᠭᠡᠨ᠎ᠤ ᠱᠢᠰᠲ᠋ᠧᠮ᠎ᠤᠨ ᠳᠡᠭᠡᠳᠦ ᠲᠤᠤᠷᠠᠳᠤ ᠱᠠᠳᠤ᠎ᠪᠠᠷ᠎ᠢᠶᠠᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠬᠦᠴᠦᠲᠡᠢ ᠪᠠᠲᠤᠯᠠᠭ᠎ᠠ ᠬᠠᠩᠭᠠᠪᠠ᠃ ᠴᠠᠭ ᠬᠤᠭᠤᠴᠠᠭ᠎ᠠ ᠰᠣᠯᠢᠭ᠍ᠳᠠᠵᠤ᠂ ᠢᠷᠠᠭᠤ ᠬᠠᠭᠤᠳᠠᠰᠤ ᠱᠢᠨᠡᠳᠦᠨᠡ᠃ ᠡᠨᠡ ᠵᠢᠯ ᠪᠤᠯ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠤᠪᠵᠢᠬᠦᠯᠬᠡ᠎ᠶ᠋ᠢᠨ ᠡᠬᠢᠯᠡᠯᠲᠡ᠎ᠶ᠋ᠢᠨ ᠵᠢᠯ ᠮᠦᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ ᠪᠣᠯᠬᠤ ᠪᠥᠭᠡᠳ ᠪᠠᠰᠠ ᠴᠤ᠌ ᠨᠡᠢᠭᠡᠮ ᠵᠢᠷᠤᠮᠲᠤ ᠣᠳᠣᠬᠢᠴᠢᠯᠠᠭ᠍ᠰᠠᠨ ᠥᠪᠥᠷ ᠮᠣᠩᠭᠤᠯ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠬᠥᠭ᠌ᠵᠢᠯᠲᠡ᠎ᠶ᠋ᠢᠨ ᠱᠢᠨ᠎ᠡ ᠠᠶᠠᠨ᠎ᠢ ᠡᠬᠢᠯᠡᠭᠦᠯᠬᠦ᠌ ᠡᠬᠢᠯᠡᠯᠲᠡ᠎ᠶ᠋ᠢᠨ ᠵᠢᠯ ᠪᠣᠯᠤᠨ᠎ᠠ᠃ ᠨᠠᠮ᠎ᠤᠨ ᠲᠥᠪ ᠬᠤᠷᠢᠶ᠎ᠠ᠎ᠠᠴᠠ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠤᠪᠵᠢᠬᠦᠯᠬᠡ ᠵᠢᠴᠢ ᠡᠨᠡ ᠵᠢᠯ᠎ᠤᠨ ᠠᠵᠢᠯ᠎ᠳᠤ ᠶᠡᠷᠦᠩᠬᠡᠢ ᠱᠠᠭᠠᠷᠳᠠᠯᠭ᠎ᠠ ᠳᠤᠷᠠᠳᠴᠤ᠌᠂ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠡᠵᠡᠮᠳᠡᠬᠦ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌᠎ᠶ᠋ᠢᠨ ᠲᠣᠭᠤᠷᠢᠨ᠎ᠳᠤ᠂ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠤᠪᠵᠢᠬᠦᠯᠬᠡ ᠵᠢᠴᠢ ᠡᠨᠡ ᠵᠢᠯ᠎ᠤᠨ ᠬᠠᠷᠠᠯᠲᠠ ᠡᠭᠦᠷᠭᠡ ᠪᠣᠯᠤᠨ ᠭᠤᠣᠯᠳᠠᠯᠭ᠎ᠠ᠎ᠲᠠᠢ ᠠᠵᠢᠯ᠎ᠤᠨ ᠲᠤᠬᠠᠢ ᠠᠯᠢ ᠤᠯᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠡᠢ᠂ ᠡᠨᠡ ᠪᠣᠯ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ ᠪᠣᠯᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠳ᠎ᠤᠨ ᠠᠵᠢᠯ᠎ᠤᠨ ᠳᠤᠮᠳᠠ ᠡᠷᠬᠡᠪᠰᠢ ᠭᠤᠣᠯ ᠠᠵᠢᠯ᠎ᠲᠠᠢ ᠨᠢᠭ᠍ᠲᠠ ᠤᠶᠠᠯᠳᠤᠭᠤᠯᠵᠤ᠂ ᠪᠦᠬᠦ᠌ ᠬᠦᠴᠦᠨ᠎ᠢᠶᠠᠷ᠎ᠢᠶᠠᠨ ᠦᠢᠯᠡᠴᠢᠯᠡᠬᠦ᠌ ᠶᠡᠭᠡ ᠲᠠᠯ᠎ᠠ ᠪᠣᠯᠤᠨ᠎ᠠ᠃
ᠣᠯᠠᠨ᠎ᠤ ᠬᠦᠴᠦᠨ᠎ᠳᠤ ᠤᠪᠤᠭ᠎ᠠ ᠪᠤᠰᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌᠎ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ᠎ᠪᠠᠨ ᠴᠢᠩᠭᠠᠳᠭᠠᠵᠤ᠂ 《ᠲᠦᠷᠪᠡᠨ ᠤᠬᠠᠮᠰᠠᠷ》 ᠢᠶᠠᠨ ᠴᠢᠨᠠᠭ᠍ᠰᠢᠳᠠ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠬᠡᠷᠡᠭ᠌ᠲᠡᠢ; ᠱᠢᠨ᠎ᠡ ᠱᠠᠳᠤ ᠱᠢᠨ᠎ᠡ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠵᠤ᠂ ᠭᠦᠨᠵᠡᠭᠡᠢ ᠵᠥᠪᠯᠡᠯᠭᠡ ᠬᠢᠵᠦ᠍᠂ ᠲᠦᠷᠦ᠎ᠶ᠋ᠢᠨ ᠶᠠᠪᠤᠳᠠᠯ᠎ᠢ ᠵᠥᠪᠯᠡᠵᠦ᠍᠂ ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ᠎ᠬᠢᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠯᠭᠠᠮ ᠰᠡᠳᠭᠢᠯᠭᠡ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠬᠤ᠎ᠶ᠋ᠢ ᠬᠦᠳᠦᠯᠦᠨ ᠵᠢᠯᠣᠭᠤᠳᠴᠤ᠌᠂ ᠨᠠᠮ᠎ᠤᠨ ᠵᠣᠷᠢᠯᠲᠠ᠎ᠶ᠋ᠢ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ ᠪᠣᠯᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠢ; ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠭᠤᠤᠯ ᠠᠵᠢᠯ᠎ᠤᠨ ᠶᠡᠭᠡ ᠲᠠᠯ᠎ᠠ᠎ᠶ᠋ᠢᠨ ᠲᠣᠭᠤᠷᠢᠨ᠎ᠳᠤ ᠬᠦᠴᠦ᠎ᠪᠠᠨ ᠡᠷᠭᠦᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠰᠠᠢᠨ ᠡᠬᠢᠯᠡᠯᠲᠡ᠎ᠲᠠᠢ ᠪᠣᠯᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ; ᠠᠷᠠᠳ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠨ᠂ ᠭᠡᠱᠢᠭᠦᠳ ᠪᠣᠯᠤᠨ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠤᠯᠤᠰ ᠲᠦᠷᠦ᠎ᠶ᠋ᠢᠨ ᠵᠥᠪᠯᠡᠯᠭᠡᠨ᠎ᠤ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃
ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ ᠯᠠᠪᠲᠠᠶ ᠳᠡᠭᠡᠳᠦ ᠬᠡᠮᠵᠢᠶᠡᠨ᠎ᠤ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠂ ᠠᠷᠠᠳ ᠲᠦᠮᠡᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ᠎ᠪᠠᠷ ᠤᠬᠠᠮᠰᠠᠷ᠎ᠠᠴᠠ᠎ᠪᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ᠎ᠪᠠᠨ ᠲᠥᠪ ᠴᠢᠩᠭ᠎ᠠ᠎ᠪᠠᠷ ᠭᠦᠶᠴᠡᠳᠭᠡᠵᠦ᠍᠂ ᠡᠨᠡ ᠤᠳᠠᠭ᠎ᠠ᠎ᠶ᠋ᠢᠨ ᠬᠤᠷᠠᠯ᠎ᠢ ᠨᠢᠭᠡ ᠤᠳᠠᠭ᠎ᠠ᠎ᠶ᠋ᠢᠨ ᠪᠦᠯᠬᠦᠮᠳᠡᠯ ᠠᠷᠠᠳᠴᠢᠯᠠᠯ᠎ᠲᠠᠢ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤᠨ ᠰᠠᠢᠨ ᠡᠬᠢᠯᠡᠯᠲᠡ᠎ᠲᠠᠢ ᠪᠣᠯᠬᠤ᠎ᠳᠤ ᠨᠠᠩ ᠶᠡᠭᠡ ᠱᠢᠨ᠎ᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠪᠣᠯᠤᠨ᠎ᠠ ᠭᠡᠳᠡᠭ᠎ᠢ ᠪᠢᠳᠡ ᠢᠲᠡᠭᠡᠵᠦ᠍ ᠪᠠᠢᠨ᠎ᠠ᠃ ᠶᠡᠭᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!