2020 ᠤᠨ᠎ᠳᠤ᠂ ᠮᠠᠨ᠎ᠤ ᠤᠷᠤᠨ ᠵᠡᠬᠦᠨ ᠲᠤᠮᠳᠠ ᠪᠠᠷᠠᠭᠤᠨ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠡ᠂ ᠬᠦᠬᠡᠬᠤᠳᠠ ᠪᠤᠭᠤᠳᠤ ᠤᠷᠳᠤᠰ ᠵᠢᠴᠢ ᠤᠯᠠᠭᠠᠨᠴᠠᠪ᠎ᠤᠨ ᠵᠤᠬᠢᠴᠠᠩᠭᠤᠢ ᠬᠦᠭ᠌ᠵᠢᠯᠳᠡ ᠪᠠ ᠶᠡᠭᠡ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ᠎ᠶ᠋ᠢᠨ ᠬᠦᠭ᠌ᠵᠢᠯᠳᠡ ᠵᠡᠷᠬᠡ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠡ᠎ᠶ᠋ᠢ ᠦᠷᠬᠦᠯᠵᠢᠯᠡᠨ ᠬᠦᠨᠵᠡᠬᠡᠢ ᠬᠡᠷᠡᠭ᠌ᠵᠢᠬᠦᠯᠦᠭ᠌ᠰᠡᠨ᠎ᠠᠴᠠ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠡ᠎ᠨᠢ ᠠᠵᠦ᠍ ᠠᠬᠤᠢ᠎ᠳᠤ ᠦᠷᠬᠦᠯᠵᠢᠯᠡᠭ᠌ᠰᠡᠨ ᠬᠦᠳᠡᠯᠬᠡᠬᠦ᠌ ᠬᠦᠴᠦᠨ ᠬᠠᠩᠭᠠᠵᠦ᠍᠂ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠵᠤᠬᠢᠴᠠᠩᠭᠤᠢ ᠴᠢᠨᠠᠷ ᠪᠦᠲᠦᠮᠵᠢᠳᠡᠢ ᠲᠡᠭᠡᠭ᠌ᠰᠢᠯᠡᠭ᠌ᠰᠡᠨ ᠪᠠᠢᠨ᠎ᠠ᠃
ᠮᠠᠨ᠎ᠤ ᠤᠷᠤᠨ᠎ᠤ ᠤᠷᠤᠨ ᠪᠦᠰᠡ᠎ᠶ᠋ᠢᠨ ᠬᠦᠭ᠌ᠵᠢᠯᠳᠡ ᠲᠡᠩᠴᠡᠬᠦᠷᠢ ᠦᠬᠡᠢ ᠠᠰᠠᠭᠤᠳᠠᠯ᠎ᠳᠤ ᠴᠢᠭ᠌ᠯᠡᠬᠦᠯᠵᠦ᠍᠂ ᠦᠪᠡᠷᠳᠡᠭᠡᠨ ᠵᠠᠰᠠᠬᠤ ᠤᠷᠤᠨ᠎ᠠᠴᠠ ᠭᠤᠤᠯ ᠴᠤᠬ᠍ᠴᠠ᠎ᠶ᠋ᠢᠨ ᠴᠢᠳᠠᠮᠵᠢᠳᠤ ᠤᠷᠤᠨ᠎ᠤ ᠪᠠᠢᠷᠢ ᠲᠤᠬ᠍ᠳᠠᠭᠠᠯᠳᠠᠲᠠᠢᠪᠠᠨ ᠤᠶᠠᠯᠳᠤᠭᠤᠯᠵᠦ᠍᠂ ᠮᠠᠨ᠎ᠤ ᠤᠷᠤᠨ᠎ᠤ ᠵᠡᠬᠦᠨ ᠬᠤᠢᠳᠤ ᠤᠷᠤᠨ᠂ ᠤᠮᠠᠷᠠᠳᠤ ᠤᠷᠤᠨ᠂ ᠪᠠᠷᠠᠭᠤᠨ ᠬᠤᠢᠳᠤ ᠤᠷᠤᠨ᠎ᠳᠤ ᠪᠠᠢᠷᠢᠯᠠᠵᠦ᠍ ᠪᠠᠢᠭ᠎ᠠ ᠪᠤᠳᠠᠳᠠᠢ᠎ᠳᠤ ᠰᠠᠭᠤᠷᠢᠯᠠᠵᠦ᠍᠂ ᠪᠦᠭᠦ᠌ ᠤᠷᠤᠨ᠎ᠢ ᠤᠤᠯ᠎ᠳᠠᠭᠠᠨ ᠵᠡᠬᠦᠨ᠂ ᠪᠠᠷᠠᠭᠤᠨ ᠪᠡᠶ᠎ᠠ ᠬᠡᠵᠦ᠍ ᠬᠤᠶᠠᠷ ᠶᠡᠭᠡ ᠤᠷᠤᠨ ᠪᠦᠰᠡ ᠬᠤᠪᠢᠶᠠᠵᠦ᠍ ᠪᠠᠢᠬ᠍ᠰᠠᠨ᠎ᠢ ᠵᠡᠬᠦᠨ᠂ ᠲᠤᠮᠳᠠ᠂ ᠪᠠᠷᠠᠭᠤᠨ ᠪᠡᠶ᠎ᠠ ᠭᠤᠷᠪᠠᠨ ᠤᠷᠤᠨ ᠪᠦᠰᠡ ᠪᠤᠯᠭᠠᠨ ᠲᠤᠬᠢᠷᠠᠭᠤᠯᠵᠦ᠍᠂ ᠦᠪᠡᠷᠳᠡᠭᠡᠨ ᠵᠠᠰᠠᠬᠤ ᠤᠷᠤᠨ᠎ᠤ ᠵᠡᠬᠦᠨ ᠲᠤᠮᠳᠠ ᠪᠠᠷᠠᠭᠤᠨ ᠭᠤᠷᠪᠠᠨ ᠤᠷᠤᠨ ᠪᠦᠰᠡ᠎ᠶ᠋ᠢᠨ ᠬᠦᠭ᠌ᠵᠢᠯᠳᠡ᠎ᠶ᠋ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠍ ᠡᠬᠢᠯᠡᠭ᠌ᠰᠡᠨ ᠪᠠᠢᠨ᠎ᠠ᠃ 《ᠱᠢᠯᠢ᠎ᠶ᠋ᠢᠨ ᠭᠤᠤᠯ ᠤᠯᠠᠭᠠᠨᠬᠠᠳᠠ ᠲᠦᠩᠯᠢᠶᠤᠤ》 ᠶ᠋ᠢᠨ ᠠᠵᠦ᠍ ᠠᠬᠤᠢ᠎ᠶ᠋ᠢᠨ ᠬᠠᠮᠳᠤᠷᠠᠯᠴᠠᠭᠠᠨ᠎ᠤ ᠤᠷᠤᠨ᠎ᠤ ᠪᠦᠲᠦᠬᠡᠨ ᠪᠠᠢᠭᠤᠯᠤᠯᠳᠠ᠎ᠶ᠋ᠢ ᠢᠳᠡᠪᠬᠢᠳᠡᠢ ᠠᠬᠢᠭᠤᠯᠵᠦ᠍᠂ ᠵᠡᠬᠦᠨᠰᠢ᠎ᠪᠠᠨ ᠮᠦᠭ᠌ᠳᠡᠨ᠎ᠤ ᠠᠵᠦ᠍ ᠠᠬᠤᠢ᠎ᠶ᠋ᠢᠨ ᠤᠷᠤᠨ ᠪᠠ ᠬᠠᠷᠪᠢᠨ ᠴᠠᠩᠴᠦ᠋ᠨ᠎ᠤ ᠬᠤᠳᠠ᠎ᠶ᠋ᠢᠨ ᠪᠦᠯᠦᠭ᠌ᠵᠢᠯ᠂ ᠪᠠᠷᠠᠭᠤᠨᠰᠢ᠎ᠪᠠᠨ ᠵᠡᠬᠦᠨ ᠬᠠᠳᠠᠪᠴᠢ ᠬᠢᠯᠢ᠎ᠶ᠋ᠢᠨ ᠪᠤᠭᠤᠮᠳᠠ᠎ᠲᠠᠢ ᠵᠠᠯᠭᠠᠯᠳᠤᠬ᠍ᠰᠠᠨ ᠪᠠᠷᠠᠭᠤᠨᠰᠢ ᠨᠡᠬᠡᠬᠡᠯᠳᠡ ᠬᠢᠬᠦ᠌ ᠱᠢᠨ᠎ᠠ ᠪᠠᠢᠷᠢᠱᠢᠯ᠎ᠢ ᠪᠦᠷᠢᠯᠳᠦᠬᠦᠯᠬᠦ᠌᠎ᠶ᠋ᠢ ᠠᠬᠢᠭᠤᠯᠤᠬ᠍ᠰᠠᠨ ᠪᠠᠢᠨ᠎ᠠ᠃
ᠤᠯᠠᠭᠠᠨᠴᠠᠪ ᠬᠤᠳᠠ᠎ᠶ᠋ᠢᠨ ᠬᠦᠭ᠌ᠵᠢᠯᠳᠡ᠎ᠶ᠋ᠢ ᠴᠢᠨᠠᠬ᠍ᠰᠢᠳᠠ ᠠᠬᠢᠭᠤᠯᠬᠤ᠎ᠶ᠋ᠢᠨ ᠲᠦᠯᠦᠬᠡ᠂ ᠦᠪᠡᠷᠳᠡᠭᠡᠨ ᠵᠠᠰᠠᠬᠤ ᠤᠷᠤᠨ᠎ᠠᠴᠠ ᠪᠠᠰᠠ ᠬᠦᠬᠡᠬᠤᠳᠠ ᠪᠤᠭᠤᠳᠤ ᠤᠷᠳᠤᠰ᠎ᠤᠨ ᠵᠤᠬᠢᠴᠠᠩᠭᠤᠢ ᠬᠦᠭ᠌ᠵᠢᠯᠳᠡ᠎ᠶ᠋ᠢ ᠠᠬᠢᠭᠤᠯᠬᠤ᠎ᠶ᠋ᠢ ᠬᠦᠬᠡᠬᠤᠳᠠ ᠪᠤᠭᠤᠳᠤ ᠤᠷᠳᠤᠰ ᠵᠢᠴᠢ ᠤᠯᠠᠭᠠᠨᠴᠠᠪ᠎ᠤᠨ ᠵᠤᠬᠢᠴᠠᠩᠭᠤᠢ ᠬᠦᠭ᠌ᠵᠢᠯᠳᠡ᠎ᠶ᠋ᠢ ᠠᠬᠢᠭᠤᠯᠬᠤ ᠪᠤᠯᠭᠠᠵᠦ᠍ ᠲᠤᠬᠢᠷᠠᠭᠤᠯᠤᠬ᠍ᠰᠠᠨ ᠪᠠᠢᠨ᠎ᠠ᠃ ᠡᠨᠡ ᠵᠢᠯ᠎ᠠᠴᠠ ᠨᠠᠭᠠᠰᠢ᠂ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ᠂ ᠤᠯᠠᠭᠠᠨᠴᠠᠪ ᠬᠤᠳᠠ᠎ᠶ᠋ᠢᠨ ᠤᠷᠤᠨ ᠪᠦᠰᠡ᠎ᠶ᠋ᠢᠨ ᠲᠠᠪᠠᠭᠤᠯᠢᠭ᠎ᠨᠢ ᠴᠢᠨᠠᠬ᠍ᠰᠢᠳᠠ ᠢᠯᠡᠷᠬᠡᠢᠱᠢᠵᠦ᠍᠂ ᠵᠤᠬᠢᠴᠠᠩᠭᠤᠢ ᠬᠦᠭ᠌ᠵᠢᠯᠳᠡ᠎ᠶ᠋ᠢᠨ ᠠᠯᠬᠤᠴᠠ᠎ᠨᠢ ᠲᠦᠷᠬᠡᠳᠴᠤ᠌᠂ ᠡᠨᠡ ᠵᠢᠯ᠎ᠤᠨ ᠲᠦᠷᠦᠬᠦᠦ 10 ᠰᠠᠷ᠎ᠠ᠎ᠳᠤ᠂ ᠤᠷᠳᠤᠰ ᠬᠤᠳᠠ᠎ᠶ᠋ᠢᠨ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠎ᠤᠨ ᠨᠡᠮᠡᠭ᠌ᠳᠡᠯ᠎ᠤᠨ ᠬᠤᠷᠳᠤᠴᠠ ᠪᠠᠭᠤᠷᠠᠬ᠍ᠰᠠᠨᠠᠴᠠ ᠭᠠᠳᠠᠨ᠎ᠠ᠂ ᠬᠦᠬᠡᠬᠤᠳᠠ᠂ ᠪᠤᠭᠤᠳᠤ᠂ ᠤᠯᠠᠭᠠᠨᠴᠠᠪ ᠭᠤᠷᠪᠠᠨ ᠬᠤᠳᠠ᠎ᠶ᠋ᠢᠨ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠎ᠤᠨ ᠨᠡᠮᠡᠭ᠌ᠳᠡᠯ᠎ᠤᠨ ᠬᠤᠷᠳᠤᠴᠠ᠎ᠨᠢ ᠲᠤᠰ ᠲᠤᠰ 4.1%᠂ 11.1%᠂ 8.2% ᠲᠤ ᠬᠦᠷᠴᠡᠢ᠃
ᠮᠠᠨ᠎ᠤ ᠤᠷᠤᠨ 4200 ᠺᠢᠯᠤᠮᠧᠳ᠋ᠷ ᠤᠷᠳᠤ ᠬᠢᠯᠢ᠎ᠶ᠋ᠢᠨ ᠱᠤᠭᠤᠮ ᠪᠠ ᠭᠠᠳᠠᠭᠠᠳᠤ᠎ᠳᠤ ᠨᠡᠬᠡᠬᠡᠯᠳᠡ ᠬᠢᠬᠦ᠌ 19 ᠬᠢᠯᠢ᠎ᠶ᠋ᠢᠨ ᠪᠤᠭᠤᠮᠳᠠ᠎ᠲᠠᠢ ᠪᠠᠢᠳᠠᠬ᠃ ᠭᠠᠳᠠᠭᠠᠳᠤ᠎ᠳᠤ ᠨᠡᠬᠡᠬᠡᠯᠳᠡ ᠬᠢᠬᠦ᠌᠎ᠶ᠋ᠢ ᠨᠡᠩ ᠰᠠᠢᠳᠤᠷ ᠠᠬᠢᠭᠤᠯᠬᠤ᠎ᠶ᠋ᠢᠨ ᠲᠦᠯᠦᠬᠡ᠂ ᠦᠪᠡᠷᠳᠡᠭᠡᠨ ᠵᠠᠰᠠᠬᠤ ᠤᠷᠤᠨ᠎ᠠᠴᠠ ᠪᠠᠰᠠ ᠶᠡᠭᠡ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ᠎ᠶ᠋ᠢ ᠬᠦᠭ᠌ᠵᠢᠬᠦᠯᠬᠦ᠌᠎ᠪᠠᠷ ᠲᠤᠷᠠᠳᠴᠤ᠌᠂ ᠮᠠᠨᠵᠤᠤᠷ᠎ᠢᠶᠠᠷ ᠬᠦᠢᠰᠤ ᠪᠤᠯᠭᠠᠵᠦ᠍᠂ ᠮᠠᠨᠵᠤᠤᠷ᠎ᠤᠨ ᠤᠯᠤᠰ᠎ᠤᠨ ᠨᠡᠬᠡᠬᠡᠯᠳᠡ ᠬᠢᠬᠦ᠌ ᠲᠤᠷᠱᠢᠯᠳᠠ᠎ᠶ᠋ᠢᠨ ᠤᠷᠤᠨ᠎ᠤ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠬᠦ᠌᠎ᠶ᠋ᠢᠨ ᠬᠠᠮᠳᠤ᠎ᠳᠤᠨᠢ᠂ ᠮᠠᠨ᠎ᠤ ᠤᠷᠤᠨ᠎ᠤ ᠵᠡᠬᠦᠨ ᠪᠡᠶ᠎ᠠ᠎ᠶ᠋ᠢᠨ ᠭᠠᠵᠠᠷ ᠤᠷᠤᠨ᠎ᠤ ᠬᠦᠭ᠌ᠵᠢᠯᠳᠡ᠎ᠶ᠋ᠢ ᠪᠦᠲᠦᠮᠵᠢᠳᠡᠢ ᠲᠠᠢᠴᠢᠯᠠᠬ᠍ᠰᠠᠨ ᠪᠠᠢᠨ᠎ᠠ᠃ ᠪᠠᠰᠠ ᠡᠷᠢᠶᠡᠨ ᠬᠤᠳᠠ᠂ ᠵᠢᠨᠢᠩ᠎ᠢᠶᠠᠷ ᠬᠦᠢᠰᠤ ᠪᠤᠯᠭᠠᠵᠦ᠍᠂ ᠡᠷᠢᠶᠡᠨ ᠬᠤᠳᠠ᠎ᠶ᠋ᠢᠨ ᠤᠯᠤᠰ᠎ᠤᠨ ᠨᠡᠬᠡᠬᠡᠯᠳᠡ ᠬᠢᠬᠦ᠌ ᠲᠤᠷᠱᠢᠯᠳᠠ᠎ᠶ᠋ᠢᠨ ᠤᠷᠤᠨ᠂ ᠡᠷᠢᠶᠡᠨ ᠬᠤᠳᠠ — ᠵᠠᠮ᠎ᠤᠨ ᠡᠬᠦᠳᠡ᠎ᠶ᠋ᠢᠨ ᠠᠵᠦ᠍ ᠠᠬᠤᠢ᠎ᠶ᠋ᠢᠨ ᠬᠠᠮᠳᠤᠷᠠᠯᠴᠠᠭᠠᠨ᠎ᠤ ᠤᠷᠤᠨ᠎ᠤ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠵᠡᠢ᠃ ᠴᠡᠭᠡ ᠬᠢᠯᠢ᠎ᠶ᠋ᠢᠨ ᠪᠤᠭᠤᠮᠳᠠ᠎ᠪᠠᠷ ᠬᠦᠢᠰᠤ ᠪᠤᠯᠭᠠᠵᠦ᠍᠂ ᠡᠵᠡᠨ᠎ᠠ᠎ᠶ᠋ᠢᠨ ᠦᠪᠡᠷᠳᠡᠭᠡᠨ ᠵᠠᠰᠠᠬᠤ ᠤᠷᠤᠨ᠎ᠤ ᠨᠡᠬᠡᠬᠡᠯᠳᠡ ᠬᠢᠬᠦ᠌ ᠲᠤᠷᠱᠢᠯᠳᠠ᠎ᠶ᠋ᠢᠨ ᠤᠷᠤᠨ᠎ᠤ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠵᠦ᠍᠂ ᠭᠠᠭ᠍ᠴᠠᠮᠤᠳᠤ ᠬᠢᠯᠢ᠎ᠶ᠋ᠢᠨ ᠪᠤᠭᠤᠮᠳᠠ᠂ ᠮᠠᠨᠳᠤᠯ ᠬᠢᠯᠢ᠎ᠶ᠋ᠢᠨ ᠪᠤᠭᠤᠮᠳᠠ ᠵᠡᠷᠬᠡ ᠬᠢᠯᠢ᠎ᠶ᠋ᠢᠨ ᠪᠤᠭᠤᠮᠳᠠ᠎ᠶ᠋ᠢᠨ ᠨᠡᠬᠡᠬᠡᠯᠳᠡ ᠬᠢᠬᠦ᠌ ᠲᠦᠪᠱᠢᠨ᠎ᠢ ᠲᠡᠭᠡᠭ᠌ᠰᠢᠯᠡᠬᠦᠯᠬᠦ᠌᠎ᠶ᠋ᠢᠨ ᠬᠠᠮᠳᠤ᠂ ᠮᠠᠨ᠎ᠤ ᠤᠷᠤᠨ᠎ᠤ ᠪᠠᠷᠠᠭᠤᠨ ᠪᠡᠶ᠎ᠠ᠎ᠶ᠋ᠢᠨ ᠭᠠᠵᠠᠷ ᠤᠷᠤᠨ᠎ᠤ ᠬᠦᠭ᠌ᠵᠢᠯᠳᠡ᠎ᠶ᠋ᠢ ᠲᠠᠢᠴᠢᠯᠠᠵᠦ᠍᠂ ᠮᠠᠨ᠎ᠤ ᠤᠷᠤᠨ᠎ᠤ ᠵᠡᠬᠦᠨ ᠲᠤᠮᠳᠠ ᠪᠠᠷᠠᠭᠤᠨ ᠭᠤᠷᠪᠠᠨ ᠤᠷᠤᠨ ᠪᠦᠰᠡ ᠪᠦᠷ ᠲᠤᠰ ᠲᠤᠰ᠎ᠤᠨ ᠤᠨᠴᠠᠯᠢᠬ᠎ᠲᠠᠢ᠂ ᠴᠢᠳᠠᠮᠵᠢ ᠪᠦᠷᠢᠨ ᠲᠦᠬᠦᠷ᠂ ᠠᠵᠦ᠍ ᠦᠢᠯᠡᠰ ᠢᠵᠢ ᠪᠦᠷᠢᠳᠦᠭ᠌ᠰᠡᠨ᠂ ᠦᠢᠯᠡᠴᠢᠯᠡᠭᠡ ᠲᠡᠬᠦᠯᠳᠡᠷᠵᠢᠭ᠌ᠰᠡᠨ ᠶᠡᠷᠦᠩᠬᠡᠢᠯᠡᠭ᠌ᠰᠡᠨ ᠴᠢᠨᠠᠷᠳᠠᠢ ᠠᠵᠦ᠍ ᠠᠬᠤᠢ᠎ᠶ᠋ᠢᠨ ᠤᠷᠤᠨ ᠪᠦᠰᠡ᠎ᠶ᠋ᠢ ᠪᠦᠷᠢᠯᠳᠦᠬᠦᠯᠦᠭ᠌ᠰᠡᠨ ᠪᠠᠢᠨ᠎ᠠ᠃ ᠬᠢᠵᠢᠭ᠎ᠤᠨ ᠪᠠᠢᠳᠠᠯ ᠵᠡᠷᠬᠡ ᠠᠱᠢᠬ ᠦᠬᠡᠢ ᠡᠯᠧᠮᠧᠨ᠋ᠲ ᠨᠡᠯᠢᠶᠡᠳ ᠤᠯᠠᠨ ᠪᠠᠢᠳᠠᠯ ᠲᠤᠤᠷ᠎ᠠ᠂ ᠨᠢᠳᠤᠨᠤᠨ ᠴᠡᠭᠡ ᠬᠢᠯᠢ᠎ᠶ᠋ᠢᠨ ᠪᠤᠭᠤᠮᠳᠠ᠎ᠶ᠋ᠢᠨ ᠭᠠᠳᠠᠭᠠᠳᠤ᠎ᠠᠴᠠ ᠨᠡᠬᠦᠷᠡᠰᠤ ᠤᠷᠤᠭᠤᠯᠤᠬ᠍ᠰᠠᠨ ᠬᠡᠮᠵᠢᠶ᠎ᠠ ᠦᠷᠬᠦᠯᠵᠢᠯᠨᠨ ᠨᠡᠮᠡᠭ᠌ᠳᠡᠵᠦ᠍᠂ ᠨᠢᠳᠤᠨᠤᠨ ᠵᠢᠯ᠎ᠤᠨ ᠡᠴᠦᠰ ᠪᠤᠯᠳᠠᠯ᠎ᠠ᠂ ᠴᠡᠭᠡ ᠬᠢᠯᠢ᠎ᠶ᠋ᠢᠨ ᠪᠤᠭᠤᠮᠳᠠ ᠭᠠᠳᠠᠭᠠᠳᠤ᠎ᠠᠴᠠ ᠨᠡᠢᠳᠡ 1013.14 ᠲᠦᠮᠡᠨ ᠲᠤᠨ ᠨᠡᠬᠦᠷᠡᠰᠤ ᠤᠷᠤᠭᠤᠯᠵᠦ᠍᠂ ᠠᠷᠠᠯᠵᠢᠶᠠᠨ᠎ᠤ ᠵᠤᠭᠤᠰ᠎ᠤᠨ ᠲᠤᠭ᠎ᠠ᠎ᠨᠢ 332.21 ᠳ᠋ᠦᠩᠱᠢᠭᠤᠷ ᠲᠦᠬᠦᠷᠢᠭ᠎ᠲᠤ ᠬᠦᠷᠦᠭ᠌ᠰᠡᠨ ᠪᠠᠢᠨ᠎ᠠ᠃
ᠮᠠᠨ᠎ᠤ ᠤᠷᠤᠨ ᠪᠠᠰᠠ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ᠂ ᠤᠯᠠᠭᠠᠨᠬᠠᠳᠠ ᠬᠤᠳᠠ ᠵᠡᠷᠬᠡ ᠶᠡᠷᠦᠩᠬᠡᠢᠯᠡᠭ᠌ᠰᠡᠨ ᠭᠠᠢᠯᠢ ᠦᠬᠡᠢ ᠤᠷᠤᠨ᠂ ᠭᠠᠢᠯᠢ ᠦᠬᠡᠢ ᠪᠠᠷᠠᠭᠠᠨ᠎ᠤ ᠬᠦᠢᠯᠬᠡᠬᠡ᠎ᠶ᠋ᠢᠨ ᠲᠦᠪ᠂ ᠲᠤᠳᠤᠭᠠᠳᠤ ᠬᠠᠭᠤᠷᠠᠢ᠎ᠶ᠋ᠢᠨ ᠬᠢᠯᠢ᠎ᠶ᠋ᠢᠨ ᠪᠤᠭᠤᠮᠳᠠ᠎ᠶ᠋ᠢᠨ ᠭᠠᠳᠠᠭᠠᠳᠤ ᠠᠷᠠᠯᠵᠢᠶ᠎ᠠ᠎ᠶ᠋ᠢ ᠠᠴᠢᠶᠠᠯᠠᠬᠤ ᠲᠠᠪᠴᠠᠩ᠎ᠤᠨ ᠦᠢᠯᠡᠳᠦᠯ᠎ᠢ ᠬᠦᠢᠴᠡᠳ ᠪᠠᠳᠠᠷᠠᠭᠤᠯᠵᠦ᠍᠂ ᠭᠠᠳᠠᠭᠠᠳᠤ᠎ᠳᠤ ᠨᠡᠬᠡᠬᠡᠯᠳᠡ ᠬᠢᠬᠦ᠌ ᠱᠢᠨ᠎ᠠ ᠤᠷᠤᠨ ᠵᠠᠢ᠎ᠶ᠋ᠢ ᠴᠢᠨᠠᠬ᠍ᠰᠢᠳᠠ ᠦᠷᠬᠡᠵᠢᠬᠦᠯᠦᠭ᠌ᠰᠡᠨ ᠪᠠᠢᠨ᠎ᠠ᠃ ᠦᠪᠡᠷᠳᠡᠭᠡᠨ ᠵᠠᠰᠠᠬᠤ ᠤᠷᠤᠨ᠎ᠠᠴᠠ ᠶᠡᠭᠡ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ᠎ᠶ᠋ᠢᠨ ᠤᠷᠤᠨ (ᠪᠦᠰᠡ) ᠪᠠ ᠤᠯᠠᠨ ᠤᠯᠤᠰ᠎ᠤᠨ ᠠᠵᠦ᠍ ᠦᠢᠯᠡᠰ᠎ᠤᠨ ᠬᠠᠮᠳᠤᠷᠠᠯᠴᠠᠭᠠᠨ᠎ᠤ ᠬᠦᠷᠢᠶᠡᠯᠡᠩ᠎ᠤᠨ ᠪᠦᠲᠦᠬᠡᠨ ᠪᠠᠢᠭᠤᠯᠤᠯᠳᠠ᠎ᠶ᠋ᠢ ᠦᠷᠬᠦᠯᠵᠢᠯᠡᠨ ᠲᠡᠮᠵᠢᠵᠦ᠍᠂ ᠵᠠᠮ᠎ᠤᠨ ᠠᠵᠦ᠍ ᠠᠬᠤᠢ᠎ᠶ᠋ᠢ ᠨᠤᠳᠤᠬ᠍ᠰᠢᠬ᠍ᠰᠠᠨ ᠠᠵᠦ᠍ ᠠᠬᠤᠢ ᠪᠤᠯᠭᠠᠨ ᠬᠤᠪᠢᠷᠠᠭᠤᠯᠬᠤ᠎ᠶ᠋ᠢ ᠬᠦᠴᠦᠳᠡᠢ ᠠᠬᠢᠭᠤᠯᠵᠡᠢ᠃ 2020 ᠤᠨ᠎ᠤ 12 ᠰᠠᠷ᠎ᠠ᠎ᠶ᠋ᠢᠨ 19 ᠤ ᠡᠳᠦᠷ ᠪᠤᠯᠳᠠᠯ᠎ᠠ᠂ ᠡᠷᠢᠶᠡᠨ ᠬᠤᠳᠠ ᠬᠢᠯᠢ᠎ᠶ᠋ᠢᠨ ᠪᠤᠭᠤᠮᠳᠠ᠎ᠶ᠋ᠢᠨ ᠤᠷᠤᠭᠤᠯᠵᠦ᠍ ᠭᠠᠷᠭᠠᠬ᠍ᠰᠠᠨ ᠲᠤᠮᠳᠠᠳᠤ ᠡᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ᠎ᠶ᠋ᠢᠨ ᠲᠤᠭ᠎ᠠ 2297 ᠳᠤ ᠬᠦᠷᠴᠤ᠌᠂ 2019 ᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 53.7% ᠪᠠᠷ ᠨᠡᠮᠡᠭ᠌ᠳᠡᠭ᠌ᠰᠡᠨ ᠪᠠᠢᠨ᠎ᠠ᠃