ᠠᠷᠠᠳ᠎ᠤᠨ ᠲᠥᠯᠥᠭᠡᠯᠡᠭ᠌ᠴᠢᠳ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠤᠷᠢᠶᠠᠨ》 ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ
2021-01-30 14:55:24
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 29 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠳᠥᠷᠪᠡᠳᠦᠭᠡᠷ ᠬᠤᠷᠠᠯ᠎ᠳᠤ ᠣᠷᠣᠯᠴᠠᠵᠦ᠍ ᠪᠠᠢᠭ᠎ᠠ ᠡᠯ᠎ᠡ ᠲᠥᠯᠥᠭᠡᠯᠡᠭ᠌ᠴᠢᠳ᠎ᠤᠨ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠲᠥᠯᠥᠭᠡᠯᠡᠭ᠌ᠴᠢᠳ᠂ 2020 ᠣᠨ᠎ᠳᠤ ᠪᠥᠬᠦ᠌ ᠣᠷᠣᠨ᠎ᠤ ᠱᠢᠭᠦᠬᠦ᠌ ᠬᠤᠷᠢᠶ᠎ᠠ ᠶᠡᠭᠡ ᠲᠠᠯ᠎ᠠ᠎ᠳᠤ ᠦᠶᠯᠡᠴᠢᠯᠡᠬᠦ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠪᠠᠷᠢᠮᠲᠠᠯᠠᠵᠤ᠂ ᠱᠢᠭᠦᠨ ᠲᠠᠰᠤᠯᠬᠤ ᠡᠭᠦᠷᠭᠡ ᠴᠢᠳᠠᠪᠬᠢ᠎ᠪᠠᠨ ᠬᠠᠤᠯᠢ ᠶᠣᠰᠣᠭᠠᠷ ᠭᠦᠶᠴᠡᠳᠭᠡᠬᠦ᠂ ᠠᠮᠤᠭᠤᠯᠠᠩᠳᠣ ᠥᠪᠥᠷ ᠮᠣᠩᠭᠤᠯ᠎ᠤᠨ ᠪᠠᠢᠭᠤᠯᠤᠯᠲᠠ᠎ᠶ᠋ᠢ ᠠᠬᠢᠭᠤᠯᠬᠤ᠂ ᠣᠯᠠᠨ ᠲᠦᠮᠡᠨ᠎ᠤ ᠰᠠᠢᠨ ᠰᠠᠢᠬᠠᠨ ᠠᠮᠢᠳᠤᠷᠠᠯ᠎ᠢ ᠰᠠᠬᠢᠨ ᠬᠠᠮᠠᠭᠠᠯᠠᠬᠤ᠂ ᠬᠠᠤᠯᠢ ᠪᠠᠷᠢᠬᠤ ᠶᠠᠰᠤ ᠴᠢᠨᠠᠷ ᠦᠷ᠎ᠡ ᠪᠦᠲᠦᠮᠵᠢ ᠪᠠ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠂ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠤᠯᠪᠠ ᠬᠡᠵᠦ᠍ ᠦᠵᠡᠵᠡᠭᠡᠪᠡ᠃

ᠲᠥᠯᠥᠭᠡᠯᠡᠭ᠌ᠴᠢᠳ᠂ 2021 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠪᠥᠬᠦ᠌ ᠣᠷᠣᠨ᠎ᠤ ᠱᠢᠭᠦᠬᠦ᠌ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ ᠪᠣᠯᠤᠨ ᠪᠥᠬᠦ᠌ ᠵᠢᠯ᠎ᠤᠨ ᠭᠤᠣᠯᠳᠠᠯᠭ᠎ᠠ᠎ᠲᠠᠢ ᠠᠵᠢᠯ᠎ᠤᠨ ᠲᠣᠭᠤᠷᠢᠨ᠎ᠳᠤ᠂ ᠠᠮᠤᠷ ᠲᠦᠪᠱᠢᠨ ᠪᠠ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠦᠷᠭᠦᠯᠵᠢᠯᠡᠨ ᠰᠡᠷᠭᠦᠬᠦ᠌ ᠪᠠ ᠴᠢᠨᠠᠷ ᠰᠠᠢᠲᠠᠶ ᠬᠥᠭ᠌ᠵᠢᠯᠲᠡ᠎ᠳᠤ ᠬᠠᠤᠯᠢ ᠶᠣᠰᠣᠭᠠᠷ ᠦᠢᠯᠡᠴᠢᠯᠡᠵᠦ᠍᠂ ᠬᠠᠤᠯᠢᠵᠢᠭ᠍ᠰᠠᠨ ᠵᠠᠬ᠎ᠠ ᠳᠡᠯᠭᠡᠭᠦᠷᠴᠢᠯᠡᠭ᠌ᠰᠡᠨ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠪᠣᠶ ᠪᠣᠯᠭᠠᠬᠤ᠎ᠳᠤ ᠬᠦᠴᠦᠨ ᠨᠡᠮᠡᠷᠢᠯᠡᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠤᠯᠢ ᠪᠠᠷᠢᠯᠲᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠤ  ᠦᠢᠯᠡᠴᠢᠯᠡᠨ ᠪᠠᠲᠤᠯᠠᠭ᠎ᠠ ᠬᠠᠩᠭᠠᠵᠤ᠂ ᠠᠷᠠᠳ᠎ᠤᠨ ᠠᠮᠢᠳᠤᠷᠠᠯ᠎ᠤᠨ ᠬᠠᠤᠯᠢ ᠪᠠᠷᠢᠯᠳᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠬᠡᠵᠦ᠍ ᠦᠵᠡᠵᠡᠭᠡᠪᠡ᠃

ᠲᠥᠯᠥᠭᠡᠯᠡᠭ᠌ᠴᠢᠳ᠂ 2020 ᠣᠨ᠎ᠳᠤ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠭᠤᠣᠯ ᠬᠠᠷᠢᠭᠤᠴᠠᠯᠭ᠎ᠠ ᠭᠤᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠴᠠᠭᠠᠵᠠ᠎ᠶ᠋ᠢᠨ ᠬᠢᠨᠠᠯᠲᠠ᠎ᠶ᠋ᠢ ᠴᠢᠩᠭᠠᠳᠭᠠᠪᠠ᠃ ᠴᠢᠬᠤᠯᠠ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ ᠪᠠ ᠠᠮᠤᠷ ᠲᠦᠪᠱᠢᠨ᠎ᠳᠤ ᠬᠦᠴᠦᠨ ᠨᠡᠮᠡᠷᠢᠯᠡᠪᠡ᠃ ᠨᠡᠢᠭᠡᠮ᠎ᠤᠨ ᠵᠠᠰᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠪᠠ᠃ ᠠᠷᠠᠳ᠎ᠤᠨ ᠲᠥᠯᠥᠭᠡ ᠬᠠᠤᠯᠢ ᠪᠠᠷᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ ᠠᠷᠠᠳ᠎ᠤᠨ ᠠᠱᠢᠭ ᠲᠤᠰᠠ᠎ᠶ᠋ᠢ ᠬᠠᠮᠠᠭᠠᠯᠠᠪᠠ᠃ ᠰᠠᠭᠤᠷᠢ᠎ᠶ᠋ᠢ ᠪᠠᠲᠤᠳᠭᠠᠨ ᠦᠨᠳᠦᠰᠦ᠎ᠶ᠋ᠢ ᠪᠠᠬᠢᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠯᠭᠠᠷᠠᠭ᠍ᠰᠠᠨ ᠡᠩᠨᠡᠭᠡ᠎ᠶ᠋ᠢ ᠪᠠᠢᠭᠤᠯᠵᠤ᠂ ᠪᠠᠢᠴᠠᠭᠠᠬᠤ ᠪᠠᠢᠭᠤᠯᠭ᠎ᠠ᠎ᠶ᠋ᠢᠨ ᠡᠭᠦᠷᠭᠡ ᠴᠢᠳᠠᠪᠬᠢ᠎ᠪᠠᠨ ᠪᠦᠲᠦᠮᠵᠢᠲᠡᠢ ᠪᠠᠳᠠᠷᠠᠭᠤᠯᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠂ ᠣᠷᠣᠨ ᠨᠣᠳᠤᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠪᠠᠲᠤᠯᠠᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠬᠡᠵᠦ᠍ ᠦᠵᠡᠵᠡᠭᠡᠪᠡ᠃

ᠲᠥᠯᠥᠭᠡᠯᠡᠭ᠌ᠴᠢᠳ᠂ 2021 ᠣᠨ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠩᠬᠠᠨ᠎ᠤ ᠵᠢᠯ ᠪᠣᠯᠤᠨ᠎ᠠ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠠᠷᠠᠳ ᠲᠦᠮᠡᠨ᠎ᠢᠶᠠᠷ ᠭᠤᠣᠯ ᠪᠣᠯᠭᠠᠬᠤ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠵᠦ᠍᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠪᠦᠬᠦ᠌ ᠬᠦᠴᠦᠨ᠎ᠢᠶᠠᠷ ᠬᠠᠮᠠᠭᠠᠯᠠᠵᠤ᠂ ᠬᠢᠨᠠᠨ ᠬᠠᠮᠢᠶᠠᠷᠬᠤ ᠲᠣᠭ᠍ᠲᠠᠴᠠ᠎ᠪᠠᠨ ᠭᠦᠨᠵᠡᠭᠡᠢᠷᠡᠭᠦᠯᠦᠨ ᠲᠡᠭᠦᠯᠳᠡᠷᠵᠢᠭᠦᠯᠵᠦ᠍᠂ ᠥᠨᠳᠥᠷ ᠬᠡᠪ ᠪᠣᠯᠪᠠᠰᠤᠷᠠᠯ᠎ᠲᠠᠢ ᠪᠠᠢᠴᠠᠭᠠᠬᠤ ᠡᠩᠨᠡᠭᠡ᠎ᠶ᠋ᠢ ᠪᠠᠢᠭᠤᠯᠵᠤ᠂ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠤ ᠨᠡᠩ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠰᠠᠨᠠᠭᠤᠯᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号