ᠠᠷᠠᠳ ᠬᠢᠬᠡᠳ ᠬᠦᠭ᠌ᠵᠢᠯᠳᠠ
2021-01-30 15:41:15
ᠵᠣᠬᠢᠶᠠᠭ᠍ᠴᠢ᠄
ᠯᠢᠩᠽᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠦᠨᠡᠨ ᠮᠠᠭᠠᠳ ᠳᠤᠭ᠎ᠠ ᠪᠠᠷᠢᠮᠳᠠ᠎ᠪᠠᠷ 《ᠠᠷᠪᠠᠨ ᠭᠤᠷᠪᠠᠳᠤᠭᠠᠷ ᠳᠠᠪᠤᠨ ᠵᠢᠯ》 ᠪᠠ 2020 ᠤᠨ᠎ᠤ ᠠᠵᠢᠯ᠎ᠤᠨ ᠠᠮᠵᠢᠯᠳᠠ᠎ᠪᠠᠨ ᠳ᠋ᠦᠩᠨᠡᠵᠤ᠂ 《ᠠᠷᠪᠠᠨ ᠳᠦᠷᠪᠡᠳᠦᠬᠡᠷ ᠳᠠᠪᠤᠨ ᠵᠢᠯ》 ᠪᠠ 2021 ᠤᠨ᠎ᠤ ᠡᠬᠦᠷᠬᠡ ᠬᠠᠷᠠᠯᠳᠠ᠎ᠪᠠᠨ ᠳᠤᠭ᠍ᠳᠠᠭᠠᠵᠠᠢ᠃ ᠠᠮᠵᠢᠯᠲᠠ᠎ᠪᠠᠨ ᠡᠷᠭᠢᠴᠡᠭᠦᠯᠬᠦ᠌᠎ᠳᠤ ᠤᠮᠤᠭ ᠪᠠᠭ᠍ᠠᠳᠤᠯ ᠲᠦᠷᠦᠭ᠌ᠳᠡᠵᠦ᠍ ᠢᠲᠡᠭᠡᠯ ᠬᠦᠴᠦᠨ ᠤᠨᠳᠤᠷᠤᠨ᠎ᠠ᠂ ᠢᠷᠡᠭᠡᠳᠦᠢ᠎ᠪᠠᠨ ᠪᠠᠷᠠᠯᠠᠬᠤ᠎ᠳᠤ ᠡᠷᠴᠢ ᠵᠤᠷᠢᠬ ᠪᠠᠳᠠᠷᠠᠨ ᠤᠶᠤᠨ ᠤᠬᠠᠭᠠᠨ ᠰᠠᠷᠠᠭᠤᠯᠵᠢᠨ᠎ᠠ᠃

ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 356 ᠲᠦᠮᠡᠨ ᠮᠦ᠍ ᠱᠢᠨ᠎ᠡ᠎ᠪᠠᠷ ᠪᠠᠢᠭᠤᠯᠵᠤ᠂ ᠬᠤᠵᠢᠷᠱᠢᠭ᠍ᠰᠠᠨ ᠲᠠᠷᠢᠶᠠᠨ ᠭᠠᠵᠠᠷ᠎ᠢ 12.2 ᠲᠦᠮᠡᠨ ᠮᠦ᠍ ᠰᠠᠢᠵᠢᠷᠠᠭᠤᠯᠪᠠ᠃ 30 ᠲᠦᠮᠡᠨ ᠮᠠᠯᠴᠢᠨ ᠲᠠᠷᠢᠶᠠᠴᠢᠨ᠎ᠤ ᠤᠤᠭᠤᠵᠤ ᠬᠡᠷᠡᠭ᠌ᠯᠡᠬᠦ᠌ ᠤᠰᠤᠨ᠎ᠳᠠᠬᠢ ᠹᠯᠣᠷ ᠠᠷᠰᠧᠨ ᠢᠣᠳ᠋᠎ᠨᠢ ᠪᠠᠷᠢᠮᠵᠢᠶ᠎ᠠ᠎ᠠᠴᠠ ᠳᠠᠪᠠᠭ᠍ᠰᠠᠨ ᠪᠠ ᠭᠠᠱᠢᠭᠤᠨ ᠱᠣᠷᠪᠣᠭ ᠪᠠᠢᠬᠤ ᠠᠰᠠᠭᠤᠳᠠᠯ᠎ᠢ ᠱᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ᠎ᠳᠤ 8071 ᠺᠢᠯᠤᠮᠧᠲᠷ ᠵᠠᠰᠠᠮᠠᠯ ᠵᠠᠮ᠎ᠢ ᠱᠢᠨ᠎ᠡ᠎ᠪᠠᠷ ᠳᠡᠪᠢᠰᠦᠭ᠌ᠰᠡᠨ ᠪᠤᠶᠤ ᠱᠢᠨᠡᠳᠭᠡᠨ ᠵᠠᠰᠠᠪᠠ ᠁ ᠡᠨᠡ ᠪᠤᠯ ᠮᠠᠨ᠎ᠤ ᠤᠷᠤᠨ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠤ᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠭᠠᠳ ᠤᠯᠤᠭ᠍ᠰᠠᠨ ᠠᠤᠭ᠎ᠠ ᠠᠮᠵᠢᠯᠲᠠ ᠶᠤᠮ᠃

ᠠᠷᠠᠳ ᠳᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠤ᠂ ᠬᠦᠭ᠌ᠵᠢᠯᠳᠠ᠎ᠶ᠋ᠢᠨ ᠵᠤᠷᠢᠯᠳᠠ ᠪᠠ ᠳᠤᠰᠤᠯᠳᠠ᠎ᠶ᠋ᠢ ᠠᠷᠠᠳ ᠳᠦᠮᠡᠨ᠎ᠤ ᠪᠤᠶᠠᠨ ᠵᠢᠷᠭᠠᠯ᠎ᠢ ᠨᠡᠮᠡᠭ᠌ᠳᠡᠬᠦᠯᠬᠦ᠌ ᠪᠤᠯᠤᠨ ᠬᠠᠮᠳᠤ᠎ᠪᠠᠷ ᠪᠠᠶᠠᠵᠢᠨ ᠴᠢᠨᠡᠬᠡᠯᠢᠭ᠌ᠵᠢᠬᠦ᠌ ᠳᠡᠬᠡᠷ᠎ᠠ ᠳᠠᠯᠪᠢᠵᠤ᠂ ᠤᠯᠠᠨ ᠨᠡᠢᠳᠡ᠎ᠶ᠋ᠢᠨ ᠦᠢᠯᠡᠴᠢᠯᠡᠬᠡᠨ᠎ᠤ ᠶᠠᠰᠤ ᠴᠢᠨᠠᠷ᠎ᠢ ᠳᠡᠬᠡᠭ᠌ᠰᠢᠯᠡᠬᠦᠯᠤᠠ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠦᠭᠡᠢ ᠴᠢᠩᠭᠠᠳᠭᠠᠨ᠎ᠠ ᠬᠡᠵᠤ ᠮᠠᠨ᠎ᠤ ᠤᠷᠤᠨ᠎ᠤ 《ᠠᠷᠪᠠᠨ ᠳᠦᠷᠪᠡᠳᠦᠬᠡᠷ ᠳᠠᠪᠤᠨ ᠵᠢᠯ》 ᠎ᠤᠨ ᠳᠦᠯᠦᠪᠵᠢᠬᠦᠯᠬᠡ᠎ᠳᠤ ᠳᠤᠷᠠᠳᠴᠠᠢ᠃

《ᠠᠷᠠᠳ ᠳᠦᠮᠡᠨ》 ᠬᠡᠳᠡᠭ ᠦᠬᠡ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠤ ᠤᠯᠠᠨ ᠤᠳᠠᠭ᠎ᠠ ᠳᠤᠷᠠᠳᠤᠭ᠍ᠳᠠᠵᠠᠢ᠃ ᠪᠦᠬᠦ᠌ ᠠᠷᠠᠳ᠎ᠢᠶᠠᠷ᠎ᠢᠶᠠᠨ ᠴᠢᠨᠡᠬᠡᠯᠢᠭ᠌ᠵᠢᠪᠡᠯ ᠰᠠᠶᠢ ᠪᠦᠬᠦ᠌ ᠳᠠᠯ᠎ᠠ᠎ᠶ᠋ᠢᠨ ᠴᠢᠨᠡᠬᠡᠯᠢᠭ ᠨᠡᠢᠬᠡᠮ᠎ᠢ ᠪᠠᠶᠡᠯᠡᠬᠦᠯᠵᠤ ᠳᠡᠢᠯᠦᠨ᠎ᠠ᠃ ᠮᠠᠨ᠎ᠤ ᠤᠷᠤᠨ ᠠᠷᠠᠳ ᠳᠦᠮᠡᠨ᠎ᠤ ᠳᠦᠯᠦᠬᠡ ᠬᠦᠭ᠌ᠵᠢᠬᠦᠯᠬᠦ᠂ ᠠᠷᠠᠳ ᠳᠦᠮᠡᠨ᠎ᠳᠤ ᠳᠦᠱᠢᠭ᠌ᠯᠡᠠ ᠬᠦᠭ᠌ᠵᠢᠬᠦᠯᠬᠦ᠂ ᠬᠦᠭ᠌ᠵᠢᠯᠳᠠ᠎ᠶ᠋ᠢᠨ ᠦᠷ᠎ᠠ ᠪᠦᠳᠦᠬᠡᠯ᠎ᠢ ᠠᠷᠠᠳ ᠳᠦᠮᠡᠨ᠎ᠳᠤ ᠡᠳ᠋ᠯᠡᠬᠦᠯᠬᠦ᠌᠎ᠶ᠋ᠢ ᠢᠮᠠᠭ᠍ᠳᠠ ᠪᠠᠷᠢᠮᠳᠠᠯᠠᠭ᠍ᠰᠠᠭᠠᠷ ᠢᠷᠡᠪᠡ᠃

ᠳᠦᠷᠦ᠍ ᠵᠠᠰᠠᠭ ᠰᠠᠢᠨ ᠪᠤᠯ ᠳᠦᠮᠡᠨ ᠢᠷᠬᠡᠳ ᠠᠮᠤᠭᠤᠯᠠᠩ᠃ ᠨᠠᠮ ᠵᠠᠰᠠᠭ᠎ᠤᠨ ᠬᠠᠢᠷ᠎ᠠ ᠬᠠᠯᠠᠮᠵᠢ᠎ᠪᠠᠷ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠠᠯᠤᠰ ᠢᠷᠡᠬᠡᠳᠦᠢ ᠨᠡᠩ ᠬᠡᠬᠡᠨ ᠰᠠᠷᠠᠭᠤᠯ ᠪᠤᠯᠬᠤ᠎ᠨᠢ ᠳᠠᠮᠵᠢᠭ ᠦᠬᠡᠢ ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号