2020 ᠤᠨ᠎ᠳᠤ ᠮᠠᠨ᠎ᠤ ᠤᠷᠤᠨ 《ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌》 ᠦᠭᠡᠷᠡᠴᠢᠯᠡᠯᠳᠡ᠎ᠶ᠋ᠢ ᠬᠦᠨᠵᠡᠭᠡᠢᠷᠡᠭᠦᠯᠦᠨ᠂ ᠵᠠᠰᠠᠭ᠎ᠤᠨ ᠤᠷᠳᠤᠨ᠎ᠤ ᠡᠭᠦᠷᠭᠡ ᠴᠢᠳᠠᠪᠬᠢ᠎ᠪᠠᠨ ᠬᠤᠪᠢᠷᠠᠭᠤᠯᠤᠨ᠂ ᠵᠢᠵᠢᠭ ᠵᠦᠢᠯ᠎ᠠᠴᠠ ᠭᠠᠷᠳᠠᠨ ᠦᠭᠡᠷᠡᠴᠢᠯᠡᠨ ᠰᠠᠢᠵᠢᠷᠠᠭᠤᠯᠬᠤ᠎ᠪᠠᠷ ᠳᠠᠮᠵᠢᠨ ᠠᠵᠤ ᠠᠬᠤᠢ᠎ᠶ᠋ᠢᠨ ᠶᠡᠭᠡ ᠬᠦᠭ᠌ᠵᠢᠯᠳᠡ᠎ᠶ᠋ᠢ ᠠᠬᠢᠭᠤᠯᠤᠭ᠍ᠰᠠᠨ ᠪᠠᠢᠨ᠎ᠠ᠃
ᠮᠠᠨ᠎ᠤ ᠤᠷᠤᠨ ᠵᠠᠰᠠᠭ ᠵᠠᠬᠢᠷᠭᠠᠨ᠎ᠤ ᠵᠦᠪᠱᠢᠶᠡᠷᠡᠯ᠎ᠤᠨ ᠶᠠᠪᠤᠴᠠ᠎ᠳᠤ ᠨᠡᠢᠳᠡᠮ ᠤᠷᠤᠱᠢᠵᠤ ᠪᠠᠢᠭ᠎ᠠ ᠴᠠᠭ ᠬᠤᠭᠤᠴᠠᠭ᠎ᠠ᠎ᠨᠢ ᠤᠷᠳᠤ᠂ ᠳᠤᠮᠳᠠᠬᠢ ᠭᠤᠭ᠍ᠴᠤᠭ᠎ᠠ ᠤᠯᠠᠨ᠂ ᠪᠢᠴᠢᠭ ᠮᠠᠲ᠋ᠧᠷᠢᠶᠠᠯ ᠤᠯᠠᠨ᠂ ᠵᠠᠷᠤᠳᠠᠯ ᠰᠦᠢᠳᠭᠡᠯ ᠤᠯᠠᠨ᠂ ᠬᠦᠯᠢᠶᠡᠰᠦᠯᠡᠯ ᠤᠯᠠᠨ ᠵᠠᠷᠭᠡ ᠠᠰᠠᠭᠤᠳᠠᠯ᠎ᠤᠳ᠎ᠢ ᠬᠦᠴᠤᠯᠠᠨ ᠱᠢᠢᠳᠪᠦᠷᠢᠯᠡᠵᠤ᠂ ᠦᠪᠡᠷᠳᠡᠭᠡᠨ ᠵᠠᠰᠠᠬᠤ ᠤᠷᠤᠨ᠎ᠤ ᠵᠠᠰᠠᠭ ᠵᠠᠬᠢᠷᠭᠠᠨ᠎ᠤ ᠡᠷᠭᠡ᠎ᠶ᠋ᠢᠨ ᠬᠡᠷᠡᠭ᠎ᠢ 71% ᠪᠠᠷ ᠬᠠᠰᠤᠭ᠍ᠳᠠᠭᠤᠯᠵᠤ᠂ ᠠᠵᠤ ᠠᠬᠤᠢ᠍ᠢᠯᠠᠯ ᠡᠷᠬᠢᠯᠡᠭᠦ᠌ ᠭᠠᠷ ᠬᠦᠢᠴᠡᠳᠭᠡᠯ᠎ᠤᠨ ᠪᠦᠬᠦ᠌ ᠶᠠᠪᠤᠴᠠ᠎ᠶ᠋ᠢ 3 ᠠᠵᠢᠯᠯᠠᠬᠤ ᠡᠳᠦᠷ᠎ᠲᠤ ᠳᠠᠭᠤᠰᠭᠠᠵᠤ᠂ ᠦᠯᠦ᠍ ᠭᠦᠳᠡᠯᠭᠦ᠌ ᠬᠦᠷᠦᠩᠭᠡ᠎ᠶ᠋ᠢ ᠳᠠᠩᠰᠠᠯᠠᠭᠤᠯᠬᠤ ᠬᠤᠭᠤᠴᠠᠭ᠎ᠠ᠎ᠶ᠋ᠢ ᠪᠠᠭᠠᠰᠭᠠᠭᠠᠳ 5 ᠠᠵᠢᠯᠯᠠᠬᠤ ᠡᠳᠦᠷ ᠪᠤᠯᠭᠠᠵᠤ᠂ ᠢᠨᠵᠧᠨᠧᠷᠢᠩ᠎ᠤᠨ ᠲᠦᠷᠦᠯ ᠵᠦᠢᠯ᠎ᠢ ᠬᠢᠨᠠᠨ ᠵᠦᠪᠱᠢᠶᠡᠷᠡᠭᠦ᠌ ᠴᠠᠭ᠎ᠤᠨ ᠬᠢᠵᠠᠭᠠᠷᠯᠠᠯ᠎ᠢ 100 ᠠᠵᠢᠯᠯᠠᠬᠤ ᠡᠳᠦᠷ ᠪᠤᠯᠭᠠᠨ ᠪᠤᠭᠤᠨᠢᠰᠭᠠᠪᠠ᠃ 2020 ᠤᠨ᠎ᠳᠤ ᠮᠠᠨ᠎ᠤ ᠤᠷᠤᠨ᠎ᠤ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠭᠠᠷ ᠬᠦᠢᠴᠡᠳᠭᠡᠯ᠎ᠢ ᠲᠦᠭᠦᠮᠴᠢᠯᠡᠭᠦ᠌᠂ ᠠᠷᠠᠳ᠎ᠲᠤ ᠲᠦᠭᠦᠮ ᠦᠵᠡᠭᠦᠯᠬᠦ᠌ ᠠᠯᠢ ᠤᠯᠠᠨ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠤ᠂ ᠬᠢᠨᠠᠨ ᠵᠦᠪᠱᠢᠶᠡᠷᠡᠯ ᠦᠢᠯᠡᠴᠢᠯᠡᠭᠡᠨ᠎ᠤ ᠦᠷ᠎ᠡ ᠪᠦᠳᠦᠮᠵᠢ᠎ᠶ᠋ᠢ ᠳᠠᠰᠤᠷᠠᠯᠳᠠ ᠦᠭᠡᠢ ᠳᠡᠭᠡᠭ᠌ᠰᠢᠯᠡᠭᠦᠯᠤᠨ᠂ ᠵᠠᠰᠠᠭ᠎ᠤᠨ ᠤᠷᠳᠤᠨ᠎ᠤ ᠦᠢᠯᠡᠴᠢᠯᠡᠭᠡᠨ᠎ᠤ ᠴᠢᠳᠠᠪᠤᠷᠢ᠎ᠶ᠋ᠢ ᠢᠯᠡᠳᠳᠡ ᠳᠡᠭᠡᠭ᠌ᠰᠢᠯᠡᠭᠦᠯᠦᠭ᠌ᠰᠡᠨ᠎ᠢᠶᠠᠷ᠂ ᠬᠢᠨᠠᠨ ᠬᠠᠮᠢᠶᠠᠷᠤᠯᠳᠠ᠎ᠶ᠋ᠢᠨ ᠦᠷ᠎ᠠ ᠪᠦᠳᠦᠮᠵᠢ ᠢᠯᠡᠳᠳᠡ ᠨᠡᠮᠡᠭ᠌ᠳᠡᠵᠤ᠂ ᠬᠤᠳᠠᠯᠳᠤᠭ᠎ᠠ ᠡᠷᠬᠢᠯᠡᠭᠦ᠌ ᠤᠷᠴᠢᠨ ᠨᠦᠭᠦᠴᠡᠯ ᠰᠠᠢᠵᠢᠷᠠᠬ᠍ᠰᠠᠨ ᠪᠠᠢᠨ᠎ᠠ᠃
ᠦᠪᠡᠷᠳᠡᠭᠡᠨ ᠵᠠᠰᠠᠬᠤ ᠤᠷᠤᠨ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠶ᠋ᠢᠨ ᠪᠠᠷᠢᠮᠵᠢᠶᠠᠵᠢᠭ᠍ᠰᠠᠨ ᠱᠢᠰᠲ᠋ᠧᠮ᠎ᠤᠨ ᠵᠦᠭ᠌ᠯᠡᠭᠦᠷ᠎ᠢ ᠳᠤᠭ᠍ᠳᠠᠭᠠᠵᠤ᠂ ᠪᠦᠬᠦ᠌ ᠤᠷᠤᠨ᠎ᠤ ᠨᠢᠭᠡ ᠴᠤᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠳᠠᠪᠴᠠᠩ᠎ᠢ ᠦᠨᠳᠦᠰᠦᠨ᠎ᠳᠡᠭᠡᠨ ᠪᠠᠢᠭᠤᠯᠤᠨ᠂ ᠳᠠᠪᠤᠨ ᠱᠠᠳᠤ᠎ᠶ᠋ᠢᠨ ᠤᠷᠤᠯᠠᠨ ᠬᠦᠢᠴᠡᠳᠭᠡᠭᠦ᠌ ᠬᠠᠪᠰᠤᠷᠤᠨ ᠬᠦᠢᠴᠡᠳᠭᠡᠭᠦ᠌ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠪᠠ᠃ 2020 ᠤᠨ᠎ᠤ ᠬᠢᠵᠢᠭ᠎ᠤᠨ ᠪᠠᠢᠳᠠᠯ᠎ᠤᠨ ᠳᠤᠤᠷ᠎ᠠ᠂ ᠮᠠᠨ᠎ᠤ ᠤᠷᠤᠨ 《ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌》 ᠦᠭᠡᠷᠡᠴᠢᠯᠡᠯᠳᠡ᠎ᠶ᠋ᠢᠨ 《ᠲᠦᠷᠭᠡᠨ ᠳᠠᠷᠤᠪᠴᠢ》 ᠶ᠋ᠢ ᠳᠠᠷᠤᠵᠤ᠂ ᠵᠢᠱ᠌ᠢᠶᠡᠯᠡᠪᠡᠯ 《ᠨᠢᠭᠤᠷ ᠠᠭᠤᠯᠵᠠᠬᠤ ᠦᠭᠡᠢ᠎ᠪᠠᠷ ᠳᠠᠭᠠᠭᠠᠴᠢᠯᠡᠯᠳᠠ ᠵᠠᠷᠯᠠᠬᠤ》᠂ 《ᠡᠭᠦᠯᠡᠨ ᠳᠡᠪᠴᠠᠩ᠎ᠢᠶᠠᠷ ᠠᠵᠢᠯᠴᠢᠨ ᠠᠵᠢᠯᠳᠠᠨ ᠤᠷᠢᠬᠤ》᠂ 《ᠡᠭᠦᠯᠡᠨ ᠳᠠᠪᠴᠠᠩ᠎ᠢᠶᠠᠷ ᠭᠠᠷᠤᠨ ᠦᠰᠦᠭ ᠵᠢᠷᠤᠬᠤ》 ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ᠎ᠶ᠋ᠢ ᠨᠡᠭᠡᠭᠡᠵᠤ᠂ 《ᠬᠡᠯᠳᠦᠷᠢᠭᠦᠯᠭᠦ᠌ ᠲᠦᠷᠢᠮ》᠂ 《ᠮᠡᠳᠡᠭ᠌ᠳᠡᠭᠦ᠌ ᠠᠮᠠᠯᠳᠠᠯᠭ᠎ᠠ᠎ᠶ᠋ᠢᠨ ᠲᠦᠷᠢᠮ》᠂ 《ᠳᠡᠭ ᠴᠠᠭ ᠬᠤᠢᠱᠢᠯᠠᠭᠤᠯᠬᠤ》 ᠪᠤᠭᠤᠮᠳᠠ ᠨᠡᠪᠳᠡᠷᠡᠭᠦ᠌ ᠵᠡᠷᠭᠡ ᠦᠢᠯᠡᠴᠢᠯᠡᠭᠡᠨ᠎ᠤ ᠪᠠᠳᠤᠯᠠᠭ᠎ᠠ ᠬᠠᠩᠭᠠᠵᠤ᠂ ᠬᠢᠵᠢᠭ᠎ᠤᠨ ᠪᠠᠢᠳᠠᠯ᠎ᠢ ᠰᠠᠷᠭᠡᠢᠯᠡᠨ ᠡᠵᠡᠮᠳᠡᠭᠦ᠎ᠳᠤ ᠠᠱᠢᠭ᠍ᠳᠠᠢ ᠮᠦᠷᠳᠡᠭᠡᠨ ᠠᠵᠤ ᠠᠬᠤᠢ᠍ᠢᠯᠠᠯ ᠪᠤᠯᠤᠨ ᠠᠷᠠᠳ ᠲᠦᠮᠡᠨ᠎ᠳᠤ ᠲᠦᠭᠦᠮ ᠬᠠᠩᠭᠠᠨ᠂ ᠲᠦᠷᠦ᠎ᠶ᠋ᠢᠨ ᠪᠤᠳᠤᠯᠭ᠎ᠠ᠎ᠶ᠋ᠢᠨ ᠠᠱᠢᠭ᠎ᠢ ᠨᠡᠢᠭᠡᠮ ᠨᠡᠢᠳᠡ᠎ᠳᠤ ᠬᠦᠷᠳᠡᠭᠡᠵᠠᠢ᠃ 《ᠮᠦᠩᠭᠡ ᠰᠤᠪᠠᠭ》 ᠪᠦᠬᠦ᠌ ᠤᠷᠤᠨ᠎ᠤ ᠨᠢᠭᠡᠳᠦᠯᠳᠡᠢ ᠵᠠᠰᠠᠭ᠎ᠤᠨ ᠶᠠᠪᠤᠳᠠᠯ᠎ᠤᠨ ᠨᠡᠭᠦᠳᠡᠯ ᠦᠢᠯᠡᠴᠢᠯᠡᠭᠡᠨ᠎ᠤ ᠳᠠᠪᠴᠠᠩ᠎ᠢ ᠪᠠᠢᠭᠤᠯᠵᠤ᠂ ᠦᠪᠡᠷᠳᠡᠭᠡᠨ ᠵᠠᠰᠠᠬᠤ ᠤᠷᠤᠨ᠎ᠤ ᠳᠤᠰ ᠱᠠᠳᠤᠨ᠎ᠤ ᠢᠨᠲ᠋ᠧᠷ ᠰᠦᠯᠵᠢᠶ᠎ᠡ᠎ᠪᠠᠷ ᠭᠠᠷ ᠬᠦᠢᠴᠡᠳᠭᠡᠯ ᠬᠦᠢᠴᠡᠳᠭᠡᠭᠦ᠌ ᠨᠤᠷᠮ᠎ᠠ 90.7% ᠳᠤ ᠬᠦᠷᠴᠦ᠍᠂ ᠡᠯ᠎ᠠ ᠲᠦᠷᠦᠯ᠎ᠤᠨ ᠵᠠᠰᠠᠭ᠎ᠤᠨ ᠶᠠᠪᠤᠳᠠᠯ᠂ ᠨᠡᠢᠭᠡᠮ᠎ᠤᠨ ᠡᠬᠢ ᠪᠠᠶᠠᠯᠢᠭ᠎ᠢ ᠠᠭᠤᠰᠤᠯᠴᠠᠭᠤᠯᠤᠨ ᠵᠤᠯᠭᠠᠯᠴᠠᠭᠤᠯᠵᠤ᠎ᠶ᠋ᠢ ᠪᠡᠶᠡᠯᠡᠭᠦᠯᠵᠤ᠂ ᠰᠦᠯᠵᠢᠶᠡᠨ ᠳᠡᠭᠡᠷ᠎ᠡ 《ᠨᠢᠭᠡ ᠦᠷᠳᠡᠭᠡᠨ᠎ᠤ ᠬᠡᠯᠪᠡᠷᠢ》 ᠪᠠᠷ ᠠᠰᠠᠭᠤᠨ ᠯᠠᠪᠯᠠᠭ᠎ᠠ ᠬᠢᠭᠦ᠌᠂ ᠤᠷᠢᠳᠴᠢᠯᠠᠨ ᠪᠤᠯᠵᠤᠬᠤ᠂ ᠭᠠᠷ ᠬᠦᠢᠴᠡᠳᠭᠡᠯ ᠬᠢᠭᠦ᠌᠂ ᠦᠨᠡᠯᠡᠯᠳᠡ ᠬᠢᠭᠦ᠌ ᠵᠡᠷᠭᠡ ᠪᠦᠬᠦ᠌ ᠶᠠᠪᠤᠴᠠ᠎ᠶ᠋ᠢ ᠬᠦᠢᠴᠡᠳᠭᠡᠭᠦ᠌ ᠵᠠᠭ᠍ᠪᠤᠷ᠎ᠢ ᠳᠡᠯᠭᠡᠷᠡᠭᠦᠯᠬᠦ᠌᠎ᠪᠠᠷ ᠳᠠᠮᠵᠢᠨ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ》 ᠤ ᠤᠢ᠍ᠢᠯᠠᠭᠠᠭ᠍ᠳᠠᠬᠤᠨ᠎ᠨᠢ ᠬᠦᠮᠦᠰ᠎ᠤᠨ ᠰᠡᠳᠭᠢᠯ᠎ᠳᠤ ᠬᠠᠳᠠᠩᠱᠢᠭ᠍ᠰᠠᠨ ᠪᠠᠢᠨ᠎ᠠ᠃ ᠡᠨᠡ ᠵᠢᠯ᠎ᠤᠨ ᠰᠡᠭᠦᠯᠴᠢ ᠪᠤᠯᠳᠠᠯ᠎ᠠ᠂ ᠤᠷᠤᠨ ᠨᠤᠳᠤᠭ ᠪᠤᠯᠤᠨ ᠰᠠᠯᠠᠭ᠎ᠠ ᠮᠦᠴᠢᠷ᠎ᠤᠨ ᠳᠠᠪᠴᠠᠩ᠎ᠢ ᠤᠯᠤᠰ ᠪᠤᠯᠤᠨ ᠦᠪᠡᠷᠳᠡᠭᠡᠨ ᠵᠠᠰᠠᠬᠤ ᠤᠷᠤᠨ᠎ᠤ ᠳᠠᠪᠴᠠᠩᠯᠤᠭᠠ ᠵᠤᠯᠭᠠᠯᠴᠠᠭᠤᠯᠬᠤ᠎ᠶ᠋ᠢ ᠪᠡᠶᠡᠯᠡᠭᠦᠯᠵᠤ᠂ ᠨᠡᠩ ᠦᠷᠭᠡᠨ ᠬᠡᠪᠴᠢᠶᠠᠨ᠎ᠤ 《ᠨᠢᠭᠡ ᠰᠦᠯᠵᠢᠶ᠎ᠡ᠎ᠪᠠᠷ ᠪᠦᠬᠦᠨ᠎ᠢ ᠬᠦᠢᠴᠡᠳᠭᠡᠭᠦ᠌》 ᠶ᠋ᠢ ᠪᠡᠶᠡᠯᠡᠭᠦᠯᠬᠦ᠌᠎ᠪᠠᠷ ᠪᠤᠢ᠃
ᠮᠠᠨ᠎ᠤ ᠤᠷᠤᠨ 《ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠳᠤᠬᠠᠢ ᠠᠷᠭ᠎ᠠ ᠬᠡᠮᠵᠢᠶᠡᠨᠤᠭᠤᠳ》 ᠢ ᠳᠤᠭ᠍ᠳᠠᠭᠠᠵᠤ᠂ ᠠᠵᠤ ᠠᠬᠤᠢ᠍ᠢᠯᠠᠯ᠎ᠤᠨ ᠭᠠᠢᠯᠢ ᠳᠠᠳᠠᠪᠤᠷᠢ᠎ᠶ᠋ᠢᠨ ᠳᠠᠷᠤᠭᠠᠰᠤ᠎ᠶ᠋ᠢ ᠬᠦᠩᠭᠡᠯᠡᠭᠦ᠌᠂ ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢ᠍ᠢᠯᠠᠯ᠎ᠤᠨ ᠪᠡᠯᠡ ᠬᠤᠷᠠᠮᠳᠤᠭᠤᠯᠬᠤ᠎ᠳᠤ ᠬᠦᠴᠢᠷᠳᠠᠢ ᠪᠡᠯᠡ ᠬᠤᠷᠠᠮᠳᠤᠭᠤᠯᠬᠤ᠎ᠳᠤ ᠦᠨᠡᠳᠡᠢ ᠪᠠᠢᠬᠤ ᠠᠰᠠᠭᠤᠳᠠᠯ᠎ᠢ ᠱᠢᠢᠳᠪᠦᠷᠢᠯᠡᠭᠦ᠌᠂ ᠡᠷᠭᠡ ᠳᠡᠭ᠌ᠰᠢ ᠦᠷᠢᠰᠦᠯᠳᠦᠭᠡᠨ᠎ᠤ ᠤᠷᠴᠢᠨ ᠳᠤᠭᠤᠷᠢᠨ᠎ᠢ ᠪᠤᠢ ᠪᠤᠯᠭᠠᠬᠤ᠂ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠠᠷᠭ᠎ᠠ ᠬᠡᠮᠵᠢᠶ᠎ᠠ᠎ᠶ᠋ᠢ ᠳᠡᠭᠦᠯᠳᠡᠷᠵᠢᠭᠦᠯᠬᠦ᠂ ᠵᠠᠰᠠᠬ᠎ᠤᠨ ᠤᠷᠳᠤᠨ ᠪᠠ ᠬᠤᠳᠠᠯᠳᠤᠭᠠᠨ᠎ᠤ ᠬᠤᠭᠤᠷᠤᠨᠳᠤᠬᠢ ᠲᠤᠳᠤᠨᠤ ᠴᠢᠭᠡᠴᠢ ᠱᠢᠨ᠎ᠡ ᠬᠠᠷᠢᠴᠠᠭ᠎ᠠ᠎ᠶ᠋ᠢ ᠪᠠᠢᠭᠤᠯᠬᠤ᠂ ᠠᠵᠤ ᠠᠬᠤᠢ᠍ᠢᠯᠠᠯᠳᠠᠨᠤ ᠳᠤᠰ ᠪᠡᠶ᠎ᠠ ᠵᠢᠴᠢ ᠡᠳ᠋ ᠬᠦᠷᠦᠩᠭᠡ᠎ᠶ᠋ᠢᠨ ᠠᠮᠤᠷ ᠲᠦᠪᠱᠢᠨ ᠵᠡᠷᠭᠡ 6 ᠳᠠᠯ᠎ᠠ᠎ᠶ᠋ᠢ ᠪᠠᠭ᠍ᠳᠠᠭᠠᠭ᠍ᠰᠠᠨ 26 ᠵᠦᠢᠯ᠎ᠤᠨ ᠪᠤᠳᠠᠳᠠᠢ ᠠᠷᠭ᠎ᠠ ᠬᠡᠮᠵᠢᠶ᠎ᠡ᠎ᠶ᠋ᠢ ᠳᠤᠭ᠍ᠳᠠᠭᠠᠵᠤ᠂ ᠲᠦᠷᠦ᠎ᠶ᠋ᠢᠨ ᠪᠤᠳᠤᠯᠭ᠎ᠠ᠎ᠶ᠋ᠢᠨ ᠳᠠᠯ᠎ᠠ᠎ᠠᠴᠠ ᠲᠦᠯᠦᠪᠯᠡᠨ᠂ ᠨᠠᠢᠳᠠᠪᠤᠷᠢᠵᠢᠭᠤᠯᠬᠤ ᠳᠠᠯ᠎ᠠ᠎ᠠᠴᠠ ᠬᠠᠷᠢᠭᠤᠴᠠᠯᠭ᠎ᠠ᠎ᠶ᠋ᠢ ᠳᠤᠳᠤᠷᠬᠠᠢᠯᠠᠨ ᠦᠢᠯᠡᠳᠦᠯᠭᠡᠵᠢᠭᠦᠯᠦᠭ᠌ᠰᠡᠨ ᠪᠠᠢᠨ᠎ᠠ᠃ ᠠᠵᠤ ᠠᠬᠤᠢ᠍ᠢᠯᠠᠯ᠎ᠤᠨ ᠬᠦᠴᠢᠷᠳᠡᠯ᠎ᠢ ᠳᠠᠢᠯᠬᠤ 100 ᠳ᠋ᠦᠩᠱᠢᠭᠤᠷ ᠲᠦᠭᠦᠷᠢᠭ᠎ᠤᠨ ᠬᠦᠭ᠌ᠵᠢᠯᠳᠡ᠎ᠶ᠋ᠢᠨ ᠰᠠᠭᠤᠷᠢ ᠮᠦᠩᠭᠦ᠌᠂ ᠬᠦᠳᠡᠯᠦᠩᠭᠦᠢ ᠴᠢᠨᠠᠷᠳᠠᠢ 100 ᠳ᠋ᠦᠩᠱᠢᠭᠤᠷ ᠲᠦᠭᠦᠷᠢᠭ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠭᠦ᠌ ᠰᠠᠭᠤᠷᠢ ᠮᠦᠩᠭᠦ᠎ᠶ᠋ᠢ ᠪᠠᠢᠭᠤᠯᠪᠠ᠃ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠬᠤ ᠳᠤᠬᠠᠢ ᠲᠦᠪ᠎ᠤᠨ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠳᠤ ᠦᠪᠡᠷᠳᠡᠭᠡᠨ ᠵᠠᠰᠠᠬᠤ ᠤᠷᠤᠨ᠎ᠠᠴᠠ ᠤᠷᠤᠨ ᠨᠤᠳᠤᠭ᠎ᠤᠨ ᠡᠷᠭᠡ᠎ᠶ᠋ᠢᠨ ᠬᠢᠵᠠᠭᠠᠷᠯᠠᠯ᠎ᠤᠨ ᠬᠡᠪᠴᠢᠶᠡᠨ ᠳᠤᠳᠤᠷ᠎ᠠ᠎ᠪᠠᠨ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ ᠱᠢᠨ᠎ᠡ᠎ᠪᠠᠷ 234.4 ᠳ᠋ᠦᠩᠱᠢᠭᠤᠷ ᠲᠦᠭᠦᠷᠢᠭ᠎ᠤᠨ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠤᠭ᠍ᠰᠠᠨ ᠪᠠᠢᠨ᠎ᠠ᠃ ᠡᠨᠡ ᠵᠢᠯ ᠡᠯ᠎ᠠ ᠲᠦᠷᠦᠯ᠎ᠤᠨ ᠲᠦᠷᠦ᠎ᠶ᠋ᠢᠨ ᠪᠤᠳᠤᠯᠭ᠎ᠠ᠎ᠶ᠋ᠢᠨ ᠬᠦᠴᠦᠳᠠᠢ ᠳᠤᠯᠭᠠᠭᠤᠷᠢᠯᠠᠯ ᠳᠡᠮᠵᠢᠯᠭᠡ᠎ᠪᠠᠷ ᠪᠦᠬᠦ᠌ ᠤᠷᠤᠨ᠎ᠤ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ ᠠᠵᠢᠯ᠎ᠶ᠋ᠢᠨ ᠰᠡᠷᠭᠦᠭᠡᠵᠤ ᠦᠢᠯᠡᠳᠪᠦᠷᠢᠯᠡᠯ᠎ᠢᠶᠠᠨ ᠰᠡᠷᠭᠦᠭᠡᠭᠦ᠎ᠨᠢ ᠲᠦᠷᠭᠡᠳᠴᠦ᠍᠂ 10 ᠰᠠᠷ᠎ᠠ᠎ᠶ᠋ᠢᠨ ᠰᠡᠭᠦᠯᠴᠢ ᠪᠤᠯᠳᠠᠯ᠎ᠠ᠂ ᠪᠤᠳᠠᠳᠠᠢ ᠪᠠᠢᠭ᠎ᠠ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ ᠳᠤᠭ᠎ᠠ 225.5 ᠲᠦᠮᠡ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠠᠴᠠ 8.5% ᠪᠠᠷ ᠨᠡᠮᠡᠭ᠌ᠳᠡᠭ᠌ᠰᠡᠨ ᠪᠠᠢᠨ᠎ᠠ᠃
ᠦᠢᠯᠡᠴᠢᠯᠡᠭᠡᠨ᠎ᠤ ᠦᠢᠯᠡᠰ ᠬᠢᠭᠡᠳ ᠱᠢᠨᠵᠢᠯᠡᠭᠦ᠌ ᠤᠬᠠᠭᠠᠨ ᠲᠧᠭ᠌ᠨᠢᠭ ᠮᠡᠷᠭᠡᠵᠢᠯ ᠪᠤᠯ ᠮᠠᠨ᠎ᠤ ᠤᠷᠤᠨ᠎ᠤ ᠬᠦᠭ᠌ᠵᠢᠯᠳᠡ᠎ᠶ᠋ᠢᠨ ᠳᠤᠳᠠᠭᠤᠳᠠᠯ ᠪᠤᠯᠤᠨ᠎ᠠ᠂ ᠠᠳᠡ ᠪᠠᠰᠠ ᠮᠠᠨ᠎ᠤ ᠤᠷᠤᠨ᠎ᠤ ᠬᠤᠢᠱᠢᠳᠠ᠎ᠶ᠋ᠢᠨ ᠬᠦᠭ᠌ᠵᠢᠯᠳᠡ᠎ᠶ᠋ᠢᠨ ᠨᠦᠭᠡᠴᠡ ᠬᠦᠴᠤᠨ ᠪᠠᠢᠨ᠎ᠠ᠃ ᠮᠠᠨ᠎ᠤ ᠤᠷᠤᠨ ᠰᠤᠷᠭᠠᠨ ᠬᠦᠮᠦᠵᠢᠯ᠂ ᠱᠢᠨᠵᠢᠯᠡᠭᠦ᠌ ᠤᠬᠠᠭᠠᠨ ᠲᠧᠭ᠌ᠨᠢᠭ ᠮᠡᠷᠭᠡᠵᠢᠯ᠂ ᠡᠮ ᠡᠮᠨᠡᠯᠭᠡ ᠡᠷᠡᠭᠦᠯᠵᠢᠯ ᠵᠢᠴᠢ ᠦᠢᠯᠡᠳᠪᠦᠷᠢᠯᠡᠯ᠎ᠤᠨ ᠴᠢᠨᠠᠷᠳᠠᠢ ᠦᠢᠯᠡᠴᠢᠯᠡᠭᠡᠨ᠎ᠤ ᠦᠢᠯᠡᠰ᠎ᠤᠨ ᠬᠦᠭ᠌ᠵᠢᠯᠳᠡ᠎ᠶ᠋ᠢ ᠲᠦᠷᠭᠡᠳᠭᠡᠵᠤ᠂ ᠰᠤᠶᠤᠯ ᠵᠢᠭᠤᠯᠴᠢᠯᠠᠯ ᠵᠡᠷᠭᠡ ᠳᠠᠯ᠎ᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠰᠠᠢᠳᠤᠷ ᠪᠠᠳᠠᠷᠠᠭᠤᠯᠤᠨ ᠰᠠᠢᠳᠤᠷ ᠠᠱᠢᠬ᠍ᠯᠠᠬᠤ᠎ᠶ᠋ᠢ ᠠᠬᠢᠭᠤᠯᠵᠤ ᠪᠤᠢ᠃
ᠪᠦᠬᠦ᠌ ᠤᠷᠤᠨ᠎ᠤ 《ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌》 ᠦᠭᠡᠷᠡᠴᠢᠯᠡᠯᠳᠡ᠎ᠶ᠋ᠢ ᠬᠦᠨᠵᠡᠭᠡᠢᠷᠡᠭᠦᠯᠦᠨ ᠬᠤᠳᠠᠯᠳᠤᠭ᠎ᠠ ᠡᠷᠬᠢᠯᠡᠭᠦ᠌ ᠤᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠴᠢᠨᠠᠭ᠍ᠰᠢᠳᠠ ᠠᠬᠢᠭᠤᠯᠬᠤ᠎ᠶ᠋ᠢᠨ ᠳᠤᠰᠠᠳᠠ᠂ 12 ᠰᠠᠷ᠎ᠠ᠎ᠶ᠋ᠢᠨ 12 ᠤᠨ ᠡᠳᠦᠷ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠳᠢᠩᠬᠢᠮ᠎ᠠᠴᠠ 《ᠪᠦᠬᠦ᠌ ᠤᠯᠤᠰ᠎ᠤᠨ 〈ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌〉 ᠦᠭᠡᠷᠡᠴᠢᠯᠡᠯᠳᠡ᠎ᠶ᠋ᠢ ᠬᠦᠨᠵᠡᠭᠡᠢᠷᠡᠭᠦᠯᠦᠨ ᠬᠤᠳᠠᠯᠳᠤᠭ᠎ᠠ ᠡᠷᠬᠢᠯᠡᠭᠦ᠌ ᠤᠷᠴᠢᠨ ᠳᠤᠭᠤᠷᠢᠨ᠎ᠢ ᠱᠢᠯᠢᠳᠡᠭ᠌ᠵᠢᠭᠦᠯᠬᠦ᠌ ᠲᠧᠯᠧᠢᠰ ᠤᠳᠠᠰᠤ ᠬᠤᠷᠠᠯ᠎ᠤᠨ ᠭᠤᠤᠯᠳᠠᠯᠭ᠎ᠠ᠎ᠲᠠᠢ ᠡᠭᠦᠷᠭᠡ᠎ᠶ᠋ᠢ ᠳᠤᠭᠤᠱᠢᠯᠠᠭᠤᠯᠤᠨ ᠨᠠᠢᠳᠠᠪᠤᠷᠢᠵᠢᠭᠤᠯᠬᠤ ᠳᠤᠬᠠᠢ ᠦᠪᠡᠷᠳᠡᠭᠡᠨ ᠵᠠᠰᠠᠬᠤ ᠤᠷᠤᠨ᠎ᠤ ᠠᠵᠢᠯ᠎ᠤᠨ ᠬᠤᠪᠢᠶᠠᠷᠢᠯᠠᠯ᠎ᠤᠨ ᠲᠦᠰᠦᠯ᠎ᠤᠨ ᠮᠡᠳᠡᠭ᠌ᠳᠡᠯ》 ᠢ ᠨᠡᠢᠳᠡᠯᠡᠵᠤ᠂ ᠪᠦᠬᠦ᠌ ᠤᠷᠤᠨ᠎ᠤ ᠬᠡᠪᠴᠢᠶᠡᠨ᠎ᠡ᠂ ᠪᠤᠳᠠᠳᠠᠢ ᠪᠠᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭᠠᠢ ᠳᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠱᠠᠭᠠᠷᠳᠠᠭ᠍ᠰᠠᠨ ᠪᠠᠢᠨ᠎ᠠ᠃