ᠨᠡᠭᠦᠷᠡᠰᠦᠨ ᠠᠭᠤᠷᠬᠠᠢ᠎ᠳᠤ 116 ᠱᠢᠨ᠎ᠠ᠎ᠶ᠋ᠢ ᠡᠬᠦᠳᠦᠭ᠌ᠰᠡᠨ ᠳᠣᠰᠭᠠᠢ ᠮᠡᠷᠭᠡᠵᠢᠯᠳᠡᠨ — ᠪᠦᠬᠦ᠌ ᠤᠯᠤᠰ᠎ᠤᠨ ᠬᠦᠳᠡᠯᠮᠤᠷᠢ᠎ᠶ᠋ᠢᠨ ᠵᠢᠱ᠌ᠢᠶᠡᠴᠢ ᠸᠧᠢ ᠵᠢᠶᠠᠨ ᠱᠢᠶᠦ᠋ᠩ᠎ᠢ ᠲᠡᠮᠳᠡᠭ᠌ᠯᠡᠪᠠ
2021-01-05 09:25:08
ᠵᠣᠬᠢᠶᠠᠭ᠍ᠴᠢ᠄
ᠰᠡᠴᠡᠡ
ᠣᠩᠱᠢᠭ᠍ᠰᠠᠨ ᠣᠳᠠᠭ᠎ᠠ᠄
★★★☆☆

1991 ᠣᠨ᠎ᠤ 9 ᠰᠠᠷ᠎ᠠ᠎ᠳᠤ᠂ ᠹᠦᠱᠢᠨ᠎ᠤ ᠨᠡᠭᠦᠷᠡᠰᠦᠨ ᠠᠭᠤᠷᠬᠠᠢ᠎ᠶ᠋ᠢᠨ ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ᠎ᠶ᠋ᠢᠨ ᠮᠠᠱᠢᠨ ᠲᠤᠨᠤᠭ ᠰᠡᠯᠪᠢᠨ ᠵᠠᠰᠠᠬᠤ ᠲᠤᠰᠭᠠᠢ ᠮᠡᠷᠭᠡᠵᠢᠯ᠎ᠠᠴᠠ ᠲᠡᠭᠦᠰᠦᠭ᠌ᠰᠡᠨ ᠸᠧᠢ ᠵᠢᠶᠠᠨ ᠱᠢᠶᠦ᠋ᠩ ᠤᠤᠯ᠎ᠤᠨ ᠵᠡᠭᠦᠨᠭᠠᠷ ᠨᠡᠭᠦᠷᠡᠰᠦᠨ᠎ᠤ ᠠᠵᠤ ᠦᠢᠯᠡᠳᠪᠦᠷᠢ᠎ᠶ᠋ᠢᠨ ᠺᠣᠮᠫᠠᠨᠢ᠎ᠶ᠋ᠢᠨ ᠵᠠᠳᠠᠭᠠᠢ ᠠᠭᠤᠷᠬᠠᠢ᠎ᠶ᠋ᠢᠨ ᠲᠥᠬᠦᠭᠡᠷᠦᠮᠵᠢ ᠰᠡᠯᠪᠢᠨ ᠵᠠᠰᠠᠬᠤ ᠬᠡᠯᠲᠡᠰ᠎ᠲᠤ ᠠᠵᠢᠯ᠎ᠤᠨ ᠭᠠᠷᠤᠭ᠎ᠠ ᠠᠪᠴᠤ᠌᠂ ᠴᠠᠬᠢᠯᠭᠠᠨ ᠬᠤᠰᠤᠭᠤᠷ ᠥᠷᠥᠮᠳᠡᠭᠦᠷ ᠮᠠᠱᠢᠨ᠎ᠢ ᠰᠡᠯᠪᠢᠨ ᠵᠠᠰᠠᠵᠣ ᠠᠷᠠᠴᠢᠯᠠᠨ ᠬᠠᠮᠠᠭᠠᠯᠠᠬᠤ ᠠᠵᠢᠯ᠎ᠢ ᠬᠠᠷᠢᠭᠤᠴᠠᠨ᠂ ᠵᠡᠭᠦᠨᠭᠠᠷ᠎ᠤᠨ ᠨᠡᠭᠦᠷᠡᠰᠦᠨ ᠠᠭᠤᠷᠬᠠᠢ᠎ᠶ᠋ᠢᠨ ᠪᠦᠳᠦᠭᠡᠨ ᠪᠠᠢᠭᠤᠯᠣᠯᠳᠠ᠎ᠳᠤ ᠭᠠᠷᠮᠠᠭᠠᠢᠯᠠᠨ ᠣᠷᠣᠯᠴᠠᠪᠠ᠃

ᠴᠠᠬᠢᠯᠭᠠᠨ ᠬᠤᠰᠤᠭᠤᠷ᠎ᠠᠴᠠ ᠥᠷᠥᠮᠳᠡᠭᠦᠷ ᠮᠠᠱᠢᠨ ᠬᠦᠷᠲᠡᠯ᠎ᠡ᠂ ᠤᠯᠤᠰ᠎ᠲᠠᠭᠠᠨ ᠦᠢᠯᠡᠳᠪᠦᠷᠢᠯᠡᠭ᠌ᠰᠡᠨ ᠮᠠᠱᠢᠨ᠎ᠠᠴᠠ ᠭᠠᠳᠠᠭᠠᠳᠤ᠎ᠠᠴᠠ ᠤᠷᠤᠭᠤᠯᠤᠭ᠍ᠰᠠᠨ ᠲᠥᠬᠦᠭᠡᠷᠦᠮᠵᠢ ᠬᠦᠷᠲᠡᠯ᠎ᠡ᠂ ᠪᠠᠭ᠎ᠠ ᠬᠡᠯᠪᠡᠷᠢ᠎ᠶ᠋ᠢᠨ ᠮᠠᠱᠢᠨ᠎ᠠᠴᠠ ᠲᠤᠮᠤ ᠬᠡᠯᠪᠡᠷᠢ᠎ᠶ᠋ᠢᠨ ᠮᠧᠬᠠᠨᠢᠭ ᠬᠦᠷᠳᠡᠯ᠎ᠠ ᠲᠡᠷᠡ ᠰᠡᠯᠪᠢᠨ ᠵᠠᠰᠠᠬᠤ ᠮᠡᠷᠭᠡᠵᠢᠯ᠎ᠢ ᠪᠦᠬᠦ᠌ ᠳᠠᠯ᠎ᠠ᠎ᠪᠠᠷ ᠰᠤᠷᠴᠤ᠌ ᠡᠵᠡᠮᠱᠢᠬᠦ᠌᠎ᠶ᠋ᠢᠨ ᠬᠠᠮᠳᠤ ᠭᠠᠳᠠᠭᠠᠳᠤ᠎ᠶ᠋ᠢᠨ ᠦᠶᠯᠡᠳᠪᠦᠷᠢ᠎ᠶ᠋ᠢᠨ ᠴᠢᠩᠭ᠎ᠠ ᠪᠣᠯᠪᠠᠰᠤᠷᠠᠯ᠎ᠳᠤ ᠣᠷᠣᠯᠴᠠᠵᠤ ᠥᠩᠭᠡᠷᠡᠪᠡ᠃ ᠡᠳᠡᠭᠡᠷ᠎ᠨᠢ᠂ ᠲᠡᠭᠦᠨ᠎ᠢ ᠡᠯᠪᠡᠭ ᠪᠠᠶᠠᠯᠢᠭ ᠦᠶᠯᠡᠳᠦᠯᠭᠡ᠎ᠶ᠋ᠢᠨ ᠲᠤᠷᠱᠢᠯᠭ᠎ᠠ᠎ᠲᠠᠢ ᠪᠣᠯᠭᠠᠵᠣ᠂ ᠲᠣᠨᠤᠭ ᠲᠥᠬᠦᠭᠡᠷᠦᠮᠵᠢ᠎ᠶ᠋ᠢᠨ ᠣᠯᠠᠨ ᠠᠷᠪᠢᠨ ᠭᠡᠮ ᠠᠷᠬᠠᠭ ᠬᠦᠴᠢᠷ ᠲᠦᠪᠡᠭ᠎ᠲᠠᠢ ᠠᠰᠠᠭᠤᠳᠠᠯ ᠲᠡᠬᠦᠨ᠎ᠤ ᠭᠠᠷ᠎ᠢᠶᠠᠷ ᠲᠠᠮᠵᠢᠨ ᠱᠢᠢᠳᠪᠤᠷᠢᠯᠡᠭ᠌ᠳᠡᠵᠠᠢ᠃

ᠮᠡᠷᠭᠡᠵᠢᠯ᠎ᠤᠨ ᠠᠵᠢᠯᠴᠢᠨ᠎ᠤ ᠰᠤᠷᠭᠠᠭᠤᠯᠢ᠎ᠠᠴᠠ ᠲᠡᠭᠦᠰᠦᠭ᠌ᠰᠡᠨ ᠲᠡᠷᠡ ᠥᠪᠡᠷ᠎ᠤᠨ ᠣᠨᠣᠯ᠎ᠤᠨ ᠦᠨᠳᠦᠰᠦᠨ ᠪᠣᠯᠪᠠᠰᠤᠷᠠᠯ ᠲᠤᠰᠭᠠᠶ ᠮᠡᠷᠭᠡᠵᠢᠯ᠎ᠤᠨ ᠮᠡᠳᠡᠯᠭᠡ᠎ᠶ᠋ᠢᠨ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠮᠠᠱᠢᠨ ᠮᠧᠬᠠᠨᠢᠭ᠎ᠤᠨ ᠤᠭ ᠶᠣᠰᠣ ᠬᠢᠭᠡᠳ ᠰᠡᠯᠪᠢᠭ ᠲᠣᠨᠤᠭ》 ᠵᠡᠷᠭᠡ ᠲᠤᠰᠭᠠᠶ ᠮᠡᠷᠭᠡᠵᠢᠯ᠎ᠤᠨ ᠬᠢᠴᠢᠶᠡᠯ᠎ᠢ ᠥᠪᠡᠰᠦᠪᠡᠨ ᠰᠤᠷᠣᠯᠴᠠᠵᠣ᠂ ᠮᠠᠱᠢᠨ ᠴᠠᠬᠢᠯᠭᠠᠨ᠎ᠢ ᠨᠢᠭᠡ ᠴᠣᠭ᠍ᠴᠠᠵᠢᠭᠤᠯᠬᠤ ᠲᠤᠰᠭᠠᠶ ᠮᠡᠷᠭᠡᠵᠢᠯ᠎ᠤᠨ ᠶᠡᠭᠡ ᠰᠣᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠢ ᠣᠯᠵᠤ᠂ 2005 ᠣᠨ᠎ᠳᠤ ᠮᠠᠱᠢᠨ ᠮᠧᠬᠠᠨᠢᠭ ᠰᠡᠯᠪᠢᠨ ᠵᠠᠰᠠᠬᠤ ᠥᠷᠥᠯᠪᠢ᠎ᠶ᠋ᠢᠨ ᠮᠡᠷᠭᠡᠵᠢᠯᠲᠡᠨ᠎ᠤ ᠠᠵᠢᠯ ᠮᠡᠷᠭᠡᠵᠢᠯ᠎ᠤᠨ ᠬᠢᠷᠢ ᠬᠡᠮ᠎ᠲᠠᠢ ᠪᠣᠯᠵᠣ᠂ 2006 ᠣᠨ᠎ᠳᠤ ᠱᠧᠨ ᠬᠤᠸᠠ ᠪᠦᠯᠦᠭ᠌ᠯᠡᠯ᠎ᠤᠨ ᠳᠡᠭᠡᠳᠦ ᠵᠡᠷᠭᠡ᠎ᠶ᠋ᠢᠨ ᠮᠡᠷᠭᠡᠵᠢᠯᠳᠠᠨ ᠪᠣᠯᠪᠠ᠃ ᠲᠡᠷᠡ ᠵᠦᠪᠭᠡᠨ ᠤᠨᠤᠯ᠎ᠤᠨ ᠮᠡᠳᠡᠯᠭᠡ᠎ᠶ᠋ᠢ ᠡᠵᠡᠮᠱᠢᠭᠡᠳ ᠯᠡ ᠵᠤᠭ᠍ᠰᠤᠭ᠍ᠰᠠᠨ ᠦᠭᠡᠢ᠂ ᠮᠦᠨ ᠣᠯᠤᠭ᠍ᠰᠠᠨ ᠬᠢᠷᠢ ᠪᠦᠲᠦᠮᠵᠢ᠎ᠳᠡᠭᠡᠨ ᠪᠠᠷᠳᠠᠮᠨᠠᠭ᠍ᠰᠠᠨ ᠦᠭᠡᠢ᠂ ᠨᠡᠩ ᠴᠤ᠌ ᠬᠠᠷᠢ᠎ᠶ᠋ᠢᠨ᠎ᠬᠢ᠎ᠶ᠋ᠢ ᠰᠤᠬᠤᠷ ᠪᠠᠯᠠᠢ᠎ᠪᠠᠷ ᠱᠢᠲᠦᠭ᠌ᠰᠡᠨ ᠦᠭᠡᠢ᠃ ᠲᠡᠭᠦᠨ᠎ᠤ ᠦᠵᠡᠬᠦ᠌᠎ᠪᠠᠷ᠂ ᠲᠤᠬᠠᠢ᠎ᠶ᠋ᠢᠨ ᠲᠠᠯᠠᠪᠠᠢ᠎ᠶ᠋ᠢᠨ ᠦᠢᠯᠡᠳᠦᠯᠭᠡ ᠪᠣᠯ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠱᠢᠯᠭᠠᠬᠤ ᠬᠠᠮᠤᠭ᠎ᠤᠨ ᠰᠠᠢᠨ ᠬᠢᠴᠢᠶᠡᠯ᠎ᠤᠨ ᠲᠠᠩᠬᠢᠮ ᠪᠣᠯᠣᠨ᠎ᠠ᠂ ᠤᠨᠤᠯ᠎ᠤᠨ ᠮᠡᠳᠡᠯᠭᠡ᠎ᠨᠢ ᠪᠣᠳᠠᠲᠤ ᠠᠰᠠᠭᠤᠳᠠᠯ᠎ᠢ ᠱᠢᠶᠳᠪᠦᠷᠢᠯᠡᠵᠦ᠍ ᠴᠢᠳᠠᠬᠤ ᠦᠭᠡᠢ ᠪᠠᠢᠵᠣ ᠮᠡᠳᠡᠨ᠎ᠡ᠂ ᠭᠠᠳᠠᠭᠠᠳᠤ᠎ᠶ᠋ᠢᠨ᠎ᠬᠢ᠎ᠶ᠋ᠢ ᠲᠡᠷᠡ ᠬᠡᠪ᠎ᠢᠶᠠᠷ᠎ᠨᠢ ᠨᠡᠭᠦᠯᠭᠡᠨ ᠬᠡᠷᠡᠭ᠌ᠯᠡᠵᠦ᠍ ᠪᠣᠯᠬᠤ ᠦᠭᠡᠢ᠂ ᠠᠯᠢᠪᠠ ᠪᠦᠬᠦᠨ᠎ᠢ ᠲᠤᠬᠠᠶ᠎ᠶ᠋ᠢᠨ ᠲᠠᠯᠠᠪᠠᠢ᠎ᠶ᠋ᠢᠨ ᠬᠡᠷᠡᠭ᠌ᠴᠡᠭᠡ ᠪᠠ ᠦᠢᠯᠡᠳᠤᠯᠭᠡ᠎ᠶ᠋ᠢᠨ ᠲᠤᠷᠱᠢᠯᠭ᠎ᠠ᠎ᠪᠠᠨ ᠦᠨᠳᠦᠰᠦᠯᠡᠨ ᠲᠣᠭ᠍ᠲᠠᠭᠠᠬᠤ ᠬᠡᠷᠡᠭ᠌ᠲᠡᠶ᠃ ᠡᠢᠮᠤᠷᠬᠦᠤ ᠵᠤᠷᠢᠭ᠍ᠳᠠᠢ᠎ᠪᠠᠷ ᠱᠢᠨ᠎ᠠ᠎ᠶ᠋ᠢ ᠡᠬᠦᠳᠬᠦ᠌ ᠰᠤᠳᠤᠯᠭᠠᠨ᠎ᠤ ᠣᠪᠣᠷ ᠪᠠ ᠴᠦᠬᠦᠷᠡᠯ ᠦᠭᠡᠢ ᠴᠢᠷᠮᠠᠢᠯᠭ᠎ᠠ᠎ᠨᠢ ᠲᠡᠬᠦᠨ᠎ᠳᠤ ᠮᠠᠰᠢ ᠤᠯᠠᠨ ᠢᠷᠠᠭᠤ ᠠᠯᠳᠠᠷ ᠠᠪᠴᠢᠷᠠᠨ ᠦᠭ᠌ᠴᠡᠢ᠂ ᠲᠡᠷᠡ ᠤᠷᠢᠳ ᠬᠤᠵᠢᠳ 《ᠪᠦᠬᠦ᠌ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ》᠂ ᠲᠥᠪ᠎ᠤᠨ ᠠᠵᠤ ᠠᠬᠤᠢᠯᠠᠯ᠎ᠤᠨ 《ᠵᠠᠭᠤᠨ ᠭᠠᠷᠮᠠᠭᠠᠶ ᠤᠷᠠᠨ ᠳᠠᠷᠬᠠᠨ》᠂ ᠳᠤᠮᠳᠠᠳᠤ ᠤᠯᠤᠰ᠎ᠤᠨ ᠨᠡᠭᠦᠷᠡᠰᠦᠨ᠎ᠤ ᠠᠵᠢᠯ ᠲᠥᠷᠥᠯ᠎ᠤᠨ ᠮᠡᠷᠭᠡᠵᠢᠯ ᠴᠢᠳᠠᠪᠤᠷᠢ᠎ᠶ᠋ᠢᠨ ᠮᠠᠰᠲ᠋ᠧᠷ᠂ 《ᠲᠠᠯ᠎ᠠ ᠨᠤᠲᠤᠭ᠎ᠤᠨ ᠰᠣᠳᠣᠨ ᠴᠢᠳᠠᠪᠤᠷᠢᠲᠠᠨ》᠂ 《ᠪᠦᠬᠦ᠌ ᠤᠯᠤᠰ᠎ᠤᠨ ᠬᠦᠳᠡᠯᠮᠤᠷᠢ᠎ᠶ᠋ᠢᠨ ᠵᠢᠱ᠌ᠢᠶᠡᠴᠢ》 ᠵᠡᠷᠭᠡ᠎ᠪᠠᠷ ᠴᠣᠯᠠᠯᠠᠭ᠍ᠳᠠᠵᠣ᠂ 《ᠪᠦᠬᠦ᠌ ᠤᠯᠤᠰ᠎ᠤᠨ 〈5 · 1〉 ᠎ᠶ᠋ᠢᠨ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ》 《ᠲᠤᠮᠳᠠᠳᠤ᠎ᠶ᠋ᠢᠨ ᠮᠡᠷᠭᠡᠵᠢᠯ ᠴᠢᠳᠠᠪᠣᠷᠢ᠎ᠶ᠋ᠢᠨ ᠳᠣᠮᠣ ᠱᠠᠩᠨᠠᠯ》᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠣᠨᠴᠠᠭᠠᠢ ᠨᠥᠬᠦᠪᠥᠷᠢ ᠵᠡᠷᠭᠡ ᠰᠠᠢᠱᠢᠶᠠᠯ ᠬᠦᠬᠢᠬᠦᠯᠦᠯ᠎ᠢ ᠬᠦᠷᠲᠡᠵᠦ᠍᠂ ᠲᠡᠭᠦᠨ᠎ᠤ ᠡᠭᠦᠰᠭᠡᠨ ᠪᠠᠢᠭᠤᠯᠤᠭ᠍ᠰᠠᠨ ᠸᠧᠢ ᠵᠢᠶᠠᠨ ᠱᠢᠶᠦ᠋ᠩ ᠮᠡᠷᠭᠡᠵᠢᠯ ᠴᠢᠳᠠᠪᠣᠷᠢ᠎ᠶ᠋ᠢᠨ ᠮᠠᠰᠲ᠋ᠧᠷ᠎ᠤᠨ ᠠᠵᠢᠯ᠎ᠤᠨ ᠲᠠᠰᠤᠭ᠎ᠨᠢ ᠤᠯᠤᠰ᠎ᠤᠨ ᠲᠡᠰ᠎ᠤᠨ ᠮᠡᠷᠭᠡᠵᠢᠯ ᠴᠢᠳᠠᠪᠣᠷᠢ᠎ᠶ᠋ᠢᠨ ᠠᠵᠢᠯ᠎ᠤᠨ ᠲᠠᠰᠤᠭ᠎ᠢᠶᠠᠷ ᠴᠣᠯᠠᠯᠠᠭ᠍ᠳᠠᠪᠠ᠃

ᠸᠧᠶ ᠵᠢᠶᠠᠨ ᠱᠢᠶᠦ᠋ᠩ᠎ᠤᠨ ᠬᠠᠳᠠᠭᠤᠵᠢᠯᠳᠠᠢ ᠲᠡᠮᠡᠴᠡᠬᠦ᠌ ᠠᠵᠢᠯ᠎ᠤᠨ ᠰᠤᠷᠳᠠᠯ ᠪᠠ ᠴᠠᠭᠠᠷᠠᠭ᠍ᠰᠠᠨ ᠮᠡᠷᠭᠡᠵᠢᠯ ᠴᠢᠳᠠᠪᠣᠷᠢ᠎ᠨᠢ ᠠᠵᠢᠯ ᠲᠦᠷᠦᠯ᠎ᠤᠨ᠎ᠬᠢᠨ᠎ᠤ᠎ᠪᠠᠨ ᠮᠠᠬ᠍ᠲᠠᠭᠠᠯ ᠰᠠᠢᠱᠢᠶᠠᠯ᠎ᠢ ᠣᠯᠵᠤ᠂ ᠣᠯᠠᠨ ᠵᠢᠯ᠎ᠤᠨ ᠡᠮᠦᠨ᠎ᠡ ᠲᠤᠬᠠᠶ᠎ᠶ᠋ᠢᠨ ᠲᠠᠯᠠᠪᠠᠶ᠎ᠳᠤ ᠦᠶᠯᠡᠴᠢᠯᠡᠵᠦ᠍ ᠪᠠᠢᠭ᠍ᠰᠠᠨ ᠭᠠᠳᠠᠭᠠᠳᠤ᠎ᠶ᠋ᠢᠨ ᠺᠣᠮᠫᠠᠨᠢ ᠪᠣᠯᠤᠨ ᠳᠠᠭᠠᠭᠠᠴᠢᠯᠠᠭ᠍ᠰᠠᠨ ᠨᠢᠭᠡᠴᠢ᠎ᠨᠢ ᠣᠯᠠᠨ ᠤᠳᠠᠭ᠎ᠠ ᠲᠡᠭᠦᠨ᠎ᠢ ᠥᠨᠳᠥᠷ ᠴᠠᠯᠢᠩ᠎ᠢᠶᠠᠷ ᠤᠷᠢᠭ᠍ᠰᠠᠨ᠎ᠳᠤ ᠲᠡᠷᠡ ᠭᠤᠢᠪᠢᠯᠵᠠᠭ᠎ᠠ ᠦᠭᠡᠢ᠂ ᠬᠠᠷᠢᠨ ᠥᠪᠡᠷ᠎ᠤᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠱᠢᠷᠭᠠᠭᠤ ᠬᠠᠳᠠᠭᠤᠵᠢᠯᠳᠠᠢ ᠯᠠᠪᠳᠠᠭᠤᠨ ᠪᠠᠲᠤᠲᠠᠶ ᠠᠵᠢᠯᠯᠠᠵᠤ᠂ ᠨᠡᠷ᠎ᠠ ᠠᠱᠢᠭ᠎ᠢ ᠦᠯᠤ ᠬᠦᠭᠡᠭᠡᠴᠡᠯᠳᠤᠨ᠂ ᠦᠢᠯᠡᠰ᠎ᠲᠡᠭᠡᠨ ᠠᠯᠢᠪᠠ᠎ᠪᠠᠨ ᠬᠠᠷᠠᠮ ᠦᠭᠡᠢ ᠵᠤᠷᠢᠭᠤᠯᠪᠠ᠃ ᠥᠷᠥᠮᠳᠡᠭᠦᠷ ᠮᠠᠱᠢᠨ᠂ ᠴᠠᠬᠢᠯᠭᠠᠨ ᠬᠤᠰᠤᠭᠤᠷ᠎ᠢ ᠰᠡᠯᠪᠢᠨ ᠵᠠᠰᠠᠵᠣ ᠠᠷᠠᠴᠢᠯᠠᠨ ᠬᠠᠮᠠᠭᠠᠯᠠᠬᠤ ᠠᠵᠢᠯ᠎ᠢ ᠬᠢᠭ᠌ᠰᠡᠨ 30 ᠵᠢᠯ᠎ᠤᠨ ᠲᠤᠷᠰᠢ᠎ᠳᠠᠭᠠᠨ᠂ ᠲᠡᠷᠡ ᠠᠵᠤ ᠠᠬᠤᠢᠯᠠᠯ᠎ᠤᠨ᠎ᠢᠶᠠᠨ ᠴᠢᠨᠠᠷ ᠰᠠᠢᠲᠠᠶ ᠬᠥᠭ᠌ᠵᠢᠯᠲᠡ᠎ᠪᠠᠷ ᠦᠨᠳᠦᠰᠦ ᠪᠣᠯᠭᠠᠵᠤ᠂ ᠬᠦᠴᠢᠷ ᠲᠦᠪᠡᠭ᠎ᠲᠠᠢ ᠠᠰᠠᠭᠤᠳᠠᠯ᠎ᠢ ᠱᠢᠶᠳᠪᠦᠷᠢᠯᠡᠵᠦ᠍ ᠦᠷ᠎ᠡ ᠠᠱᠢᠭ᠎ᠢ ᠳᠡᠭᠡᠭ᠌ᠰᠢᠯᠡᠭᠦᠯᠬᠦ᠌ ᠴᠢᠭ᠌ᠯᠡᠯ᠎ᠢ ᠪᠠᠲᠤ ᠡᠵᠡᠮᠳᠡᠨ᠂ ᠡᠳᠦᠷ ᠲᠤᠳᠦᠮ᠎ᠤᠨ ᠠᠵᠢᠯ᠎ᠤᠨ ᠳᠤᠮᠳᠠ ᠥᠷᠥᠮᠳᠡᠬᠦᠷ ᠮᠠᠱᠢᠨ᠂ ᠴᠠᠬᠢᠯᠭᠠᠨ ᠬᠤᠰᠤᠭᠤᠷ᠎ᠤᠨ ᠠᠵᠢᠯᠯᠠᠬᠤ ᠨᠤᠷᠮ᠎ᠠ᠎ᠶ᠋ᠢ 80% ᠎ᠠᠴᠠ ᠳᠡᠭᠡᠭ᠌ᠰᠢ ᠪᠠᠢᠯᠭᠠᠵᠤ᠂ 200 ᠭᠠᠷᠤᠶ ᠤᠳᠠᠭ᠎ᠠ ᠬᠦᠴᠢᠷ ᠲᠦᠪᠡᠭ᠎ᠲᠠᠢ ᠠᠰᠠᠭᠤᠳᠠᠯ᠎ᠢ ᠱᠢᠶᠳᠪᠦᠷᠢᠯᠡᠨ᠂ ᠴᠠᠬᠢᠯᠭᠠᠨ ᠬᠤᠰᠤᠭᠤᠷ᠎ᠤᠨ ᠡᠷᠭᠢᠯᠳᠡ᠎ᠶ᠋ᠢᠨ ᠴᠠᠭ᠎ᠢ 4000 ᠭᠠᠷᠤᠶ ᠴᠠᠭ ᠤᠷᠲᠤᠳᠭᠠᠵᠤ᠂ 8000 ᠲᠦᠮᠡᠨ ᠲᠥᠭᠦᠷᠢᠭ᠎ᠠᠴᠠ ᠳᠡᠭᠡᠭ᠌ᠰᠢ ᠦᠢᠯᠡᠳᠪᠦᠷᠢᠯᠡᠯ᠎ᠤᠨ ᠦᠷᠳᠡᠭ ᠡᠭᠦᠳᠴᠡᠢ᠃

ᠸᠧᠶ ᠵᠢᠶᠠᠨ ᠱᠢᠶᠦ᠋ᠩ ᠪᠠᠰᠠ ᠮᠡᠷᠭᠡᠵᠢᠯ ᠴᠢᠳᠠᠪᠤᠷᠢ᠎ᠪᠠᠨ ᠤᠯᠠᠮᠵᠢᠯᠠᠨ ᠵᠠᠯᠭᠠᠮᠵᠢᠯᠠᠬᠤ᠎ᠶ᠋ᠢ ᠳᠣᠩ ᠠᠩᠬᠠᠷᠴᠣ᠂ ᠮᠡᠷᠭᠡᠵᠢᠯ ᠴᠢᠳᠠᠪᠣᠷᠢ᠎ᠶ᠋ᠢᠨ ᠮᠠᠰᠲ᠋ᠧᠷ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠱᠢᠨ᠎ᠡ᠎ᠶ᠋ᠢ ᠡᠭᠦᠳᠬᠦ᠌ ᠠᠵᠢᠯ᠎ᠤᠨ ᠲᠠᠰᠤᠭ᠎ᠢᠶᠠᠷ᠎ᠢᠶᠠᠨ ᠲᠦᠱᠢᠭ ᠪᠣᠯᠭᠠᠵᠤ᠂ 《ᠲᠤᠰᠭᠠᠢ ᠮᠡᠷᠭᠡᠵᠢᠯ᠎ᠤᠨ ᠵᠡᠷᠭᠡ ᠳᠡᠰ + ᠲᠤᠬᠠᠢᠯᠠᠭ᠍ᠰᠠᠨ ᠠᠵᠢᠯ᠎ᠤᠨ ᠮᠡᠷᠭᠡᠵᠢᠯ ᠴᠢᠳᠠᠪᠤᠷᠢ᠎ᠶ᠋ᠢᠨ ᠵᠡᠷᠭᠡ ᠳᠡᠰ》 ᠎ᠤᠨ ᠬᠡᠯᠪᠡᠷᠢ᠎ᠶ᠋ᠢᠨ ᠪᠦ᠍ᠯᠬᠦᠮ᠎ᠢ ᠢᠳᠡᠪᠬᠢᠲᠡᠢ ᠴᠣᠭ᠍ᠴᠠᠯᠠᠵᠣ᠂ ᠠᠵᠢᠯ᠎ᠤᠨ ᠪᠠᠢᠷᠢ ᠳᠡᠭᠡᠷ᠎ᠡ᠎ᠪᠠᠨ ᠮᠡᠷᠭᠡᠵᠢᠯ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠡᠨᠡ ᠬᠦ᠌ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠮᠡᠷᠭᠡᠵᠢᠯ᠎ᠤᠨ ᠭᠤᠣᠯᠯᠠᠭ᠍ᠴᠢ᠎ᠶ᠋ᠢᠨ ᠳᠣᠬᠠᠢᠯᠠᠭ᠍ᠰᠠᠨ ᠠᠵᠢᠯ᠎ᠤᠨ ᠪᠣᠯᠪᠠᠰᠤᠷᠠᠯ ᠪᠣᠯᠤᠨ ᠮᠡᠷᠭᠡᠵᠢᠯ ᠴᠢᠳᠠᠪᠤᠷᠢ᠎ᠶ᠋ᠢᠨ ᠪᠣᠳᠠᠳᠣ ᠪᠣᠯᠪᠠᠰᠤᠷᠠᠯ᠎ᠢ ᠨᠠᠢᠳᠠᠪᠤᠷᠢᠵᠢᠭᠤᠯᠵᠤ᠂ ᠵᠡᠬᠦᠨᠭᠠᠷ᠎ᠤᠨ ᠡᠨᠧᠷᠬᠢ᠎ᠶ᠋ᠢᠨ ᠪᠦᠯᠦᠭ᠌ᠯᠡᠯ᠎ᠳᠤ ᠪᠦᠬᠦ᠌ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠂ ᠪᠦᠬᠦ᠌ ᠤᠯᠤᠰ᠎ᠤᠨ ᠨᠡᠭᠦᠷᠡᠰᠦᠨ᠎ᠤ ᠱᠢᠰᠲ᠋ᠧᠮ᠎ᠤᠨ 《ᠵᠠᠯᠠᠭᠤ ᠮᠡᠷᠭᠡᠵᠢᠯ᠎ᠤᠨ ᠴᠢᠳᠠᠪᠤᠷᠢᠲᠠᠨ》 ᠵᠡᠷᠭᠡ ᠡᠯ᠎ᠡ ᠲᠥᠷᠥᠯ᠎ᠤᠨ ᠮᠡᠷᠭᠡᠵᠢᠯ᠎ᠤᠨ ᠴᠢᠳᠠᠪᠤᠷᠢᠲᠠᠨ᠎ᠢ 60 ᠭᠠᠷᠤᠶ ᠬᠥᠮᠦᠵᠢᠭᠦᠯᠦᠨ ᠦᠭ᠌ᠴᠡᠢ᠃ ᠸᠧᠢ ᠵᠢᠶᠠᠨ ᠱᠢᠶᠦ᠋ᠩ᠎ᠤᠨ ᠲᠠᠭᠠᠭᠤᠯᠭ᠎ᠠ᠎ᠪᠠᠷ ᠠᠵᠢᠯ᠎ᠤᠨ ᠲᠠᠰᠤᠭ᠎ᠤᠨ ᠬᠡᠱᠢᠬᠦᠳ᠎ᠨᠢ ᠮᠣᠵᠢ ᠶᠠᠮᠤᠨ᠎ᠤ ᠳᠡᠰ᠎ᠠᠴᠠ ᠳᠡᠭᠡᠭ᠌ᠰᠢᠬᠢ ᠲᠤᠰᠭᠠᠶ ᠮᠡᠷᠭᠡᠵᠢᠯ᠎ᠤᠨ ᠰᠡᠳᠬᠦᠯ ᠳᠡᠭᠡᠷ᠎ᠡ 35 ᠬᠤᠪᠢ ᠥᠭᠦᠯᠡᠯ ᠨᠡᠢᠲᠡᠯᠡᠭᠦᠯᠵᠦ᠍᠂ 9 ᠵᠦᠢᠯ᠎ᠤᠨ ᠬᠡᠷᠡᠭ᠌ᠯᠡᠭᠡᠨ᠎ᠤ ᠱᠢᠨ᠎ᠡ ᠬᠡᠯᠪᠡᠷᠢ᠎ᠶ᠋ᠢᠨ ᠲᠤᠰᠭᠠᠢ ᠠᠱᠢᠭ᠎ᠤᠨ ᠡᠷᠬᠡ ᠪᠠ 1 ᠵᠦᠢᠯ᠎ᠤᠨ ᠡᠭᠦᠳᠦᠯᠲᠡ᠎ᠶ᠋ᠢᠨ ᠲᠤᠰᠭᠠᠢ ᠠᠱᠢᠭ᠎ᠤᠨ ᠡᠷᠬᠡ᠎ᠶ᠋ᠢ ᠣᠯᠪᠠ᠃ ᠦᠢᠷ᠎ᠡ᠎ᠶ᠋ᠢᠨ ᠭᠤᠷᠪᠠᠨ ᠵᠢᠯ᠎ᠳᠤ᠂ ᠲᠡᠷᠡ ᠠᠵᠢᠯ᠎ᠤᠨ ᠲᠠᠰᠤᠭ᠎ᠤᠨ ᠬᠡᠱᠢᠬᠦᠳ᠎ᠢᠶᠠᠨ ᠳᠠᠭᠠᠭᠤᠯᠤᠨ 116 ᠱᠢᠨ᠎ᠡ᠎ᠶ᠋ᠢ ᠡᠭᠦᠳᠬᠦ᠌ ᠲᠥᠷᠥᠯ ᠵᠦᠢᠯ᠎ᠢ ᠪᠡᠶᠡᠯᠡᠭᠦᠯᠵᠦ᠍᠂ 1000 ᠭᠠᠷᠤᠶ ᠲᠦᠮᠡᠨ ᠲᠥᠭᠦᠷᠢᠭ᠎ᠤᠨ ᠠᠵᠤ ᠠᠬᠤᠢ᠎ᠶ᠋ᠢᠨ ᠱᠢᠭᠤᠳ ᠦᠷ᠎ᠡ ᠠᠱᠢᠭ ᠡᠬᠦᠳᠴᠤ᠌᠂ ᠯᠢᠨᠺᠧᠨ ᠬᠥᠭᠡᠷᠭᠡ ᠵᠡᠷᠭᠡ ᠰᠡᠯᠪᠢᠭ ᠲᠣᠨᠤᠭ᠎ᠢ 1000 ᠭᠠᠷᠤᠶ ᠤᠳᠠᠭ᠎ᠠ ᠰᠡᠯᠪᠢᠨ ᠵᠠᠰᠠᠵᠤ᠂ ᠠᠵᠣ ᠠᠬᠤᠢ᠍ᠢᠯᠠᠯ᠎ᠳᠠᠭᠠᠨ 2560 ᠲᠦᠮᠡᠨ ᠲᠥᠭᠦᠷᠢᠭ᠎ᠤᠨ ᠥᠪᠡᠷ᠎ᠤᠨ ᠥᠷᠲᠡᠭ ᠠᠷᠪᠢᠯᠠᠨ ᠦᠭ᠌ᠴᠡᠢ᠃

ᠸᠧᠶ ᠵᠢᠶᠠᠨ ᠱᠢᠶᠦ᠋ᠩ ᠡᠭᠡᠯ ᠵᠢᠷ᠎ᠤᠨ ᠠᠵᠢᠯ᠎ᠤᠨ ᠪᠠᠢᠷᠢ ᠳᠡᠭᠡᠷ᠎ᠡ ᠤᠶᠤᠨ ᠤᠬᠠᠭᠠᠨ ᠪᠤᠯᠤᠨ ᠬᠦᠴᠤ᠌ ᠬᠦᠯᠦᠰᠤ᠎ᠪᠠᠷ᠎ᠢᠶᠠᠨ 《ᠬᠦᠳᠡᠯᠮᠤᠷᠢ ᠦᠡᠭ᠌ᠭᠡ ᠬᠡᠷᠡᠯᠳᠠᠢ᠂ ᠮᠡᠳᠡᠯᠭᠡ ᠡᠷᠬᠢᠮ ᠲᠡᠭᠡᠳᠤ᠂ ᠴᠢᠳᠠᠪᠤᠷᠢᠳᠠᠨ ᠬᠤᠪᠤᠷ ᠨᠠᠨᠳᠢᠨ᠂ ᠡᠬᠦᠳᠤᠨ ᠪᠦᠳᠦᠭᠡᠯᠳᠠ ᠠᠭᠤᠦ ᠶᠡᠭᠡ》 ᠨᠡᠢᠭᠡᠮ᠎ᠤᠨ ᠬᠡᠪ ᠰᠤᠷᠳᠠᠯ᠎ᠢ ᠪᠤᠢ ᠪᠤᠯᠭᠠᠵᠤ᠂ ᠲᠤᠮᠳᠠᠳᠤ᠎ᠶ᠋ᠢᠨ ᠵᠡᠬᠦᠳᠤ᠂ ᠬᠦᠳᠡᠯᠮᠤᠷᠢ ᠰᠠᠢᠬᠠᠨ᠎ᠤ ᠱᠢᠨ᠎ᠠ ᠬᠠᠭᠤᠳᠠᠰᠤ᠎ᠶ᠋ᠢ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号