ᠭᠤᠣᠯ ᠰᠠᠨᠠᠭᠤᠯᠤᠮᠵᠢ
● ᠠᠵᠤ ᠦᠢᠯᠡᠰ ᠬᠢᠬᠡᠳ ᠬᠥᠮᠦᠨ ᠠᠮᠠ᠎ᠶ᠋ᠢ ᠳᠠᠪᠠᠭᠤᠯᠢᠭ ᠣᠷᠣᠨ ᠪᠦᠰᠡ ᠲᠠᠢᠰᠢ ᠲᠥᠪᠯᠡᠷᠡᠭᠦᠯᠵᠤ᠂ ᠬᠤᠲᠠ᠎ᠶ᠋ᠢᠨ ᠰᠦᠷᠦᠭ᠌ᠵᠢᠯ᠎ᠢᠶᠠᠷ ᠭᠤᠣᠯ ᠬᠡᠯᠪᠡᠷᠢ ᠪᠣᠯᠭᠠᠭ᠍ᠰᠠᠨ ᠨᠡᠮᠡᠭ᠌ᠳᠡᠯ᠎ᠤᠨ ᠬᠥᠳᠡᠯᠭᠡᠬᠦ᠌ ᠬᠦᠴᠦᠨ᠎ᠤ ᠡᠬᠢ᠎ᠶ᠋ᠢ ᠪᠦᠷᠢᠯᠳᠦᠬᠦᠯᠵᠤ᠂ ᠡᠬᠦᠨ᠎ᠤ ᠤᠯᠠᠮ᠎ᠢᠶᠠᠷ ᠠᠵᠤ ᠠᠬᠤᠢ᠎ᠶ᠋ᠢᠨ ᠶᠡᠷᠦᠩᠬᠡᠢ ᠴᠤᠬ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠣᠯ ᠠᠵᠤ ᠠᠬᠤᠢ᠎ᠶ᠋ᠢᠨ ᠵᠢᠮ᠎ᠡ ᠶᠣᠰᠣ
● ᠤᠯᠤᠰ᠎ᠤᠨ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠪᠠᠢᠯᠳᠤᠬᠤ ᠪᠣᠳᠣᠯᠭ᠎ᠠ᠎ᠶ᠋ᠢᠨ ᠲᠤᠬᠠᠢ ᠱᠠᠭᠠᠷᠳᠠᠯᠭ᠎ᠠ᠎ᠠᠴᠠ ᠡᠭᠦᠰᠴᠤ᠌᠂ ᠮᠠᠨ᠎ᠤ ᠣᠷᠣᠨ᠎ᠤ ᠪᠠᠢᠭᠠᠯᠢ᠎ᠶ᠋ᠢᠨ ᠨᠥᠬᠦᠴᠡᠯ ᠪᠠ ᠬᠥᠭ᠌ᠵᠢᠯᠲᠡ᠎ᠶ᠋ᠢᠨ ᠰᠠᠭᠤᠷᠢᠯᠤᠭᠠ ᠤᠶᠠᠯᠳᠤᠭᠤᠯᠤᠨ ᠡᠷᠴᠢᠮᠵᠢᠭ᠌ᠰᠡᠨ ᠥᠨᠳᠥᠷ ᠦᠷ᠎ᠠ ᠪᠦᠲᠦᠮᠵᠢᠲᠡᠢ ᠦᠢᠯᠡᠳᠪᠦᠷᠢᠯᠡᠯ᠎ᠤᠨ ᠣᠷᠣᠨ ᠵᠠᠢ᠂ ᠤᠷᠤᠱᠢᠨ ᠰᠠᠭᠤᠬᠤ᠎ᠳᠤ ᠲᠠᠭᠠᠯᠠᠮᠵᠢᠳᠠᠢ ᠠᠮᠢᠳᠦᠷᠠᠯ᠎ᠤᠨ ᠤᠷᠤᠨ ᠵᠠᠢ᠂ ᠠᠭᠤᠯᠠ᠎ᠨᠢ ᠬᠦᠬᠡᠮᠳᠦᠭ ᠤᠰᠤ᠎ᠨᠢ ᠲᠤᠩᠭᠠᠯᠠᠭ ᠠᠮᠢ ᠠᠬᠤᠢ᠎ᠶ᠋ᠢᠨ ᠤᠷᠤᠨ ᠵᠠᠢ᠎ᠶ᠋ᠢᠨ ᠱᠠᠭᠠᠷᠳᠠᠯᠭ᠎ᠠ ᠶᠤᠰᠤᠭᠠᠷ ᠦᠢᠯᠡᠳᠪᠦᠷᠢᠯᠡᠯ᠎ᠤᠨ ᠬᠦᠴᠦᠨ᠎ᠤ ᠤᠷᠤᠨ ᠵᠠᠢ᠎ᠶ᠋ᠢ ᠪᠠᠢᠷᠢᠱᠢᠭᠤᠯᠬᠤ ᠬᠡᠷᠡᠭ᠌ᠳᠡᠢ
● ᠦᠢᠯᠡᠳᠪᠦᠷᠢᠯᠡᠯ᠎ᠤᠨ ᠬᠦᠴᠦᠨ᠎ᠤ ᠤᠷᠤᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠳᠤ᠂ ᠰᠠᠭᠤᠷᠢ ᠲᠦᠬᠦᠬᠡᠷᠦᠮᠵᠢ᠎ᠶ᠋ᠢᠨ ᠲᠤᠤᠷ᠎ᠢ ᠪᠠᠢᠭᠤᠯᠤᠨ ᠲᠡᠭᠡᠭ᠌ᠰᠢᠯᠡᠬᠦᠯᠵᠤ᠂ ᠠᠵᠤ ᠦᠢᠯᠡᠰ᠎ᠤᠨ ᠢᠵᠢ ᠪᠦᠷᠢᠳᠦᠬᠦᠯᠬᠦ᠌ ᠴᠢᠨᠡᠷ᠎ᠢ ᠲᠡᠬᠦᠯᠳᠡᠷᠵᠢᠬᠦᠯᠦᠨ᠂ ᠠᠮᠢᠳᠦᠷᠠᠯ᠎ᠤᠨ ᠢᠵᠢ ᠪᠦᠷᠢᠳᠦᠬᠦᠯᠬᠦ᠌ ᠴᠢᠨᠡᠷ᠎ᠢ ᠲᠡᠬᠦᠯᠳᠡᠷᠵᠢᠬᠦᠯᠦᠨ᠂ ᠡᠯᠧᠮᠧᠨ᠋ᠲ᠎ᠤᠨ ᠵᠦᠢ ᠵᠤᠬᠢᠰᠳᠡᠢ ᠡᠷᠬᠢᠯᠳᠦᠬᠦ᠌᠎ᠶ᠋ᠢ ᠠᠬᠢᠭᠤᠯᠬᠤ ᠬᠡᠷᠡᠭ᠌ᠳᠡᠢ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠠᠴᠠ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠢᠶᠠᠷ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠪᠴᠢᠯᠡᠨ ᠪᠠᠢᠭᠤᠯᠤᠨ᠎ᠠ ᠭᠡᠵᠦ᠍ ᠲᠣᠭ᠍ᠲᠠᠭᠠᠪᠠ᠃ ᠥᠪᠥᠷ ᠮᠣᠩᠭᠤᠯ᠎ᠳᠤ ᠠᠪᠴᠤ᠌ ᠬᠡᠯᠡᠪᠡᠯ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ᠎ᠶ᠋ᠢᠨ ᠪᠠᠶᠠᠯᠢᠭ ᠠᠭᠤᠯᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠱᠢᠵᠦ᠍᠂ ᠥᠪᠡᠷ᠎ᠤᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠡᠷᠢᠨ ᠣᠯᠵᠤ᠂ 《ᠬᠤᠣᠰ ᠣᠷᠴᠢᠯ》 ᠤᠨ ᠬᠥᠭ᠌ᠵᠢᠯᠲᠡ᠎ᠶ᠋ᠢᠨ ᠪᠠᠢᠷᠢᠱᠢᠯ ᠳᠤᠮᠳᠠ ᠱᠢᠨ᠎ᠡ ᠠᠵᠠ ᠲᠣᠬᠢᠶᠠᠯ᠎ᠢ ᠪᠤᠢ ᠪᠤᠯᠭᠠᠵᠤ ᠱᠢᠨ᠎ᠡ ᠡᠬᠢᠯᠡᠯᠲᠡ᠎ᠲᠠᠢ ᠪᠠᠢᠬᠤ ᠬᠡᠷᠡᠭ᠌ᠲᠡᠢ᠃ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠳᠠ᠎ᠶ᠋ᠢᠨ ᠡᠴᠦᠰ᠎ᠤᠨ ᠬᠠᠷᠠᠯᠲᠠ ᠪᠣᠯ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠪᠣᠯᠤᠨ ᠲᠡᠩᠴᠡᠭᠦᠷᠢ ᠥᠬᠡᠢ ᠭᠦᠢᠴᠡᠳ ᠥᠬᠡᠢ ᠬᠥᠭ᠌ᠵᠢᠯᠲᠡ᠎ᠶ᠋ᠢᠨ ᠬᠤᠭᠤᠷᠣᠨᠳᠣᠬᠢ ᠵᠥᠷᠢᠴᠡᠯ᠎ᠢ ᠱᠢᠢᠳᠪᠦᠷᠢᠯᠡᠬᠦ᠌ ᠶᠠᠪᠤᠳᠠᠯ ᠪᠣᠯᠤᠨ᠎ᠠ᠃ ᠥᠪᠥᠷ ᠮᠣᠩᠭᠤᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠬᠥᠮᠦᠨ ᠠᠮᠠ ᠴᠥᠭᠡᠨ᠂ ᠦᠢᠯᠡᠳᠪᠦᠷᠢᠯᠡᠯ᠎ᠤᠨ ᠡᠯᠧᠮᠧᠨ᠋ᠲ ᠲᠠᠷᠠᠬᠠᠢ ᠪᠤᠲᠠᠷᠬᠠᠢ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬ᠍ᠰᠠᠨ᠂ ᠪᠣᠬᠢᠷᠳᠤᠯ ᠦᠭᠡᠢ ᠬᠥᠭ᠌ᠵᠢᠯᠳᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠳᠠ᠎ᠶ᠋ᠢᠨ ᠱᠢᠨ᠎ᠡ ᠵᠠᠮ᠎ᠢ ᠬᠠᠢᠬᠤ ᠶᠠᠪᠤᠴᠠ᠎ᠳᠤ ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠢ᠎ᠶ᠋ᠢᠨ ᠪᠠᠢᠷᠢᠱᠢᠭᠤᠯᠤᠯᠳᠠ᠎ᠶ᠋ᠢ ᠲᠦᠷᠭᠡᠳᠭᠡᠨ ᠲᠤᠬᠢᠷᠠᠭᠤᠯᠤᠯᠳᠠ ᠬᠢᠵᠤ ᠱᠢᠯᠢᠳᠡᠭ᠌ᠵᠢᠬᠦᠯᠵᠤ᠂ ᠲᠦᠪᠯᠡᠷᠡᠩᠬᠦᠢ ᠡᠷᠴᠢᠮᠵᠢᠭ᠌ᠰᠡᠨ ᠬᠥᠭ᠌ᠵᠢᠯᠳᠡ᠎ᠶ᠋ᠢᠨ ᠵᠠᠮ᠎ᠢᠶᠠᠷ ᠵᠠᠮᠨᠠᠵᠤ᠂ ᠡᠬᠦᠷᠬᠡ ᠴᠢᠳᠠᠪᠬᠢ᠎ᠨᠢ ᠲᠣᠳᠣᠷᠬᠠᠢ᠂ ᠠᠵᠢᠯ᠎ᠤᠨ ᠬᠤᠪᠢᠶᠠᠷᠢᠯᠡᠯ᠎ᠨᠢ ᠵᠦᠢ ᠵᠤᠭᠢᠰᠳᠡᠢ᠂ ᠬᠠᠮᠲᠤᠷᠠᠯᠴᠠᠨ ᠬᠤᠯᠪᠤᠭᠠᠯᠠᠬ᠍ᠰᠠᠨ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠠ᠎ᠶ᠋ᠢᠨ ᠱᠢᠨ᠎ᠠ ᠪᠠᠢᠷᠢᠱᠢᠯ᠎ᠢ ᠪᠦᠷᠢᠯᠳᠦᠬᠦᠯᠬᠦ᠌ ᠬᠡᠷᠡᠭ᠌ᠳᠡᠢ᠃
ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠳᠤ ᠭᠦᠨᠵᠡᠭᠡᠢ ᠲᠣᠬᠢᠷᠠᠭᠤᠯᠤᠯᠲᠠ ᠬᠢᠬᠦ᠌ ᠶᠡᠭᠡ ᠬᠠᠨᠳᠤᠰᠢ᠎ᠶ᠋ᠢ ᠣᠨᠣᠪᠴᠢᠲᠠᠢ ᠡᠵᠡᠮᠳᠡᠬᠦ᠌ ᠬᠡᠷᠡᠭ᠌ᠳᠡᠢ
ᠤᠷᠤᠨ ᠪᠦᠰᠡ᠎ᠶ᠋ᠢᠨ ᠠᠵᠤ ᠠᠬᠤᠢ᠎ᠶ᠋ᠢᠨ ᠬᠦᠭ᠌ᠵᠢᠯᠳᠠ᠎ᠶ᠋ᠢᠨ ᠵᠢᠮ᠎ᠠ ᠶᠤᠰᠤ ᠬᠢᠬᠡᠳ ᠬᠥᠭ᠌ᠵᠢᠭ᠌ᠰᠡᠨ ᠤᠯᠤᠰ᠎ᠤᠨ ᠠᠵᠤ ᠠᠬᠤᠢ᠎ᠶ᠋ᠢᠨ ᠬᠦᠭ᠌ᠵᠢᠯᠳᠠ᠎ᠶ᠋ᠢᠨ ᠦᠢᠯᠡᠳᠦᠯᠬᠡ᠎ᠠᠴᠠ ᠦᠵᠡᠪᠡᠯ᠂ ᠱᠢᠨ᠎ᠠ ᠨᠡᠮᠡᠭ᠌ᠳᠡᠯ᠎ᠤᠨ ᠠᠵᠤ ᠠᠬᠤᠢ᠎ᠠᠴᠠ ᠤᠳᠤ ᠪᠠᠢᠭ᠎ᠠ ᠠᠵᠤ ᠠᠬᠤᠢ ᠲᠠᠢᠰᠢ ᠱᠢᠯᠵᠢᠬᠦ᠌ ᠶᠠᠪᠤᠴᠡ᠎ᠳᠤ 《ᠭᠤᠷᠪᠠ ᠲᠦᠪᠯᠡᠷᠡᠵᠤ ᠬᠤᠶᠠᠷ ᠵᠠᠳᠠᠷᠠᠬᠤ》 ᠣᠨᠴᠠᠯᠢᠭ ᠢᠯᠡᠷᠡᠭ᠌ᠰᠡᠨ ᠪᠠᠢᠨ᠎ᠠ᠃ 《ᠭᠤᠷᠪᠡ ᠲᠦᠪᠯᠡᠷᠡᠬᠦ᠌》 ᠬᠡᠭ᠌ᠴᠢ ᠠᠵᠤ ᠦᠢᠯᠡᠰ ᠲᠥᠪᠯᠡᠷᠡᠬᠦ᠂ ᠬᠥᠮᠦᠨ ᠠᠮᠠ ᠲᠥᠪᠯᠡᠷᠡᠬᠦ᠌ ᠪᠣᠯᠤᠨ ᠬᠥᠷᠥᠩᠭᠡ ᠮᠥᠩᠭᠦ᠌ ᠲᠥᠪᠯᠡᠷᠡᠬᠦ᠂ 《ᠬᠤᠶᠠᠷ ᠵᠠᠳᠠᠷᠠᠬᠤ》 ᠶ᠋ᠢᠨ ᠢᠯᠡᠷᠡᠯ ᠪᠤᠯ ᠠᠵᠤ ᠦᠢᠯᠡᠰ᠎ᠤᠨ ᠲᠤᠳᠤᠭᠠᠳᠤ᠎ᠶ᠋ᠢᠨ ᠵᠠᠳᠠᠷᠠᠯ ᠪᠠ ᠤᠷᠤᠨ ᠪᠦᠰᠡ᠎ᠶ᠋ᠢᠨ ᠠᠵᠤ ᠠᠬᠤᠢ᠎ᠶ᠋ᠢᠨ ᠵᠠᠳᠠᠷᠠᠯ ᠱᠢᠷᠦᠬᠦᠰᠭᠦ᠃ ᠳᠡᠯᠡᠬᠡᠢ᠎ᠶ᠋ᠢᠨ ᠪᠠᠩᠬᠢ᠎ᠠᠴᠠ ᠣᠯᠠᠨ ᠤᠯᠤᠰ᠎ᠤᠨ 1990 ᠣᠨ᠎ᠠᠴᠠ ᠰᠡᠬᠦᠯᠡᠷᠬᠢ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠠᠵᠢᠯᠯᠠᠭᠠᠨ᠎ᠤ ᠣᠷᠣᠨ ᠵᠠᠢ᠎ᠶ᠋ᠢᠨ ᠲᠠᠷᠬᠠᠯᠲᠠ᠎ᠶ᠋ᠢᠨ ᠲᠤᠬᠠᠢ ᠪᠦᠷᠢᠳᠭᠡᠭ᠌ᠰᠡᠨ ᠲᠤᠭ᠎ᠠ ᠪᠠᠷᠢᠮᠲᠠ᠎ᠳᠤ ᠵᠠᠳᠠᠯᠤᠯᠳᠠ ᠬᠢᠭ᠌ᠰᠡᠨ᠎ᠢᠶᠠᠷ᠂ ᠳᠡᠯᠡᠬᠡᠢ᠎ᠶ᠋ᠢᠨ ᠪᠠᠷᠤᠭ 1 / 4 ᠶ᠋ᠢᠨ ᠤᠯᠤᠰ᠎ᠤᠨ ᠤᠯᠤᠰ ᠠᠷᠠᠳ᠎ᠤᠨ ᠣᠷᠣᠯᠭ᠎ᠠ᠎ᠶ᠋ᠢᠨ ᠬᠠᠭᠠᠰ᠎ᠠᠴᠠ ᠲᠡᠭᠡᠭ᠌ᠰᠢᠬᠢ ᠤᠷᠤᠯᠭ᠎ᠠ᠎ᠨᠢ ᠤᠯᠤᠰ᠎ᠤᠨ ᠶᠡᠷᠦᠩᠭᠡᠢ ᠲᠠᠯᠠᠪᠠᠢ᠎ᠶ᠋ᠢᠨ 5% ᠬᠦᠷᠬᠦ᠌ ᠦᠬᠡᠢ ᠭᠠᠵᠠᠷ ᠤᠷᠤᠨ᠎ᠤ ᠦᠢᠯᠡᠳᠪᠦᠷᠢᠯᠡᠭ᠌ᠰᠡᠨ ᠪᠠᠢᠵᠤ᠂ ᠪᠠᠷᠤᠭ ᠬᠠᠭᠠᠰ ᠲᠤᠭᠠᠨ᠎ᠤ ᠤᠯᠤᠰ᠎ᠤᠨ 1/ 3 ᠪᠤᠶᠤ 1 /3 ᠠᠴᠠ ᠲᠡᠭᠡᠭ᠌ᠰᠢᠬᠢ ᠤᠯᠤᠰ ᠠᠷᠠᠳ᠎ᠤᠨ ᠣᠷᠣᠯᠭ᠎ᠠ᠎ᠨᠢ ᠲᠤᠰ ᠤᠯᠤᠰ᠎ᠤᠨ ᠭᠠᠵᠠᠷ ᠨᠤᠳᠤᠭ᠎ᠤᠨ 5% ᠬᠦᠷᠬᠦ᠌ ᠦᠬᠡᠢ ᠭᠠᠵᠠᠷ ᠣᠷᠣᠨ᠎ᠳᠤ ᠲᠥᠪᠯᠡᠷᠡᠵᠦ᠍ ᠪᠠᠢᠳᠠᠭ᠃ ᠠᠵᠤ ᠠᠬᠤᠢ ᠲᠥᠪᠯᠡᠷᠡᠬᠦ᠌ ᠪᠣᠯ ᠣᠯᠠᠩᠬᠢ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠤᠮᠳᠠ ᠲᠦᠬᠡᠮᠡᠯ ᠣᠷᠣᠱᠢᠵᠤ ᠪᠠᠢᠭ᠎ᠠ ᠦᠵᠡᠭ᠌ᠳᠡᠯ ᠪᠠᠢᠵᠤ᠂ ᠪᠦᠬᠦ᠌ ᠪᠥᠮᠪᠥᠷᠴᠡᠭ᠎ᠤᠨ ᠭᠠᠵᠠᠷ ᠱᠢᠷᠣᠢ᠎ᠶ᠋ᠢᠨ ᠲᠠᠯᠠᠪᠠᠢ᠎ᠶ᠋ᠢᠨ 1.5% ᠤᠨ ᠬᠡᠰᠡᠭ᠎ᠲᠤ ᠳᠡᠯᠡᠬᠡᠢ᠎ᠶ᠋ᠢᠨ 50% ᠶ᠋ᠢᠨ ᠦᠢᠯᠡᠳᠪᠦᠷᠢᠯᠡᠯ᠎ᠤᠨ ᠠᠵᠢᠯᠯᠠᠭ᠎ᠠ ᠲᠦᠪᠯᠡᠷᠡᠵᠤ᠂ ᠵᠣᠩᠬᠢᠯᠠᠬᠤ ᠣᠯᠠᠨ ᠲᠣᠭᠠᠨ᠎ᠤ ᠬᠥᠮᠦᠨ ᠲᠥᠷᠥᠯᠬᠢᠲᠡᠨ᠎ᠤ ᠦᠢᠯᠡᠳᠪᠦᠷᠢᠯᠡᠯ ᠪᠣᠯᠤᠨ ᠠᠮᠢᠳᠤᠷᠠᠯ ᠬᠤᠲᠠ᠎ᠶ᠋ᠢᠨ ᠰᠦᠷᠦᠭ᠌ᠵᠢᠯ᠎ᠳᠤ ᠲᠦᠪᠯᠡᠷᠡᠵᠤ ᠪᠠᠢᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠡᠭᠠᠰᠢ᠂ ᠮᠠᠨ᠎ᠤ ᠤᠯᠤᠰ᠎ᠤᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠳᠤ ᠬᠦᠨᠵᠡᠬᠡᠢ ᠲᠤᠬᠢᠷᠠᠭᠤᠯᠤᠯᠳᠠ ᠬᠢᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠣᠨ ᠵᠠᠢ᠎ᠶ᠋ᠢᠨ ᠪᠦᠲᠦᠴᠡ᠎ᠳᠤ ᠭᠦᠨᠵᠡᠭᠡᠢ ᠬᠤᠪᠢᠷᠠᠯᠲᠠ ᠭᠠᠷᠴᠤ᠌ ᠪᠠᠢᠨ᠎ᠠ᠃ ᠨᠢᠭᠡ᠎ᠳᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠠᠳᠠᠷᠠᠯ᠎ᠤᠨ ᠪᠠᠢᠳᠠᠯ ᠢᠯᠡᠳᠲᠡ ᠪᠣᠯᠵᠤ᠂ ᠪᠦᠬᠦ᠌ ᠤᠯᠤᠰ᠎ᠤᠨ ᠠᠵᠤ ᠠᠬᠤᠢ᠎ᠶ᠋ᠢᠨ ᠭᠤᠣᠯᠳᠠᠯᠭ᠎ᠠ ᠤᠯᠠᠮ ᠨᠢᠭᠡ ᠠᠯᠬᠤᠮ ᠡᠮᠦᠨᠡᠰᠢ ᠱᠢᠯᠵᠢᠪᠠ; ᠭ᠋ᠤᠶᠠᠷᠲᠤ᠌᠂ ᠬᠥᠭ᠌ᠵᠢᠯᠳᠡ᠎ᠶ᠋ᠢᠨ ᠬᠥᠳᠡᠯᠭᠡᠬᠦ᠌ ᠬᠦᠴᠦᠨ᠎ᠤ ᠲᠦᠢᠯᠱᠢᠷᠠᠬᠤ ᠦᠵᠡᠭ᠌ᠳᠡᠯ ᠡᠳᠦᠷ ᠢᠷᠡᠬᠦᠶ᠎ᠡ ᠲᠤᠪᠤᠢᠮ᠎ᠠ ᠪᠤᠯᠵᠤ᠂ ᠠᠵᠤ ᠠᠬᠤᠢ ᠬᠢᠬᠡᠳ ᠬᠥᠮᠦᠨ ᠠᠮᠠ ᠲᠣᠮᠣ ᠬᠤᠲᠠ ᠵᠢᠴᠢ ᠬᠤᠲᠠ᠎ᠶ᠋ᠢᠨ ᠰᠦᠷᠦᠭ᠌ᠵᠢᠯ ᠵᠦᠭ ᠲᠥᠪᠯᠡᠷᠡᠬᠦ᠌ ᠬᠠᠨᠳᠤᠰᠢ ᠢᠯᠡᠳᠲᠡ ᠪᠤᠯᠵᠤ᠂ ᠴᠢᠨᠠᠷ ᠰᠠᠢᠲᠠᠢ ᠬᠥᠭ᠌ᠵᠢᠯᠳᠠ᠎ᠶ᠋ᠢ ᠠᠬᠢᠭᠤᠯᠬᠤ ᠣᠷᠣᠨ ᠪᠦᠰᠡ᠎ᠶ᠋ᠢᠨ ᠨᠡᠮᠡᠭ᠌ᠳᠡᠯ᠎ᠤᠨ ᠲᠦᠢᠯ᠎ᠢ ᠪᠣᠢ ᠪᠣᠯᠭᠠᠪᠠ᠃ ᠠᠵᠤ ᠦᠢᠯᠡᠰ ᠬᠢᠬᠡᠳ ᠬᠥᠮᠦᠨ ᠠᠮᠠ ᠳᠠᠪᠠᠭᠤᠯᠢᠭ ᠤᠷᠤᠨ ᠪᠦᠰᠡ ᠲᠠᠢᠰᠢ ᠲᠦᠪᠯᠡᠷᠡᠵᠤ᠂ ᠬᠤᠲᠠ᠎ᠶ᠋ᠢᠨ ᠰᠦᠷᠦᠭ᠌ᠵᠢᠯ᠎ᠢᠶᠠᠷ ᠭᠤᠣᠯ ᠬᠡᠯᠪᠡᠷᠢ ᠪᠣᠯᠭᠠᠭ᠍ᠰᠠᠨ ᠨᠡᠮᠡᠭ᠌ᠳᠡᠯ᠎ᠤᠨ ᠬᠥᠳᠡᠯᠭᠡᠬᠦ᠌ ᠬᠦᠴᠦᠨ᠎ᠤ ᠡᠬᠢ᠎ᠶ᠋ᠢ ᠪᠦᠷᠢᠯᠳᠦᠬᠦᠯᠵᠤ᠂ ᠡᠬᠦᠨ᠎ᠤ ᠤᠯᠠᠮ᠎ᠢᠶᠠᠷ ᠠᠵᠤ ᠠᠬᠤᠢ᠎ᠶ᠋ᠢᠨ ᠪᠦᠬᠦ᠋ᠢᠯᠠ ᠴᠤᠬ᠍ᠴᠠ᠎ᠶ᠋ᠢᠨ ᠦᠷ᠎ᠠ ᠠᠱᠢᠭ᠎ᠤᠨ ᠲᠡᠭᠡᠭ᠌ᠰᠢᠯᠡᠯᠳᠡ᠎ᠶ᠋ᠢ ᠲᠠᠢᠴᠢᠯᠠᠪᠠ᠂ ᠡᠨᠡ ᠪᠤᠯ ᠠᠵᠤ ᠠᠬᠤᠢ᠎ᠶ᠋ᠢᠨ ᠵᠢᠮ᠎ᠠ ᠶᠤᠰᠤ᠂ ᠪᠤᠰᠤᠳᠴᠢ ᠵᠢᠮ ᠠ ᠶᠤᠰᠤ᠎ᠶ᠋ᠢ ᠬᠦᠨᠳᠦᠳᠭᠡᠬᠦ᠌ ᠬᠡᠷᠡᠭ᠌ᠳᠡᠢ᠃
《ᠭᠤᠷᠪᠠᠨ ᠶᠡᠭᠡ ᠣᠷᠣᠨ ᠵᠠᠢ》 ᠵᠦᠢ ᠵᠤᠬᠢᠰᠳᠡᠢ ᠪᠠᠢᠬᠤ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ᠎ᠤᠨ ᠬᠦᠴᠦᠨ᠎ᠢ ᠪᠠᠢᠷᠢᠱᠢᠭᠤᠯᠬᠤ ᠬᠡᠷᠡᠭ᠌ᠳᠡᠢ
ᠥᠪᠥᠷ ᠮᠣᠩᠭᠤᠯ᠎ᠤᠨ ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠢ᠎ᠶ᠋ᠢᠨ ᠪᠠᠢᠷᠢᠱᠢᠭᠤᠯᠤᠯᠳᠠ᠎ᠳᠤ ᠡᠯᠧᠮᠧᠨ᠋ᠲ᠎ᠤᠨ ᠲᠥᠪᠯᠡᠷᠡᠯ᠎ᠤᠨ ᠬᠡᠮᠵᠢᠶ᠎ᠡ ᠲᠤᠤᠷ᠎ᠠ᠂ ᠭᠤᠣᠯ ᠣᠷᠣᠨ ᠪᠦᠰᠡ᠎ᠶ᠋ᠢᠨ ᠳᠠᠢᠴᠢᠯᠠᠯᠲᠠ᠎ᠶ᠋ᠢᠨ ᠬᠦᠴᠦᠨ᠎ᠢᠶᠠᠷ ᠴᠢᠩᠭ᠎ᠠ ᠪᠤᠰᠤ᠂ ᠲᠠᠪᠴᠠᠩ᠎ᠤᠨ ᠠᠴᠢᠶᠠᠯᠠᠪᠤᠷᠢ ᠭᠦᠢᠴᠡᠳ ᠪᠤᠰᠤ᠂ ᠣᠷᠣᠨ ᠪᠦᠰᠡ᠎ᠶ᠋ᠢᠨ ᠬᠥᠭ᠌ᠵᠢᠯᠲᠡ ᠲᠡᠩᠴᠡᠭᠦᠷᠢ ᠦᠭᠡᠢ ᠵᠡᠷᠭᠡ ᠠᠰᠠᠭᠤᠳᠠᠯ ᠣᠷᠣᠱᠢᠵᠤ ᠪᠤᠢ᠃ ᠤᠯᠤᠰ᠎ᠤᠨ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠡᠬᠦᠷᠬᠡ ᠴᠢᠳᠠᠪᠬᠢ᠎ᠶ᠋ᠢᠨ ᠲᠤᠬᠠᠢ ᠪᠠᠢᠷᠢ ᠲᠣᠭ᠍ᠲᠠᠭᠠᠯᠳᠠ ᠪᠠ ᠪᠠᠢᠯᠳᠤᠬᠤ ᠪᠣᠳᠣᠯᠭ᠎ᠠ᠎ᠶ᠋ᠢᠨ ᠱᠠᠭᠠᠷᠳᠠᠯᠭ᠎ᠠ᠎ᠠᠴᠠ ᠡᠬᠦᠰᠴᠤ᠌᠂ ᠮᠠᠨ᠎ᠤ ᠣᠷᠣᠨ᠎ᠤ ᠪᠠᠢᠭᠠᠯᠢ᠎ᠶ᠋ᠢᠨ ᠨᠥᠬᠦᠴᠡᠯ ᠪᠣᠯᠤᠨ ᠬᠥᠭ᠌ᠵᠢᠯᠲᠡ᠎ᠶ᠋ᠢᠨ ᠰᠠᠭᠤᠷᠢ᠎ᠲᠠᠢ᠎ᠪᠠᠨ ᠤᠶᠠᠯᠳᠤᠭᠤᠯᠤᠨ᠂ ᠡᠷᠴᠢᠮᠵᠢᠭ᠌ᠰᠡᠨ ᠥᠨᠳᠥᠷ ᠦᠷ᠎ᠡ ᠪᠦᠲᠦᠮᠵᠢ᠎ᠲᠠᠢ ᠦᠢᠯᠡᠳᠪᠦᠷᠢᠯᠡᠯ᠎ᠤᠨ ᠣᠷᠣᠨ ᠵᠠᠢ᠂ ᠣᠷᠣᠱᠢᠨ ᠰᠠᠭᠤᠬᠤ᠎ᠳᠤ ᠲᠠᠭᠠᠯᠠᠮᠵᠢᠳᠠᠢ ᠠᠮᠢᠳᠤᠷᠠᠯ᠎ᠤᠨ ᠣᠷᠣᠨ ᠵᠠᠢ᠂ ᠠᠭᠤᠯᠠ᠎ᠨᠢ ᠬᠦᠬᠡᠮᠳᠦᠭ ᠤᠰᠤ᠎ᠨᠢ ᠲᠤᠩᠭᠠᠯᠠᠭ ᠠᠮᠢ ᠠᠬᠤᠢ᠎ᠶ᠋ᠢᠨ ᠣᠷᠣᠨ ᠵᠠᠢ᠎ᠶ᠋ᠢᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠢ᠎ᠶ᠋ᠢ ᠪᠠᠢᠷᠢᠱᠢᠭᠤᠯᠬᠤ ᠬᠡᠷᠡᠭ᠌ᠳᠡᠢ᠃
ᠠᠮᠢ ᠠᠬᠤᠢ᠎ᠶ᠋ᠢᠨ ᠤᠯᠠᠭᠠᠨ ᠱᠤᠭᠤᠮ᠎ᠢ ᠪᠠᠲᠤ ᠰᠠᠬᠢᠵᠤ᠂ ᠠᠮᠢ ᠠᠬᠤᠢ᠎ᠶ᠋ᠢᠨ ᠣᠷᠣᠨ ᠵᠠᠢ᠎ᠶ᠋ᠢ ᠭᠦᠢᠴᠡᠳ ᠦᠯᠡᠳᠡᠬᠡᠬᠦ᠌ ᠬᠡᠷᠡᠭ᠌ᠳᠡᠢ᠃ ᠥᠪᠥᠷ ᠮᠣᠩᠭᠤᠯ᠎ᠤᠨ ᠠᠮᠢ ᠠᠬᠤᠢ᠎ᠶ᠋ᠢᠨ ᠱᠢᠰᠲ᠋ᠧᠮ᠎ᠨᠢ ᠪᠡᠯᠴᠢᠭᠡᠷ ᠪᠣᠯᠤᠨ ᠡᠯᠡᠰᠦᠨ ᠴᠦᠯ᠎ᠢᠶᠠᠷ ᠭᠤᠣᠯ ᠪᠣᠯᠭᠠᠵᠤ᠂ ᠪᠡᠯᠴᠢᠬᠡᠷ᠎ᠤᠨ ᠠᠮᠢ ᠠᠬᠤᠢ᠎ᠶ᠋ᠢᠨ ᠱᠢᠰᠲ᠋ᠧᠮ᠎ᠤᠨ ᠡᠵᠡᠯᠡᠬᠦ᠌ ᠲᠠᠯᠠᠪᠠᠢ᠎ᠪᠠᠷ ᠬᠠᠮᠤᠭ᠎ᠤᠨ ᠶᠡᠭᠡ ᠪᠠᠢᠵᠤ᠂ ᠪᠠᠷᠤᠭ ᠪᠦᠬᠦ᠌ ᠤᠷᠤᠨ᠎ᠤ ᠶᠡᠷᠦᠩᠬᠡᠢ ᠲᠡᠯᠡᠪᠡᠢ᠎ᠶ᠋ᠢᠨ 46% ᠶ᠋ᠢ ᠡᠵᠡᠯᠡᠨ᠎ᠡ᠃ ᠭᠤᠷᠪᠠᠨ ᠶᠡᠭᠡ ᠠᠮᠢ ᠠᠬᠤᠢ᠎ᠶ᠋ᠢᠨ ᠱᠢᠰᠲ᠋ᠧᠮ᠎ᠢ ᠬᠠᠮᠤᠷᠤᠭ᠍ᠰᠠᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠲᠤ ᠣᠷᠣᠨ᠎ᠨᠢ 43 ᠬᠤᠱᠢᠭᠤ ᠱᠢᠶᠠᠨ (ᠬᠤᠲᠠ ᠲᠣᠭᠤᠷᠢᠭ) ᠢ ᠪᠠᠭ᠍ᠳᠠᠭᠠᠵᠤ᠂ ᠪᠦᠬᠦ᠌ ᠣᠷᠣᠨ᠎ᠤ ᠤᠯᠤᠰ᠎ᠤᠨ ᠭᠠᠵᠠᠷ ᠱᠢᠷᠣᠢ᠎ᠶ᠋ᠢᠨ ᠶᠡᠷᠦᠩᠬᠡᠢ ᠲᠠᠯᠠᠪᠠᠢ᠎ᠶ᠋ᠢᠨ 77% ᠶ᠋ᠢ ᠡᠵᠡᠯᠡᠨ᠎ᠡ᠃ ᠠᠮᠢ ᠠᠬᠤᠢ᠎ᠶ᠋ᠢᠨ ᠣᠷᠣᠨ ᠵᠠᠢ᠎ᠶ᠋ᠢᠨ ᠣᠷᠣᠨ ᠪᠦᠰᠡ᠎ᠶ᠋ᠢᠨ ᠦᠢᠯᠡᠳᠪᠦᠷᠢᠯᠡᠯ᠎ᠤᠨ ᠡᠯᠧᠮᠧᠨ᠋ᠲ᠎ᠨᠢ ᠡᠮᠬᠢ ᠵᠢᠷᠤᠮ᠎ᠲᠠᠢ᠎ᠪᠠᠷ ᠤᠬᠤᠷᠢᠨ ᠭᠠᠷᠴᠤ᠌᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠪᠠ ᠪᠦᠲᠦᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠠᠵᠤ ᠠᠬᠤᠢ᠎ᠶ᠋ᠢᠨ ᠴᠢᠳᠡᠮᠵᠢ᠎ᠶ᠋ᠢ ᠠᠯᠬᠤᠮ ᠠᠯᠬᠤᠮ᠎ᠢᠶᠠᠷ ᠠᠮᠢ ᠠᠬᠤᠢ᠎ᠶ᠋ᠢᠨ ᠴᠢᠳᠡᠮᠵᠢ ᠪᠤᠯᠭᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠴᠢᠬᠤᠯᠠ ᠠᠮᠢ ᠠᠬᠤᠢ᠎ᠶ᠋ᠢᠨ ᠴᠢᠳᠠᠮᠵᠢᠲᠤ ᠣᠷᠣᠨ᠎ᠢ ᠪᠦᠷᠢᠯᠳᠦᠭᠦᠯᠬᠦ᠌ ᠬᠡᠷᠡᠭ᠌ᠳᠡᠢ᠃
ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠳᠤ᠂ ᠡᠯ᠎ᠡ ᠲᠥᠷᠥᠯ᠎ᠤᠨ ᠡᠯᠧᠮᠧᠨ᠋ᠲ᠎ᠤᠨ ᠬᠤᠲᠠ᠎ᠶ᠋ᠢᠨ ᠰᠦᠷᠦᠭ᠌ᠵᠢᠯ ᠲᠠᠢᠰᠢ ᠵᠦᠢ ᠵᠤᠬᠢᠰᠳᠡᠢ᠎ᠪᠠᠷ ᠱᠢᠯᠵᠢᠬᠦ᠌ ᠪᠠ ᠥᠨᠳᠥᠷ ᠦᠷ᠎ᠡ ᠪᠦᠳᠦᠮᠵᠢᠲᠠᠢ᠎ᠪᠠᠷ ᠲᠦᠪᠯᠡᠷᠡᠬᠦ᠌᠎ᠶ᠋ᠢ ᠠᠬᠢᠭᠤᠯᠵᠤ᠂ ᠡᠬᠢ ᠪᠠᠶᠠᠯᠢᠭ᠎ᠢ ᠲᠣᠬᠢᠷᠠᠭᠤᠯᠬᠤ ᠠᠱᠢᠭ ᠨᠤᠷᠮ᠎ᠠ ᠪᠣᠯᠤᠨ ᠠᠵᠤ ᠠᠬᠤᠢ᠎ᠶ᠋ᠢᠨ ᠥᠪᠡᠷ᠎ᠢ᠎ᠪᠠᠨ ᠵᠣᠬᠢᠶᠠᠨ ᠪᠠᠢᠭᠤᠯᠬᠤ ᠴᠢᠳᠠᠪᠤᠷᠢ᠎ᠶ᠋ᠢ ᠲᠡᠭᠡᠭ᠌ᠰᠢᠯᠡᠬᠦᠯᠵᠤ᠂ ᠱᠢᠨ᠎ᠡ᠎ᠶ᠋ᠢ ᠡᠬᠦᠳᠬᠦ᠌ ᠬᠦᠭ᠌ᠵᠢᠯᠳᠠ᠎ᠶ᠋ᠢᠨ ᠬᠦᠳᠡᠯᠬᠡᠬᠦ᠌ ᠬᠦᠴᠦᠨ᠎ᠢ ᠴᠢᠩᠭᠠᠷᠠᠭᠤᠯᠵᠤ᠂ ᠦᠪᠡᠷᠳᠡᠭᠡᠨ ᠵᠠᠰᠠᠬᠤ ᠤᠷᠤᠨ᠎ᠤ ᠵᠡᠬᠦᠨ ᠪᠠᠷᠠᠭᠤᠨ ᠬᠡᠰᠡᠭ᠎ᠲᠤ ᠬᠤᠶᠠᠷ ᠲᠤᠮᠤ ᠬᠤᠳᠠ᠎ᠶ᠋ᠢᠨ ᠰᠦᠷᠦᠭ᠌ᠵᠢᠯ᠎ᠢ ᠪᠤᠢ ᠪᠤᠯᠭᠠᠨ ᠪᠦᠷᠢᠯᠳᠦᠬᠦᠯᠵᠤ᠂ ᠴᠢᠨᠡᠷ ᠰᠠᠢᠳᠠᠢ ᠬᠦᠭ᠌ᠵᠢᠯᠳᠠ᠎ᠶ᠋ᠢᠨ ᠨᠡᠮᠡᠭ᠌ᠳᠡᠯ᠎ᠤᠨ ᠬᠦᠳᠡᠯᠬᠡᠬᠦ᠌ ᠬᠦᠴᠦᠨ᠎ᠤ ᠡᠬᠢ᠎ᠶ᠋ᠢ ᠪᠦᠷᠢᠯᠳᠦᠬᠦᠯᠬᠦ᠌ ᠬᠡᠷᠡᠭ᠌ᠳᠡᠢ᠃
ᠨᠡᠭᠡᠭᠡᠯᠲᠡᠯᠢᠭ ᠬᠠᠮᠲᠤᠷᠠᠯᠴᠠᠭᠠᠨ᠎ᠤ ᠲᠠᠪᠴᠠᠩ᠎ᠤᠨ ᠪᠦᠳᠦᠬᠡᠨ ᠪᠠᠢᠭᠤᠯᠤᠯᠳᠠ᠎ᠪᠠᠷ ᠠᠴᠢᠶᠠᠯᠠᠪᠤᠷᠢ ᠪᠣᠯᠭᠠᠵᠤ᠂ ᠪᠣᠭᠤᠮᠲᠠ᠎ᠶ᠋ᠢᠨ ᠠᠵᠤ ᠠᠬᠤᠢ᠎ᠶ᠋ᠢᠨ ᠤᠷᠤᠨ᠎ᠢ ᠪᠠᠢᠭᠤᠯᠬᠤ ᠬᠡᠷᠡᠭ᠌ᠳᠡᠢ᠃ ᠮᠠᠨ᠎ᠤ ᠣᠷᠣᠨ᠎ᠤ ᠵᠠᠰᠠᠭ ᠵᠠᠬᠢᠷᠭᠠᠨ᠎ᠤ ᠤᠷᠤᠨ᠎ᠤ ᠲᠠᠷᠬᠠᠯᠳᠠ ᠵᠢᠴᠢ ᠬᠥᠮᠦᠨ ᠠᠮᠠ᠎ᠶ᠋ᠢᠨ ᠲᠠᠷᠬᠠᠯᠲᠠ᠎ᠨᠢ ᠨᠡᠯᠢᠶᠡᠳ ᠥᠪᠡᠷᠮᠢᠴᠡ ᠤᠨᠴᠠᠭᠠᠢ ᠪᠠᠢᠵᠤ᠂ ᠬᠤᠶᠠᠷ ᠲᠤᠮᠤ ᠬᠤᠲᠠ᠎ᠶ᠋ᠢᠨ ᠰᠦᠷᠦᠭ᠌ᠵᠢᠯ᠎ᠠᠴᠠ ᠪᠤᠰᠤᠳ ᠭᠠᠵᠠᠷ ᠣᠷᠣᠨ᠎ᠳᠤ ᠶᠡᠭᠡ ᠬᠡᠪᠴᠢᠶ᠎ᠡ᠎ᠪᠠᠷ ᠵᠠᠯᠭᠠᠯᠳᠤᠭ᠍ᠰᠠᠨ ᠨᠡᠭᠡᠭᠡᠨ ᠬᠥᠭ᠌ᠵᠢᠭᠦᠯᠬᠦ᠌ ᠰᠠᠭᠤᠷᠢ ᠨᠥᠬᠦᠴᠡᠯ᠎ᠢ ᠪᠦᠷᠢᠯᠳᠦᠭᠦᠯᠵᠤ ᠴᠢᠳᠠᠬᠤ ᠥᠬᠡᠢ ᠪᠠᠢᠵᠤ᠂ ᠴᠡᠭ ᠬᠡᠯᠪᠡᠷᠢ᠎ᠶ᠋ᠢᠨ ᠨᠡᠭᠡᠭᠡᠨ ᠬᠦᠭ᠌ᠵᠢᠬᠦᠯᠬᠦ᠌ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢᠨ ᠵᠠᠭ᠍ᠪᠤᠷ᠎ᠢ ᠠᠪᠬᠤ᠎ᠳᠤ ᠲᠤᠬᠢᠷᠠᠮᠵᠢᠳᠠᠢ᠃ ᠥᠪᠥᠷ ᠮᠣᠩᠭᠤᠯ᠎ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠬᠦ᠌ ᠴᠢᠬᠤᠯᠠ ᠪᠠᠬᠢᠯᠡᠯᠲᠡ ᠪᠣᠯᠤᠭ᠍ᠰᠠᠨ᠎ᠤ ᠬᠤᠪᠢ᠎ᠳᠤ᠂ ᠭᠠᠳᠠᠭ᠍ᠰᠢ ᠨᠡᠬᠡᠬᠡᠭ᠌ᠰᠡᠨ 19 ᠬᠢᠯᠢ᠎ᠶ᠋ᠢᠨ ᠪᠣᠭᠤᠮᠲᠠ᠎ᠲᠠᠢ ᠪᠠᠢᠵᠤ᠂ ᠬᠢᠯᠢ ᠬᠢᠵᠠᠭᠠᠷ ᠤᠷᠤᠨ᠎ᠨᠢ ᠭᠠᠳᠠᠭ᠍ᠰᠢ ᠨᠡᠭᠡᠭᠡᠬᠦ᠌ ᠪᠠ ᠨᠤᠳᠤᠭ ᠳᠡᠪᠢᠰᠭᠡᠷ᠎ᠢᠶᠠᠨ ᠬᠠᠮᠠᠭᠠᠯᠠᠬᠤ ᠬᠤᠤᠰ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠃ ᠡᠢᠮᠦ᠎ᠠᠴᠠ᠂ ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠢ᠎ᠶ᠋ᠢᠨ ᠪᠠᠢᠷᠢᠱᠢᠭᠤᠯᠤᠯᠲᠠ ᠳᠡᠭᠡᠷ᠎ᠡ ᠮᠠᠨᠵᠤᠤᠷ᠂ ᠡᠷᠢᠶᠡᠨ ᠬᠤᠲᠠ᠂ ᠴᠡᠭᠡ᠂ ᠭᠠᠭ᠍ᠴᠠᠮᠣᠳᠣ ᠵᠡᠷᠭᠡ ᠴᠢᠬᠤᠯᠠ ᠪᠣᠭᠤᠮᠲᠠ᠎ᠶ᠋ᠢᠨ ᠲᠣᠭᠤᠷᠢᠨ᠎ᠳᠤ᠂ ᠴᠢᠯᠥᠭᠡᠲᠦ ᠠᠷᠠᠯᠵᠢᠶᠠᠨ᠎ᠤ ᠣᠷᠣᠨ᠂ ᠬᠢᠯᠢ᠎ᠶ᠋ᠢᠨ ᠠᠵᠤ ᠠᠬᠤᠢ᠎ᠶ᠋ᠢᠨ ᠬᠠᠮᠳᠤᠷᠠᠯᠴᠠᠭᠠᠨ᠎ᠤ ᠤᠷᠤᠨ᠂ ᠬᠢᠯᠢ ᠠᠯᠤᠰᠯᠠᠬ᠍ᠰᠠᠨ ᠠᠵᠤ ᠠᠬᠤᠢ᠎ᠶ᠋ᠢᠨ ᠬᠠᠮᠳᠤᠷᠠᠯᠴᠠᠭᠠᠨ᠎ᠤ ᠤᠷᠤᠨ᠂ ᠲᠤᠳᠤᠭᠠᠳᠤ ᠬᠠᠭᠤᠷᠠᠢ᠎ᠶ᠋ᠢᠨ ᠨᠡᠬᠡᠬᠡᠯᠳᠡᠯᠢᠭ ᠮᠠᠶᠢᠭ᠎ᠤᠨ ᠠᠵᠤ ᠠᠬᠤᠢ᠎ᠶ᠋ᠢᠨ ᠲᠤᠷᠱᠢᠯᠳᠠ᠎ᠶ᠋ᠢᠨ ᠤᠷᠤᠨ᠂ ᠪᠤᠭᠤᠮᠳᠠ᠎ᠶ᠋ᠢᠨ ᠠᠵᠤ ᠠᠬᠤᠢ᠎ᠶ᠋ᠢᠨ ᠤᠷᠤᠨ ᠵᠡᠷᠬᠡ ᠨᠡᠬᠡᠬᠡᠯᠳᠡ ᠬᠢᠵᠤ ᠬᠠᠮᠳᠤᠷᠠᠯᠴᠠᠬᠤ ᠲᠠᠪᠴᠠᠩ᠎ᠢ ᠪᠠᠢᠭᠤᠯᠵᠤ᠂ ᠪᠤᠭᠤᠮᠳᠠ᠎ᠶ᠋ᠢᠨ ᠡᠬᠢ ᠪᠠᠶᠠᠯᠢᠭ᠎ᠢ ᠨᠡᠢᠳᠭᠡᠵᠤ᠂ ᠬᠦᠮᠦᠨ ᠠᠮᠠ᠂ ᠠᠵᠤ ᠦᠢᠯᠡᠰ᠂ ᠪᠡᠯᠡ ᠮᠦᠩᠬᠦ᠌ ᠵᠡᠷᠬᠡ ᠡᠯᠧᠮᠧᠨ᠋ᠲ᠎ᠤᠨ ᠲᠦᠪᠯᠡᠷᠡᠬᠦ᠌᠎ᠶ᠋ᠢ ᠵᠢᠯᠤᠭᠤᠳᠴᠤ᠌᠂ ᠪᠤᠭᠤᠮᠳᠠ᠎ᠶ᠋ᠢᠨ ᠠᠵᠤ ᠠᠬᠤᠢ᠎ᠶ᠋ᠢᠨ ᠤᠷᠤᠨ᠎ᠢ ᠪᠠᠢᠭᠤᠯᠬᠤ ᠬᠡᠷᠡᠭ᠌ᠳᠡᠢ᠃
《ᠬᠠᠲᠠᠭᠤ ᠵᠥᠭᠡᠯᠡᠨ᠎ᠢ ᠬᠠᠮᠳᠤ᠎ᠪᠠᠷ ᠬᠡᠷᠡᠭ᠌ᠵᠢᠬᠦᠯᠵᠤ》 ᠦᠢᠯᠡᠳᠪᠦᠷᠢᠯᠡᠯ᠎ᠤᠨ ᠬᠦᠴᠦᠨ᠎ᠤ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠳᠡᠢ
ᠰᠠᠭᠤᠷᠢ ᠲᠥᠬᠦᠭᠡᠷᠦᠮᠵᠢ᠎ᠶ᠋ᠢᠨ ᠲᠣᠣᠷ᠎ᠢ ᠪᠠᠢᠭᠤᠯᠤᠨ ᠳᠡᠭᠡᠭ᠌ᠰᠢᠯᠡᠭᠦᠯᠬᠦ᠌ ᠬᠡᠷᠡᠭ᠌ᠳᠡᠢ᠃ ᠲᠡᠷᠢᠭᠦᠨ᠎ᠤ ᠭᠠᠵᠠᠷ ᠣᠷᠣᠨ᠎ᠤ ᠲᠥᠪᠯᠡᠷᠡᠭᠦᠯᠦᠨ ᠡᠷᠴᠢᠮᠵᠢᠭᠦᠯᠦᠭ᠌ᠰᠡᠨ ᠬᠥᠭ᠌ᠵᠢᠯᠲᠡ᠎ᠶ᠋ᠢᠨ ᠨᠢᠭᠡᠨ ᠬᠠᠮᠲᠤ᠎ᠶ᠋ᠢᠨ ᠲᠤᠷᠱᠢᠯᠭ᠎ᠠ ᠬᠡᠪᠡᠯ᠂ ᠤᠷᠢᠳ᠎ᠢᠶᠠᠷ ᠲᠤᠮᠤ ᠬᠡᠪᠴᠢᠶᠡᠨ᠎ᠤ ᠰᠠᠭᠤᠷᠢ ᠲᠦᠬᠦᠬᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠳᠠ᠎ᠶ᠋ᠢ ᠱᠢᠯᠢᠳᠡᠭ᠌ᠵᠢᠭᠦᠯᠬᠦ᠌ ᠪᠠᠲᠤ ᠰᠠᠭᠤᠷᠢ᠎ᠶ᠋ᠢ ᠲᠠᠯᠪᠢᠨ᠎ᠠ᠃ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠳᠠ᠎ᠶ᠋ᠢ ᠱᠢᠯᠢᠳᠡᠭ᠌ᠵᠢᠭᠦᠯᠬᠦ᠌᠎ᠳᠤ ᠡᠷᠬᠡᠪᠰᠢ ᠴᠢᠬᠤᠯᠠ ᠶᠡᠭᠡ ᠰᠠᠭᠤᠷᠢ ᠲᠦᠬᠦᠬᠡᠷᠦᠮᠵᠢ᠎ᠶ᠋ᠢᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠥᠨᠳᠥᠷ ᠦᠷ᠎ᠡ ᠪᠦᠲᠦᠮᠵᠢᠲᠡᠢ᠎ᠪᠠᠷ ᠠᠬᠢᠭᠤᠯᠵᠦ᠍᠂ ᠰᠠᠭᠤᠷᠢ ᠲᠦᠬᠦᠬᠡᠷᠦᠮᠵᠢ᠎ᠶ᠋ᠢᠨ ᠳᠤᠲᠠᠭ᠍ᠳᠠᠯ᠎ᠢᠶᠠᠨ ᠨᠥᠬᠦᠪᠥᠷᠢᠯᠡᠵᠦ᠍᠂ ᠬᠤᠲᠠ ᠬᠥᠳᠡᠭᠡ᠎ᠶ᠋ᠢ ᠪᠦᠷᠬᠦᠭ᠌ᠰᠡᠨ᠂ ᠴᠢᠳᠠᠮᠵᠢ᠎ᠨᠢ ᠪᠦᠷᠢᠨ᠂ ᠲᠤᠯᠭᠠᠭᠤᠷᠢᠯᠠᠬᠤ ᠬᠦᠴᠦᠨ᠎ᠲᠠᠢ ᠰᠠᠭᠤᠷᠢ ᠲᠦᠬᠦᠭᠡᠷᠦᠮᠵᠢ᠎ᠶ᠋ᠢᠨ ᠱᠢᠰᠲ᠋ᠧᠮ᠎ᠢ ᠪᠠᠢᠭᠤᠯᠵᠤ᠂ ᠪᠠᠢᠷᠢᠱᠢᠭᠤᠯᠤᠯᠳᠠ᠎ᠨᠢ ᠵᠣᠬᠢᠰᠲᠠᠢ᠂ ᠢᠵᠢ ᠪᠦᠷᠢᠳᠦᠬᠦᠯᠦᠭ᠌ᠰᠡᠨ᠎ᠨᠢ ᠬᠦᠢᠴᠡᠳ᠂ ᠴᠢᠨᠠᠷ ᠰᠠᠢᠳᠠᠢ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠬᠠᠩᠭᠠᠭ᠍ᠰᠠᠨ ᠤᠯᠠᠮᠵᠢᠯᠠᠯᠲᠤ ᠰᠠᠭᠤᠷᠢ ᠲᠦᠬᠦᠬᠡᠷᠦᠮᠵᠢ ᠬᠢᠬᠡᠳ ᠮᠡᠳᠡᠭᠡ ᠵᠠᠩᠬᠢᠵᠢᠬ᠍ᠰᠠᠨ ᠱᠢᠨ᠎ᠠ ᠰᠠᠭᠤᠷᠢ ᠲᠦᠬᠦᠬᠡᠷᠦᠮᠵᠢ᠎ᠶ᠋ᠢᠨ ᠪᠦᠳᠦᠬᠡᠨ ᠪᠠᠢᠭᠤᠯᠤᠯᠳᠠ᠎ᠶ᠋ᠢ ᠠᠭᠤᠰᠤᠯᠴᠠᠭᠤᠯᠤᠬ᠍ᠰᠠᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠳᠡᠷᠡᠯᠴᠡᠭ᠌ᠰᠡᠨ ᠰᠠᠭᠤᠷᠢ ᠲᠦᠬᠦᠬᠡᠷᠦᠮᠵᠢ᠎ᠶ᠋ᠢᠨ ᠲᠤᠤᠷ᠎ᠢ ᠪᠦᠷᠢᠯᠳᠦᠬᠦᠯᠬᠦ᠌ ᠬᠡᠷᠡᠭ᠌ᠳᠡᠢ᠃
ᠠᠵᠤ ᠦᠢᠯᠡᠰ᠎ᠤᠨ ᠢᠵᠢ ᠪᠦᠷᠢᠳᠦᠭ᠌ᠰᠡᠨ ᠴᠢᠨᠠᠷ᠎ᠢ ᠲᠡᠭᠦᠯᠳᠡᠷᠵᠢᠭᠦᠯᠬᠦ᠌ ᠬᠡᠷᠡᠭ᠌ᠳᠡᠢ᠃ ᠣᠳᠤ ᠦᠶ᠎ᠡ᠎ᠶ᠋ᠢᠨ ᠠᠵᠤ ᠠᠬᠤᠢ᠍ᠢᠯᠡᠯ᠎ᠤᠨ ᠪᠠᠢᠷᠢᠱᠢᠭᠤᠯᠤᠯᠳᠠ᠎ᠨᠢ ᠭᠠᠵᠠᠷ ᠵᠦᠢ᠎ᠶ᠋ᠢᠨ ᠪᠠᠢᠷᠢᠯᠠᠯ᠂ ᠡᠬᠢ ᠪᠠᠶᠠᠯᠢᠭ ᠵᠡᠷᠭᠡ ᠤᠯᠠᠮᠵᠢᠯᠠᠯᠲᠤ ᠡᠯᠧᠮᠧᠨ᠋ᠲ᠎ᠢ ᠪᠤᠳᠤᠯᠬᠢᠯᠠᠬᠤ᠎ᠠᠴᠠ ᠭᠠᠳᠠᠨ᠎ᠠ᠂ ᠠᠵᠤ ᠦᠢᠯᠡᠰ᠎ᠤᠨ ᠢᠵᠢ ᠪᠦᠷᠢᠳᠦᠬᠦᠯᠦᠭ᠌ᠰᠡᠨ ᠴᠢᠨᠠᠷ ᠵᠢᠴᠢ ᠦᠢᠯᠡᠴᠢᠯᠡᠭᠡᠨ᠎ᠤ ᠦᠢᠯᠡᠰ᠂ ᠴᠢᠳᠠᠪᠦᠷᠢᠳᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠲᠠᠪᠴᠠᠩ ᠵᠡᠷᠬᠡ ᠠᠵᠤ ᠦᠢᠯᠡᠰ᠎ᠤᠨ ᠬᠦᠭ᠌ᠵᠢᠯᠳᠠ᠎ᠳᠤ ᠱᠠᠭᠠᠷᠳᠠᠬᠤ ᠢᠵᠢ ᠪᠦᠷᠢᠳᠦᠭ᠌ᠰᠡᠨ ᠴᠢᠨᠡᠷ ᠪᠦᠬᠦᠢ ᠠᠵᠤ ᠦᠢᠯᠡᠰ ᠵᠢᠴᠢ ᠡᠯᠧᠮᠧᠨ᠋ᠲ᠎ᠢ ᠤᠨᠴᠠ ᠴᠢᠬᠤᠯᠠᠴᠢᠯᠠᠳᠠᠭ᠃ ᠲᠥᠪᠯᠡᠷᠡᠭᠦᠯᠦᠨ ᠡᠷᠴᠢᠮᠵᠢᠭᠦᠯᠦᠭ᠌ᠰᠡᠨ ᠬᠥᠭ᠌ᠵᠢᠯᠲᠡ᠎ᠨᠢ ᠥᠩᠭᠡᠲᠦ ᠲᠡᠮᠦᠷᠯᠢᠭ᠂ ᠡᠮ ᠡᠮᠨᠡᠯᠭᠡ᠂ ᠬᠢᠮᠢ᠎ᠶ᠋ᠢᠨ ᠠᠵᠤ ᠦᠢᠯᠡᠳᠪᠦᠷᠢ᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢ ᠨᠠᠷᠢᠯᠢᠭ ᠡᠳ᠋ᠱᠢᠭᠦᠯᠬᠦ᠌ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ᠎ᠤᠨ ᠲᠤᠭᠤᠷᠢᠨ᠎ᠳᠤ ᠬᠡᠯᠬᠢᠶᠡᠵᠢᠯ᠎ᠢ ᠤᠷᠲᠤᠳᠭᠠᠬᠤ᠂ ᠬᠡᠯᠬᠢᠶᠠᠵᠢᠯ᠎ᠢ ᠨᠥᠬᠦᠪᠥᠷᠢᠯᠡᠬᠦ᠂ ᠬᠡᠯᠬᠢᠶᠡᠵᠢᠯ᠎ᠢ ᠬᠦᠴᠦᠷᠬᠡᠭ᠌ᠵᠢᠭᠦᠯᠬᠦ᠌᠎ᠶ᠋ᠢᠨ ᠬᠠᠮᠳᠤ ᠪᠠᠰᠠ ᠨᠢᠭᠡ ᠴᠣᠭ᠍ᠴᠠᠵᠢᠭᠤᠯᠤᠭ᠍ᠰᠠᠨ ᠬᠠᠩᠭᠠᠯᠭ᠎ᠠ᠎ᠶ᠋ᠢᠨ ᠬᠡᠯᠬᠢᠶᠠᠵᠢᠯ ᠬᠢᠭᠡᠳ ᠬᠥᠨᠳᠡᠯᠡᠨ ᠴᠢᠭ᠌ᠯᠡᠯ᠎ᠤᠨ ᠠᠵᠤ ᠦᠢᠯᠡᠰ᠎ᠤᠨ ᠢᠵᠢ ᠪᠦᠷᠢᠳᠦᠭᠦᠯᠦᠭ᠌ᠰᠡᠨ ᠲᠤᠨᠤᠭ ᠲᠦᠬᠦᠬᠡᠷᠦᠮᠵᠢ᠎ᠶ᠋ᠢ ᠲᠡᠬᠦᠯᠳᠡᠷᠵᠢᠬᠦᠯᠵᠤ᠂ ᠬᠠᠩᠭᠠᠯᠭ᠎ᠠ᠎ᠶ᠋ᠢᠨ ᠬᠡᠯᠬᠢᠶ᠎ᠠ᠎ᠶ᠋ᠢᠨ ᠲᠣᠭ᠍ᠲᠠᠭᠤᠨ ᠴᠢᠨᠠᠷ ᠪᠠ ᠠᠵᠤ ᠦᠢᠯᠡᠰ᠎ᠤᠨ ᠢᠵᠢ ᠪᠦᠷᠢᠳᠦᠬᠦᠯᠦᠭ᠌ᠰᠡᠨ ᠴᠢᠨᠠᠷ᠎ᠢ ᠪᠠᠳᠤᠯᠠᠬᠤ ᠬᠡᠷᠡᠭ᠌ᠲᠡᠢ᠃
ᠠᠮᠢᠳᠤᠷᠠᠯ᠎ᠤᠨ ᠢᠵᠢ ᠪᠦᠷᠢᠳᠦᠭ᠌ᠰᠡᠨ ᠴᠢᠨᠠᠷ᠎ᠢ ᠲᠡᠭᠦᠯᠳᠡᠷᠵᠢᠭᠦᠯᠬᠦ᠌ ᠬᠡᠷᠡᠭ᠌ᠳᠡᠢ᠃ ᠲᠡᠭᠦᠯᠳᠡᠷᠵᠢᠭ᠌ᠰᠡᠨ ᠠᠮᠢᠳᠤᠷᠠᠯ᠎ᠤᠨ ᠢᠵᠢ ᠪᠦᠷᠢᠳᠦᠭ᠌ᠰᠡᠨ ᠲᠣᠨᠤᠭ ᠲᠥᠬᠦᠭᠡᠷᠦᠮᠵᠢ᠎ᠨᠢ ᠳᠡᠭᠡᠳᠦ ᠲᠡᠰ᠎ᠤᠨ ᠴᠢᠳᠡᠪᠦᠷᠢᠳᠡᠨᠢ ᠲᠠᠳᠠᠬᠤ ᠴᠢᠬᠤᠯᠠ ᠡᠯᠧᠮᠧᠨ᠋ᠲ ᠪᠣᠯᠬᠤ ᠲᠡᠳᠦᠢ ᠦᠭᠡᠢ ᠮᠥᠨ ᠴᠤ᠌ ᠲᠤᠬᠠᠢ᠎ᠶ᠋ᠢᠨ ᠭᠠᠵᠠᠷ ᠤᠷᠤᠨ᠎ᠤ ᠰᠠᠭᠤᠭᠠᠯᠢ ᠠᠷᠠᠳ᠎ᠤᠨ ᠠᠮᠢᠳᠤᠷᠠᠯ᠎ᠤᠨ ᠶᠠᠰᠦ ᠴᠢᠨᠠᠷ᠎ᠢ ᠳᠡᠭᠡᠭ᠌ᠰᠢᠯᠡᠭᠦᠯᠬᠦ᠌ ᠴᠢᠬᠤᠯᠠ ᠠᠭᠤᠯᠭ᠎ᠠ ᠬᠡᠯᠳᠡᠢ᠃ ᠰᠠᠭᠤᠷᠢ ᠲᠦᠬᠦᠬᠡᠷᠦᠮᠵᠢ᠎ᠠᠴᠠ ᠭᠠᠳᠠᠨ᠎ᠠ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠨᠠᠰᠤᠵᠢᠯ᠎ᠤᠨ ᠠᠰᠠᠷᠠᠮᠵᠢ᠂ ᠡᠮ ᠡᠮᠨᠡᠯᠬᠡ᠂ ᠣᠷᠣᠨ ᠰᠠᠭᠤᠴᠠ᠂ ᠣᠯᠠᠨ ᠨᠡᠢᠲᠡ᠎ᠶ᠋ᠢᠨ ᠡᠷᠡᠭᠦᠯ ᠮᠡᠨᠳᠦ᠂ ᠤᠯᠠᠨ ᠨᠡᠢᠲᠡ᠎ᠶ᠋ᠢᠨ ᠠᠮᠤᠷ ᠲᠦᠪᠱᠢᠨ᠂ ᠠᠮᠢ ᠠᠬᠤᠢ ᠣᠷᠴᠢᠨ ᠲᠣᠭᠤᠷᠢᠨ ᠵᠡᠷᠭᠡ᠎ᠨᠢ ᠴᠦᠮ ᠤᠳᠤ ᠦᠶ᠎ᠠ᠎ᠶ᠋ᠢᠨ ᠠᠮᠢᠳᠤᠷᠠᠯ᠎ᠤᠨ ᠬᠠᠮᠤᠭ᠎ᠤᠨ ᠦᠨᠳᠦᠰᠦᠨ ᠢᠵᠢ ᠪᠦᠷᠢᠳᠦᠬᠦᠯᠦᠭ᠌ᠰᠡᠨ ᠲᠤᠨᠤᠭ ᠲᠥᠬᠦᠭᠡᠷᠦᠮᠵᠢ ᠪᠤᠯᠤᠨ᠎ᠠ᠃ ᠠᠵᠢᠯᠯᠠᠵᠤ ᠠᠮᠢᠳᠦᠷᠠᠬᠤ᠎ᠳᠤ ᠲᠠᠭᠠᠯᠠᠮᠵᠢᠳᠠᠢ ᠴᠢᠨᠠᠷ ᠰᠠᠢᠲᠠᠢ ᠠᠮᠢᠳᠤᠷᠠᠯ᠎ᠤᠨ ᠣᠷᠴᠢᠨ ᠲᠣᠭᠤᠷᠢᠨ ᠵᠢᠴᠢ ᠡᠶ᠎ᠡ ᠵᠣᠬᠢᠴᠠᠩᠭᠤᠢ ᠨᠡᠢᠭᠡᠮ᠎ᠤᠨ ᠠᠮᠢ ᠠᠬᠤᠢ ᠪᠣᠯ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠴᠢᠬᠤᠯᠠ ᠬᠥᠳᠡᠯᠭᠡᠬᠦ᠌ ᠬᠦᠴᠦᠨ ᠮᠥᠨ᠃ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠳᠤ ᠵᠠᠪᠠᠯ ᠳᠥᠭᠦᠮ ᠦᠵᠡᠬᠦᠯᠬᠦ᠂ ᠪᠠᠭ᠍ᠲᠠᠭᠠᠮᠵᠢᠲᠠᠢ᠂ ᠬᠠᠮᠲᠤ᠎ᠪᠠᠷ ᠡᠳ᠋ᠯᠡᠬᠦ᠌ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠤᠨᠤᠭ ᠲᠦᠬᠦᠬᠡᠷᠦᠮᠵᠢ᠎ᠶ᠋ᠢ ᠪᠦᠷᠢᠨᠱᠢᠬᠦᠯᠵᠤ᠂ ᠪᠠᠭ᠍ᠲᠠᠭᠠᠮᠵᠢᠲᠤ ᠴᠢᠨᠠᠷᠲᠠᠢ ᠵᠠᠬ᠎ᠠ ᠳᠡᠯᠭᠡᠭᠦᠷ᠎ᠤᠨ ᠣᠷᠴᠢᠨ ᠬᠢᠬᠡᠳ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ᠎ᠶ᠋ᠢ ᠪᠣᠢ ᠪᠣᠯᠭᠠᠬᠤ ᠬᠡᠷᠡᠭ᠌ᠲᠡᠢ᠃
ᠡᠯᠧᠮᠧᠨ᠋ᠲ᠎ᠤᠨ ᠵᠦᠢ ᠵᠣᠬᠢᠰᠲᠠᠢ ᠡᠷᠬᠢᠯᠳᠦᠬᠦ᠌᠎ᠶ᠋ᠢ ᠠᠬᠢᠭᠤᠯᠬᠤ ᠬᠡᠷᠡᠭ᠌ᠳᠡᠢ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ ᠮᠠᠨ᠎ᠤ ᠤᠯᠤᠰ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠤᠨ ᠬᠠᠷᠢᠯᠴᠠᠨ ᠠᠬᠢᠭᠤᠯᠤᠭ᠍ᠰᠠᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠦᠨ᠎ᠠ᠃ ᠲᠠᠷᠤᠢ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠤᠭ᠍ᠴᠤᠭ᠎ᠠ᠎ᠶ᠋ᠢ ᠨᠡᠪᠲᠡᠷᠡᠭᠦᠯᠦᠨ᠂ ᠬᠠᠩᠭᠠᠯᠭ᠎ᠠ᠎ᠶ᠋ᠢᠨ ᠬᠡᠯᠬᠢᠶ᠎ᠡ ᠪᠠ ᠠᠵᠤ ᠦᠢᠯᠡᠰ᠎ᠤᠨ ᠬᠡᠯᠬᠢᠶ᠎ᠡ᠎ᠶ᠋ᠢᠨ ᠡᠷᠬᠢᠯᠳᠦᠬᠦ᠌᠎ᠶ᠋ᠢ ᠠᠬᠢᠭᠤᠯᠵᠤ᠂ ᠠᠯᠢᠪᠠ ᠦᠢᠯᠡᠳᠪᠦᠷᠢᠯᠡᠯ᠎ᠤᠨ ᠡᠯᠧᠮᠧᠨ᠋ᠲ᠎ᠤᠨ ᠨᠡᠩ ᠴᠢᠯᠥᠭᠡᠳᠡᠢ ᠲᠥᠪ ᠭᠤᠣᠯᠴᠢ᠎ᠪᠠᠷ ᠡᠷᠬᠢᠯᠳᠦᠬᠦ᠌᠎ᠶ᠋ᠢ ᠠᠬᠢᠭᠤᠯᠵᠤ᠂ ᠠᠵᠤ ᠠᠬᠤᠢ᠎ᠶ᠋ᠢᠨ ᠨᠡᠮᠡᠭ᠌ᠳᠡᠯ᠂ ᠠᠵᠤ ᠦᠶᠯᠡᠰ᠎ᠤᠨ ᠲᠡᠰ ᠲᠡᠪᠱᠢᠬᠦ᠌᠎ᠶ᠋ᠢ ᠠᠬᠢᠭᠤᠯᠤᠬ᠍ᠰᠠᠨ ᠲᠤᠳᠤᠭᠠᠳᠤ ᠬᠦᠳᠡᠯᠬᠡᠬᠦ᠌ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ᠃ ᠨᠢᠭᠡ᠎ᠳᠤ᠂ ᠡᠯ᠎ᠡ ᠲᠥᠷᠥᠯ᠎ᠤᠨ ᠬᠠᠷᠰᠢ ᠰᠠᠭᠠᠳ᠎ᠢ ᠲᠠᠪᠠᠵᠤ᠂ ᠭᠤᠣᠯᠴᠢ ᠪᠥᠭᠡᠳ ᠭᠦᠢᠴᠡᠳ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠢ ᠠᠬᠢᠭᠤᠯᠬᠤ ᠬᠡᠷᠡᠭ᠌ᠲᠡᠢ᠃ ᠬᠤᠶᠠᠷ᠎ᠲᠤ᠌᠂ ᠨᠡᠢᠭᠡᠮ ᠠᠵᠤ ᠠᠬᠤᠢ᠎ᠶ᠋ᠢᠨ ᠭᠦᠨ ᠳᠠᠪᠬᠤᠷᠭ᠎ᠠ᠎ᠶ᠋ᠢᠨ ᠱᠢᠯᠵᠢᠯᠲᠡ᠎ᠶ᠋ᠢ ᠴᠢᠨᠠᠬ᠍ᠰᠢᠳᠠ ᠠᠬᠢᠭᠤᠯᠵᠤ᠂ ᠵᠠᠰᠠᠭ᠎ᠢ ᠴᠣᠮᠬᠠᠳᠭᠠᠵᠤ ᠡᠷᠬᠡ᠎ᠶ᠋ᠢ ᠲᠠᠯᠪᠢᠵᠤ᠂ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠡᠯ᠎ᠤᠨ ᠬᠢᠵᠠᠭᠠᠷᠯᠠᠯ ᠪᠣᠯᠤᠨ ᠪᠠᠢᠭᠤᠯᠤᠮᠵᠢ᠎ᠶ᠋ᠢᠨ ᠬᠠᠷᠰᠢ ᠰᠠᠭᠠᠳ᠎ᠢ ᠠᠷᠢᠯᠭᠠᠵᠤ᠂ ᠨᠢᠭᠡᠳᠦᠯᠲᠡᠢ ᠨᠡᠭᠡᠭᠡᠯᠲᠡᠲᠦ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠵᠤ᠂ ᠬᠦᠳᠡᠯᠮᠦᠷᠢ ᠬᠦᠴᠦᠨ᠂ ᠮᠡᠷᠬᠡᠵᠢᠯ᠂ ᠡᠳ᠋ ᠬᠦᠷᠦᠩᠬᠡ᠂ ᠲᠤᠭ᠎ᠠ ᠪᠠᠷᠢᠮᠳᠠ ᠪᠤᠯᠤᠨ ᠪᠠᠢᠭᠠᠯᠢ᠎ᠶ᠋ᠢᠨ ᠡᠬᠢ ᠪᠠᠶᠠᠯᠢᠭ ᠵᠡᠷᠬᠡ ᠡᠯᠧᠮᠧᠨ᠋ᠲ᠎ᠤᠨ ᠤᠷᠤᠨ ᠪᠦᠰᠡ ᠠᠯᠤᠰᠯᠠᠨ ᠴᠢᠯᠦᠬᠡᠳᠡᠢ ᠱᠢᠯᠵᠢᠵᠤ᠂ ᠦᠨᠳᠦᠷ ᠦᠷ᠎ᠡ ᠪᠦᠳᠦᠮᠵᠢᠳᠡᠢ᠎ᠪᠠᠷ ᠲᠦᠪᠯᠡᠷᠡᠬᠦ᠌᠎ᠶ᠋ᠢ ᠠᠬᠢᠭᠤᠯᠬᠤ ᠬᠡᠷᠡᠭ᠌ᠲᠡᠢ᠃
(ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ)