ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠲᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠬᠥᠯᠥᠨ ᠪᠤᠢᠷ᠎ᠤᠨ ᠦᠵᠡᠬᠦᠯᠪᠡᠰᠤ ᠵᠤᠬᠢᠬᠤ ᠬᠤᠪᠢ ᠨᠡᠮᠡᠷᠢ᠎ᠪᠠᠨ ᠦᠵᠡᠭᠦᠯᠤᠨ᠎ᠠ
2021-01-08 15:28:57
ᠵᠣᠬᠢᠶᠠᠭ᠍ᠴᠢ᠄
ᠯᠢ ᠢᠦᠢ ᠵᠦᠸᠧ
ᠣᠩᠱᠢᠭ᠍ᠰᠠᠨ ᠣᠳᠠᠭ᠎ᠠ᠄
★★★☆☆

— ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠢᠦᠢ ᠯᠢ ᠱᠢᠨ᠎ᠢ ᠰᠤᠷᠪᠤᠯᠵᠢᠯᠠᠬ᠍ᠰᠠᠨ᠎ᠨᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ᠎ᠶ᠋ᠢ ᠳᠤᠷᠠᠳᠤᠭ᠍ᠰᠠᠨ᠎ᠨᠢ ᠢᠷᠡᠭᠡᠳᠦᠢ᠎ᠶ᠋ᠢᠨ ᠲᠠᠪᠤᠨ ᠵᠢᠯ᠎ᠤᠨ ᠠᠵᠤ ᠠᠬᠤᠢ ᠨᠡᠢᠭᠡᠮ᠎ᠤᠨ ᠴᠢᠨᠠᠷ ᠰᠠᠢᠳᠠᠢ ᠬᠥᠭ᠌ᠵᠢᠯᠲᠡ᠎ᠶ᠋ᠢᠨ ᠠᠵᠢᠯ᠎ᠢ ᠰᠠᠢᠲᠤᠷ ᠬᠢᠬᠦ᠌᠎ᠳᠤ ᠴᠢᠭ᠌ᠯᠡᠯ᠎ᠢ ᠵᠢᠭᠠᠵᠤ ᠵᠢᠷᠤᠮᠯᠠᠯ ᠬᠠᠩᠭᠠᠭ᠍ᠰᠠᠨ ᠪᠠᠢᠨ᠎ᠠ᠃ ᠢᠯᠠᠩᠭᠤᠶ᠎ᠠ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠪᠠᠲᠤ ᠰᠠᠭᠤᠷᠢᠯᠠᠵᠤ᠂ ᠬᠥᠯᠥᠨ ᠪᠤᠢᠷ ᠬᠤᠲᠠ᠎ᠶ᠋ᠢᠨ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠤ ᠬᠥᠭ᠌ᠵᠢᠯᠲᠡ᠎ᠳᠤ ᠱᠢᠨ᠎ᠡ ᠣᠷᠣᠨ ᠵᠠᠢ ᠬᠠᠩᠭᠠᠵᠤ᠂ ᠱᠢᠨ᠎ᠡ ᠣᠷᠣᠨ ᠪᠠᠢᠷᠢ᠎ᠶ᠋ᠢ ᠲᠣᠭ᠍ᠲᠠᠭᠠᠨ ᠦᠭ᠌ᠴᠤ᠂ ᠠᠵᠢᠯ᠎ᠤᠨ ᠬᠦᠴᠦᠯᠡᠬᠦ᠌ ᠴᠡᠭ ᠪᠤᠯᠤᠨ ᠭᠠᠷᠳᠠᠬᠤ ᠴᠡᠭ᠎ᠢ ᠡᠷᠢᠵᠤ ᠤᠯᠵᠠᠢ᠃

ᠬᠥᠯᠥᠨ ᠪᠤᠢᠷ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠢᠦᠢ ᠯᠢ ᠱᠢᠨ ᠲᠤᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠬᠦᠯᠦᠨ ᠪᠤᠢᠷ ᠬᠤᠲᠠ᠎ᠶ᠋ᠢᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠣᠳᠠᠳᠠᠢ᠎ᠳᠤ ᠰᠠᠭᠤᠷᠢᠯᠠᠨ᠂ ᠳᠠᠪᠠᠭᠤᠯᠢᠭ᠎ᠢᠶᠠᠨ ᠪᠠᠳᠠᠷᠠᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠳᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠦᠵᠡᠰᠭᠦᠯᠡᠩᠳᠤ ᠰᠠᠢᠬᠠᠨ ᠦᠪᠦᠷ ᠮᠤᠩᠭᠤᠯ᠎ᠢᠶᠠᠨ ᠪᠦᠳᠦᠬᠡᠨ ᠪᠠᠢᠭᠤᠯᠵᠤ᠂ ᠠᠭᠤᠤ ᠶᠡᠭᠡ ᠲᠤᠮᠳᠠᠳᠤ᠎ᠶ᠋ᠢᠨ ᠵᠡᠬᠦᠳᠤ᠎ᠪᠠᠨ ᠬᠠᠮᠳᠤ᠎ᠪᠠᠷ ᠲᠡᠷᠬᠡᠯᠱᠢᠬᠦᠯᠬᠦ᠌᠎ᠳᠤ ᠬᠦᠯᠦᠨ ᠪᠤᠢᠷ᠎ᠤᠨ ᠦᠵᠡᠬᠦᠯᠪᠡᠰᠤ ᠵᠤᠬᠢᠬᠤ ᠬᠤᠪᠢ ᠨᠠᠮᠠᠷᠢ᠎ᠪᠠᠨ ᠦᠵᠡᠬᠦᠯᠦᠨ᠎ᠡ ᠭᠡᠪᠠ᠃

ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠬ᠍ᠳᠠ ᠪᠠᠷᠢᠮᠳᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠦᠢᠯᠡᠳᠦᠯᠭᠡ ᠳᠤᠮᠳᠠ ᠬᠥᠯᠥᠨ ᠪᠤᠢᠷ᠎ᠤᠨ ᠬᠠᠷᠢᠭᠤᠴᠠᠯᠭ᠎ᠠ᠎ᠶ᠋ᠢ ᠡᠭᠦᠷᠭᠡᠯᠡᠨ᠎ᠠ

ᠬᠥᠯᠥᠨ ᠪᠤᠢᠷ᠎ᠤᠨ ᠪᠦᠷᠢᠨ ᠪᠦᠳᠦᠨ ᠠᠮᠢ ᠠᠬᠤᠢ᠎ᠶ᠋ᠢᠨ ᠱᠢᠰᠲ᠋ᠧᠮ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠤᠳᠤᠷᠢᠳᠤᠮᠵᠢ᠎ᠶ᠋ᠢ ᠪᠠᠳᠤ ᠪᠤᠢ ᠪᠤᠯᠭᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠬ᠍ᠳᠠ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠤᠷᠢᠳ᠎ᠢᠶᠠᠷ ᠠᠳᠭᠤᠵᠤ᠂ ᠬᠠᠮᠤᠭ᠎ᠤᠨ ᠲᠠᠷᠢᠬᠦᠨ ᠪᠠᠢᠷᠢᠨ᠎ᠳᠤ ᠲᠠᠯᠪᠢᠬᠤ᠎ᠶ᠋ᠢ ᠡᠷᠡᠰ ᠪᠠᠷᠢᠮᠳᠠᠯᠠᠵᠤ᠂ ᠬᠡᠳᠦᠢ ᠶᠡᠭᠡ ᠬᠦᠴᠢᠷ ᠲᠣᠬᠢᠶᠠᠯᠳᠤᠭ᠍ᠰᠠᠨ ᠴᠦ᠍ ᠴᠦᠮ ᠲᠠᠲᠠᠭᠠᠯᠵᠠᠬᠤ ᠦᠭᠡᠢ᠂ ᠠᠩᠬᠠᠨ᠎ᠤ ᠡᠬᠦᠳᠡ᠎ᠶ᠋ᠢ ᠨᠠᠭᠡᠬᠡᠬᠦ᠌ ᠦᠬᠡᠢ᠂ ᠡᠪᠯᠡᠷᠡᠬᠦ᠌ ᠦᠬᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠷᠣᠨ ᠵᠠᠢ᠎ᠶ᠋ᠢ ᠥᠷᠭᠡᠳᠭᠡᠨ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠣᠷᠴᠢᠨ ᠲᠣᠭᠤᠷᠢᠨ᠂ ᠡᠬᠢ ᠪᠠᠶᠠᠯᠢᠭ ᠪᠣᠯᠤᠨ ᠠᠮᠢ ᠠᠬᠤᠢ᠎ᠶ᠋ᠢᠨ ᠳᠠᠭᠠᠭᠠᠴᠠ᠎ᠶ᠋ᠢᠨ ᠴᠢᠳᠠᠪᠤᠷᠢ᠎ᠶ᠋ᠢ ᠭᠦᠢᠴᠡᠳ ᠪᠣᠳᠣᠯᠬᠢᠯᠠᠵᠤ᠂ ᠨᠡᠭᠡᠭᠡᠨ ᠬᠥᠭ᠌ᠵᠢᠭᠦᠯᠬᠦ᠌ ᠡᠷᠴᠢᠮ᠎ᠢ ᠴᠢᠩᠭ᠎ᠠ ᠡᠵᠡᠮᠳᠡᠭ᠌ᠰᠡᠨ ᠰᠠᠭᠤᠷᠢᠨ ᠳᠡᠭᠡᠷ᠎ᠡ᠂ ᠪᠤᠬᠢᠷᠳᠤᠯ ᠦᠬᠡᠢ ᠤᠷᠤᠨ ᠵᠠᠢ᠎ᠶ᠋ᠢ ᠲᠠᠰᠤᠷᠠᠯᠳᠠ ᠦᠬᠡᠢ ᠦᠷᠬᠡᠳᠭᠡᠵᠤ᠂ ᠠᠮᠢ ᠠᠬᠤᠢ᠎ᠶ᠋ᠢᠨ ᠣᠷᠣᠨ ᠵᠠᠢ᠎ᠶ᠋ᠢᠨ ᠠᠭᠤᠯᠠ᠎ᠨᠢ ᠬᠦᠬᠡᠮᠳᠦᠭ ᠤᠰᠤ᠎ᠨᠢ ᠲᠤᠩᠭᠠᠯᠠᠭ᠂ ᠠᠮᠢᠳᠤᠷᠠᠯ᠎ᠤᠨ ᠣᠷᠣᠨ ᠵᠠᠢ᠎ᠶ᠋ᠢᠨ ᠤᠷᠤᠱᠢᠨ ᠰᠠᠭᠤᠷᠢᠱᠢᠬᠤ᠎ᠳᠤ ᠲᠠᠭᠠᠯᠠᠮᠵᠢᠳᠠᠢ᠂ ᠦᠢᠯᠡᠳᠪᠦᠷᠢᠯᠡᠯ᠎ᠤᠨ ᠣᠷᠣᠨ ᠵᠠᠢ᠎ᠶ᠋ᠢᠨ ᠡᠷᠴᠢᠮᠵᠢᠭ᠌ᠰᠡᠨ ᠥᠨᠳᠥᠷ ᠪᠦᠲᠦᠮᠵᠢᠲᠡᠢ ᠪᠠᠢᠬᠤ᠎ᠶ᠋ᠢ ᠠᠬᠢᠭᠤᠯᠤᠨ᠎ᠠ᠃ ᠠᠮᠢ ᠠᠬᠤᠢ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠬᠢᠭᠡᠳ ᠣᠷᠴᠢᠨ ᠲᠣᠭᠤᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭᠠᠳᠭᠠᠵᠤ᠂ ᠬᠥᠯᠥᠨ ᠪᠤᠢᠷ᠎ᠤᠨ ᠲᠠᠯ᠎ᠠ ᠨᠤᠲᠤᠭ᠂ ᠣᠢ ᠱᠢᠭᠤᠢ᠂ ᠭᠤᠣᠯ ᠮᠦᠷᠡᠨ ᠨᠠᠭᠤᠷ᠂ ᠨᠤᠭᠤ ᠭᠠᠵᠠᠷ᠂ ᠬᠠᠷ᠎ᠠ ᠬᠥᠷᠥᠰᠥ᠍ ᠵᠡᠷᠭᠡ ᠲᠠᠪᠤᠨ ᠶᠡᠭᠡ ᠠᠮᠢ ᠠᠬᠤᠢ᠎ᠶ᠋ᠢᠨ ᠱᠢᠰᠲ᠋ᠧᠮ᠎ᠢ ᠰᠠᠢᠳᠤᠷ ᠬᠠᠮᠠᠭᠠᠯᠠᠵᠤ᠂ ᠬᠥᠯᠥᠨ ᠪᠤᠢᠷ᠎ᠤᠨ ᠤᠯᠤᠰ᠎ᠤᠨ ᠴᠡᠴᠡᠷᠯᠢᠭ᠎ᠢ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢ ᠠᠬᠤᠢ᠎ᠶ᠋ᠢᠨ ᠲᠦᠷᠰᠦ ᠪᠠᠢᠳᠠᠯ᠎ᠢ ᠲᠠᠰᠤᠷᠠᠯᠳᠠ ᠦᠬᠡᠢ ᠪᠠᠳᠤᠳᠭᠠᠨ᠎ᠠ᠃ ᠠᠮᠢ ᠠᠬᠤᠢ᠎ᠶ᠋ᠢᠨ ᠳᠦᠷᠢᠮ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠠᠮᠢ ᠠᠬᠤᠢ ᠊ᠣᠷᠴᠢᠨ ᠲᠣᠭᠤᠷᠢᠨ᠎ᠤ ᠬᠠᠮᠠᠭᠠᠯᠠᠯᠲᠠ᠎ᠳᠤ ᠨᠠᠮ ᠵᠠᠰᠠᠭ ᠵᠡᠷᠭᠡ᠎ᠪᠠᠷ ᠬᠠᠷᠢᠭᠤᠴᠠᠯᠭ᠎ᠠ᠎ᠲᠠᠢ᠂ ᠨᠢᠬᠡ ᠠᠵᠢᠯ᠎ᠤᠨ ᠪᠠᠢᠷᠢ ᠬᠤᠤᠰ ᠬᠠᠷᠢᠭᠤᠴᠠᠯᠭ᠎ᠠ᠎ᠲᠠᠢ ᠪᠠᠢᠬᠤ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠦᠢᠯᠡᠳᠬᠦᠨ᠎ᠤ ᠥᠷᠲᠡᠭ᠎ᠢ ᠪᠠᠲᠤᠯᠠᠵᠤ ᠥᠷᠲᠡᠭ᠎ᠢ ᠨᠡᠮᠡᠭ᠌ᠳᠡᠭᠦᠯᠬᠦ᠌᠎ᠶ᠋ᠢ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠳᠠ᠎ᠶ᠋ᠢ ᠬᠢᠨᠠᠨ ᠱᠢᠯᠭᠠᠬᠤ᠎ᠯᠤᠭ᠎ᠠ ᠤᠶᠠᠯᠳᠤᠭᠤᠯᠵᠤ᠂ ᠡᠬᠢ ᠪᠠᠶᠠᠯᠢᠭ᠎ᠤᠨ ᠬᠤᠷᠣᠭ᠍ᠳᠠᠯ᠂ ᠣᠷᠴᠢᠨ ᠲᠣᠭᠤᠷᠢᠨ᠎ᠤ ᠡᠪᠳᠡᠭ᠌ᠳᠡᠯ᠂ ᠠᠮᠢ ᠠᠬᠤᠢ᠎ᠶ᠋ᠢᠨ ᠦᠷ᠎ᠡ ᠠᠱᠢᠭ᠎ᠢ ᠪᠥᠬᠦ᠌ ᠬᠤᠲᠠ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠠᠵᠢᠯ᠎ᠤᠨ ᠬᠢᠷᠢ ᠪᠦᠳᠦᠮᠵᠢ᠎ᠶ᠋ᠢ ᠬᠢᠨᠠᠨ ᠱᠢᠯᠭᠠᠬᠤ ᠪᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠳᠠ᠎ᠶ᠋ᠢᠨ ᠠᠵᠢᠯ᠎ᠤᠨ ᠦᠷ᠎ᠠ ᠪᠦᠳᠦᠮᠵᠢ᠎ᠶ᠋ᠢ ᠬᠢᠨᠠᠨ ᠱᠢᠯᠭᠠᠵᠤ ᠦᠨᠡᠯᠡᠬᠦ᠌ ᠭᠦᠢᠴᠡᠳᠭᠡᠬᠦ᠌ ᠲᠤᠭ᠎ᠠ᠎ᠳᠤ ᠣᠷᠣᠭᠤᠯᠤᠨ᠎ᠠ᠃

ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭᠠᠷ᠎ᠤᠨ ᠲᠣᠭ᠍ᠲᠠᠭᠤᠨ ᠪᠠᠢᠬᠤ᠎ᠶ᠋ᠢ ᠯᠠᠪᠳᠠᠭᠤᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠦᠢᠯᠡᠳᠦᠯᠭᠡ ᠳᠤᠮᠳᠠ ᠬᠥᠯᠥᠨ ᠪᠤᠢᠷ᠎ᠤᠨ ᠡᠭᠦᠷᠭᠡᠯᠡᠯ᠎ᠢ ᠬᠦᠢᠴᠡᠳᠭᠡᠨ᠎ᠡ

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠤᠭᠤᠴᠠᠭᠠᠨ᠎ᠳᠤ ᠬᠥᠯᠥᠨ ᠪᠤᠢᠷ ᠬᠤᠲᠠ ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠤᠨ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠬᠡ᠎ᠪᠠᠷ ᠴᠢᠬᠤᠯᠠᠴᠢᠯᠠᠬᠤ᠎ᠶ᠋ᠢ ᠪᠠᠷᠢᠮᠳᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠤᠮᠳᠠ ᠡᠬᠦᠷᠬᠡ ᠬᠠᠷᠢᠭᠤᠴᠠᠯᠭ᠎ᠠ᠎ᠪᠠᠨ ᠬᠦᠢᠴᠡᠳᠭᠡᠨ᠎ᠡ᠃ ᠦᠨᠳᠦᠰᠦᠲᠡᠨ᠎ᠤ ᠠᠵᠢᠯ᠎ᠢ ᠴᠢᠨᠠᠬ᠍ᠰᠢᠳᠠ ᠴᠢᠩᠭᠠᠳᠭᠠᠨ ᠰᠠᠢᠵᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠭᠡᠬᠦ᠌ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ᠎ᠢ ᠪᠠᠲᠤ ᠡᠵᠡᠮᠳᠡᠵᠦ᠍᠂ ᠨᠢᠭᠡᠳᠦᠯ ᠪᠣᠯᠤᠨ ᠥᠪᠡᠷᠲᠡᠭᠡᠨ ᠵᠠᠰᠠᠬᠤ᠎ᠶ᠋ᠢ ᠤᠶᠠᠯᠳᠤᠭᠤᠯᠬᠤ᠂ ᠦᠨᠳᠦᠰᠦᠲᠡᠨ᠎ᠤ ᠡᠯᠧᠮᠧᠨ᠋ᠲ ᠬᠢᠬᠡᠳ ᠣᠷᠣᠨ ᠪᠦᠰᠡ᠎ᠶ᠋ᠢᠨ ᠡᠯᠧᠮᠧᠨ᠋ᠲ᠎ᠢ ᠤᠶᠠᠯᠳᠤᠭᠤᠯᠬᠤ᠎ᠶ᠋ᠢ ᠪᠠᠷᠢᠮᠳᠠᠯᠠᠵᠤ᠂ ᠵᠥᠷᠢᠶᠡᠲᠦ ᠴᠢᠨᠠᠷ ᠬᠢᠬᠡᠳ ᠨᠡᠢᠲᠡᠯᠢᠭ ᠴᠢᠨᠠᠷ᠎ᠤᠨ ᠬᠠᠷᠢᠴᠠᠭ᠎ᠠ᠎ᠶ᠋ᠢ ᠵᠥᠪ ᠤᠨᠤᠪᠴᠢᠳᠠᠢ ᠱᠢᠢᠳᠪᠦᠷᠢᠯᠡᠵᠦ᠍᠂ ᠦᠨᠳᠦᠰᠦᠲᠡᠨ᠎ᠨᠦᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠠᠬᠢᠭᠤᠯᠵᠤ᠂ ᠪᠥᠬᠦ᠌ ᠬᠤᠲᠠ᠎ᠶ᠋ᠢᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠠᠨᠠᠷ᠎ᠤᠨ ᠦᠷ᠎ᠠ ᠱᠢᠭ ᠨᠢᠬ᠍ᠳᠠᠷᠠᠭᠤᠯᠤᠨ᠎ᠠ᠃ ᠡᠶ᠎ᠡ ᠵᠣᠬᠢᠴᠠᠩᠭᠤᠢ ᠲᠣᠭ᠍ᠲᠠᠭᠤᠨ ᠨᠡᠢᠭᠡᠮ᠎ᠤᠨ ᠶᠡᠭᠡ ᠲᠠᠯ᠎ᠠ᠎ᠶ᠋ᠢ ᠪᠥᠬᠦ᠌ ᠬᠦᠴᠦᠨ᠎ᠢᠶᠠᠷ ᠬᠠᠮᠠᠭᠠᠯᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠠᠵᠤ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ᠎ᠢ ᠪᠠᠲᠤᠯᠠᠨ᠂ ᠠᠮᠤᠷ ᠲᠦᠪᠱᠢᠨ᠎ᠢ ᠬᠥᠭ᠌ᠵᠢᠯᠲᠡ᠎ᠶ᠋ᠢᠨ ᠡᠯ᠎ᠡ ᠬᠦᠷᠢᠶ᠎ᠡ ᠴᠠᠷᠠᠭ᠎ᠠ ᠪᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠠᠷᠠᠳ ᠲᠦᠮᠡᠨ᠎ᠤ ᠠᠮᠤᠷ ᠵᠢᠷᠭᠠᠯ᠎ᠲᠠᠢ ᠠᠵᠤ ᠲᠦᠷᠦᠬᠦ᠂ ᠨᠡᠢᠭᠡᠮ᠎ᠤᠨ ᠠᠮᠤᠷ ᠲᠤᠬ᠍ᠳᠠᠭᠤᠨ ᠡᠮᠬᠢ ᠳᠢᠭ᠌ᠯᠢᠮ᠂ ᠬᠢᠯᠢ ᠬᠢᠵᠠᠭᠠᠷ᠎ᠤᠨ ᠲᠣᠭ᠍ᠲᠠᠭᠤᠨ ᠲᠠᠢᠪᠤᠩ ᠪᠠᠢᠬᠤ᠎ᠶ᠋ᠢ ᠪᠠᠲᠤᠯᠠᠨ᠎ᠠ᠃

ᠲᠠᠷᠢᠶᠠᠯᠠᠩ ᠮᠠᠯ ᠠᠵᠤ ᠠᠬᠤᠢ ᠣᠢ ᠱᠢᠭᠤᠢ᠎ᠶ᠋ᠢᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢᠭᠤᠯᠬᠤ ᠦᠢᠯᠡᠳᠦᠯᠭᠡ ᠳᠤᠮᠳᠠ ᠬᠥᠯᠥᠨ ᠪᠤᠢᠷ᠎ᠤᠨ ᠳᠠᠪᠠᠭᠤᠯᠢᠭ᠎ᠢ ᠡᠬᠦᠳᠴᠤ᠌ ᠨᠡᠮᠡᠭ᠌ᠳᠡᠬᠦᠯᠦᠨ᠎ᠠ

ᠬᠥᠯᠥᠨ ᠪᠤᠢᠷ ᠪᠣᠯ ᠤᠯᠠᠮᠵᠢᠯᠠᠯᠲᠤ ᠠᠮᠤ ᠪᠤᠳᠠᠭᠠᠨ᠎ᠤ ᠭᠠᠷᠤᠯᠲᠠ᠎ᠶ᠋ᠢᠨ ᠲᠤᠮᠤ ᠬᠤᠳᠠ ᠪᠠ ᠮᠠᠯ ᠠᠵᠤ ᠠᠬᠤᠢ᠎ᠶ᠋ᠢᠨ ᠲᠣᠮᠣ ᠬᠤᠲᠠ ᠪᠣᠯᠤᠨ᠎ᠠ᠃ ᠬᠥᠯᠥᠨ ᠪᠤᠢᠷ ᠡᠨᠡ ᠬᠦ᠌ ᠳᠠᠪᠠᠭᠤᠯᠢᠭ᠎ᠢᠶᠠᠨ ᠦᠷᠭᠦᠯᠵᠢᠯᠡᠨ ᠰᠠᠢᠲᠤᠷ ᠪᠠᠳᠠᠷᠠᠭᠤᠯᠵᠤ᠂ ᠪᠣᠬᠢᠷᠲᠤᠯ ᠦᠭᠡᠢ᠎ᠪᠠᠷ ᠲᠠᠷᠢᠶᠠᠯᠠᠩ᠎ᠢ ᠬᠦᠭ᠌ᠵᠢᠬᠦᠯᠵᠤ ᠮᠠᠯ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠳᠦᠬᠡᠭ᠌ᠳᠡᠬᠦᠨ᠎ᠤ ᠰᠠᠭᠤᠷᠢᠨ᠎ᠤ ᠴᠢᠨᠠᠷ ᠰᠠᠢᠲᠠᠢ ᠥᠨᠳᠥᠷ ᠦᠷ᠎ᠡ ᠠᠱᠢᠭ᠍ᠳᠠᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠠᠮᠠᠷᠢᠯᠠᠨ᠎ᠠ᠃ ᠬᠥᠯᠥᠨ ᠪᠤᠢᠷ᠎ᠤᠨ ᠲᠠᠷᠢᠶᠠᠯᠠᠩ ᠮᠠᠯ ᠠᠵᠤ ᠠᠬᠤᠢ ᠣᠢ ᠱᠢᠭᠤᠢ᠎ᠶ᠋ᠢᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠥᠷᠢᠰᠦᠯᠳᠦᠭᠡᠨ᠎ᠤ ᠱᠢᠨ᠎ᠡ ᠳᠠᠪᠠᠭᠤᠯᠢᠭ᠎ᠢ ᠡᠭᠦᠳᠴᠤ᠌ ᠨᠡᠮᠡᠭ᠌ᠳᠡᠬᠦᠯᠦᠨ᠎ᠡ᠃ ᠦᠢᠯᠡᠳᠪᠦᠷᠢᠯᠡᠯ᠎ᠤᠨ ᠬᠦᠴᠦᠨ᠎ᠤ ᠪᠠᠢᠷᠢᠱᠢᠭᠤᠯᠤᠯᠲᠠ᠎ᠶ᠋ᠢ ᠴᠢᠨᠠᠭ᠍ᠰᠢᠳᠠ ᠱᠢᠯᠢᠳᠡᠭ᠌ᠵᠢᠭᠦᠯᠵᠦ᠍᠂ ᠬᠢᠩᠭᠠᠨ ᠳᠠᠪᠠᠭᠠᠨ᠎ᠤ ᠵᠡᠭᠦᠨ ᠬᠡᠰᠡᠭ ᠬᠢᠩᠭᠠᠨ ᠳᠠᠪᠠᠭᠠᠨ᠎ᠤ ᠪᠠᠷᠠᠭᠤᠨ ᠬᠡᠰᠡᠭ ᠬᠢᠩᠭᠠᠨ ᠳᠠᠪᠠᠭᠠᠨ ᠲᠡᠭᠡᠷ᠎ᠡ᠂ ᠲᠤᠬᠠᠢ᠎ᠶ᠋ᠢᠨ ᠭᠠᠵᠠᠷ᠎ᠲᠤᠨᠢ ᠲᠤᠬᠢᠷᠠᠭᠤᠯᠵᠤ᠂ ᠣᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠂ ᠮᠠᠯ᠎ᠤᠨ ᠠᠱᠢᠭ ᠱᠢᠮ᠎ᠡ᠂ ᠣᠢ ᠱᠢᠭᠤᠢ᠎ᠶ᠋ᠢᠨ ᠦᠢᠯᠡᠳᠬᠦᠨ᠎ᠤ ᠠᠵᠤ ᠦᠢᠯᠡᠰ᠎ᠤᠨ ᠪᠦᠰᠡ ᠬᠢᠬᠡᠳ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠵᠤ᠂ ᠤᠷᠤᠨ ᠪᠦᠰᠡᠴᠢ ᠴᠢᠨᠠᠷ᠎ᠲᠠᠢ᠂ ᠪᠠᠷᠢᠮᠵᠢᠶᠠᠵᠢᠬ᠍ᠰᠠᠨ᠂ ᠬᠡᠪᠴᠢᠶᠠᠵᠢᠨ ᠵᠠᠯᠭᠠᠯᠳᠤᠭ᠍ᠰᠠᠨ ᠠᠵᠤ ᠦᠢᠯᠡᠰ᠎ᠤᠨ ᠰᠠᠭᠤᠷᠢᠨ᠎ᠢ ᠲᠦᠷᠬᠡᠳᠭᠡᠨ ᠪᠦᠷᠢᠯᠳᠦᠬᠦᠯᠦᠨ᠎ᠠ᠃ ᠠᠵᠤ ᠦᠢᠯᠡᠰ᠎ᠤᠨ ᠬᠡᠯᠬᠢᠶ᠎ᠠ᠎ᠶ᠋ᠢᠨ ᠳᠡᠭᠡᠭ᠌ᠰᠢᠯᠡᠯᠳᠠ᠎ᠶ᠋ᠢ ᠴᠢᠨᠠᠬ᠍ᠰᠢᠳᠠ ᠠᠬᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠦᠭ᠌ᠰᠡᠨ ᠨᠢᠭᠡ ᠪᠦᠯᠦᠭ ᠲᠥᠷᠥᠯ ᠵᠦᠢᠯ᠎ᠢ ᠬᠦᠴᠦᠯᠡᠨ ᠬᠡᠷᠡᠭ᠌ᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠵᠤ᠂ ᠥᠷᠲᠡᠭ᠎ᠤᠨ ᠬᠡᠯᠬᠢᠶ᠎ᠡ᠎ᠶ᠋ᠢ ᠳᠡᠭᠡᠭ᠌ᠰᠢᠯᠡᠭᠦᠯᠦᠨ᠂ ᠲᠠᠷᠢᠶᠠᠨ ᠭᠠᠵᠠᠷ᠂ ᠮᠠᠯᠵᠢᠯ᠎ᠤᠨ ᠲᠠᠯᠠᠪᠠᠢ᠂ ᠣᠢ ᠱᠢᠭᠤᠢ᠎ᠠᠴᠠ ᠬᠤᠭᠤᠯᠠᠨ ᠱᠢᠷᠡᠭᠡ ᠬᠦᠷᠲᠡᠯᠡᠬᠢ ᠪᠦᠬᠦ᠌ ᠠᠵᠤ ᠦᠢᠯᠡᠰ᠎ᠤᠨ ᠬᠡᠯᠬᠢᠶ᠎ᠠ᠎ᠶ᠋ᠢᠨ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠬᠡᠭ᠌ᠳᠡᠬᠦᠨ᠎ᠢ ᠡᠬᠦᠳᠦᠨ᠎ᠠ᠃ ᠲᠥᠷᠥᠯ ᠲᠡᠮᠳᠡᠭ᠌ᠵᠢᠯᠳᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠴᠢᠨᠠᠬ᠍ᠰᠢᠳᠠ ᠬᠡᠷᠡᠭ᠌ᠵᠢᠭᠦᠯᠵᠦ᠍᠂ ᠠᠮᠢ ᠠᠬᠤᠢ᠎ᠪᠠᠷ ᠲᠥᠷᠥᠯ ᠲᠡᠮᠳᠡᠭ᠎ᠤᠨ ᠭᠤᠣᠯ ᠥᠷᠢᠰᠦᠯᠳᠦᠬᠦ᠌ ᠬᠦᠴᠦᠨ ᠪᠤᠯᠭᠠᠵᠤ᠂ ᠬᠥᠯᠥᠨ ᠪᠤᠢᠷ᠎ᠤᠨ ᠲᠠᠯ᠎ᠠ ᠨᠤᠲᠤᠭ᠎ᠤᠨ ᠬᠤᠨᠢᠨ ᠮᠢᠬ᠎ᠠ᠂ ᠱᠢᠷ᠎ᠠ ᠪᠤᠷᠴᠠᠭ᠂ ᠳᠡᠯᠳᠡᠦ ᠵᠡᠷᠭᠡ ᠣᠷᠣᠨ ᠪᠦᠰᠡ᠎ᠶ᠋ᠢᠨ ᠣᠯᠠᠨ ᠨᠡᠢᠲᠡ᠎ᠶ᠋ᠢᠨ ᠲᠥᠷᠥᠯ ᠲᠡᠮᠳᠡᠭ᠎ᠲᠤ ᠲᠦᠱᠢᠭ᠌ᠯᠡᠨ᠂ ᠬᠥᠯᠥᠨ ᠪᠤᠢᠷ᠎ᠤᠨ ᠣᠨᠴᠠᠯᠢᠭ᠍ᠲᠤ ᠲᠥᠷᠥᠯ ᠲᠡᠮᠳᠡᠭ᠎ᠤᠨ ᠭᠤᠣᠯ ᠤᠷᠤᠨ᠎ᠢ ᠪᠠᠢᠭᠤᠯᠤᠨ᠎ᠠ᠃

ᠤᠯᠤᠰ᠎ᠤᠨ ᠡᠨᠧᠷᠬᠢ᠎ᠶ᠋ᠢᠨ ᠠᠮᠤᠷ ᠲᠦᠪᠱᠢᠨ᠎ᠢ ᠡᠷᠡᠰ ᠪᠠᠳᠤᠯᠠᠵᠤ᠂ ᠤᠯᠤᠰ᠎ᠤᠨ ᠴᠢᠬᠤᠯᠠ ᠡᠨᠧᠷᠭᠢ ᠬᠢᠬᠡᠳ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ ᠦᠢᠯᠡᠳᠦᠯᠭᠡ ᠳᠤᠮᠳᠠ ᠬᠥᠯᠥᠨ ᠪᠤᠢᠷ᠎ᠤᠨ ᠬᠦᠴᠦᠨ᠎ᠢ ᠨᠡᠮᠡᠷᠢᠯᠡᠨ᠎ᠡ

ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠠᠢᠮᠠᠭ ᠬᠤᠲᠠ᠎ᠶ᠋ᠢᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠲᠠᠯ᠎ᠠ ᠨᠤᠲᠤᠭ ᠳᠡᠭᠡᠷ᠎ᠡ ᠨᠡᠭᠦᠷᠡᠰᠦᠨ᠎ᠤ ᠡᠬᠢ ᠪᠠᠶᠠᠯᠢᠭ᠎ᠢ ᠳᠠᠬᠢᠵᠤ ᠨᠡᠭᠡᠭᠡᠨ ᠬᠥᠭ᠌ᠵᠢᠭᠦᠯᠬᠦ᠌ ᠥᠬᠡᠢ ᠬᠡᠬᠦ᠌ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠤᠨ᠎ᠠ᠃ ᠬᠥᠯᠥᠨ ᠪᠤᠢᠷ᠎ᠨᠢ ᠠᠮᠢ ᠠᠬᠤᠢ ᠣᠷᠴᠢᠨ ᠲᠣᠭᠤᠷᠢᠨ᠎ᠢ ᠡᠷᠡᠰ ᠬᠠᠮᠠᠭᠠᠯᠠᠵᠤ᠂ ᠡᠨᠧᠷᠭᠢ ᠬᠢᠬᠡᠳ ᠡᠬᠢ ᠪᠠᠶᠠᠯᠢᠭ᠎ᠤᠨ ᠪᠠᠢᠯᠳᠤᠬᠤ ᠪᠣᠳᠣᠯᠭ᠎ᠠ᠎ᠶ᠋ᠢᠨ ᠨᠥᠭᠡᠴᠡᠯᠡᠬᠦ᠌ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠨ᠎ᠡ᠃ ᠨᠦᠬᠡᠴᠡ ᠪᠠᠢᠭ᠎ᠠ᠎ᠪᠠᠨ ᠢᠳᠡᠪᠬᠢᠲᠡᠢ ᠰᠠᠢᠳᠤᠷ ᠬᠢᠬᠦ᠌᠎ᠪᠠᠷ ᠳᠠᠮᠵᠢᠭᠤᠯᠵᠤ᠂ ᠣᠳᠣ ᠪᠠᠢᠭ᠎ᠠ ᠨᠡᠭᠦᠷᠡᠰᠦᠨ᠎ᠤ ᠡᠬᠢ ᠪᠠᠶᠠᠯᠢᠭ᠎ᠤᠨ ᠲᠥᠷᠥᠯ᠎ᠤᠨ ᠲᠥᠷᠦᠯ ᠵᠦᠢᠯ᠎ᠤᠨ ᠬᠡᠯᠬᠢᠶ᠎ᠠ᠎ᠶ᠋ᠢ ᠤᠷᠲᠤᠳᠭᠠᠨ ᠬᠡᠯᠬᠢᠶ᠎ᠠ᠎ᠶ᠋ᠢ ᠨᠦᠬᠦᠪᠦᠷᠢᠯᠡᠬᠦ᠌ ᠬᠡᠯᠬᠢᠶ᠎ᠡ᠎ᠶ᠋ᠢ ᠬᠦᠴᠦᠷᠬᠡᠭ᠌ᠵᠢᠬᠦᠯᠬᠦ᠌᠎ᠶ᠋ᠢ ᠠᠬᠢᠭᠤᠯᠵᠤ᠂ ᠲᠤᠬᠠᠢ᠎ᠶ᠋ᠢᠨ ᠭᠠᠵᠠᠷ᠎ᠲᠠᠭᠠᠨ ᠤᠨᠳᠤᠤᠱᠢᠭᠤᠯᠬᠤ ᠨᠤᠷᠮ᠎ᠠ ᠪᠤᠯᠤᠨ ᠨᠠᠷᠢᠯᠢᠭ ᠪᠤᠯᠪᠠᠰᠤᠷᠠᠭᠤᠯᠬᠤ ᠬᠡᠮᠵᠢᠶ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠤᠨ᠎ᠠ᠃

ᠤᠯᠤᠰ᠎ᠤᠨ ᠳᠣᠲᠣᠭᠠᠳᠤ ᠤᠯᠤᠰ᠎ᠤᠨ ᠭᠠᠳᠠᠭᠠᠳᠤ᠎ᠶ᠋ᠢᠨ ᠬᠤᠣᠰ ᠤᠷᠴᠢᠯ᠎ᠳᠤ ᠢᠳᠡᠪᠬᠢᠲᠡᠢ ᠠᠭᠤᠰᠤᠯᠴᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠠᠬᠢᠯᠡᠯᠲᠡ᠎ᠶ᠋ᠢ ᠪᠠᠢᠭᠤᠯᠬᠤ ᠦᠢᠯᠡᠳᠦᠯᠭᠡ ᠲᠤᠮᠳᠠ ᠬᠥᠯᠥᠨ ᠪᠤᠢᠷ᠎ᠤᠨ ᠲᠠᠪᠠᠭᠤᠯᠢᠭ᠎ᠢ ᠪᠠᠳᠤᠳᠭᠠᠨ᠎ᠠ

ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠂ ᠣᠷᠣᠨ ᠪᠠᠢᠷᠢ᠎ᠶ᠋ᠢᠨ ᠳᠠᠪᠠᠭᠤᠯᠢᠭ᠂ ᠪᠣᠭᠤᠮᠲᠠ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠭᠠᠳᠠᠭᠠᠳᠤ ᠨᠡᠭᠡᠭᠡᠯᠳᠠ ᠭᠡᠬᠦ᠌ ᠡᠨᠡ ᠬᠦ᠌ ᠲᠠᠪᠠᠭᠤᠯᠢᠭ᠎ᠢᠶᠠᠨ ᠨᠡᠩ ᠤᠷᠳᠤᠳᠭᠠᠨ ᠨᠡᠩ ᠱᠢᠯᠢᠳᠡᠭ᠌ᠵᠢᠬᠦᠯᠦᠨ᠎ᠠ᠃ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠠᠢᠭᠤᠯᠬᠤ᠎ᠳᠤ ᠭᠦᠨᠵᠡᠭᠡᠢ ᠠᠭᠤᠰᠤᠯᠴᠠᠨ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ᠎ᠳᠤ ᠪᠦᠬᠦ᠌ ᠲᠠᠯ᠎ᠠ᠎ᠪᠠᠷ ᠣᠷᠣᠯᠴᠠᠵᠤ᠂ ᠳᠤᠮᠳᠠᠳᠤ ᠣᠷᠣᠰ ᠮᠣᠩᠭᠤᠯ᠎ᠤᠨ ᠬᠠᠮᠲᠤᠷᠠᠯᠴᠠᠭᠠᠨ᠎ᠤ ᠬᠤᠱᠢᠭᠤᠴᠢ ᠣᠷᠣᠨ᠂ ᠮᠠᠨᠵᠤᠤᠷ᠎ᠤᠨ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠂ ᠶᠡᠷᠦᠩᠬᠡᠢᠯᠡᠭ᠌ᠰᠡᠨ ᠭᠠᠢᠯᠢ ᠦᠬᠡᠢ ᠣᠷᠣᠨ ᠵᠡᠷᠭᠡ ᠨᠡᠭᠡᠭᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠥᠷᠲᠡᠭ᠎ᠢ ᠢᠳᠡᠪᠬᠢᠳᠡᠢ ᠰᠤᠳᠤᠯᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭ᠎ᠠ᠎ᠶ᠋ᠢᠨ ᠲᠥᠪᠯᠡᠷᠡᠭᠦᠯᠦᠨ ᠲᠠᠷᠬᠠᠭᠠᠬᠤ ᠲᠥᠪ ᠪᠣᠯᠤᠨ ᠲᠤᠬᠠᠢ᠎ᠶ᠋ᠢᠨ ᠭᠠᠵᠠᠷ᠎ᠲᠤᠨᠢ ᠪᠣᠯᠪᠠᠰᠤᠷᠠᠭᠤᠯᠤᠨ ᠤᠨᠳᠤᠤᠱᠢᠭᠤᠯᠬᠤ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠰᠦᠪᠡᠭ᠌ᠴᠢᠯᠡᠨ ᠠᠬᠢᠭᠤᠯᠤᠨ᠎ᠠ᠃ ᠬᠦᠴᠦ᠎ᠪᠠᠨ ᠲᠥᠪᠯᠡᠷᠡᠭᠦᠯᠦᠨ ᠮᠠᠨᠵᠤᠤᠷ᠎ᠤᠨ ᠬᠠᠭᠤᠷᠠᠢ᠎ᠶ᠋ᠢᠨ ᠭᠠᠷᠠᠮ᠎ᠤᠨ ᠪᠣᠭᠤᠮᠲᠠ᠎ᠶ᠋ᠢᠨ ᠭᠤᠣᠯ ᠵᠢᠭ᠍ᠰᠠᠭᠠᠯ᠎ᠤᠨ ᠭᠠᠵᠠᠷ᠎ᠢ ᠪᠦᠲᠦᠭᠡᠨ ᠪᠠᠢᠭᠤᠯᠵᠤ᠂ ᠡᠯ᠎ᠡ ᠪᠣᠭᠤᠮᠲᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠤ᠂ ᠪᠥᠬᠦ᠌ ᠬᠤᠲᠠ᠎ᠶ᠋ᠢᠨ ᠡᠯ᠎ᠡ ᠪᠣᠭᠤᠮᠲᠠ᠎ᠶ᠋ᠢᠨ ᠵᠥᠷᠢᠶᠡᠲᠦ ᠬᠥᠭ᠌ᠵᠢᠯᠲᠡ᠎ᠶ᠋ᠢ ᠠᠬᠢᠭᠤᠯᠤᠨ᠎ᠠ᠃ ᠭᠠᠳᠠᠭᠠᠳᠤ ᠨᠡᠭᠡᠭᠡᠯᠳᠠ᠎ᠶ᠋ᠢᠨ 《ᠨᠢᠭᠡ ᠬᠥᠯᠭᠡ ᠱᠢᠳᠡᠷ᠎ᠡ》 ᠎ᠶ᠋ᠢᠨ ᠦᠵᠡᠯ ᠰᠠᠨᠠᠭ᠎ᠠ᠎ᠶ᠋ᠢ ᠪᠠᠲᠤ ᠪᠣᠢ ᠪᠣᠯᠭᠠᠵᠤ᠂ ᠡᠯ᠎ᠡ ᠲᠥᠷᠥᠯ᠎ᠤᠨ ᠭᠠᠳᠠᠭᠠᠳᠤ ᠨᠡᠭᠡᠭᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠪᠥᠬᠦ᠌ ᠬᠤᠲᠠ᠎ᠶ᠋ᠢᠨ ᠬᠡᠪᠴᠢᠶᠠᠨ᠎ᠳᠤ ᠬᠦᠷᠲᠡᠯ᠎ᠡ ᠦᠷᠬᠡᠳᠭᠡᠵᠤ᠂ ᠪᠣᠭᠤᠮᠲᠠ᠎ᠪᠠᠷ ᠲᠠᠢᠴᠢᠯᠠᠬ᠍ᠰᠠᠨ᠂ ᠳᠣᠲᠣᠷ ᠭᠠᠵᠠᠷ᠎ᠢᠶᠠᠷ ᠲᠤᠯᠭᠠᠭᠤᠷᠢᠯᠠᠬ᠍ᠰᠠᠨ᠂ ᠲᠤᠳᠤᠷ ᠭᠠᠵᠠᠷ ᠪᠠ ᠬᠢᠵᠠᠭᠠᠷ᠎ᠤᠨ ᠬᠠᠷᠢᠯᠴᠠᠨ ᠬᠤᠷᠱᠢᠯᠴᠠᠬ᠍ᠰᠠᠠ ᠪᠣᠭᠤᠮᠲᠠ᠎ᠶ᠋ᠢᠨ ᠠᠵᠤ ᠠᠬᠤᠢ᠎ᠶ᠋ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠵᠡᠭᠦᠨ ᠬᠤᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ 《ᠬᠥᠯᠥᠨ ᠪᠤᠢᠷ — ᠬᠢᠩᠭᠠᠨ ᠠᠢᠮᠠᠭ》 ᠎ᠤᠨ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠳᠤ ᠰᠠᠭᠤᠷᠢᠯᠠᠵᠤ᠂ ᠪᠦᠬᠦ᠌ ᠲᠠᠯ᠎ᠠ ᠪᠦᠬᠦ᠌ ᠬᠦᠷᠢᠶ᠎ᠡ ᠬᠡᠪᠴᠢᠶᠡᠨ᠎ᠳᠤ ᠨᠡᠪᠲᠡᠷᠡᠯᠴᠡᠨ ᠵᠤᠯᠭᠠᠯᠴᠠᠬᠤ᠎ᠶ᠋ᠢ ᠥᠷᠨᠢᠭᠦᠯᠦᠨ᠎ᠡ᠃ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢ ᠰᠠᠭᠠᠳ ᠦᠭᠡᠢ ᠨᠡᠪᠲᠡᠷᠡᠬᠦᠯᠬᠦ᠌ ᠲᠣᠬᠢᠶᠠᠯ᠎ᠢ ᠠᠳᠭᠤᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ ᠵᠡᠷᠭᠡ ᠲᠡᠷᠢᠭᠦᠨ᠎ᠤ ᠬᠥᠭ᠌ᠵᠢᠭ᠌ᠰᠡᠨ ᠭᠠᠵᠠᠷ ᠣᠷᠣᠨ᠎ᠯᠤᠭ᠎ᠠ᠎ᠶ᠋ᠢᠨ ᠪᠣᠳᠠᠲᠤ ᠬᠠᠮᠳᠤᠷᠠᠯᠴᠠᠭ᠎ᠠ᠎ᠪᠠᠨ ᠴᠢᠩᠭᠠᠳᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号