ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠠᠭᠠᠨᠬᠠᠳᠠ᠎ᠶ᠋ᠢ ᠪᠦᠲᠦᠭᠡᠨ ᠪᠠᠢᠭᠤᠯᠤᠨ᠎ᠠ
2021-01-09 17:16:25
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

— ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠮᠧᠩ ᠱᠢᠶᠠᠨ ᠳ᠋ᠦᠩ᠎ᠢ ᠰᠤᠷᠪᠤᠯᠵᠢᠯᠠᠭ᠍ᠰᠠᠨ᠎ᠨᠢ

ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ᠎ᠶ᠋ᠢᠨ ᠨᠢᠭᠡᠳᠦᠭᠡᠷ ᠲᠣᠮᠣ ᠬᠤᠲᠠ ᠪᠣᠯᠤᠭ᠍ᠰᠠᠨ᠎ᠤ ᠬᠤᠪᠢ᠎ᠳᠤ᠂ ᠤᠯᠠᠭᠠᠨᠬᠠᠳᠠ ᠬᠤᠲᠠ ᠣᠢᠷ᠎ᠠ᠎ᠶ᠋ᠢᠨ ᠵᠢᠯ᠎ᠳᠤ 《ᠠᠮᠢ ᠠᠬᠤᠶ᠎ᠪᠠᠷ ᠬᠤᠲᠠ᠎ᠶ᠋ᠢ ᠪᠠᠢᠭᠤᠯᠬᠤ᠂ ᠠᠵᠤ ᠦᠢᠯᠡᠳᠪᠦᠷᠢ᠎ᠪᠠᠷ ᠬᠤᠲᠠ᠎ᠶ᠋ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠠᠷ ᠬᠤᠲᠠ᠎ᠶ᠋ᠢ ᠬᠥᠭ᠌ᠵᠢᠭᠦᠯᠬᠦ᠌》 ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠥᠬᠦ᠌ ᠬᠤᠲᠠ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠲᠡᠭᠡᠪᠡᠯ᠂ ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠳᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮᠲᠦ ᠣᠳᠣᠬᠢᠴᠢᠯᠠᠭ᠍ᠰᠠᠨ ᠱᠢᠨ᠎ᠡ ᠤᠯᠠᠭᠠᠨᠬᠠᠳᠠ᠎ᠶ᠋ᠢ ᠪᠠᠢᠭᠤᠯᠬᠤ ᠪᠣᠢ? ᠡᠨᠡ ᠬᠦ᠌ ᠰᠡᠳᠦᠪ᠎ᠤᠨ ᠲᠣᠭᠤᠷᠢᠨ᠎ᠳᠤ᠂ ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠮᠧᠩ ᠱᠢᠶᠠᠨ ᠳ᠋ᠦᠩ᠎ᠢ ᠰᠤᠷᠪᠤᠯᠵᠢᠯᠠᠪᠠ᠃

ᠮᠧᠩ ᠱᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠲᠤᠯᠭᠠᠷᠠᠵᠤ ᠪᠠᠢᠭ᠎ᠠ ᠱᠢᠨ᠎ᠡ ᠠᠵᠠ ᠲᠣᠬᠢᠶᠠᠯ ᠱᠢᠨ᠎ᠡ ᠥᠷᠢᠰᠥᠯᠳᠦᠭᠡᠨ᠎ᠢ ᠪᠤᠰᠤᠳᠴᠢ᠎ᠪᠠᠷ ᠵᠠᠳᠠᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠤ ᠪᠤᠯᠤᠨ 2035 ᠣᠨ᠎ᠤ ᠬᠥᠭ᠌ᠵᠢᠯᠲᠡ᠎ᠶ᠋ᠢᠨ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠥᠪᠥᠷ ᠮᠣᠩᠭᠤᠯ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠴᠢᠬᠤᠯᠠ ᠪᠥᠭᠡᠳ ᠠᠯᠤᠰ ᠬᠡᠲᠦ᠎ᠶ᠋ᠢᠨ ᠨᠥᠯᠥᠭᠡ ᠦᠵᠡᠬᠦᠯᠬᠦ᠌ ᠪᠤᠯᠤᠨ᠎ᠠ᠃ ᠤᠯᠠᠭᠠᠨᠬᠠᠳᠠ ᠬᠤᠲᠠ᠎ᠶ᠋ᠢᠨ ᠡᠯ᠎ᠡ ᠱᠠᠲᠤ ᠡᠯ᠎ᠡ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠲᠠᠢ ᠵᠣᠯᠭᠠᠭᠤᠯᠵᠤ᠂ ᠤᠯᠠᠭᠠᠨᠬᠠᠳᠠ᠎ᠶ᠋ᠢᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠭᠦᠢᠴᠡᠳ ᠱᠢᠩᠭᠡᠭᠡᠨ ᠠᠪᠴᠤ᠌᠂ 2021 ᠣᠨ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠤ ᠤᠯᠠᠭᠠᠨᠬᠠᠳᠠ ᠬᠤᠲᠠ᠎ᠶ᠋ᠢᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠤᠭ᠍ᠲᠤᠨ᠎ᠠ᠃

2021 ᠣᠨ ᠪᠤᠯ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠡᠬᠢᠯᠡᠯᠲᠡ᠎ᠶ᠋ᠢᠨ ᠵᠢᠯ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠯᠡᠯ᠎ᠢ ᠡᠬᠢᠯᠡᠭᠦᠯᠬᠦ᠌ ᠵᠢᠯ ᠪᠣᠯᠤᠨ᠎ᠠ᠂ ᠲᠣᠰ ᠤᠳᠠᠭ᠎ᠠ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠤᠯᠠᠭᠠᠨᠬᠠᠳᠠ ᠳᠣᠤᠷᠠᠬᠢ ᠳᠥᠷᠪᠡᠨ ᠲᠠᠯ᠎ᠠ᠎ᠪᠠᠷ ᠬᠦᠴᠦᠯᠡᠨ᠎ᠡ᠃

— ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠲᠤᠬᠠᠢ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠬᠦᠴᠦᠯᠡᠨ᠎ᠡ᠃ ᠶᠡᠷᠦᠩᠬᠡᠶ ᠱᠦᠵᠢ ᠥᠪᠥᠷ ᠮᠣᠩᠭᠤᠯ᠎ᠳᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠎ᠶ᠋ᠢᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠳᠤᠷᠠᠳᠴᠤ᠌᠂ ᠪᠥᠬᠦ᠌ ᠣᠷᠣᠨ᠎ᠤ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠤᠯᠠᠭᠠᠨᠬᠠᠳᠠ᠎ᠶ᠋ᠢᠨ ᠬᠤᠪᠢ᠎ᠳᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠬᠠᠯᠬᠠᠪᠴᠢ᠂ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠬᠤ ᠲᠠᠯ᠎ᠠ᠎ᠪᠠᠷ ᠢᠯᠡᠭᠦᠬᠡᠨ ᠬᠤᠪᠢ ᠨᠡᠮᠡᠷᠢ ᠦᠵᠡᠭᠦᠯᠦᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ 《ᠭᠤᠷᠪᠠᠨ ᠣᠷᠣᠨ ᠭᠤᠷᠪᠠᠨ ᠱᠤᠭᠤᠮ》 ᠎ᠢ ᠪᠠᠲᠤ ᠰᠠᠬᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ᠎ᠲᠤ ᠵᠥᠪᠱᠢᠶᠡᠷᠡᠨ ᠣᠷᠣᠭᠤᠯᠬᠤ᠎ᠶ᠋ᠢ ᠴᠢᠩᠭ᠎ᠠ ᠬᠠᠮᠢᠶᠠᠷᠬᠤ᠎ᠪᠠᠷ ᠪᠣᠬᠢᠷᠲᠤᠯ ᠥᠬᠡᠶ ᠬᠥᠭ᠌ᠵᠢᠯᠲᠡ᠎ᠶ᠋ᠢᠨ ᠶᠠᠰᠤ ᠴᠢᠨᠠᠷ᠎ᠢ ᠪᠠᠲᠤᠯᠠᠵᠤ᠂ ᠪᠦᠬᠦᠯᠢ ᠴᠣᠭ᠍ᠴᠠ᠎ᠶ᠋ᠢᠨ ᠲᠠᠯ᠎ᠠ᠎ᠠᠴᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ᠂ ᠤᠯᠤᠰ᠎ᠤᠨ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ ᠠᠷᠢᠯᠭᠠᠵᠤ᠂ ᠤᠯᠤᠰ ᠲᠥᠷᠥ᠍᠂ ᠠᠵᠤ ᠠᠬᠤᠶ᠂ ᠨᠡᠢᠭᠡᠮ᠎ᠤᠨ ᠡᠯ᠎ᠡ ᠬᠦᠷᠢᠶᠡᠨ᠎ᠤ ᠠᠮᠤᠷ ᠲᠦᠪᠱᠢᠨ᠎ᠢ ᠬᠦᠴᠦᠯᠡᠨ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ ᠪᠠ ᠨᠡᠢᠭᠡᠮ᠎ᠤᠨ ᠡᠶ᠎ᠡ ᠵᠣᠬᠢᠴᠠᠩᠭᠤᠶ ᠠᠮᠤᠷ ᠲᠣᠭ᠍ᠲᠠᠭᠤᠨ ᠪᠠᠢᠳᠠᠯ᠎ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ  ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠬᠤ ᠲᠠᠯ᠎ᠠ᠎ᠪᠠᠷ᠂ ᠪᠢᠳᠡ ᠦᠬᠡᠷ ᠬᠤᠨᠢᠨ ᠮᠢᠬ᠎ᠠ᠂ ᠡᠯᠳᠡᠪ ᠠᠮᠤ ᠪᠤᠷᠴᠠᠭ᠂ ᠵᠢᠮᠢᠰ ᠢᠳᠡᠱᠢᠨ ᠨᠣᠭᠤᠭ᠎ᠠ᠂ ᠬᠢᠲᠠᠳ ᠡᠮ᠎ᠤᠨ ᠮᠠᠲ᠋ᠧᠷᠢᠶᠠᠯ ᠵᠡᠷᠭᠡ ᠳᠠᠪᠠᠭᠤᠯᠢᠭ ᠠᠵᠤ  ᠦᠢᠯᠡᠰ᠎ᠢ ᠦᠨᠡᠨ ᠬᠦ᠌ ᠬᠦᠴᠦᠷᠬᠡᠭ᠌ᠵᠢᠭᠦᠯᠦᠨ᠂  ᠦᠢᠯᠡᠳᠪᠦᠷᠢᠯᠡᠬᠦ᠌ ᠴᠢᠳᠠᠪᠤᠷᠢ ᠪᠠ ᠶᠠᠰᠤ ᠴᠢᠨᠠᠷ᠎ᠤᠨ ᠲᠦᠪᠱᠢᠨ᠎ᠢ ᠵᠡᠷᠭᠡ᠎ᠪᠠᠷ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠴᠢᠨᠠᠷᠲᠠᠶ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠢ ᠪᠥᠬᠦ᠌ ᠬᠦᠴᠦᠨ᠎ᠢᠶᠠᠷ᠎ᠢᠶᠠᠨ ᠡᠭᠦᠤᠡᠴᠦ᠍᠂ ᠤᠯᠠᠭᠠᠨᠬᠠᠳᠠ᠎ᠶ᠋ᠢᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠎ᠤᠨ ᠡᠵᠡᠯᠡᠬᠦ᠌ ᠨᠣᠷᠮ᠎ᠠ᠎ᠶ᠋ᠢ ᠶᠡᠭᠡ᠎ᠪᠠᠷ ᠳᠡᠭᠡᠭ᠌ᠰᠢᠯᠡᠭᠦᠯᠦᠨ᠎ᠡ᠃ ᠡᠭᠦᠨ᠎ᠤ ᠬᠠᠮᠲᠤ᠌᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠠᠢᠭᠤᠯᠬᠤ ᠵᠡᠷᠭᠡ ᠲᠠᠯ᠎ᠠ᠎ᠪᠠᠷ ᠤᠯᠠᠭᠠᠨᠬᠠᠳᠠ᠎ᠶ᠋ᠢᠨ ᠪᠣᠳᠠᠲᠠᠢ᠎ᠳᠤ ᠰᠠᠭᠤᠷᠢᠯᠠᠵᠤ᠂ ᠤᠯᠠᠭᠠᠨᠬᠠᠳᠠ᠎ᠶ᠋ᠢᠨ ᠡᠭᠦᠷᠭᠡᠯᠡᠯ᠎ᠢ ᠢᠯᠡᠷᠡᠭᠦᠯᠦᠨ᠂ ᠤᠯᠠᠭᠠᠨᠬᠠᠳᠠ᠎ᠶ᠋ᠢᠨ ᠬᠤᠪᠢ ᠨᠡᠮᠡᠷᠢ᠎ᠪᠠᠨ ᠦᠵᠡᠭᠦᠯᠦᠨ᠎ᠡ᠃

— ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠬᠦ᠌ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠨ᠎ᠠ᠃ ᠨᠢᠭᠡ ᠲᠠᠯ᠎ᠠ᠎ᠪᠠᠷ᠂ ᠦᠢᠯᠡᠳᠪᠦᠷᠢᠯᠡᠯ᠎ᠤᠨ ᠬᠦᠴᠦᠨ᠎ᠤ ᠪᠠᠢᠷᠢᠯᠠᠭᠤᠯᠤᠯᠲᠠ ᠬᠡᠲᠦᠷᠬᠡᠢ ᠲᠠᠷᠠᠬᠠᠢ ᠪᠤᠲᠠᠷᠬᠠᠢ ᠪᠠᠢᠬᠤ ᠪᠠᠢᠳᠠᠯ᠎ᠢ ᠲᠦᠷᠭᠡᠪᠴᠢᠯᠡᠨ ᠬᠤᠪᠢᠷᠠᠭᠤᠯᠵᠤ᠂ ᠲᠥᠪᠯᠡᠷᠡᠭᠦᠯᠦᠨ ᠡᠷᠴᠢᠮᠵᠢᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃ ᠭᠤᠤᠯᠯᠠᠬᠤ ᠠᠵᠤ  ᠦᠢᠯᠡᠰ᠎ᠢ ᠲᠥᠪᠯᠡᠷᠡᠭᠦᠯᠦᠨ ᠪᠤᠢᠵᠢᠭᠤᠯᠵᠤ᠂ ᠠᠵᠤ ᠦᠢᠯᠡᠰ᠎ᠤᠨ ᠪᠠᠢᠷᠢᠱᠢᠭᠤᠯᠤᠯᠲᠠ᠎ᠶ᠋ᠢ ᠲᠥᠪᠯᠡᠷᠡᠭᠦᠯᠦᠨ ᠬᠢᠵᠦ᠍᠂ ᠴᠢᠬᠤᠯᠠ ᠬᠦᠴᠦᠨ ᠵᠦᠢᠯ᠎ᠤᠨ ᠲᠣᠬᠢᠷᠠᠭᠤᠯᠤᠯᠲᠠ᠎ᠶ᠋ᠢ ᠡᠷᠴᠢᠮᠵᠢᠭᠦᠯᠦᠨ ᠬᠡᠷᠡᠭ᠌ᠵᠢᠭᠦᠯᠵᠦ᠍᠂ ᠠᠵᠤ  ᠦᠢᠯᠡᠰ᠎ᠤᠨ ᠪᠥᠭᠡᠮᠨᠡᠷᠡᠨ ᠬᠥᠭ᠌ᠵᠢᠭ᠌ᠰᠡᠨ ᠦᠷᠨᠢᠭᠦᠨ ᠪᠠᠢᠳᠠᠯ᠎ᠢ ᠲᠦᠷᠭᠡᠳᠭᠡᠨ ᠪᠣᠶ ᠪᠣᠯᠭᠠᠨ᠎ᠠ᠃ ᠨᠦᠬᠦᠭᠡ ᠲᠠᠯ᠎ᠠ᠎ᠪᠠᠷ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠨᠡᠩ ᠴᠢᠬᠤᠯᠠᠴᠢᠯᠠᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠲᠦᠷᠭᠡᠳᠭᠡᠨ ᠬᠤᠪᠢᠷᠠᠭᠤᠯᠵᠤ᠂ ᠤᠯᠠᠮᠵᠢᠯᠠᠯᠲᠤ ᠠᠵᠤ ᠦᠢᠯᠡᠰ᠎ᠤᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠂ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃ ᠥᠩᠭᠡᠲᠦ ᠲᠡᠮᠦᠷᠯᠢᠭ᠂ ᠡᠨᠧᠷᠭᠢ᠂ ᠪᠠᠷᠢᠯᠭ᠎ᠠ᠎ᠶ᠋ᠢᠨ ᠮᠠᠲ᠋ᠧᠷᠢᠶᠠᠯ᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠡᠳ᠋ᠱᠢᠭᠦᠯᠬᠦ᠌ ᠵᠡᠷᠭᠡ ᠤᠯᠠᠮᠵᠢᠯᠠᠯᠲᠤ ᠠᠵᠤ ᠦᠢᠯᠡᠰ᠎ᠢ ᠦᠨᠡᠨ ᠬᠦ᠌ ᠬᠦᠴᠦᠷᠬᠡᠭ᠌ᠵᠢᠭᠦᠯᠦᠨ᠂ ᠲᠡᠳᠡᠭᠡᠷ᠎ᠢ ᠠᠵᠤ ᠦᠢᠯᠡᠰ᠎ᠤᠨ ᠬᠥᠭ᠌ᠵᠢᠯᠲᠡ᠎ᠶ᠋ᠢᠨ 《ᠬᠥᠬᠡ ᠰᠲ᠋ᠣᠺ》 ᠪᠣᠯᠭᠠᠨ᠎ᠠ᠃ ᠳᠡᠭᠡᠳᠦ ᠲᠡᠰ᠎ᠤᠨ ᠲᠣᠨᠣᠭ᠍ᠯᠠᠯ ᠦᠢᠯᠡᠳᠬᠦ᠂ ᠱᠢᠨ᠎ᠡ ᠡᠨᠧᠷᠭᠢ᠎ᠶ᠋ᠢᠨ ᠰᠤᠷᠪᠤᠯᠵᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠢ ᠢᠳᠡᠪᠬᠢᠲᠡᠢ ᠪᠤᠢᠵᠢᠭᠤᠯᠵᠤ᠂ ᠲᠡᠳᠡᠭᠡᠷ᠎ᠢ ᠠᠵᠤ ᠦᠢᠯᠡᠰ᠎ᠤᠨ ᠬᠥᠭ᠌ᠵᠢᠯᠲᠡ᠎ᠶ᠋ᠢᠨ 《ᠠᠮᠵᠢᠯᠲᠠ ᠪᠦᠲᠦᠮᠵᠢ ᠰᠠᠢᠲᠠᠢ ᠰᠲ᠋ᠣᠺ》 ᠪᠣᠯᠭᠠᠨ᠎ᠠ᠃ ᠪᠠᠢᠳᠠᠯ᠎ᠢ᠎ᠲᠠᠭᠠᠨ ᠰᠣᠶᠣᠯ ᠵᠢᠭᠤᠯᠴᠢᠯᠠᠯ᠂ ᠲᠣᠭᠠᠴᠠᠯᠠᠭ᠍ᠰᠠᠨ ᠪᠦᠲᠦᠭᠡᠯᠴᠢ ᠰᠡᠤᠡᠬᠢᠮᠵᠢ᠂ ᠱᠢᠭᠤᠳ ᠨᠡᠪᠲᠡᠷᠡᠭᠦᠯᠬᠦ᠌ ᠡᠯᠧᠺᠲᠷᠤᠨ ᠬᠤᠳᠠᠯᠳᠤᠭ᠎ᠠ᠂ ᠰᠦᠯᠵᠢᠶᠡᠨ ᠳᠡᠭᠡᠷᠡᠬᠢ ᠦᠢᠯᠡᠴᠢᠯᠡᠭᠡ ᠵᠡᠷᠭᠡ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠵᠦ᠍᠂ ᠲᠡᠳᠡᠭᠡᠷ᠎ᠢ ᠠᠵᠤ ᠦᠢᠯᠡᠰ᠎ᠤᠨ ᠬᠥᠭ᠌ᠵᠢᠯᠲᠡ᠎ᠶ᠋ᠢᠨ 《ᠲᠠᠯᠳᠠ ᠬᠦᠴᠦᠨ᠎ᠤ ᠰᠲ᠋ᠣᠺ》 ᠪᠣᠯᠭᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢ ᠳᠤᠷᠤᠭ᠍ᠰᠢ ᠤᠷᠲᠤᠤᠡᠬᠠᠬᠤ᠂ ᠦᠷᠳᠡᠭ᠎ᠤᠨ  ᠬᠡᠯᠬᠢᠶ᠎ᠡ᠎ᠶ᠋ᠢ ᠳᠤᠮᠳᠠ ᠳᠡᠭᠡᠳᠦ ᠲᠡᠰ ᠲᠡᠢᠰᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃

— ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠢ ᠠᠭᠤᠰᠤᠯᠴᠠᠬᠤ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠢᠯᠭ᠎ᠠ ᠭᠠᠷᠭᠠᠨ᠎ᠠ᠃ ᠤᠯᠠᠭᠠᠨᠬᠠᠳᠠ᠎ᠶ᠋ᠢᠨ ᠠᠵᠤ ᠠᠬᠤᠢ᠎ᠶ᠋ᠢᠨ ᠭᠠᠳᠠᠭ᠍ᠰᠢᠯ ᠬᠡᠮᠵᠢᠶ᠎ᠡ ᠨᠡᠯᠢᠶᠡᠳ ᠳᠣᠣᠷ᠎ᠠ ᠪᠠᠢᠶᠭ᠎ᠠ ᠪᠣᠳᠠᠲᠤ ᠪᠠᠢᠳᠠᠯ᠎ᠳᠤ ᠴᠢᠭ᠌ᠯᠡᠭᠦᠯᠦᠨ᠂ ᠪᠢᠳᠡ 《ᠪᠡᠭᠡᠵᠢᠩ ᠲᠢᠶᠠᠨᠵᠢᠨ ᠾᠧᠪᠧᠢ᠎ᠲᠠᠢ ᠭᠦᠨᠵᠡᠭᠡᠢ ᠠᠭᠤᠰᠤᠯᠴᠠᠨ᠂ ᠪᠦᠸᠧᠬᠠᠢ ᠲᠠᠩᠭᠢᠰ᠎ᠢ ᠲᠣᠭᠤᠷᠢᠭ᠍ᠰᠠᠨ ᠶᠡᠭᠡ ᠣᠷᠴᠢᠯ᠎ᠳᠤ ᠪᠦᠬᠦ᠌ ᠲᠠᠯ᠎ᠠ᠎ᠪᠠᠷ ᠣᠷᠣᠯᠴᠠᠬᠤ》 ᠭᠠᠳᠠᠭᠠᠳᠤ ᠨᠡᠭᠡᠭᠡᠯᠲᠡ᠎ᠶ᠋ᠢᠨ  ᠪᠠᠢᠯᠳᠤᠬᠤ ᠪᠣᠳᠣᠯᠭ᠎ᠠ᠎ᠶ᠋ᠢ ᠳᠤᠷᠠᠳᠤᠨ ᠭᠠᠷᠭᠠᠪᠠ᠃ ᠡᠩ ᠲᠡᠷᠢᠭᠦᠨ᠎ᠳᠤ᠂ ᠪᠡᠭᠡᠵᠢᠩ ᠲᠢᠶᠠᠨᠵᠢᠨ ᠾᠧᠪᠸᠢ᠎ᠲᠠᠢ ᠬᠥᠷᠱᠢᠯᠡᠵᠦ᠍ ᠪᠠᠢᠭ᠎ᠠ ᠠᠱᠢᠭ᠍ᠲᠠᠢ ᠨᠥᠬᠦᠴᠡᠯ᠎ᠢ ᠪᠠᠳᠠᠷᠠᠭᠤᠯᠵᠤ᠂ ᠠᠵᠤ ᠦᠢᠯᠡᠰ ᠭᠠᠳᠠᠭ᠍ᠰᠢ ᠨᠡᠪᠴᠢᠬᠦ᠂ ᠦᠢᠯᠡᠳᠪᠦᠷᠢᠯᠡᠯ᠎ᠤᠨ ᠴᠢᠳᠠᠪᠤᠷᠢ᠎ᠪᠠᠨ ᠱᠢᠯᠵᠢᠭᠦᠯᠬᠦ᠌ ᠠᠵᠠ ᠲᠣᠬᠢᠶᠠᠯ᠎ᠢ ᠵᠠᠪᠳᠤᠨ ᠠᠳᠭᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ᠌ ᠣᠷᠣᠭᠤᠯᠬᠤ ᠠᠵᠢᠯᠯᠠᠭ᠎ᠠ᠎ᠶ᠋ᠢ ᠶᠡᠭᠡ᠎ᠪᠠᠷ ᠥᠷᠨᠢᠭᠦᠯᠵᠦ᠍᠂ ᠨᠢᠭᠡ ᠪᠦᠯᠦᠭ  ᠬᠡᠯᠬᠢᠶ᠎ᠡ᠎ᠶ᠋ᠢ ᠨᠥᠬᠦᠪᠥᠷᠢᠯᠡᠵᠦ᠍  ᠬᠡᠯᠬᠢᠶ᠎ᠡ᠎ᠶ᠋ᠢ ᠤᠷᠲᠤᠳᠭᠠᠵᠤ  ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠤ ᠦᠢᠯᠡᠰ᠎ᠤᠨ ᠲᠦᠷᠦᠯ ᠵᠦᠢᠯ᠎ᠢ ᠲᠦᠷᠭᠡᠳᠭᠡᠨ ᠵᠣᠯᠭᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠬᠥᠭ᠌ᠵᠢᠬᠦ᠌ ᠳᠤᠮᠳᠠ ᠰᠠᠢᠨ ᠬᠠᠪᠰᠤᠷᠤᠭ᠍ᠴᠢ ᠪᠣᠯᠤᠨ᠎ᠠ᠃ ᠳᠠᠷᠠᠭᠠᠯᠠᠪᠠᠯ᠂ ᠪᠦᠸᠧᠬᠠᠢ ᠲᠠᠩᠭᠢᠰ᠎ᠢ ᠲᠣᠭᠤᠷᠢᠭ᠍ᠰᠠᠨ ᠭᠠᠷᠠᠮ᠎ᠤᠨ ᠨᠡᠪᠲᠡᠷᠡᠬᠦ᠌ ᠵᠠᠮ᠎ᠢ ᠠᠱᠢᠭ᠍ᠯᠠᠨ᠂ ᠵᠢᠨᠵᠧᠦ᠂ ᠲᠢᠶᠠᠨᠵᠢᠨ᠂ ᠲᠠᠩᠱᠠᠨ᠂ ᠶᠢᠩᠺᠸᠦ ᠵᠡᠷᠭᠡ ᠭᠠᠵᠠᠷ᠎ᠤᠨ ᠰᠠᠭᠤᠷᠢ ᠲᠥᠬᠦᠭᠡᠷᠦᠮᠵᠢ᠎ᠲᠠᠢ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠵᠤ᠂ ᠳᠡᠳ᠋ ᠭᠠᠷᠠᠮ᠎ᠤᠨ ᠠᠵᠤ ᠠᠬᠤᠢ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠭᠠᠳᠠᠭᠠᠳᠤ᠎ᠠᠴᠠ ᠣᠷᠣᠭᠤᠯᠬᠤ ᠡᠬᠢ ᠪᠠᠶᠠᠯᠢᠭ᠎ᠢ ᠪᠣᠯᠪᠠᠰᠤᠷᠠᠭᠤᠯᠬᠤ ᠲᠦᠷᠦᠯ ᠵᠦᠢᠯ᠎ᠢ ᠬᠥᠭ᠌ᠵᠢᠭᠦᠯᠵᠦ᠍᠂ ᠡᠬᠡ ᠬᠠᠭᠤᠷᠠᠢ ᠪᠠ ᠳᠠᠯᠠᠢ ᠲᠠᠩᠭᠢᠰ᠎ᠤᠨ ᠬᠠᠮᠲᠤᠷᠠᠨ ᠬᠥᠭ᠌ᠵᠢᠬᠦ᠌ ᠲᠤᠷᠱᠢᠯᠲᠠ᠎ᠶ᠋ᠢᠨ ᠣᠷᠣᠨ᠎ᠢ ᠬᠦᠴᠦᠯᠡᠨ ᠪᠠᠢᠭᠤᠯᠤᠨ᠎ᠠ᠃ ᠭᠤᠷᠪᠠᠳᠤᠭᠠᠷ᠎ᠲᠤ᠌᠂ ᠬᠥᠬᠡ ᠮᠥᠷᠡᠨ᠎ᠤ ᠭᠤᠷᠪᠠᠯᠵᠢᠨ ᠬᠤᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠢᠭ᠂ ᠵᠢᠶᠤᠤᠳᠦ᠋ᠩ ᠬᠤᠢᠭ᠎ᠤᠨ ᠬᠤᠲᠠ᠎ᠶ᠋ᠢᠨ ᠪᠦᠯᠦᠭ᠌ᠵᠢᠯ᠎ᠯᠦᠭᠡ᠎ᠶ᠋ᠢᠨ ᠶᠠᠪᠤᠯᠴᠠᠭ᠎ᠠ ᠬᠠᠷᠢᠯᠴᠠᠭ᠎ᠠ᠎ᠪᠠᠨ ᠴᠢᠩᠭᠠᠳᠭᠠᠵᠤ᠂ ᠤᠯᠠᠭᠠᠨᠬᠠᠳᠠ᠎ᠶ᠋ᠢᠨ ᠬᠠᠷᠢᠴᠠᠩᠭᠤᠢ ᠳᠠᠪᠠᠭᠤᠯᠢᠭ ᠪᠠ ᠭᠤᠣᠯᠯᠠᠬᠤ ᠠᠵᠤ ᠦᠢᠯᠡᠰ᠎ᠲᠤ ᠰᠠᠭᠤᠷᠢᠯᠠᠵᠤ᠂ ᠬᠥᠷᠥᠩᠭᠡ᠎ᠶ᠋ᠢᠨ ᠱᠢᠯᠵᠢᠯᠲᠡ᠂ ᠴᠢᠳᠠᠪᠤᠷᠢᠲᠠᠨ᠎ᠢ ᠬᠥᠮᠦᠵᠢᠭᠦᠯᠬᠦ᠂ ᠮᠡᠳᠡᠭᠡ ᠵᠠᠩᠭᠢ᠎ᠶ᠋ᠢᠨ ᠨᠡᠪᠲᠡᠷᠡᠯᠴᠡᠭᠡ᠂ ᠵᠠᠬ᠎ᠠ ᠳᠡᠯᠭᠡᠭᠦᠷ᠎ᠤᠨ ᠨᠡᠭᠡᠭᠡᠯᠲᠡ ᠵᠡᠷᠭᠡ ᠲᠠᠯ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠥᠷᠭᠡᠳᠭᠡᠨ᠎ᠡ᠃

— ᠱᠢᠨ᠎ᠡ ᠮᠠᠶᠢᠭ᠎ᠤᠨ ᠬᠤᠲᠠ ᠪᠠᠯᠭᠠᠰᠤᠵᠢᠯᠲᠠ᠎ᠶ᠋ᠢ ᠠᠬᠢᠭᠤᠯᠬᠤ ᠲᠠᠯ᠎ᠠ᠎ᠪᠠᠷ ᠨᠠᠩ ᠶᠡᠭᠡ ᠠᠮᠵᠢᠯᠲᠠ ᠪᠦᠲᠦᠮᠵᠢ ᠭᠠᠷᠭᠠᠬᠤ᠎ᠪᠠᠷ ᠬᠦᠴᠦᠯᠡᠨ ᠴᠢᠷᠮᠠᠢᠨ᠎ᠠ᠃ ᠠᠵᠤ  ᠦᠢᠯᠡᠰ ᠪᠠ ᠬᠤᠲᠠ᠎ᠶ᠋ᠢᠨ ᠠᠭᠤᠰᠤᠯᠴᠠᠨ ᠬᠥᠭ᠌ᠵᠢᠬᠦ᠌ ᠠᠯᠬᠤᠴᠠ᠎ᠶ᠋ᠢ ᠲᠦᠷᠭᠡᠳᠭᠡᠵᠦ᠍᠂ ᠬᠤᠱᠢᠭᠤᠴᠢ ᠣᠷᠣᠨ᠎ᠢ ᠲᠦᠷᠭᠡᠳᠭᠡᠨ ᠪᠠᠢᠭᠤᠯᠵᠤ᠂ ᠦᠢᠯᠡᠴᠢᠯᠡᠭᠡ ᠲᠥᠪᠯᠡᠷᠡᠭ᠌ᠰᠡᠨ ᠣᠷᠣᠨ᠎ᠢ ᠥᠭᠡᠷᠡᠴᠢᠯᠡᠨ ᠰᠠᠢᠵᠢᠷᠠᠭᠤᠯᠵᠤ᠂ ᠣᠲᠣ ᠦᠶ᠎ᠡ᠎ᠶ᠋ᠢᠨ ᠦᠢᠯᠡᠴᠢᠯᠡᠭᠡᠨ᠎ᠤ  ᠦᠢᠯᠡᠰ᠂ ᠶᠡᠭᠡ ᠬᠤᠲᠠ᠎ᠶ᠋ᠢᠨ ᠠᠵᠤ ᠦᠢᠯᠡᠳᠪᠦᠷᠢ᠂ ᠲᠤᠰᠭᠠᠶ ᠵᠠᠬ᠎ᠠ ᠳᠡᠯᠭᠡᠭᠦᠷ ᠵᠢᠴᠢ ᠪᠤᠰᠤᠳ ᠱᠢᠨ᠎ᠡ᠎ᠪᠠᠷ ᠮᠠᠨᠳᠤᠭ᠍ᠰᠠᠨ ᠠᠵᠤ  ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ 《ᠣᠯᠠᠨ ᠬᠤᠲᠠ᠎ᠶ᠋ᠢᠨ ᠲᠥᠪ᠂ ᠣᠯᠠᠨ ᠬᠤᠲᠠ᠎ᠶ᠋ᠢᠨ ᠪᠦᠯᠬᠦᠮ ᠪᠠᠢᠭᠤᠯᠬᠤ》 ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠵᠤ᠂ ᠬᠤᠲᠠ᠎ᠲᠠᠢ ᠠᠵᠤ ᠦᠢᠯᠡᠰ᠎ᠲᠠᠢ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠶ ᠪᠠᠢᠬᠤ᠎ᠶ᠋ᠢ ᠴᠢᠷᠮᠠᠢᠨ ᠪᠡᠶᠡᠯᠡᠭᠦᠯᠦᠨ᠎ᠡ᠃ ᠬᠤᠲᠠ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠲᠥᠪ ᠬᠤᠲᠠ᠎ᠶ᠋ᠢᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠤᠲᠠ᠎ᠶ᠋ᠢᠨ ᠱᠢᠨᠡᠳᠭᠡᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠤᠲᠠ᠎ᠶ᠋ᠢᠨ ᠶᠠᠪᠤᠳᠠᠯ᠎ᠤᠨ ᠰᠠᠭᠤᠷᠢ᠎ᠶ᠋ᠢᠨ ᠲᠠᠰ᠎ᠢ ᠳᠡᠭᠡᠭ᠌ᠰᠢᠯᠡᠭᠦᠯᠬᠦ᠌ ᠴᠢᠳᠠᠪᠤᠷᠢ᠎ᠶ᠋ᠢ ᠥᠷᠭᠡᠳᠭᠡᠬᠦ᠂ ᠨᠡᠢᠲᠡ᠎ᠶ᠋ᠢᠨ ᠬᠡᠷᠡᠭ᠌ᠯᠡᠭᠡᠨ᠎ᠤ ᠪᠡᠯᠡᠳᠭᠡᠮᠵᠢ᠎ᠶ᠋ᠢ ᠲᠠᠰ ᠳᠡᠪᠱᠢᠭᠦᠯᠬᠦ᠂ ᠣᠯᠠᠨ ᠨᠡᠢᠲᠡ᠎ᠶ᠋ᠢᠨ  ᠦᠢᠯᠡᠴᠢᠯᠡᠭᠡᠨ᠎ᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠬᠤᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠦᠪᠱᠢᠨ᠎ᠢ ᠶᠡᠭᠡ᠎ᠪᠠᠷ ᠳᠡᠭᠡᠭ᠌ᠰᠢᠯᠡᠭᠦᠯᠦᠨ᠂ ᠠᠷᠠᠳ ᠤᠯᠠᠨ᠎ᠤ ᠰᠤᠷᠭᠠᠭᠤᠯᠢ᠎ᠳᠤ ᠣᠷᠣᠬᠤ᠂ ᠡᠪᠡᠳᠴᠢᠨ ᠦᠵᠡᠭᠦᠯᠬᠦ᠂ ᠣᠷᠣᠱᠢᠨ ᠰᠠᠭᠤᠬᠤ᠂ ᠵᠠᠮ ᠬᠠᠷᠢᠯᠴᠠᠭ᠎ᠠ ᠵᠡᠷᠭᠡ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠵᠤ᠂ ᠲᠥᠪ ᠬᠤᠲᠠ ᠪᠠ ᠬᠤᠲᠠ ᠪᠠᠯᠭᠠᠰᠤ᠎ᠶ᠋ᠢᠨ ᠬᠦᠴᠦᠨ ᠵᠦᠢᠯ᠎ᠤᠨ ᠡᠬᠢ ᠪᠠᠶᠠᠯᠢᠭ᠎ᠢ ᠲᠥᠪᠯᠡᠷᠡᠭᠦᠯᠬᠦ᠌ ᠴᠢᠳᠠᠪᠤᠷᠢ ᠪᠠ ᠬᠥᠮᠦᠨ ᠠᠮᠠ ᠠᠵᠤ ᠠᠬᠤᠶ᠎ᠶ᠋ᠢᠨ ᠳᠠᠭᠠᠭᠠᠴᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号