ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠮᠠᠨᠵᠤᠤᠷ ᠬᠤᠲᠠ᠎ᠳᠤ ᠤᠬᠠᠭᠤᠯᠤᠨ ᠲᠠᠢᠯᠪᠤᠷᠢᠯᠠᠪᠠ
2021-10-16 11:25:47
ᠵᠣᠬᠢᠶᠠᠭ᠍ᠴᠢ᠄
ᠯᠢ ᠱᠢᠨ ᠵᠢᠶᠦ᠋ᠨ ᠸᠠᠩ ᠬᠤᠸᠠ ᠶᠦᠩ ᠯᠢ ᠱ᠌ᠢ ᠨᠦᠸᠧ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 13 ᠎ᠤ ᠡᠳᠦᠷ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠤ ᠤᠨᠤᠯ᠎ᠤᠨ ᠵᠢᠭᠠᠨ ᠰᠤᠳᠤᠯᠬᠤ ᠬᠡᠯᠲᠡᠰ᠎ᠤᠨ ᠶᠠᠩ ᠱᠢᠩ ᠮᠧᠩ ᠫᠷᠤᠹᠧᠰᠰᠤᠷ ᠮᠠᠨᠵᠤᠤᠷ ᠬᠤᠳᠠ᠎ᠳᠤ᠂ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠪᠦᠬᠦ᠌ ᠺᠠᠳ᠋ᠷ ᠠᠵᠢᠯᠳᠠᠨ ᠵᠢᠴᠢ ᠬᠤᠳᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠬᠡᠰᠡᠭ ᠪᠠᠭ᠍ᠰᠢ᠎ᠳᠤ ᠤᠬᠠᠭᠤᠯᠤᠨ ᠲᠠᠢᠯᠪᠤᠷᠢᠯᠠᠪᠠ᠃

ᠶᠠᠩ ᠱᠢᠩ ᠮᠧᠩ ᠫᠷᠤᠹᠧᠰᠰᠤᠷ ᠬᠢᠯᠪᠠᠷ ᠣᠢᠯᠠᠭᠠᠮᠵᠢᠲᠠᠢ ᠦᠭᠡ ᠬᠡᠯᠡᠯᠬᠡ᠎ᠪᠠᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠭᠦᠨᠵᠡᠭᠡᠶ ᠠᠭᠤᠯᠤᠭ᠍ᠳᠠᠬᠤᠨ ᠪᠠ ᠴᠢᠬᠤᠯᠠ ᠶᠡᠭᠡ ᠠᠴᠢ ᠬᠤᠯᠪᠣᠭ᠍ᠳᠠᠯ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 《ᠳᠥᠷᠪᠡᠨ ᠶᠡᠭᠡ ᠬᠠᠷᠢᠴᠠᠭ᠎ᠠ》 ᠪᠠ 《ᠲᠠᠪᠤᠨ ᠡᠭᠦᠷᠭᠡ》 ᠵᠢᠴᠢ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠥᠷᠥ᠎ᠶ᠋ᠢᠨ ᠪᠠᠲᠤᠯᠠᠭ᠎ᠠ ᠮᠥᠨ ᠭᠡᠬᠦ᠌ ᠳᠥᠷᠪᠡᠨ ᠲᠠᠯ᠎ᠠ᠎ᠠᠴᠠ ᠭᠠᠷᠳᠠᠵᠤ ᠨᠠᠷᠢᠨ ᠲᠠᠢᠯᠪᠤᠷᠢᠯᠠᠵᠤ᠂ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠺᠠᠳ᠋ᠷ ᠤᠯᠠᠨ ᠲᠦᠮᠡᠨ᠎ᠳᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠰᠤᠷᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠬ᠍ᠰᠢᠳᠠ ᠪᠠᠲᠤᠳᠭᠠᠪᠠ᠃

《ᠶᠠᠩ ᠱᠢᠩ ᠮᠧᠩ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭᠠᠨ᠎ᠤ ᠦᠵᠡᠯ ᠰᠠᠨᠠᠭᠠᠨ᠎ᠤ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠠᠩ ᠭᠦᠨᠵᠡᠭᠡᠶ ᠣᠢᠯᠠᠭᠠᠪᠠ᠃ ᠦᠨᠳᠦᠰᠦᠲᠡᠨ᠎ᠤ ᠬᠡᠷᠡᠭ ᠡᠷᠬᠢᠯᠡᠬᠦ᠌ ᠰᠠᠯᠠᠭ᠎ᠠ ᠮᠥᠴᠢᠷ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ 〈ᠠᠷᠪᠠᠨ ᠬᠤᠶᠠᠷ ᠡᠷᠬᠡᠪᠰᠢ〉 ᠎ᠶ᠋ᠢ ᠪᠠᠲᠤ ᠴᠡᠭᠡᠵᠢᠯᠡᠵᠦ᠍᠂ ᠲᠤᠰ ᠪᠡᠶ᠎ᠡ᠎ᠶ᠋ᠢᠨ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠱᠢᠷᠭᠠᠭᠤ ᠬᠢᠴᠢᠶᠡᠩᠭᠦᠢ ᠠᠵᠢᠯᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠥᠪᠡᠷ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠮᠠᠨᠵᠤᠤᠷ ᠬᠤᠳᠠ᠎ᠶ᠋ᠢᠨ ᠦᠨᠳᠦᠰᠦᠲᠡᠨ᠎ᠤ ᠬᠡᠷᠡᠭ ᠡᠷᠬᠢᠯᠡᠬᠦ᠌ ᠲᠣᠪᠴᠢᠶᠠᠨ᠎ᠤ ᠸᠠᠩ ᠱᠢᠶᠤᠤ ᠸᠧᠨ ᠬᠡᠯᠡᠨ᠎ᠡ᠃

ᠮᠠᠨᠵᠤᠤᠷ ᠬᠤᠳᠠ᠎ᠶ᠋ᠢᠨ ᠨᠠᠮ᠎ᠤᠨ ᠬᠤᠷᠢᠶᠠᠨ᠎ᠤ ᠯᠧᠺᠲ᠋ᠣᠷ᠎ᠤᠨ ᠪᠦᠯᠬᠦᠮ᠎ᠤᠨ ᠯᠧᠺᠲ᠋ᠤᠷ ᠯᠢᠦ ᠵᠢᠩ ᠴᠧᠩ᠄ 《ᠶᠠᠩ ᠱᠢᠩ ᠮᠧᠩ ᠫᠷᠤᠹᠧᠰᠰᠤᠷ᠎ᠤᠨ ᠬᠠᠪᠤᠯᠢᠭ ᠰᠠᠢᠬᠠᠨ ᠲᠠᠢᠯᠪᠤᠷᠢᠯᠠᠯᠲᠠ ᠪᠣᠯ 〈ᠴᠠᠭ᠎ᠤᠨ ᠬᠤᠷ᠎ᠠ〉 ᠪᠣᠯᠤᠨ᠎ᠠ᠂ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠣᠨᠣᠪᠴᠢᠲᠠᠢ ᠡᠵᠡᠮᠳᠡᠬᠦ᠌ ᠪᠠ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠮᠠᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢᠵᠢᠯ᠎ᠤᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠦᠨᠳᠦᠰᠦᠲᠡᠨ᠎ᠤ ᠬᠦᠷᠢᠶᠡᠨ᠎ᠳᠠᠬᠢ ᠡᠯ᠎ᠡ ᠵᠦᠢᠯ᠎ᠤᠨ ᠠᠶᠤᠯ ᠲᠦᠭ᠌ᠰᠢᠭᠦᠷᠢ ᠭᠡᠮ ᠰᠣᠭᠤᠭ᠎ᠢ ᠰᠡᠷᠭᠡᠢᠯᠡᠨ ᠠᠷᠢᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠶ᠎ᠠ》 ᠭᠡᠵᠤ ᠬᠦᠨ ᠰᠠᠭᠤᠭ᠍ᠳᠠᠯ᠎ᠲᠠᠢ ᠲᠦᠷᠦᠭ᠌ᠳᠡᠯ᠎ᠢᠶᠠᠨ ᠬᠡᠯᠡᠨ᠎ᠡ᠃

ᠮᠠᠨᠵᠤᠤᠷ ᠬᠤᠲᠠ᠎ᠶ᠋ᠢᠨ ᠨᠠᠮ᠎ᠤᠨ ᠬᠤᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠯᠢᠦ ᠵᠧᠨ ᠸᠧᠨ᠄ 《ᠡᠨᠡ ᠤᠳᠠᠭ᠎ᠠ᠎ᠶ᠋ᠢᠨ ᠰᠤᠷᠤᠯᠴᠠᠯᠭ᠎ᠠ᠎ᠨᠢ ᠮᠢᠨᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ ᠪᠠ ᠲᠤᠯᠭᠠᠮ ᠪᠤᠳᠤᠯ᠎ᠢ ᠤᠯᠠᠮ ᠴᠢᠨᠠᠭ᠍ᠰᠢᠳᠠ ᠴᠢᠩᠭᠠᠳᠭᠠᠵᠠᠢ᠂ ᠪᠢ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ᠎ᠤᠨ ᠲᠦᠪᠱᠢᠨ᠎ᠢᠶᠠᠨ ᠳᠡᠭᠡᠭ᠌ᠰᠢᠯᠡᠭᠦᠯᠬᠦ᠌ ᠬᠥᠳᠡᠯᠭᠡᠬᠦ᠌ ᠬᠦᠴᠦᠨ ᠪᠠ ᠴᠢᠳᠠᠪᠤᠷᠢ ᠪᠣᠯᠭᠠᠨ ᠬᠤᠪᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠡᠳᠦᠷ ᠲᠤᠳᠤᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠰᠤᠷᠤᠯᠴᠠᠯᠭ᠎ᠠ ᠠᠵᠢᠯ ᠠᠮᠢᠳᠤᠷᠠᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ》 ᠭᠡᠵᠤ ᠢᠯᠡᠳᠭᠡᠪᠡ᠃

ᠤᠬᠠᠭᠤᠯᠤᠨ ᠲᠠᠢᠯᠪᠤᠷᠢᠯᠠᠬᠤ ᠲᠤᠬᠠᠢ᠎ᠶ᠋ᠢᠨ ᠲᠠᠯᠠᠪᠠᠢ᠎ᠳᠤ᠂ ᠶᠠᠩ ᠱᠢᠩ ᠮᠧᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠬ᠍ᠰᠡᠨ ᠺᠠᠳ᠋ᠷ ᠤᠯᠠᠨ ᠲᠦᠮᠡᠨ᠎ᠲᠠᠢ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠶᠠᠪᠤᠴᠠ᠎ᠳᠠᠬᠢ ᠮᠠᠳᠠᠭ᠎ᠲᠠᠢ ᠠᠰᠠᠭᠤᠳᠠᠯ᠎ᠤᠨ ᠲᠤᠬᠠᠢ ᠨᠢᠭᠤᠷᠳᠠᠨ ᠲᠠᠢᠯᠪᠤᠷᠢᠯᠠᠵᠤ ᠰᠠᠨᠠᠯ᠎ᠢᠶᠠᠨ ᠰᠣᠯᠢᠯᠴᠠᠵᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号