ᠵᠡᠭᠦᠨ ᠦᠵᠦᠮᠦᠴᠢᠨ ᠪᠤᠭᠤᠮᠳᠠ 《ᠪᠦᠬᠦ᠌ ᠶᠠᠪᠤᠴᠠ᠎ᠳᠤ ᠬᠢᠨᠠᠯᠳᠠ ᠲᠠᠯᠪᠢᠬᠤ》 ᠎ᠶ᠋ᠢ ᠪᠡᠶᠡᠯᠡᠭᠦᠯᠦᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠦᠨ᠎ᠡ
2021-10-17 10:27:02
ᠵᠣᠬᠢᠶᠠᠭ᠍ᠴᠢ᠄
​ ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

《ᠪᠠᠷᠠᠭ᠎ᠠ ᠪᠤᠯᠤᠨ ᠪᠦᠷᠢᠳᠭᠡᠯ᠎ᠤᠨ ᠬᠠᠭᠤᠳᠠᠰᠤ᠎ᠶ᠋ᠢ ᠰᠠ ᠵᠢᠳᠤᠷ ᠬᠠᠷᠭᠤᠭᠤᠯᠤᠨ ᠪᠠ ᠵᠢᠴᠠᠭᠠᠭᠠᠳ ᠶᠠᠪ ᠴᠠᠪ ᠲᠠᠭᠠᠷᠠᠵᠤ ᠪᠠ ᠵᠢᠪᠠᠯ ᠠᠴᠢᠶ᠎ᠠ᠎ᠪᠠᠨ ᠪᠢᠳᠡᠭᠦᠮᠵᠢᠯᠡᠭᠡᠳ ᠲᠠᠷᠤ ᠵᠢᠬᠠᠨ ᠵᠦᠭᠡᠭᠡᠪᠦᠷᠢᠯᠡᠵᠦ᠍ ᠪᠤᠯᠤᠨ᠎ᠠ》᠃ ᠵᠡᠭᠦᠨ ᠦᠵᠦᠮᠦᠴᠢᠨ ᠪᠣᠭᠤᠮᠲᠠ᠎ᠶ᠋ᠢᠨ ᠠᠵᠢᠯᠲᠠᠨ ᠵᠣᠣ ᠵᠢᠩ ᠵᠢᠩ ᠢᠡᠭ᠌ᠭᠢᠵᠦ᠍ ᠬᠡᠯᠡᠬᠦ᠌᠎ᠶ᠋ᠢᠨ ᠵᠡᠷᠭᠡᠴᠭᠡ᠎ᠪᠠᠷ ᠮᠥᠷᠥᠨ᠎ᠳᠠᠬᠢ ᠬᠠᠤᠯᠢ ᠬᠡᠷᠡᠭ᠌ᠵᠢᠭᠦᠯᠬᠦ᠌ ᠲᠡᠮᠳᠡᠭ᠌ᠯᠡᠯ᠎ᠤᠨ ᠪᠠᠭᠠᠵᠢ᠎ᠪᠠᠨ ᠲᠡᠭ᠌ᠰᠢᠯᠡᠨ ᠵᠠᠰᠠᠨ᠎ᠠ᠃ ᠲᠡᠷᠡ ᠦᠨᠦᠳᠦᠷ ᠬᠦᠯᠳᠡᠭᠦᠦ᠎ᠪᠠᠷ ᠵᠦᠭᠡᠭᠡᠪᠦᠷᠢᠯᠡᠬᠦ᠌ ᠲᠦᠮᠦᠰᠦᠨ᠎ᠤ ᠬᠡᠷᠴᠢᠮᠡᠯ᠎ᠢ ᠵᠦᠭᠡᠭᠡᠪᠦᠷᠢᠯᠡᠬᠦ᠌ ᠪᠦᠬᠦ᠌ ᠶᠠᠪᠤᠴᠠ᠎ᠶ᠋ᠢ ᠬᠢᠨᠠᠵᠤ ᠪᠠ ᠵᠢᠬᠤ ᠠᠵᠢ᠃ 

ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠲᠡᠮᠵᠢᠬᠦ᠌᠎ᠳᠤ ᠱᠢᠯᠢᠳᠡᠭ ᠰᠠ᠊ ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ ᠴᠢᠬᠤᠯᠠ᠎ᠠᠴᠠ ᠴᠢᠬᠤᠯᠠ ᠶᠤᠮ᠂ ᠭᠡᠬᠦ᠌᠎ᠳᠡᠭᠡᠨ ᠡᠷᠡᠭᠦᠯ ᠰᠠᠷᠠᠭᠤᠯ ᠪᠥᠭᠡᠳ ᠢᠯᠡ ᠲᠣᠳᠣ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠣᠷᠴᠢᠨ ᠨᠥᠬᠦᠴᠡᠯ ᠪᠣᠯ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠰᠠᠭᠤᠷᠢ ᠪᠠ ᠤᠷᠢᠲᠠᠯ ᠪᠢᠯᠡ᠃ 

ᠡ᠊ ᠎ᠶ᠋ᠢᠨ ᠬᠦ᠌ ᠵᠡᠭᠦᠨ ᠦᠵᠦᠮᠦᠴᠢᠨ ᠪᠤᠭᠤᠮᠳᠠ᠎ᠶ᠋ᠢᠨ᠎ᠬᠢᠨ 《ᠬᠠᠮᠢᠶᠠᠷᠤᠯᠳᠠ᠎ᠶ᠋ᠢᠨ ᠦᠢᠯᠡᠴᠢᠯᠡᠭᠡᠨ᠎ᠤ ᠴᠢᠳᠠᠮᠵᠢ᠎ᠶ᠋ᠢ ᠲᠤᠷᠤᠭ᠍ᠰᠢ ᠪᠠᠭᠤᠯᠭᠠᠬᠤ》 ᠥᠭᠡᠷᠡᠴᠢᠯᠡᠯᠲᠡ᠎ᠶ᠋ᠢ ᠭᠦᠨᠵᠭᠡ ᠵᠢᠷᠡᠭᠦᠯᠬᠦ᠌ ᠶᠠᠪᠤᠴᠠ᠎ᠳᠤ ᠬᠠᠷᠢᠶᠠᠲᠤ ᠣᠷᠣᠨ᠎ᠤ᠎ᠪᠠᠨ ᠭᠠᠳᠠᠭᠠᠳᠤ ᠠᠷᠠᠯᠵᠢᠶᠠᠨ᠎ᠤ ᠠᠵᠤ ᠠᠬᠤ ᠵᠢᠯᠠᠯ᠎ᠳᠤ ᠰᠠ ᠵᠢᠲᠤᠷ ᠦᠶ᠋ᠯᠡᠴᠢᠯᠡᠬᠦ᠌᠎ᠶ᠋ᠢᠨ ᠲᠥᠯᠥᠭᠡ᠂ ᠬᠠᠤᠯᠢ ᠬᠡᠷᠡᠭ᠌ᠵᠢᠭᠦᠯᠬᠦ᠌ ᠶᠠᠪᠤᠴᠠ᠎ᠳᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ 《ᠭᠤᠷᠪᠠᠨ ᠵᠦᠶ᠋ᠯ᠎ᠤᠨ ᠲᠦᠷᠢᠮ》 ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠦ᠌ ᠶᠠᠪᠤᠴᠠ᠎ᠶ᠋ᠢ ᠲᠡᠮᠳᠡᠭ᠌ᠯᠡᠬᠦ᠌᠎ᠶ᠋ᠢ ᠪᠠᠷᠢᠮᠲᠠᠯᠠᠨ᠂ ᠬᠠᠤᠯᠢ ᠬᠡᠷᠡᠭ᠌ᠵᠢᠭᠦᠯᠬᠦ᠌ ᠲᠠᠰ ᠳᠠᠷᠠᠭᠠᠯᠠᠯ᠎ᠢ ᠵᠢᠷᠤᠮᠵᠢᠭᠤᠯᠤᠨ᠂ ᠢᠯᠡ ᠲᠣᠳᠣᠷᠬᠠᠢ ᠨᠡᠭᠡᠭᠡᠯᠳᠡᠳᠤ ᠬᠡᠯᠪᠡᠷᠢ᠎ᠶ᠋ᠢᠨ ᠬᠠᠤᠯᠢ᠎ᠪᠠᠷ ᠵᠠᠰᠠᠬᠤ ᠪᠣᠭᠤᠮᠲᠠ᠎ᠶ᠋ᠢ ᠴᠤᠭ᠍ᠴᠠᠯᠠᠵᠤ ᠪᠠ ᠵᠢᠨ᠎ᠠ᠃ 

《ᠬᠠᠤᠯᠢ᠎ᠪᠠᠷ ᠵᠠᠰᠠᠬᠤ ᠪᠣᠯ ᠠᠷᠠᠯᠵᠢᠶ᠎ᠠ ᠬᠤᠳᠠᠯᠳᠤᠭ᠎ᠠ ᠡᠷᠭᠢᠯᠡᠬᠦ᠌ ᠬᠠᠮᠤᠭ᠎ᠤᠨ ᠲᠦᠪ ᠭᠤᠤᠯᠴᠢ ᠨᠥᠬᠦᠴᠡᠯ ᠮᠥᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ 〈ᠭᠤᠷᠪᠠᠨ ᠵᠦᠢᠯ᠎ᠤᠨ ᠳᠦᠷᠢᠮ〉 ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠪᠣᠯ ᠠᠵᠤ ᠠᠬᠤᠢᠯᠠᠯ᠎ᠤᠨ ᠬᠦᠷᠲᠡᠮᠵᠢ᠎ᠶ᠋ᠢᠨ ᠲᠥᠷᠥᠭ᠌ᠳᠡᠯ᠎ᠢ ᠨᠡᠮᠡᠭ᠌ᠳᠡᠭᠦᠯᠬᠦ᠌ ᠪᠣᠳᠠᠲᠠᠶ ᠠᠷᠭ᠎ᠠ ᠬᠡᠮᠵᠢᠶ᠎ᠡ ᠮᠥᠨ᠂ ᠡᠨᠡ᠎ᠨᠢ ᠪᠠᠰᠠ ᠴᠤ᠌ ᠬᠠᠤᠯᠢ ᠬᠡᠷᠡᠭ᠌ᠵᠢᠭᠦᠯᠵᠦ᠍ ᠪᠠ ᠵᠢᠭ᠎ᠠ ᠪᠣᠭᠤᠮᠲᠠ᠎ᠶ᠋ᠢᠨ ᠠᠵᠢᠯᠲᠠᠳ᠎ᠤᠨ ᠬᠠᠮᠤᠭ᠎ᠤᠨ ᠰᠠᠢᠨ ᠬᠠᠮᠠᠭᠠᠯᠠᠯᠲᠠ ᠮᠥᠨ》 ᠭᠡᠵᠦ᠍ ᠵᠡᠭᠦᠨ ᠦᠵᠦᠮᠦᠴᠢᠨ ᠪᠣᠭᠤᠮᠲᠠ᠎ᠶ᠋ᠢᠨ ᠶᠡᠷᠦᠩᠬᠡᠢᠯᠡᠭ᠌ᠰᠡᠨ ᠠᠵᠢᠯ᠎ᠤᠨ ᠰᠠᠯᠠᠭᠠᠨ᠎ᠤ ᠳᠠᠷᠤᠭ᠎ᠠ ᠸᠠᠩ ᠱᠣᠣ ᠹᠧᠩ ᠲᠠᠨᠢᠯᠴᠠᠭᠤᠯᠪᠠ᠃ 

《ᠪᠢᠳᠡ ᠭᠠᠳᠠᠭᠠᠳᠤ᠎ᠠᠴᠠ ᠤᠷᠤᠭᠤᠯᠵᠤ ᠠᠪᠴᠢᠷᠠᠭ᠍ᠰᠠᠨ ᠤᠯᠤᠰᠦ᠎ᠶ᠋ᠢᠨ ᠦᠷ᠎ᠡ᠎ᠪᠠᠨ ᠡᠢᠮᠦ᠍ ᠲᠦᠷᠭᠡᠨ ᠪᠠᠭᠤᠯᠭᠠᠵᠤ ᠴᠢᠳᠠᠭ᠍ᠰᠠᠨ᠎ᠨᠢ ᠪᠣᠭᠤᠮᠲᠠ᠎ᠶ᠋ᠢᠨ ᠠᠵᠢᠯᠳᠠᠳ᠎ᠤᠨ ᠬᠠᠯᠠᠭᠤᠨ ᠲᠡᠮᠵᠢᠯᠭᠡ ᠪᠠ ᠵᠢᠭ᠍ᠰᠠᠨ᠎ᠢᠶᠠᠷ ᠱᠢᠤ᠂ ᠲᠡᠳᠡ ᠴᠠᠭ ᠲᠤᠬᠠᠢ᠎ᠳᠤᠨᠢ ᠠᠯᠤᠰ᠎ᠠᠴᠠ ᠬᠢᠨᠠᠨ ᠪᠠ ᠵᠢᠴᠠᠭᠠᠵᠤ ᠦᠭ᠌ᠭᠦᠭ᠌ᠰᠡᠨ᠎ᠢᠶᠠᠷ ᠮᠠᠨ᠎ᠤ ᠥᠪᠡᠷ᠎ᠤᠨ ᠥᠷᠲᠡᠭ᠎ᠢ ᠶᠡᠭᠡ᠎ᠪᠠᠷ ᠠᠷᠪᠢᠯᠠᠭ᠍ᠰᠠᠨ ᠡ》 ᠭᠡᠵᠦ᠍ ᠶᠠᠮᠠ᠎ᠶ᠋ᠢᠨ ᠦᠷ᠎ᠡ ᠭᠠᠳᠠᠭᠠᠳᠤ᠎ᠠᠴᠠ ᠣᠷᠣᠭᠤᠯᠵᠤ ᠪᠠ ᠵᠢᠭ᠎ᠠ ᠠᠵᠤ ᠠᠬᠤ ᠵᠢᠯᠠᠯ᠎ᠤᠨ ᠬᠠᠷᠢᠭᠤᠴᠠᠯᠭᠠᠲᠠᠨ ᠾᠧ ᠢᠦᠢ ᠪᠠᠶᠠᠷᠲᠠᠢ ᠬᠡᠯᠡᠨ᠎ᠡ᠃ ᠪᠢᠳᠡ ᠡᠨᠡ ᠲᠤᠬᠠᠢ ᠣᠢᠯᠠᠭᠠᠭ᠍ᠰᠠᠨ᠎ᠢᠶᠠᠷ᠂ ᠦᠡᠭ᠌ᠭᠡᠷᠡᠭ᠌ᠰᠡᠨ᠎ᠳᠤ ᠵᠡᠭᠦᠨ ᠦᠵᠦᠮᠦᠴᠢᠨ ᠪᠣᠭᠤᠮᠲᠠ᠎ᠶ᠋ᠢᠨ ᠬᠠᠷᠢᠶ᠎ᠠ ᠣᠷᠣᠨ ᠶᠡᠭᠡ᠂ ᠵᠠᠮ ᠬᠤᠯᠠ ᠪᠣᠯᠬᠤᠷ ᠭᠠᠳᠠᠭᠠᠳᠤ᠎ᠠᠴᠠ ᠣᠷᠣᠭᠤᠯᠤᠭ᠍ᠰᠠᠨ ᠮᠠᠭᠠᠯᠢᠩᠭᠤ᠎ᠶ᠋ᠢᠨ ᠦᠷ᠎ᠡ᠎ᠶ᠋ᠢ ᠬᠢᠨᠠᠨ ᠬᠠᠮᠢᠶᠠᠷᠬᠤ᠎ᠳᠠᠭᠠᠨ ᠠᠵᠤ ᠠᠬᠤᠢᠯᠠᠯ᠎ᠤᠨ᠎ᠬᠢᠨ ᠪᠣᠭᠤᠮᠲᠠ᠎ᠶ᠋ᠢᠨ ᠠᠵᠢᠯᠲᠠᠳ ᠲᠤᠬᠠᠶ᠎ᠶ᠋ᠢᠨ ᠲᠠᠯᠠᠪᠤᠷ᠎ᠲᠤ ᠬᠦᠷᠦᠭ᠌ᠰᠡᠨ᠎ᠤ ᠳᠠᠷᠠᠭ᠎ᠠ ᠰᠠᠶᠢ ᠠᠴᠢᠶ᠎ᠠ᠎ᠪᠠᠨ ᠪᠠᠭᠤᠯᠭᠠᠵᠤ ᠪᠠ ᠵᠢᠪᠠ᠃ ᠤᠳᠤ ᠪᠤᠯ ᠬᠠᠷᠢᠨ ᠰᠦᠯᠵᠢᠶᠡᠨ᠎ᠤ ᠬᠢᠨᠠᠨ ᠬᠠᠮᠢᠶᠠᠷᠤᠯᠲᠠ᠎ᠶ᠋ᠢᠨ ᠵᠠᠭ᠍ᠪᠤᠷ᠎ᠢ ᠱᠢᠨᠡᠴᠢᠯᠡᠬᠦ᠂ ᠬᠠᠮᠢᠶᠠᠷᠤᠯᠲᠠ᠎ᠶ᠋ᠢᠨ ᠡᠯ᠎ᠠ ᠭᠤᠭ᠍ᠴᠤᠭ᠎ᠠ᠎ᠶ᠋ᠢ ᠱᠢᠯᠢᠳᠡᠭ᠌ᠵᠢᠭᠦᠯᠦᠨ᠂ ᠠᠯᠤᠰ᠎ᠠᠴᠠ ᠬᠢᠨᠠᠨ ᠪᠠ ᠵᠢᠴᠠᠭᠠᠬᠤ᠎ᠶ᠋ᠢ ᠪᠡᠶᠡᠯᠡᠭᠦᠯᠦᠭ᠌ᠰᠡᠨ᠎ᠢᠶᠠᠷ 《ᠠᠴᠢᠶ᠎ᠠ ᠲᠡᠭᠡᠭᠡᠰᠢ᠎ᠪᠠᠨ ᠴᠠᠭ ᠲᠤᠬᠠᠢ᠎ᠳᠤᠨᠢ ᠪᠠᠭᠤᠯᠭᠠᠬᠤ》 ᠎ᠶ᠋ᠢ ᠦᠨᠡᠨ ᠬᠦ᠌ ᠪᠡᠶᠡᠯᠡᠭᠦᠯᠦᠭ᠌ᠰᠡᠨ ᠪᠠᠢᠨ᠎ᠠ᠃ 

《ᠲᠠ ᠰᠠᠢᠨ ᠤᠤ⁈ ᠲᠠ 〈ᠪᠣᠭᠤᠮᠲᠠ᠎ᠶ᠋ᠢᠨ ᠠᠵᠢᠯᠲᠠᠨ᠎ᠤ ᠭᠠᠳᠠᠭ᠍ᠰᠢ ᠭᠠᠷᠴᠤ᠌ ᠬᠠᠤᠯᠢ ᠬᠡᠷᠡᠭ᠌ᠵᠢᠭᠦᠯᠬᠦ᠌᠎ᠳᠤ ᠬᠢᠨᠠᠯᠲᠠ ᠲᠠᠯᠪᠢᠬᠤ ᠮᠡᠳᠡᠭ᠌ᠳᠡᠯ᠎ᠤᠨ ᠬᠠᠭᠤᠳᠠᠰᠤ〉 ᠎ᠳᠤ ᠭᠠᠷ᠎ᠤᠨ ᠦᠰᠦᠭ ᠵᠢᠷᠤᠬᠤ ᠪᠤᠯᠪᠠᠤ᠂ ᠡᠨᠡ ᠪᠣᠯ ᠮᠠᠨ᠎ᠤ ᠠᠵᠢᠯ᠎ᠤᠨ ᠳ᠋ᠤᠭᠠᠷ ᠪᠣᠯᠤᠨ ᠣᠪᠣᠭ ᠨᠡᠷ᠎ᠡ ᠮᠥᠨ᠂ ᠲᠠᠨᠠᠷ ᠪᠠᠰᠠ ᠮᠠᠨ᠎ᠤ ᠬᠠᠤᠯᠢ ᠬᠡᠷᠡᠭ᠌ᠵᠢᠭᠦᠯᠬᠦ᠌ ᠶᠠᠪᠤᠴᠠ᠎ᠳᠠᠬᠢ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠭᠠᠷᠠᠶ᠂ ᠬᠡᠷᠪᠡ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠪᠠ ᠵᠢᠳᠠᠯ ᠤᠷᠤᠱᠢᠵᠤ ᠪᠠ ᠵᠢᠪᠠᠯ ᠢᠯᠡᠴᠢᠯᠡᠨ ᠮᠡᠳᠡᠭᠦᠯᠬᠦ᠌ ᠤᠲᠠᠰᠤ ᠪᠤᠶᠤ ᠵᠠᠬᠢᠳᠠᠯ ᠴᠢᠮᠡᠭᠡᠨ᠎ᠤ ᠬᠡᠯᠪᠡᠷᠢ᠎ᠪᠠᠷ ᠢᠯᠡᠴᠢᠯᠡᠨ ᠮᠡᠳᠡᠭᠦᠯᠵᠦ᠍ ᠪᠣᠯᠤᠨ᠎ᠡ》 ᠭᠡᠵᠦ᠍ ᠵᠡᠭᠦᠨ ᠦᠵᠦᠮᠦᠴᠢᠨ ᠪᠤᠭᠤᠮᠳᠠ᠎ᠶ᠋ᠢᠨ ᠬᠢᠨᠠᠨ ᠬᠠᠮᠢᠶᠠᠷᠬᠤ ᠭᠤᠷᠪᠠᠳᠤᠭᠠᠷ ᠰᠠᠯᠠᠭᠠᠨ᠎ᠤ ᠠᠵᠢᠯᠲᠠᠨ ᠸᠠᠩ ᠶᠠ ᠨᠠᠨ ᠪᠤᠭᠤᠮᠳᠠ ᠦᠡᠭ᠌ᠭᠡᠷᠡᠬᠦ᠌ ᠭᠠᠷ ᠭᠦᠢᠴᠡᠳᠭᠡᠯ ᠬᠢᠬᠦ᠌᠎ᠪᠠᠷ ᠢᠷᠡᠭ᠌ᠰᠡᠨ ᠬᠦᠮᠦᠰ᠎ᠲᠤ ᠲᠤᠳᠤᠨᠤᠰᠤᠭ᠎ᠢᠶᠠᠷ ᠬᠠᠮᠢᠶ᠎ᠠ ᠪᠦᠬᠦᠢ ᠵᠦᠢᠯᠡᠰ᠎ᠢ ᠲᠠ ᠵᠢᠯᠪᠤᠷᠢᠯᠠᠨ ᠮᠡᠳᠡᠭ᠌ᠳᠡᠨ᠎ᠡ᠃ 

ᠵᠡᠭᠦᠨ ᠦᠵᠦᠮᠦᠴᠢᠨ ᠪᠣᠭᠤᠮᠲᠠ᠎ᠶ᠋ᠢᠨ᠎ᠬᠢᠨ ᠬᠠᠤᠯᠢ ᠬᠡᠷᠡᠭ᠌ᠵᠢᠭᠦᠯᠬᠦ᠌ ᠶᠠᠪᠤᠴᠠ᠎ᠳᠠᠭᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠦᠬᠦ᠌ ᠶᠠᠪᠤᠴᠠ᠎ᠶ᠋ᠢ ᠲᠡᠮᠳᠡᠭ᠌ᠯᠡᠬᠦ᠌ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠦᠰᠦᠭ ᠪᠢᠴᠢᠭ᠂ ᠭᠡᠷᠡᠯ ᠵᠢᠷᠤᠭ᠂ ᠲᠦᠷᠰᠤ ᠱᠢᠩᠭᠡᠭᠡᠯᠳᠡ᠎ᠶ᠋ᠢᠨ ᠲᠡᠮᠳᠡᠭ᠌ᠯᠡᠯ ᠪᠠ ᠮᠡᠳᠡᠭᠡ ᠵᠠᠩᠭᠢ᠎ᠶ᠋ᠢᠨ ᠱᠢᠰᠲ᠋ᠧᠮ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠲᠤᠬᠠᠶ᠎ᠶ᠋ᠢᠨ ᠲᠠᠯᠠᠪᠤᠷ᠎ᠤᠨ ᠬᠢᠨᠠᠨ ᠬᠠᠮᠢᠶᠠᠷᠤᠯᠲᠠ᠂ ᠭᠠᠳᠠᠭ᠍ᠰᠢ ᠭᠠᠷᠴᠤ᠌ ᠬᠠᠤᠯᠢ ᠬᠡᠷᠡᠭ᠌ᠵᠢᠭᠦᠯᠬᠦ᠌ ᠵᠡᠷᠭᠡ ᠠᠵᠢᠯᠯᠠᠭ᠎ᠠ᠎ᠳᠤ ᠪᠦᠬᠦ᠌ ᠲᠠᠯ᠎ᠠ᠎ᠶ᠋ᠢᠨ ᠲᠡᠮᠳᠡᠭ᠌ᠯᠡᠯ ᠬᠢᠵᠦ᠍᠂ ᠪᠦᠬᠦ᠌ ᠶᠠᠪᠤᠴᠠ᠎ᠳᠤ ᠮᠥᠷᠳᠡᠬᠦ᠌ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌᠎ᠶ᠋ᠢ ᠠᠬᠢᠭᠤᠯᠵᠤ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号