ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠣᠷᠳᠣᠰ ᠬᠣᠲᠠ᠎ᠳᠤ ᠤᠬᠠᠭᠤᠯᠤᠨ ᠲᠠᠢᠯᠪᠤᠷᠢᠯᠠᠪᠠ
2021-10-21 09:56:51
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 18 — 19 ᠎ᠦ ᠡᠳᠦᠷ ᠪᠣᠯᠲᠠᠯ᠎ᠠ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠷᠳᠤᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠡᠵᠡᠨ ᠬᠣᠷᠣᠭ᠎ᠠ ᠬᠣᠱᠢᠭᠤ ᠪᠣᠯᠤᠨ ᠲᠠᠯᠠᠳ ᠬᠣᠱᠢᠭᠤᠨ᠎ᠤ ᠽᠠᠨᠳᠠᠨ ᠵᠤᠤ ᠰᠤᠮᠤᠨ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠨᠳᠦᠰᠦᠲᠡᠨ᠎ᠦ ᠤᠬᠠᠭᠠᠨ ᠪᠣᠯᠤᠨ ᠨᠡᠢᠭᠡᠮ᠎ᠦᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠾᠧ ᠱᠧᠩ ᠬᠠᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠶᠠᠨ᠎ᠡᠴᠡ ᠣᠳᠣᠬᠢ ᠱᠠᠲᠤᠨ᠎ᠤ ᠦᠨᠳᠦᠰᠦᠲᠡᠨ ᠎ᠦ ᠠᠵᠢᠯ᠎ᠤᠨ ᠲᠡᠦᠬᠡᠨ ᠣᠷᠣᠨ ᠪᠠᠢᠷᠢ ᠪᠣᠯᠤᠨ ᠴᠢᠬᠤᠯᠠ ᠡᠭᠦᠷᠭᠡ᠎ᠶ᠋ᠢ ᠭᠦᠨᠵᠡᠭᠡᠢ ᠡᠵᠡᠮᠳᠡᠵᠦ᠍᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢᠴᠢ ᠥᠪᠥᠷ ᠮᠣᠩᠭᠣᠯ᠎ᠤᠨ ᠬᠢᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ ᠪᠣᠯᠤᠨ ᠦᠢᠯᠡᠳᠦᠯᠭᠡ ᠵᠡᠷᠭᠡ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨᠵᠡᠭᠡᠢ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠠᠬᠤᠢᠴᠢ ᠴᠢᠨᠠᠷ᠎ᠲᠠᠶ ᠪᠠᠢᠵᠤ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠷᠳᠤᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠣᠶᠣᠯ ᠢᠷᠭᠡᠨᠱᠢᠯ᠎ᠦᠨ ᠬᠠᠮᠢᠶᠠᠷᠤᠯᠲᠠ᠎ᠶ᠋ᠢᠨ ᠰᠠᠯᠪᠤᠷᠢ᠎ᠶ᠋ᠢᠨ ᠶᠡᠬᠡ ᠰᠤᠷᠭᠠᠭᠤᠯᠢ ᠎ᠶ᠋ᠢᠨ ᠬᠣᠶᠠᠳᠤᠭᠠᠷ ᠣᠨ᠎ᠤ ᠰᠤᠷᠤᠭ᠍ᠴᠢ ᠭᠦ᠋ ᠯᠸᠢ᠄《ᠾᠧ ᠱᠸᠩ ᠬᠠᠢ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠬᠤ ᠨᠢ ᠲᠦᠬᠦᠮ ᠣᠢᠯᠠᠭᠠᠮᠵᠢᠲᠠᠢ᠂ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠠᠢ᠃ ᠱᠢᠨ᠎ᠡ ᠴᠠᠭ ᠦᠶ᠎ᠡ᠎ᠶ᠋ᠢᠨ ᠣᠶᠤᠲᠠᠨ ᠪᠣᠯᠤᠭ᠍ᠰᠠᠨ᠎ᠤ ᠬᠤᠪᠢ᠎ᠳᠤ᠂ ᠪᠢᠳᠡ ᠵᠠᠪᠠᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠮᠢᠨ ᠰᠤᠳᠠᠰᠤ ᠪᠠ ᠰᠦᠭ ᠰᠦᠨᠡᠰᠦ᠎ᠳᠡᠭᠡᠨ ᠰᠢᠩᠬᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ ᠪᠣᠯᠬᠤ᠎ᠪᠠᠷ ᠴᠢᠷᠮᠠᠢᠨ᠎ᠠ》 ᠭᠡᠵᠤ ᠰᠡᠳᠬᠢᠯ ᠲᠤᠬᠳᠤᠯᠤᠨ ᠬᠡᠯᠡᠨ᠎ᠡ᠃

ᠡᠵᠡᠨ ᠬᠣᠷᠣᠭ᠎ᠠ ᠬᠣᠱᠢᠭᠤᠨ᠎ᠤ ᠪᠠᠢᠭᠤᠯᠭ᠎ᠠ᠎ᠶ᠋ᠢᠨ ᠺᠠᠳ᠋ᠷ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠭᠦᠨ ᠲᠥᠷᠥᠭ᠌ᠳᠡᠯ᠎ᠲᠡᠶ ᠪᠠᠢᠵᠤ᠂ ᠲᠤᠰ ᠬᠣᠱᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠴᠡᠯᠡᠬᠡᠷ᠄《ᠮᠡᠳᠡᠬᠥᠯᠥᠯᠳᠠ ᠨᠢ ᠣᠨᠣᠯ᠎ᠤᠨ ᠦᠨᠳᠦᠷᠴᠡ ᠲᠠᠢ᠂ ᠮᠥᠨ ᠴᠤ᠌ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠪᠢᠳᠡᠨ᠎ᠦ ᠦᠨᠳᠦᠰᠦᠲᠡᠨ᠎ᠦ ᠠᠵᠢᠯ᠎ᠢ ᠥᠷᠨᠢᠭᠦᠯᠬᠦ᠌᠎ᠳᠦ ᠵᠢᠯᠣᠭᠣᠳᠣᠯᠭ᠎ᠠ ᠬᠠᠩᠭᠠᠪᠠ᠃ ᠪᠢᠳᠡ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠂ ᠱᠢᠨ᠎ᠡ ᠣᠨᠴᠠᠯᠢᠭ᠎ᠲᠤ ᠰᠠᠭᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ ᠎ᠶ᠋ᠢ ᠡᠭᠦᠳᠦᠨ ᠪᠠᠢᠭᠤᠯᠬᠤ᠎ᠪᠠᠷ ᠠᠵᠢᠯ᠎ᠤᠨ ᠭᠠᠷᠳᠠᠴᠠ ᠪᠣᠯᠭᠠᠵᠤ᠂ ᠲᠣᠰ ᠭᠠᠵᠠᠷ ᠣᠷᠣᠨ᠎ᠤ ᠦᠨᠳᠦᠰᠦᠲᠡᠨ ᠎ᠨᠦᠭᠦᠳ᠎ᠦᠨ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠡᠷᠬᠢᠮ ᠨᠠᠨᠳᠢᠨ ᠡᠬᠢ ᠪᠠᠶᠠᠯᠢᠭ᠎ᠢ ᠭᠦᠨᠵᠡᠭᠡᠶ ᠠᠭᠤᠳᠠᠯᠤᠨ ᠵᠠᠯᠭᠠᠮᠵᠢᠯᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠨ᠎ᠠ》 ᠬᠡᠵᠤ ᠬᠡᠯᠡᠪᠡ᠃

ᠲᠠᠯᠠᠳ ᠬᠣᠱᠢᠭᠤᠨ᠎ᠤ ᠽᠠᠨᠳᠠᠨ ᠵᠤᠤ ᠰᠤᠮᠤ᠎ᠳᠤ᠂ ᠾᠧ ᠱᠧᠩ ᠬᠠᠢ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠦ ᠳᠤᠮᠳᠠ ᠥᠷᠭᠡᠨ ᠲᠤᠰᠭᠠᠯ ᠭᠠᠷᠴᠠᠢ᠃ ᠽᠠᠨᠳᠠᠨ ᠵᠤᠤ ᠰᠤᠮᠤ᠎ᠶ᠋ᠢᠨ ᠪᠦᠬᠦ᠌ ᠨᠠᠮ᠎ᠤᠨ ᠭᠡᠱᠢᠭᠦᠨ ᠺᠠᠳ᠋ᠷ᠂ ᠭᠠᠴᠠᠭ᠎ᠠ ᠲᠣᠰᠭᠣᠨ᠎ᠤ 《ᠬᠣᠶᠠᠷ ᠵᠥᠪᠯᠡᠯ》ᠤ᠋ᠨ  ᠪᠠᠭ᠎ᠤᠨ ᠪᠦᠷᠢᠯᠳᠦᠬᠦᠨ᠂ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠵᠢᠴᠢ ᠬᠡᠰᠡᠭ ᠲᠣᠰᠭᠣᠨ᠎ᠤ ᠠᠷᠠᠳ᠎ᠤᠨ ᠲᠥᠯᠥᠭᠡᠯᠡᠭ᠌ᠴᠢ ᠬᠠᠮᠲᠤ᠎ᠪᠠᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号