ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠢ᠎ᠠ᠎ᠳᠦ ᠤᠬᠠᠭᠤᠯᠤᠨ ᠲᠠᠢᠯᠪᠤᠷᠢᠯᠠᠪᠠ
2021-10-22 09:35:16
ᠵᠣᠬᠢᠶᠠᠭ᠍ᠴᠢ᠄
​ᠰᠦᠩ ᠱᠤᠸᠠᠩ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 20 ᠎ᠤ ᠡᠳᠦᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠎ᠳᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠢ ᠴᠦᠨ ᠯᠢᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠭᠤᠤᠯ ᠰᠡᠳᠦᠪ᠎ᠦᠨ ᠲᠣᠭᠣᠷᠢᠨ᠎ᠳᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ ᠡᠵᠡᠮᠱᠢᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠦᠨᠵᠡᠭᠡᠶ ᠠᠭᠤᠯᠤᠭ᠍ᠳᠠᠬᠤᠨ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠡᠨ ᠲᠤᠳᠤᠷᠬᠠᠢᠯᠠᠵᠠᠢ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠫᠸᠩ ᠴᠧᠩ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠳᠠᠮᠵᠢᠨ᠂ ᠪᠢ ᠶᠡᠷᠦᠩᠬᠡᠢ ᠱᠦᠵᠢ ᠰᠢ᠎ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠶᠡᠬᠡ ᠠᠴᠢ ᠬᠣᠯᠪᠣᠭ᠍ᠳᠠᠯ᠎ᠳᠤ ᠨᠡᠩ ᠭᠦᠨᠵᠡᠭᠡᠢ ᠲᠠᠨᠢᠯᠲᠠ᠎ᠲᠠᠶ ᠪᠤᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌ ᠠᠷᠭ᠎ᠠ ᠪᠣᠯᠤᠨ ᠠᠭᠤᠯᠭ᠎ᠠ᠎ᠳᠤ ᠨᠡᠩ ᠪᠦᠬᠦ᠌ ᠲᠠᠯ᠎ᠠ᠎ᠶ᠋ᠢᠨ ᠡᠵᠡᠮᠱᠢᠯ᠎ᠲᠡᠶ ᠪᠣᠯᠵᠠᠢ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠡᠯ᠎ᠡ ᠨᠢᠭᠡᠴᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠢ ᠴᠠᠭ ᠲᠤᠬᠠᠶ᠎ᠳᠤᠨᠢ ᠵᠣᠬᠢᠶᠠᠨ ᠪᠠᠢᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠦᠷᠦᠭᠦᠯᠡᠨ ᠰᠤᠷᠤᠯᠴᠠᠵᠤ ᠤᠬᠠᠭᠤᠯᠤᠨ ᠲᠤᠭᠤᠱᠢᠯᠠᠭᠤᠯᠪᠠ᠃ ᠡᠭᠦᠨ᠎ᠦ ᠬᠠᠮᠲᠤ᠂ ᠡᠯ᠎ᠡ ᠲᠢᠩᠬᠢᠮ ᠲᠣᠪᠴᠢᠶ᠎ᠠ ᠨᠢᠭᠡᠴᠢ᠎ᠶ᠋ᠢᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ) ᠎ᠤ᠋ᠨ ᠭᠤᠤᠯ ᠳᠤᠭᠤᠢᠯᠠᠩ᠎ᠤᠨ ᠰᠤᠷᠤᠯᠴᠠᠬᠤ ᠲᠣᠭᠣᠷᠢᠨ ᠰᠣᠨᠣᠰᠭᠤ ᠰᠤᠯᠠ ᠰᠣᠨᠣᠰᠭᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠎ᠤ ᠡᠭᠡᠯᠵᠢᠯᠡᠨ ᠪᠣᠯᠪᠠᠰᠤᠷᠠᠭᠤᠯᠬᠤ ᠪᠠ ᠮᠡᠳᠡᠪᠡᠯ ᠵᠣᠬᠢᠬᠤ ᠮᠡᠳᠡᠯᠭᠡ᠎ᠶ᠋ᠢᠨ ᠱᠢᠯᠭᠠᠯᠲᠠ᠂ ᠭᠤᠤᠯ ᠰᠡᠳᠦᠪᠲᠦ ᠶᠠᠷᠢᠶ᠎ᠠ ᠢᠯᠡᠳᠭᠡᠯ᠎ᠦᠨ ᠤᠷᠤᠯᠳᠤᠭᠠᠨ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠮᠦᠰ᠎ᠦᠨ ᠰᠡᠳᠭᠢᠯ᠎ᠳᠦ ᠲᠠᠰᠤᠷᠠᠯᠲᠠ ᠥᠬᠡᠶ ᠬᠠᠳᠠᠩᠱᠢᠭᠤᠯᠬᠤ᠎ᠶ᠋ᠢ ᠠᠬᠢᠭᠤᠯᠵᠤ᠂ ᠠᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠬᠰᠠᠨ ᠶᠤᠮ》 ᠭᠡᠵᠤ ᠬᠦᠨ ᠲᠦᠷᠦᠭᠳᠡᠯ ᠲᠠᠢ ᠬᠡᠯᠡᠪᠠ᠃

ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠪᠯᠡᠯ᠎ᠦᠨ ᠠᠵᠢᠯ᠎ᠤᠨ ᠬᠣᠷᠢᠶᠠᠨ᠎ᠤ ᠱᠦᠵᠢ ᠯᠢ ᠫᠸᠩ᠂ ᠶᠡᠷᠦᠩᠬᠡᠢ ᠱᠦᠵᠢ ᠰᠢ᠎ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ᠎ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠭᠦᠨ ᠵᠤᠵᠠᠭᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠪᠯᠡᠯ᠎ᠦᠨ ᠭᠡᠰᠢᠬᠦᠨ ᠵᠠᠯᠠᠭᠤᠴᠤᠳ᠎ᠤᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠠᠭᠤᠰᠤᠯᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠡᠯ᠎ᠡ ᠱᠠᠲᠤᠨ᠎ᠤ ᠡᠪᠯᠡᠯ᠎ᠦᠨ ᠭᠡᠰᠢᠬᠦᠨ ᠵᠠᠯᠠᠭᠤᠴᠤᠳ᠎ᠢ ᠵᠣᠬᠢᠶᠠᠨ ᠪᠠᠢᠭᠤᠯᠤᠨ ᠣᠯᠠᠨ ᠶᠠᠩᠵᠤ ᠬᠡᠯᠪᠡᠷᠢ᠎ᠶ᠋ᠢᠨ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠥᠷᠭᠡᠨ ᠣᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠤᠬᠠᠮᠰᠠᠷ᠎ᠠᠴᠠ᠎ᠪᠠᠨ ᠡᠮᠦᠨ᠎ᠡ᠎ᠨᠢ ᠶᠠᠪᠤᠵᠤ ᠥᠯᠢᠭᠡᠷ ᠳᠠᠭᠤᠷᠢᠶᠠᠯ ᠪᠣᠯᠵᠣ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠨ᠎ᠠ᠃ ᠵᠠᠯᠠᠭᠤᠴᠤᠳ᠎ᠤᠨ ᠱᠢᠨ᠎ᠡ ᠬᠦᠴᠦᠨ᠎ᠦ ᠦᠢᠯᠡᠳᠦᠯ᠎ᠢ ᠰᠠᠢᠲᠤᠷ ᠪᠠᠳᠠᠷᠠᠭᠤᠯᠵᠤ᠂ ᠲᠤᠬᠠᠢᠯᠠᠭ᠍ᠰᠠᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠦᠢᠯᠡᠳᠦᠯᠭᠡ ᠳᠤᠮᠳᠠ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠠ ᠭᠡᠵᠤ ᠢᠯᠡᠳᠭᠡᠪᠡ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ ᠬᠥᠮᠦᠰ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠦᠶ᠋ᠯᠡᠳᠦᠯᠭᠡ᠎ᠪᠡᠨ ᠵᠢᠯᠣᠭᠣᠳᠣᠭᠤᠯᠵᠤ᠂ ᠠᠵᠢᠯ᠎ᠢᠶᠠᠨ ᠠᠬᠢᠭᠤᠯᠤᠨ᠎ᠠ᠃ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠨ᠂《ᠤᠯᠤᠰ᠎ᠤᠨ ᠶᠡᠬᠡ ᠶᠠᠪᠤᠳᠠᠯ》 ᠎ᠢ ᠪᠠᠲᠤ ᠴᠡᠭᠡᠵᠢᠯᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠎ᠢᠶᠠᠨ ᠦᠨᠡᠨ ᠬᠦ᠌ ᠴᠢᠩᠭᠠᠳᠭᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠠᠲᠤ ᠡᠵᠡᠮᠳᠡᠵᠦ᠍᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠨ᠎ᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠥᠷᠭᠡᠨ ᠳᠡᠯᠭᠡᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号