10 ᠰᠠᠷ᠎ᠠ᠎ᠶ᠋ᠢᠨ 20 ᠤ᠋ ᠡᠳᠦᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶ᠋ᠢᠨ ᠬᠤᠷᠠᠯ ᠲᠦᠩᠯᠢᠶᠣᠤ ᠬᠤᠳᠠ᠎ᠳᠤ ᠶᠠᠪᠤᠭ᠍ᠳᠠᠪᠠ᠃
20 ᠤ᠋ ᠦᠳᠡ᠎ᠶ᠋ᠢᠨ ᠡᠮᠦᠨ᠎ᠡ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠣᠨᠣᠯ ᠵᠢᠭᠠᠨ ᠰᠤᠳᠤᠯᠬᠤ ᠬᠡᠯᠲᠡᠰ᠎ᠦᠨ ᠫᠷᠤᠹᠧᠰᠰᠤᠷ ᠬᠤ᠌ ᠴᠢᠩ ᠬᠤᠢ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ 》 ᠭᠡᠬᠦ᠌ ᠰᠡᠳᠦᠪ᠎ᠢᠶᠡᠷ᠂ ᠣᠳᠣᠬᠢ ᠱᠠᠲᠤᠨ᠎ᠤ ᠦᠨᠳᠦᠰᠦᠲᠡᠨ᠎ᠦ ᠠᠵᠢᠯ᠎ᠤᠨ ᠴᠢᠬᠤᠯᠠ ᠡᠭᠦᠷᠭᠡ᠎ᠶ᠋ᠢ ᠭᠦᠨᠵᠡᠭᠡᠶ ᠵᠠᠳᠠᠯᠵᠥ᠂ 《 ᠬᠣᠶᠠᠷ ᠶᠡᠬᠡ ᠲᠠᠯ᠎ᠠ 》 ᠶ᠋ᠢᠨ ᠦᠨᠳᠦᠷᠴᠡ ᠳ᠋ᠤ ᠰᠠᠭᠤᠷᠢᠯᠠᠨ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠦᠨᠳᠦᠰᠦᠲᠡᠨ᠎ᠦ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌ 《 ᠳᠥᠷᠪᠡᠨ ᠬᠠᠷᠢᠴᠠᠭ᠎ᠠ 》 ᠶ᠋ᠢ ᠵᠥᠪ ᠡᠵᠡᠮᠱᠢᠬᠦ᠌᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠵᠡᠷᠭᠡ ᠲᠠᠯ᠎ᠠ᠎ᠪᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠪᠡ᠃ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠭ᠍ᠰᠠᠨ ᠺᠠᠳ᠋ᠷ ᠣᠯᠠᠨ ᠲᠦᠮᠡᠨ᠂ ᠬᠤ᠌ ᠴᠢᠩ ᠬᠣᠶ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠬᠤ ᠲᠠᠰ ᠳᠠᠪᠬᠤᠷᠭ᠎ᠠ ᠲᠣᠳᠣᠷᠬᠠᠶ᠂ ᠵᠠᠳᠠᠯᠤᠯᠲᠠ ᠨᠡᠪᠲᠡᠷᠬᠡᠶ ᠪᠠᠢᠵᠤ᠂ ᠲᠡᠳᠡᠨ᠎ᠦ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ᠎ᠤ ᠭᠤᠤᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢᠨ ᠲᠤᠬᠠᠶ ᠣᠢᠯᠠᠭᠠᠯᠲᠠ ᠪᠠ ᠲᠠᠨᠢᠯᠲᠠ᠎ᠶ᠋ᠢ ᠭᠦᠨᠵᠡᠭᠡᠢᠷᠡᠭᠦᠯᠵᠡᠶ ᠬᠡᠵᠥ ᠢᠯᠡᠳᠬᠡᠵᠡᠬᠡᠪᠡ᠃
ᠲᠦᠩᠯᠢᠶᠣᠤ ᠬᠤᠳᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠶᠢᠩ ᠫᠸᠢ ᠴᠢ᠄ 《ᠲᠦᠩᠯᠢᠶᠣᠤ ᠬᠤᠳᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠨᠢᠭᠡᠨ ᠱᠢᠨ᠎ᠡ ᠴᠡᠷᠢᠭ ᠪᠣᠯᠤᠭ᠍ᠰᠠᠨ᠎ᠤ ᠬᠤᠪᠢ᠎ᠳᠤ᠂ ᠬᠣ᠌ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠯᠲᠠ ᠨᠢ ᠨᠠᠳᠠ᠎ᠳᠤ ᠮᠠᠰᠢ ᠶᠡᠬᠡ ᠰᠡᠩᠬᠡᠷᠡᠭᠦᠯᠦᠯ ᠥᠭ᠌ᠴᠦ᠂ ᠮᠠᠰᠢ ᠤᠯᠠᠨ ᠣᠯᠤᠯᠲᠠ᠎ᠲᠠᠶ ᠪᠣᠯᠵᠠᠢ᠂ ᠲᠡᠷᠡ ᠠᠮᠢᠳᠤᠯᠢᠭ ᠦᠭᠡ ᠬᠡᠯᠡ ᠪᠣᠯᠤᠨ ᠠᠮᠢᠳᠤ ᠰᠣᠷᠭᠣᠭ ᠬᠡᠷᠡᠭ᠎ᠦᠨ ᠵᠢᠱ᠌ᠢᠢ᠎ᠡ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠰᠡᠳᠭᠢᠴᠡ᠎ᠵᠢ ᠲᠣᠳᠣᠷᠬᠠᠢᠯᠠᠵᠤ᠂ ᠤᠬᠠᠭᠤᠯᠤᠨ ᠲᠠᠢᠯᠪᠤᠷᠢᠯᠠᠬᠤ ᠠᠵᠢᠯ᠎ᠤᠨ ᠨᠠᠷᠢᠨ ᠵᠦᠢᠯ᠎ᠢ ᠡᠵᠡᠮᠳᠡᠬᠦ᠌ ᠴᠢᠳᠠᠪᠤᠷᠢ ᠵᠢ ᠴᠢᠩᠭᠠᠳᠭᠠᠵᠠᠢ》 ᠭᠡᠵᠤ ᠬᠡᠯᠡᠨ᠎ᠠ᠃
20 ᠤ᠋ ᠡᠳᠦᠷ᠎ᠦᠨ ᠦᠳᠡ᠎ᠶ᠋ᠢᠨ ᠬᠣᠢᠨ᠎ᠠ᠂ ᠬᠣ᠌ ᠴᠢᠩ ᠬᠤᠢ ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠤ᠌ ᠪᠠᠢᠭ᠎ᠠ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠠᠶ ᠨᠢᠭᠤᠷᠳᠠᠨ ᠶᠠᠷᠢᠯᠴᠠᠵᠤ᠂ ᠰᠠᠨᠠᠯ᠎ᠢᠶᠠᠨ ᠰᠣᠯᠢᠯᠴᠠᠪᠠ᠃ ᠵᠠᠯᠠᠭᠤ ᠰᠤᠷᠤᠭ᠍ᠴᠢᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠬᠡᠷᠬᠢᠨ ᠪᠠᠲᠤ ᠴᠣᠭ᠍ᠴᠠᠯᠠᠬᠤ ᠠᠰᠠᠭᠤᠳᠠᠯ᠎ᠳᠤ ᠴᠢᠭ᠌ᠯᠡᠭᠦᠯᠦᠨ᠂ ᠬᠤ᠌ ᠴᠢᠩ ᠬᠣᠶ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠥᠭ᠌ᠵᠢᠯᠲᠡ᠎ᠶ᠋ᠢᠨ ᠠᠬᠢᠴᠠ᠎ᠶ᠋ᠢ ᠭᠦᠶ᠋ᠴᠡᠳ ᠰᠤᠷᠤᠯᠴᠠᠵᠤ᠂ ᠵᠥᠪ ᠲᠡᠦᠬᠡ᠎ᠶ᠋ᠢᠨ ᠦᠵᠡᠯᠲᠡ᠎ᠶ᠋ᠢ ᠪᠣᠶ ᠪᠣᠯᠭᠠᠵᠤ᠂ ᠰᠤᠷᠤᠭ᠍ᠴᠢᠳ᠎ᠤᠨ ᠬᠠᠷᠢᠯᠴᠠᠨ ᠬᠦᠨᠳᠦᠳᠭᠡᠬᠦ᠌᠂ ᠣᠢᠯᠠᠭᠠᠯᠴᠠᠬᠤ᠂ ᠪᠠᠭ᠍ᠲᠠᠭᠠᠮᠵᠢᠲᠠᠶ ᠪᠠᠢᠬᠤ᠎ᠶ᠋ᠢ ᠬᠥᠲᠥᠯᠥᠨ ᠳᠠᠭᠠᠭᠤᠯᠵᠤ᠂ ᠡᠬᠡ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠤ ᠢᠯᠡᠳᠭᠡᠪᠡ᠃
ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ᠎ᠶ᠋ᠢᠨ ᠰᠤᠷᠭᠠᠨ ᠬᠥᠮᠦᠵᠢᠯ᠎ᠦᠨ ᠰᠠᠯᠪᠤᠷᠢ᠎ᠶ᠋ᠢᠨ ᠰᠤᠷᠤᠭ᠍ᠴᠢ ᠯᠢᠦ ᠶᠢᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠮᠠᠰᠢ ᠵᠣᠷᠢᠭ᠍ᠵᠢᠪᠠ᠂ ᠲᠡᠷᠡ᠄《ᠵᠠᠯᠠᠭᠤ ᠰᠤᠷᠤᠭ᠍ᠴᠢ ᠪᠣᠯᠤᠭ᠍ᠰᠠᠨ᠎ᠤ ᠬᠤᠪᠢ᠎ᠳᠤ᠂ ᠪᠢᠳᠡ ᠶᠠᠭ ᠮᠡᠳᠡᠯᠭᠡ ᠬᠤᠷᠠᠮᠳᠤᠭᠤᠯᠵᠤ᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠬᠦ᠌ ᠴᠢᠬᠤᠯᠠ ᠴᠠᠭ ᠦᠶ᠎ᠡ᠎ᠳᠦ ᠣᠷᠣᠱᠢᠵᠤ ᠪᠠᠢᠨ᠎ᠠ᠂ ᠪᠢᠳᠡ ᠵᠠᠪᠠᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠬᠦᠰᠡᠯᠡᠩ᠎ᠲᠡᠶ᠂ ᠬᠠᠷᠢᠭᠤᠴᠠᠯᠭ᠎ᠠ᠎ᠲᠠᠶ ᠱᠢᠨ᠎ᠡ ᠴᠠᠭ ᠦᠶ᠎ᠡ᠎ᠶ᠋ᠢᠨ ᠵᠢᠳᠬᠦᠯ ᠴᠢᠷᠮᠠᠢᠯᠭ᠎ᠠ᠎ᠲᠠᠶ ᠵᠠᠯᠠᠭᠤᠴᠤᠳ ᠪᠣᠯᠬᠤ ᠬᠡᠷᠡᠭ᠌ᠲᠡᠢ》 ᠭᠡᠵᠤ ᠬᠡᠯᠡᠨ᠎ᠠ᠃
《ᠲᠣᠰ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ᠎ᠪᠠᠷ ᠠᠵᠠ ᠲᠣᠬᠢᠶᠠᠯ ᠪᠣᠯᠭᠠᠵᠤ᠂ ᠪᠢᠳᠡ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠪᠣᠯᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠤᠯᠠᠮ ᠴᠢᠨᠠᠭ᠍ᠰᠢᠳᠠ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠳᠤ ᠲᠤᠭᠤᠱᠢᠯᠠᠭᠤᠯᠵᠤ᠂ ᠰᠤᠷᠤᠭ᠍ᠴᠢᠳ᠎ᠤᠨ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠢᠶᠠᠨ ᠳᠠᠭᠠᠬᠤ᠎ᠶ᠋ᠢ ᠬᠥᠲᠥᠯᠥᠨ ᠵᠢᠯᠣᠭᠣᠳᠴᠤ᠌᠂ ᠦᠨᠳᠦᠰᠦᠲᠡᠨ᠎ᠦ ᠪᠦᠯᠬᠦᠮᠳᠡᠯ᠎ᠦᠨ ᠤᠳᠤᠮᠯᠠᠯ᠎ᠢ ᠪᠣᠢᠵᠢᠭᠤᠯᠵᠤ᠂ ᠨᠠᠩ ᠣᠯᠠᠨ ᠬᠠᠷᠢᠭᠤᠴᠠᠯᠭ᠎ᠠ᠎ᠲᠠᠶ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠤᠨᠠ》ᠭᠡᠵᠦ᠍ ᠲᠦᠩᠯᠢᠶᠣᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠵᠠᠩ ᠷᠦᠢ ᠬᠠᠩ ᠬᠡᠯᠡᠵᠥ ᠪᠢᠯᠠ᠃