ᠮᠠᠨ᠎ᠦ ᠤᠷᠤᠨ᠎ᠦ ᠶᠡᠬᠡ ᠳᠡᠭᠡᠳᠦ ᠰᠤᠷᠭᠠᠭᠤᠯᠢ ᠨᠤᠭᠤᠳ ᠨᠠᠮ᠎ᠤᠨ ᠳᠡᠦᠬᠡ ᠵᠢᠨ ᠰᠤᠷᠤᠯᠴᠠᠯᠭ᠎ᠠ ᠬᠦᠮᠦᠵᠢᠯ᠎ᠢ ᠦᠷᠬᠦᠯᠵᠢᠯᠡᠨ ᠴᠢᠩᠭᠠᠳᠭᠠᠵᠤ ᠪᠠᠢ᠌ᠨ᠎ᠠ
2021-10-25 12:04:17
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠷᠪᠠᠨ ᠲᠠᠪᠤᠳᠤᠭᠠᠷ ᠲᠣᠭᠣᠷᠢᠨ ᠵᠢᠯᠣᠭᠣᠳᠭᠤ ᠳᠤᠭᠤᠢᠯᠠᠩ᠎ᠤᠨ ᠳᠥᠷᠪᠡᠳᠦᠭᠡᠷ ᠤᠳᠠᠭᠠᠨ᠎ᠤ ᠲᠣᠬᠢᠷᠠᠭᠤᠯᠤᠯᠲᠠ᠎ᠶ᠋ᠢᠨ ᠬᠤᠷᠠᠯ ᠲᠦᠷᠦᠬᠦᠬᠡᠨ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠤᠷᠠᠯᠳᠤᠪᠠ ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠎ᠤᠨ ᠠᠵᠢᠯ᠎ᠡᠬᠢᠯᠡᠭᠰᠡᠨ᠎ᠡᠴᠡ ᠨᠠᠭᠠᠰᠢ ᠂  ᠲᠣᠭᠣᠷᠢᠨ ᠵᠢᠯᠣᠭᠣᠳᠭᠤ ᠲᠤᠭᠤᠢᠯᠠᠩ᠎ᠤᠨ  ᠭᠠᠷᠠᠭ᠎ᠤᠨ ᠲᠥᠯᠥᠪᠯᠡᠭᠡ ᠂ ᠰᠠᠷ᠎ᠠ᠎ᠶ᠋ᠢᠨ ᠲᠣᠬᠢᠷᠠᠭᠤᠯᠤᠯᠲᠠ᠎ᠶ᠋ᠢᠨ ᠬᠡᠯᠪᠡᠷᠢ᠎ᠪᠡᠷ ᠲᠠᠮᠵᠢᠨ᠂ ᠡᠯ᠎ᠡ ᠶᠡᠬᠡ ᠳᠡᠭᠡᠳᠦ ᠰᠤᠷᠭᠠᠭᠤᠯᠢ᠎ᠵᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ  ᠡᠮᠬᠢ ᠴᠡᠭ᠌ᠴᠡ᠎ᠲᠡᠶ ᠶᠠᠪᠤᠭ᠍ᠳᠠᠵᠤ ᠂ ᠰᠤᠷᠭᠠᠭᠤᠯᠢ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠪᠣᠳᠠᠲᠤ ᠶᠠᠪᠤᠳᠠᠯ ᠬᠢᠵᠦ᠍ ᠂ ᠱᠢᠨ᠎ᠡ ᠪᠠᠢᠳᠠᠯ᠎ᠢ ᠡᠭᠦᠳᠬᠦ᠌ ᠲᠠᠯ᠎ᠠ᠎ᠪᠠᠷ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠠᠶ  ᠃

ᠥᠪᠥᠷ ᠮᠣᠩᠭᠣᠯ᠎ᠤᠨ ᠶᠡᠬᠡ ᠰᠤᠷᠭᠠᠭᠤᠯᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠶᠠᠪᠤᠴᠠ᠎ᠳᠠᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠬᠢᠯᠡᠵᠦ᠍ ᠰᠤᠷᠭᠠᠭᠤᠯᠢ᠎ᠪᠠᠨ ᠵᠠᠰᠠᠬᠤ ᠪᠦᠬᠦ᠌ ᠶᠠᠪᠤᠴᠠ᠎ᠳᠤ ᠣᠷᠭᠠᠨᠢᠭ᠎ᠢᠶᠠᠷ ᠠᠭᠤᠰᠤᠯᠴᠠᠭᠤᠯᠵᠤ ᠂ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠶᠤᠨ ᠰᠠᠨᠠᠭᠠᠨ᠎ᠤ ᠱᠢᠮ᠎ᠡ ᠲᠡᠵᠢᠭᠡᠯ ᠬᠦᠷᠲᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠢᠵᠢᠯᠢ ᠲᠦᠪᠳᠤ ᠲᠣᠭᠣᠷᠢᠭ᠎ᠢ ᠬᠠᠮᠲᠤ᠎ᠪᠠᠷ ᠵᠢᠷᠤᠭ᠍ᠯᠠᠪᠠ᠃ ᠲᠣᠰ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠠᠷᠤᠭ᠎ᠠ ᠯᠢ ᠸᠧᠶ ᠮᠢᠨ ᠂ ᠲᠠᠷᠠᠭᠠᠴᠢ᠎ᠶ᠋ᠢᠨ ᠱᠠᠲᠤᠨ᠎ᠳᠤ ᠂ ᠰᠤᠷᠭᠠᠭᠤᠯᠢ ᠨᠢ 《ᠰᠤᠷᠤᠯᠴᠠᠬᠤ》 ᠵᠢ ᠲᠡᠷᠢᠭᠦᠨ᠎ᠳᠦ ᠲᠠᠯᠪᠢᠬᠤ᠎ᠶ᠋ᠢ ᠦᠷᠭᠦᠯᠵᠢᠯᠡᠨ ᠪᠠᠷᠢᠮᠲᠠᠯᠠᠵᠤ ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢ ᠰᠠᠢᠲᠤᠷ ᠠᠳᠭᠤᠬᠤ᠎ᠶ᠋ᠢᠨ ᠬᠠᠮᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢᠶᠡᠷ 《ᠳᠥᠷᠪᠡᠨ ᠲᠡᠦᠬᠡ》 ᠵᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ ᠂ ᠪᠤᠰᠤᠳ ᠭᠤᠷᠪᠠᠨ ᠲᠣᠪᠴᠢ ᠲᠡᠦᠬᠡ᠎ᠶ᠋ᠢᠨ ᠰᠤᠷᠤᠯᠴᠠᠯᠭ᠎ᠠ ᠬᠡᠷᠡᠭ᠌ᠯᠡᠯᠲᠡ᠎ᠶ᠋ᠢ ᠰᠠᠢᠲᠤᠷ ᠬᠢᠵᠦ᠍ ᠂ ᠤᠬᠠᠭᠤᠯᠭ᠎ᠠ ᠬᠥᠮᠦᠵᠢᠯ᠎ᠢ ᠨᠠᠩ ᠦᠨᠳᠦᠰᠦᠨ ᠱᠠᠲᠤᠨ᠎ᠳᠤ ᠭᠦᠨᠵᠡᠭᠡᠢᠷᠡᠭᠦᠯᠵᠦ᠍ ᠂ ᠣᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠤᠨ᠎ᠠ ᠭᠡᠵᠡᠶ ᠃

《ᠥᠩᠭᠡᠷᠡᠭᠡᠭ᠌ᠰᠡᠨ᠎ᠳᠦ ᠡᠪᠡᠳᠴᠢᠨ ᠦᠵᠡᠭᠦᠯᠬᠦ᠌᠎ᠳᠦ ᠮᠠᠰᠢ ᠳᠥᠭᠥᠮ ᠦᠭᠡᠢ ᠂ ᠦᠢᠷ᠎ᠡ ᠬᠠᠪᠢ᠎ᠳᠤ ᠲᠣᠮᠣ ᠡᠮᠨᠡᠯᠭᠡ᠎ᠶ᠋ᠢᠨ ᠬᠣᠷᠢᠶ᠎ᠠ  ᠦᠭᠡᠢ ᠂ ᠡᠪᠡᠳᠴᠢᠨ ᠦᠵᠡᠭᠦᠯᠬᠦ᠌ ᠳ᠋ᠦ ᠲᠤᠩ ᠲᠦᠬᠦᠮ ᠦᠬᠡᠢ ᠪᠠᠢ᠌ᠯ᠎ᠠ ᠃ ᠬᠤᠶᠠᠳᠤᠭᠠᠷ ᠬᠠᠷᠢᠶᠠᠳᠤ ᠡᠮᠨᠡᠯᠬᠡ ᠵᠢᠨ ᠬᠤᠷᠢᠶ᠎ᠠ ᠱᠢᠨ᠎ᠡ ᠪᠠᠭᠤᠴᠠ ᠳ᠋ᠠᠭᠠᠨ ᠨᠡᠬᠦᠵᠦ᠍ ᠢᠷᠡᠭ᠌ᠰᠡᠨ ᠡᠴᠡ ᠪᠢᠳᠡ ᠡᠬᠦᠳᠡᠨ ᠳ᠋ᠡᠭᠡᠨ ᠡᠮᠨᠡᠯᠬᠡ ᠵᠢᠨ ᠬᠤᠷᠢᠶ᠎ᠠ ᠳᠠᠢ ᠪᠤᠯᠤᠭ᠍ᠰᠠᠨ 》 ᠭᠡᠵᠦ᠍ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠪᠠᠷᠠᠭᠤᠨ ᠪᠠᠶᠠᠨ ᠪᠡᠯᠴᠢᠬᠡᠷ ᠱᠢᠶᠠᠩ᠎ᠤᠨ ᠵᠡᠬᠦᠨ ᠬᠠᠭᠤᠴᠢᠨ ᠵᠠᠮ ᠲᠣᠰᠭᠣᠨ᠎ᠤ ᠵᠠᠩ ᠢᠦᠢ ᠵᠦ᠍ ᠪᠠᠶᠠᠷᠲᠠᠢ ᠬᠡᠯᠡᠨ᠎ᠡ᠃ ᠵᠠᠩ ᠢᠦᠶ ᠵᠦ᠍᠎ᠶ᠋ᠢᠨ ᠬᠡᠯᠡᠵᠦ᠍ ᠪᠠᠢ᠌ᠭ᠎ᠠ ᠡᠮᠨᠡᠯᠭᠡ᠎ᠶ᠋ᠢᠨ ᠬᠣᠷᠢᠶ᠎ᠠ ᠪᠣᠯ ᠳᠠᠷᠤᠶ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠣᠶᠠᠳᠤᠭᠠᠷ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠪᠣᠯᠤᠨ᠎ᠠ᠃ 9 ᠰᠠᠷ᠎ᠡ ᠳ᠋ᠤ ᠰᠠᠢᠬᠠᠨ ᠲᠣᠭᠣᠷᠢᠭ᠎ᠤᠨ ᠬᠣᠷᠴᠢᠨ ᠡᠮᠦᠨ᠎ᠡ ᠵᠠᠮ᠎ᠤᠨ ᠱᠢᠨ᠎ᠡ ᠪᠠᠭᠤᠴᠠ ᠳ᠋ᠠᠭᠠᠨ ᠵᠢᠩᠬᠢᠨᠢ᠎ᠪᠡᠷ ᠨᠡᠭᠦᠵᠦ᠍ ᠂ 9 ᠰᠠᠷ᠎ᠠ᠎ᠶ᠋ᠢᠨ 20 ᠤ᠋ ᠡᠳᠦᠷ ᠪᠥᠬᠥ᠌ ᠲᠠᠯ᠎ᠠ᠎ᠪᠠᠷ ᠡᠮᠴᠢᠯᠡᠭᠡ  ᠪᠠᠨ ᠡᠬᠢᠯᠡᠬᠦᠯᠪᠡ ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠠᠷᠤᠭ᠎ᠠ ᠭᠤᠤ ᠯᠸ ᠄ 《ᠤᠯᠠᠨ ᠲᠦᠮᠡᠨ ᠰᠡᠳᠭᠢᠯ ᠬᠠᠨᠤᠮᠵᠢᠲᠠᠢ ᠂ ᠪᠠᠶᠠᠷᠳᠠᠢ ᠪᠠᠢ᠌ᠭ᠎ᠠ ᠪᠤᠯ ᠮᠠᠨ᠎ᠤ ᠤᠯᠠᠨ ᠲᠦᠮᠡᠨ ᠳ᠋ᠤ  ᠪᠤᠳᠠᠳᠤ ᠶᠠᠪᠤᠳᠠᠯ ᠬᠢᠵᠦ ᠦᠭᠬᠦ ᠦᠢᠯᠡᠳᠦᠯᠭᠡ ᠵᠢᠨ ᠠᠵᠢᠯ᠎ᠤᠨ ᠬᠠᠮᠤᠭ᠎ᠤᠨ ᠰᠠᠢᠨ ᠵᠤᠷᠢᠬᠵᠢᠭᠤᠯᠤᠯ ᠪᠤᠯᠤᠨ᠎ᠠ᠃ ᠰᠤᠷᠭᠠᠭᠤᠯᠢ ᠵᠢᠨ ᠬᠢᠨ  ᠦᠷᠭᠦᠯᠵᠢᠯᠡᠨ ᠭᠤᠤᠯᠳᠠᠯᠭ᠎ᠠ᠎ᠲᠠᠶ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍ ᠂ 《 ᠬᠡᠨ ᠣᠯᠠᠨ ᠲᠦᠮᠡᠨ ᠪᠣᠶ 》 ᠂ 《ᠣᠯᠠᠨ ᠲᠦᠮᠡᠨ ᠬᠠᠮᠢᠭ᠎ᠠ ᠪᠠᠢᠬᠤ ᠪᠤᠢ 》 ᠵᠡᠷᠭᠡ ᠠᠰᠠᠭᠤᠳᠠᠯ᠎ᠢ ᠭᠦᠨᠵᠡᠭᠡᠶ ᠰᠤᠳᠤᠯᠤᠨ ᠮᠠᠭᠠᠳᠯᠠᠵᠤ᠂ ᠤᠯᠠᠨ ᠲᠦᠮᠡᠨ᠎ᠤ  ᠪᠠᠴᠢᠮᠳᠠᠵᠤ ᠂ ᠬᠦᠴᠢᠷᠳᠡᠵᠦ ᠂ ᠰᠠᠨᠠᠭᠠᠱᠢᠷᠠᠵᠤ ᠪᠠᠢᠭ᠎ᠠ ᠶᠠᠪᠤᠳᠠᠯ᠎ᠤᠨ ᠲᠤᠭᠤᠷᠢᠨ ᠳ᠋ᠤ《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠪᠠ ᠰᠤᠷᠭᠠᠭᠤᠯᠢ᠎ᠶ᠋ᠢᠨ ᠭᠤᠤᠯ ᠠᠵᠢᠯ᠎ᠢ ᠰᠠᠢᠲᠤᠷ ᠬᠢᠬᠦ᠌᠎ᠶ᠋ᠢ ᠵᠡᠷᠭᠡ᠎ᠪᠡᠷ ᠠᠬᠢᠭᠤᠯᠵᠤ ᠂ 《ᠪᠣᠳᠠᠲᠤ ᠶᠠᠪᠤᠳᠠᠯ ᠬᠢᠭ᠌ᠰᠡᠨ》 ᠦᠷ᠎ᠡ ᠪᠦᠲᠦᠭᠡᠯ᠎ᠢ ᠦᠨᠡᠨ ᠬᠦ᠌ ᠰᠤᠷᠭᠠᠭᠤᠯᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠪᠡ ᠃

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠵᠢᠨ ᠲᠤᠮᠳᠠ ᠡᠩ ᠲᠡᠷᠢᠭᠦᠨ᠎ᠳᠦ ᠰᠤᠷᠭᠠᠭᠤᠯᠢ᠎ᠶ᠋ᠢᠨ ᠳᠣᠲᠣᠭᠠᠳᠤ᠎ᠳᠤ ᠲᠣᠭᠣᠷᠢᠨ ᠵᠢᠯᠤᠭᠤᠬᠤ ᠵᠢ  ᠬᠡᠷᠡᠭᠵᠢᠬᠦᠯᠵᠦ᠂ ᠰᠤᠷᠭᠠᠭᠤᠯᠢ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠶᠠᠰᠤ ᠴᠢᠨᠠᠷ᠎ᠢ ᠬᠦᠴᠦᠲᠡᠶ ᠪᠠᠲᠤᠯᠠᠵᠤ ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠣᠳᠠᠲᠠᠢᠵᠢᠭᠤᠯᠪᠠ ᠃  ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠠᠷᠤᠭ᠎ᠠ ᠸᠠᠩ ᠵᠦᠩ ᠳ᠋ᠦᠩ ᠄ 《ᠰᠤᠷᠤᠯᠴᠠᠯᠭ᠎ᠠ  ᠵᠢ ᠬᠤᠪᠢᠷᠠᠭᠤᠯᠬᠤ ᠦᠭᠡᠢ ᠂ ᠣᠷᠬᠢᠭ᠍ᠳᠠᠭᠤᠯᠬᠤ ᠦᠭᠡᠢ ᠪᠠᠢᠬᠤ ᠪᠣᠯ ᠰᠤᠷᠭᠠᠭᠤᠯᠢ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠳᠤᠮᠳᠠ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ  ᠵᠠᠷᠴᠢᠮ ᠪᠣᠯᠤᠨ᠎ᠠ ᠃ ᠣᠳᠣᠬᠠᠨ᠎ᠳᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠱᠢᠪᠲᠤᠯᠤᠯᠲᠠ᠎ᠶ᠋ᠢᠨ ᠱᠠᠲᠤᠨ᠎ᠳᠤ ᠣᠷᠣᠵᠤ ᠂ ᠰᠤᠷᠭᠠᠭᠤᠯᠢ᠎ᠵᠢᠨ ᠬᠢᠨ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠵᠣᠷᠢᠭ ᠰᠠᠨᠠᠭ᠎ᠠ ᠪᠣᠯᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠶᠡᠷᠦᠩᠬᠡᠶ ᠱᠦᠵᠢ ᠰᠢ᠎ᠶ᠋ᠢᠨ ᠫᠢᠩ᠎ᠦᠨ 〈7·1〉 ᠤ᠋  ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠠ 〈ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠦᠭᠬᠦ 〉ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠬᠤ ᠲᠠᠯ᠎ᠠ᠎ᠪᠠᠷ ᠦᠨᠡᠨ ᠬᠦ᠌  ᠭᠦᠨᠵᠡᠭᠡᠶ ᠠᠳᠭᠤᠵᠤ᠂ ᠪᠣᠳᠠᠲᠤ ᠦᠷ᠎ᠡ ᠪᠦᠲᠦᠮᠵᠢ ᠣᠯᠤᠨ᠎ᠠ 》 ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号