ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠳᠠ ᠬᠠᠮᠢᠶᠠᠷᠤᠯᠲᠠ᠎ᠶ᠋ᠢᠨ ᠲᠤᠪᠴᠢᠶ᠎ᠠ ᠤᠯᠠᠨ ᠠᠷᠭ᠎ᠠ ᠠᠪᠴᠠᠯ᠎ᠢᠶᠠᠷ ᠠᠵᠤ ᠠᠬᠤ ᠵᠢᠯᠠᠯ ᠳᠠᠩᠰᠠᠯᠠᠭᠤᠯᠬᠤ ᠶᠠᠪᠤᠴᠠ᠎ᠶ᠋ᠢ ᠲᠦᠷᠭᠡᠳᠭᠡᠵᠦ᠍ ᠪᠠ ᠵᠢᠨ᠎ᠠ
2021-10-07 11:11:26
ᠵᠣᠬᠢᠶᠠᠭ᠍ᠴᠢ᠄
ᠼᠠᠢ ᠬᠤᠨᠭ᠌
ᠣᠩᠱᠢᠭ᠍ᠰᠠᠨ ᠣᠳᠠᠭ᠎ᠠ᠄
★★★☆☆

2021 ᠣᠨ᠎ᠠᠴᠠ ᠨᠠᠭᠠᠰᠢ᠂ ᠮᠠᠨ᠎ᠤ ᠣᠷᠣᠨ ᠠᠵᠤ ᠠᠬᠤ ᠵᠢᠯᠠᠯ ᠳᠠᠩᠰᠠᠯᠠᠭᠤᠯᠬᠤ ᠲᠠᠯ᠎ᠠ᠎ᠪᠠᠷ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠭᠠᠵᠠᠷ ᠣᠷᠣᠨ᠎ᠢᠶᠠᠷ ᠪᠠᠷᠢᠮᠵᠢᠶᠠᠯᠠᠨ᠂ ᠲᠠᠰᠤᠷᠠᠯᠲᠠ ᠥᠬᠡᠶ ᠱᠢᠨ᠎ᠡ ᠠᠷᠭ᠎ᠠ ᠪᠣᠳᠣᠯᠭ᠎ᠠ᠎ᠶ᠋ᠢ ᠨᠡ ᠵᠢᠳᠡᠯᠡᠨ ᠬᠡᠷᠡᠭ᠌ᠵᠢᠬᠦᠯᠵᠦ᠍᠂ ᠳᠠᠩᠰᠠᠯᠠᠭᠤᠯᠬᠤ ᠭᠤᠭ᠍ᠴᠤᠭ᠎ᠠ᠂ ᠶᠠᠪᠤᠴᠠ᠂ ᠴᠠᠭ ᠬᠤᠭᠤᠴᠠᠭ᠎ᠠ᠂ ᠥᠪᠡᠷ᠎ᠤᠨ ᠥᠷᠲᠡᠭ᠎ᠤᠨ ᠲᠠᠯ᠎ᠠ᠎ᠪᠠᠷ 《ᠨᠢᠭᠡ ᠭᠤᠭ᠍ᠴᠤᠭ᠎ᠠ᠎ᠳᠤ ᠭᠦᠢᠴᠡᠳᠭᠡᠬᠦ᠂ ᠨᠢᠭᠡ ᠰᠦᠯᠵᠢᠶ᠎ᠡ᠎ᠪᠠᠷ ᠭᠦᠶ᠋ᠴᠡᠳᠭᠡᠬᠦ᠂ ᠨᠢᠭᠡ ᠡᠳᠦᠷ᠎ᠲᠤ ᠳᠠᠭᠤᠰᠭᠠᠬᠤ᠂ ᠰᠦᠶ᠋ᠳᠭᠡᠯ ᠥᠯᠥ᠍ ᠬᠤᠷᠢᠶᠠᠬᠤ》 ᠎ᠶ᠋ᠢ ᠴᠢᠷᠮᠠ᠊ ᠎ᠶ᠋ᠢᠨ ᠪᠡᠶᠡᠯᠡᠭᠦᠯᠵᠤ ᠪᠠ ᠵᠢᠨ᠎ᠠ᠃ 

6 ᠰᠠᠷ᠎ᠠ᠎ᠶ᠋ᠢᠨ 4 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠬᠠᠮᠲᠤᠷᠠᠨ 《ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠴᠢᠨᠠᠬ᠍ᠰᠢᠳᠠ ᠱᠢᠯᠢᠳᠡᠭ᠌ᠵᠢᠭᠦᠯᠬᠦ᠌ ᠲᠤᠬᠠᠶ ᠰᠠᠨᠠᠯ》 ᠎ᠢ ᠳᠠᠷᠤᠮᠠᠯᠯᠠᠨ ᠲᠠᠷᠬᠠᠭᠠᠪᠠ᠃ ᠡᠭᠦᠨ᠎ᠳᠤ᠂ 《ᠰᠠᠨᠠᠯ》 ᠎ᠤᠨ ᠰᠠᠨᠠᠭᠠᠴᠢᠯᠠᠭ᠎ᠠ᠎ᠪᠠᠷ᠂ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠳᠠ ᠬᠠᠮᠢᠶᠠᠷᠤᠯᠲᠠ᠎ᠶ᠋ᠢᠨ ᠲᠤᠪᠴᠢᠶ᠎ᠠ᠂ ᠳᠤᠲᠤᠭᠠᠳᠤ᠎ᠶ᠋ᠢ ᠬᠠᠮᠠᠭᠠᠯᠠᠬᠤ ᠲᠢᠩᠬᠢᠮ᠂ ᠭᠠ ᠵᠢᠯᠢ᠎ᠶ᠋ᠢᠨ ᠶᠠᠪᠤᠳᠠᠯ᠎ᠤᠨ ᠲᠤᠪᠴᠢᠶ᠎ᠠ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡ ᠵᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠂ ᠤᠷᠤᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠ ᠵᠢᠭᠤᠯᠤᠯᠲᠠ᠎ᠶ᠋ᠢᠨ ᠲᠢᠩᠬᠢᠮ᠂ ᠠᠷᠠᠳ᠎ᠤᠨ ᠪᠠᠩᠬᠢ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠰᠠᠯᠠᠭ᠎ᠠ ᠮᠦᠴᠢᠷ᠎ᠲᠠᠢ ᠬᠤᠯᠪᠤᠭᠠᠯᠠᠨ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠳᠠᠩᠰᠠᠯᠠᠭᠤᠯᠬᠤ ᠶᠠᠪᠤᠴᠠ᠎ᠶ᠋ᠢ ᠨᠢᠭᠡ ᠡᠳᠦᠷ᠎ᠲᠤ ᠳᠠᠭᠤᠰᠭᠠᠬᠤ ᠶᠡᠷᠦᠩᠬᠡᠶ ᠬᠠᠷᠠᠯᠲᠠ ᠶᠣᠰᠣᠭᠠᠷ᠂ ᠠᠵᠤ ᠠᠬᠤᠢᠯᠠᠯ ᠳᠠᠩᠰᠠᠯᠠᠭᠤᠯᠬᠤ ᠶᠠᠪᠤᠴᠠ᠎ᠳᠠᠬᠢ ᠲᠦᠭ᠌ᠵᠢᠷᠡᠯ ᠠᠰᠠᠭᠤᠳᠠᠯ᠂ ᠬᠦᠴᠢᠷ ᠠᠰᠠᠭᠤᠳᠠᠯ᠎ᠢᠶᠠᠷ ᠤᠳᠤᠷᠢᠳᠤᠮᠵᠢ ᠪᠤᠯᠭᠠᠨ᠂ ᠠᠵᠤ ᠠᠬᠤᠢᠯᠠᠯ ᠳᠠᠩᠰᠠᠯᠠᠭᠤᠯᠤᠭ᠍ᠰᠠᠨ᠎ᠤ ᠳᠠᠷᠠᠭ᠎ᠠ ᠰᠦᠶ᠋ᠳᠭᠡᠯ ᠬᠤᠷᠢᠶᠠᠬᠤ ᠥᠬᠡᠶ᠎ᠪᠠᠷ ᠡᠯᠧᠺᠲᠷᠣᠨ ᠲᠠᠮᠠᠭ᠎ᠠ ᠤᠯᠭᠤᠬᠤ ᠪᠤᠯᠪᠠ; 《ᠠᠵᠤ ᠠᠬᠤᠢᠯᠠᠯ ᠡᠷᠭᠢᠯᠡᠬᠦ᠌᠎ᠳᠤ ᠨᠢᠭᠡ ᠰᠦᠯᠵᠢᠶ᠎ᠡ᠎ᠪᠠᠷ ᠨᠡᠪᠲᠡᠷᠡᠭᠦᠯᠬᠦ᠌》 ᠲᠠᠪᠴᠠᠩ᠎ᠳᠤ ᠬᠥᠮᠦᠨ᠎ᠤ ᠵᠢᠰᠦ ᠴᠢᠷᠠᠢ᠎ᠶ᠋ᠢ ᠣᠶᠤᠨᠴᠢ᠎ᠪᠠᠷ ᠢᠯᠭᠠᠨ ᠲᠠᠨᠢᠵᠤ ᠬᠠᠷᠢᠴᠠᠭᠤᠯᠬᠤ ᠴᠢᠳᠠᠮᠵᠢ᠎ᠶ᠋ᠢ ᠲᠤᠬᠢᠷᠠᠭᠤᠯᠵᠦ᠍᠂ ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠤᠶᠠᠳᠠᠬᠢ ᠤᠳᠠᠭ᠎ᠠ ᠴᠤᠭ᠍ᠯᠠᠭᠤᠯᠤᠭ᠍ᠰᠠᠨ ᠮᠡᠳᠡᠭᠡ ᠵᠠᠩᠭᠢ᠎ᠶ᠋ᠢ ᠠᠵᠤ ᠠᠬᠤᠢᠯᠠᠯ᠎ᠤᠨ ᠳᠡᠩᠰᠡᠯᠡᠨ ᠲᠡᠮᠳᠡᠭ᠌ᠯᠡᠬᠦ᠌ ᠭᠤᠭ᠍ᠴᠤᠭ᠎ᠠ᠎ᠳᠤ ᠨᠡᠢᠯᠡᠭᠦᠯᠦᠨ ᠭᠦᠢᠴᠡᠳᠭᠡᠬᠦ᠌ ᠪᠤᠯᠵᠠᠢ᠃ 

6 ᠰᠠᠷ᠎ᠠ᠎ᠶ᠋ᠢᠨ ᠳᠤᠮᠳᠠᠴᠢ᠎ᠪᠠᠷ ᠨᠡᠢᠭᠡᠮ᠎ᠤᠨ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠲᠠᠰ ᠳᠡᠪᠱᠢᠭᠦᠯᠦᠨ ᠥᠭᠡᠷᠡᠴᠢᠯᠡᠵᠦ᠍᠂ ᠨᠡᠢᠭᠡᠮ᠎ᠤᠨ ᠳᠠᠭᠠᠳᠭᠠᠯ᠎ᠢ ᠳᠡᠩᠰᠡᠯᠡᠨ ᠲᠡᠮᠳᠡᠭ᠌ᠯᠡᠬᠦ᠌ ᠪᠠ ᠠᠵᠤ ᠠᠬᠤᠢᠯᠠᠯ᠎ᠢ ᠳᠡᠩᠰᠡᠯᠡᠨ ᠲᠡᠮᠳᠡᠭ᠌ᠯᠡᠵᠦ᠍ ᠨᠡᠢᠯᠡᠭᠦᠯᠦᠨ ᠭᠦᠶ᠋ᠴᠡᠳᠭᠡᠬᠦ᠌ ᠪᠤᠯᠭᠠᠪᠠ; ᠠᠵᠤ ᠠᠬᠤᠢᠯᠠᠯ᠎ᠤᠨ ᠳᠡᠩᠰᠡᠯᠡᠯᠲᠡ ᠪᠠ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠬᠤᠭᠤᠷᠣᠨᠳᠣᠬᠢ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠱᠢᠰᠲ᠋ᠧᠮ᠎ᠢ ᠪᠠᠢᠭᠤᠯᠵᠤ᠂ ᠪᠥᠬᠦ᠌ ᠣᠷᠣᠨ᠎ᠤ ᠬᠡᠪᠴᠢᠶᠡᠨ᠎ᠳᠤ ᠨᠢᠭᠡᠳᠦᠯᠲᠡᠶ ᠳᠠᠮᠵᠢᠭᠤᠯᠵᠦ᠍ ᠲᠡ ᠵᠢᠯᠬᠦ᠌ ᠪᠤᠯᠵᠦ᠍᠂ ᠬᠥᠮᠦᠨ᠎ᠤ ᠬᠦᠴᠦ᠎ᠪᠠᠷ ᠣᠷᠣᠭᠤᠯᠬᠤ᠎ᠶ᠋ᠢ ᠬᠦᠴᠦᠨ ᠥᠬᠡᠶ ᠪᠣᠯᠭᠠᠵᠤ᠂ ᠲᠤᠬᠠᠢᠯᠠᠭ᠍ᠰᠠᠨ ᠠᠵᠢᠯ᠎ᠤᠨ ᠭᠦᠶ᠋ᠴᠡᠳᠭᠡᠬᠦ᠌ ᠬᠤᠷᠳᠤᠴᠠ᠎ᠶ᠋ᠢ ᠲᠦᠷᠭᠡᠳᠭᠡᠪᠡ; ᠵᠠᠰᠠᠭ᠎ᠤᠨ ᠤᠷᠳᠤᠨ ᠪᠠ ᠪᠠᠩᠬᠢ᠎ᠶ᠋ᠢᠨ ᠬᠠᠮᠳᠤᠷᠠᠯᠴᠠᠭ᠎ᠠ᠎ᠶ᠋ᠢ ᠶᠡᠭᠡ᠎ᠪᠠᠷ ᠠᠬᠢᠭᠤᠯᠵᠤ᠂ ᠬᠡᠰᠡᠭ ᠭᠠᠵᠠᠷ ᠣᠷᠣᠨ᠎ᠳᠤ ᠰᠦᠶ᠋ᠳᠭᠡᠯ ᠬᠤᠷᠢᠶᠠᠬᠤ ᠥᠬᠡᠶ᠎ᠪᠠᠷ ᠳᠠᠩᠰᠠᠯᠠᠭᠤᠯᠬᠤ᠂ ᠳᠠᠩᠰᠠᠯᠠᠭᠤᠯᠪᠠᠯ ᠲᠠᠮᠠᠭ᠎ᠠ ᠬᠦᠷᠭᠡᠵᠦ᠍᠂ ᠠᠵᠤ ᠠᠬᠤᠢᠯᠠᠯ ᠳᠠᠩᠰᠠᠯᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠪᠠ; ᠠᠵᠤ ᠠᠬᠤᠢᠯᠠᠯ᠎ᠤᠨ ᠡᠯᠧᠺᠲᠷᠣᠨ ᠡᠵᠡᠩᠨᠡᠯᠲᠡ᠎ᠶ᠋ᠢᠨ ᠦᠨᠡᠮᠯᠡᠯ᠎ᠤᠨ ᠱᠢᠰᠲ᠋ᠧᠮ᠎ᠳᠤ ᠲᠦᠱᠢᠭ᠌ᠯᠡᠬᠦ᠂ ᠠᠵᠤ ᠠᠬᠤᠢᠯᠠᠯ᠎ᠤᠨ ᠡᠯᠧᠺᠲᠷᠣᠨ ᠲᠠᠮᠠᠭ᠎ᠠ᠎ᠶ᠋ᠢᠨ ᠲᠠᠪᠴᠠᠩ᠎ᠢ ᠪᠠᠢᠭᠤᠯᠵᠦ᠍᠂ ᠪᠡᠶ᠎ᠡ᠎ᠶ᠋ᠢᠨ ᠭᠠᠷᠤᠯ᠎ᠢᠶᠠᠷ ᠢᠯᠭᠠᠨ ᠲᠠᠨᠢᠬᠤ᠂ ᠡᠯᠧᠺᠲᠷᠣᠨ ᠨᠢᠭᠤᠴᠠ ᠺᠤᠳ᠋ ᠤᠭ᠍ᠰᠠᠷᠠᠬᠤ᠂ ᠲᠤᠭ᠎ᠠ ᠪᠠᠷᠢᠮᠳᠠ᠎ᠶ᠋ᠢ ᠱᠢᠯᠵᠢᠭᠦᠯᠦᠨ ᠡᠷᠭᠢᠯᠳᠦᠭᠦᠯᠬᠦ᠌ ᠵᠡᠷᠭᠡ ᠲᠡᠷᠢᠭᠦᠨ᠎ᠤ ᠮᠡᠷᠭᠡᠵᠢᠯ᠎ᠤᠨ ᠠᠷᠭ᠎ᠠ ᠬᠡᠮᠵᠢᠶ᠎ᠡ᠎ᠶ᠋ᠢ ᠠᠱᠢᠭ᠍ᠯᠠᠨ᠂ ᠢᠵᠢᠯ ᠪᠠᠷᠢᠮᠵᠢᠶ᠎ᠠ᠂ ᠢᠵᠢᠯ ᠬᠡᠪ᠂ ᠭᠠᠷᠤᠯ ᠨᠢᠭᠡᠲᠡᠶ ᠠᠵᠤ ᠠᠬᠤᠢᠯᠠᠯ᠎ᠤᠨ ᠡᠯᠧᠺᠲᠷᠣᠨ ᠲᠠᠮᠠᠭ᠎ᠠ ᠪᠠ ᠡᠯᠧᠺᠲᠷᠣᠨ ᠡᠵᠡᠩᠨᠡᠯᠲᠡ᠎ᠶ᠋ᠢᠨ ᠦᠨᠡᠮᠯᠡᠯ᠎ᠢ ᠲᠥᠪᠯᠡᠷᠡᠭᠦᠯᠦᠨ ᠬᠠᠮᠢᠶᠠᠷᠬᠤ᠂ ᠵᠡᠷᠭᠡ᠎ᠪᠠᠷ ᠲᠠᠷᠬᠠᠭᠠᠬᠤ᠂ ᠨᠢᠭᠡᠲᠦᠯᠲᠡᠢ ᠬᠡᠷᠡᠭ᠌ᠯᠡᠬᠦ᠌᠎ᠶ᠋ᠢ ᠪᠡᠶᠡᠯᠡᠭᠦᠯᠪᠡ᠃ ᠡ᠊ ᠎ᠶ᠋ᠢᠨ ᠬᠦ᠂ ᠪᠥᠬᠦ᠌ ᠤᠯᠤᠰ᠎ᠤᠨ ᠡᠯᠧᠺᠲᠷᠣᠨ ᠲᠠᠮᠠᠭ᠎ᠠ᠎ᠶ᠋ᠢ ᠵᠠᠰᠠᠭ᠎ᠤᠨ ᠶᠠᠪᠤᠳᠠᠯ᠎ᠤᠨ ᠬᠦᠷᠢᠶᠡᠨ᠎ᠳᠤ ᠬᠡᠷᠡᠭ᠌ᠯᠡᠬᠦ᠌᠎ᠶ᠋ᠢ ᠪᠡᠶᠡᠯᠡᠭᠦᠯᠦᠭ᠌ᠰᠡᠨ ᠵᠢᠷᠭᠤᠳᠠᠬᠢ ᠮᠤᠵᠢ ᠣᠷᠣᠨ ᠪᠤᠯᠵᠤ᠂ ᠨᠤᠲᠠᠯᠠᠬᠤ ᠶᠠᠪᠤᠴᠠ᠎ᠶ᠋ᠢ ᠴᠢᠨᠠᠬ᠍ᠰᠢᠳᠠ ᠳᠦᠭᠦᠮᠴᠢᠯᠡᠨ᠂ ᠴᠠᠭᠠᠰᠤᠨ᠎ᠤ ᠬᠡᠷᠡᠭ᠌ᠯᠡᠯᠲᠡ᠎ᠶ᠋ᠢ ᠪᠠᠭᠠᠰᠭᠠᠵᠤ᠂ ᠲᠠᠮᠠᠭ᠎ᠠ ᠰᠡᠢᠯᠬᠦ᠌ ᠥᠪᠡᠷ᠎ᠤᠨ ᠥᠷᠲᠡᠭ᠎ᠢ ᠪᠠᠭᠠᠰᠭᠠᠨ᠂ ᠬᠤᠳᠠᠯ ᠬᠠᠭᠤᠷᠮᠠᠭ ᠮᠠᠲ᠋ᠧᠷᠢᠶᠠᠯ᠎ᠠᠴᠠ ᠵᠠ ᠵᠢᠯᠠᠰᠭᠢᠨ᠂ ᠠᠵᠤ ᠠᠬᠤᠢᠯᠠᠯ᠎ᠳᠤ ᠳᠥᠭᠦᠮ ᠦᠵᠡᠭᠦᠯᠪᠡ᠃ 

ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠨᠦᠭᠦᠳ ᠠᠵᠤ ᠠᠬᠤᠢᠯᠠᠯ᠎ᠤᠨ 《ᠨᠢᠭᠡ ᠰᠦᠯᠵᠢᠶ᠎ᠡ᠎ᠪᠠᠷ ᠨᠡᠪᠲᠡᠷᠡᠭᠦᠯᠬᠦ᠌》 ᠲᠠᠪᠴᠠᠩ᠎ᠢ ᠳᠠᠩᠰᠠᠯᠠᠭᠤᠯᠬᠤ᠎ᠪᠠᠷ ᠳᠡᠮᠵᠢᠨ ᠨᠢᠭᠡᠨᠲᠡ 66.8 ᠲᠦᠮᠡᠨ ᠬᠥᠮᠦᠨ ᠤᠳᠠᠭ᠎ᠠ᠂ 43.5 ᠲᠦᠮᠡᠨ ᠵᠦᠶ᠋ᠯᠡᠰ᠎ᠢ ᠨᠢᠭᠡ ᠯᠡ ᠤᠳᠠᠭ᠎ᠠ᠎ᠳᠤ ᠬᠠᠮᠲᠤᠷᠠᠨ ᠭᠦᠶ᠋ᠴᠡᠳᠭᠡᠵᠦ᠍᠂ 32.7 ᠲᠦᠮᠡᠨ ᠡᠷᠦᠬᠡ᠎ᠳᠤ ᠠᠱᠢᠭ ᠬᠦᠷᠲᠡᠭᠡᠨ᠂ ᠠᠵᠤ ᠠᠬᠤᠢᠯᠠᠯ᠎ᠤᠨ ᠡᠯᠧᠺᠲᠷᠣᠨ ᠲᠠᠮᠠᠭ᠎ᠠ᠎ᠶ᠋ᠢ 112.6 ᠲᠦᠮᠡ ᠦᠢᠯᠡᠳᠴᠦ᠍᠂ 1.4 ᠲᠦᠮᠡᠨ ᠡᠷᠦᠬᠡ ᠠᠵᠤ ᠠᠬᠤᠢᠯᠠᠯ᠎ᠳᠤ ᠲᠠᠷᠬᠠᠭᠠᠨ᠂ ᠠᠵᠤ ᠠᠬᠤᠢᠯᠠᠯ᠎ᠤᠨ ᠳᠠᠩᠰᠠᠯᠠᠭᠤᠯᠤᠯᠲᠠ᠎ᠳᠤ ᠲᠦᠢᠯ᠎ᠤᠨ ᠶᠡᠭᠡ ᠲᠥᠬᠦᠮ ᠦᠵᠡᠭᠦᠯᠦᠨ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠴᠢᠨᠠᠬ᠍ᠰᠢᠳᠠ ᠬᠥᠭ᠌ᠵᠢᠭᠡᠵᠦ᠍᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠲᠦᠷᠭᠡᠨ ᠠᠭᠤᠰᠤᠯᠴᠠᠵᠤ᠂ ᠠᠵᠠ ᠲᠣᠬᠢᠶᠠᠯ᠎ᠢ ᠠᠮᠵᠢᠬᠤ᠎ᠳᠤᠨᠢ ᠡᠷᠬᠢᠮ ᠨᠠᠨᠳᠢᠨ ᠴᠠᠭ ᠵᠠᠢ ᠣᠯᠭᠤᠬ᠍ᠰᠠᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号