《 ᠤᠯᠤᠰ᠎ᠤᠨ ᠶᠡᠬᠡ ᠶᠠᠪᠤᠳᠠᠯ 》 ᠎ᠢ ᠰᠡᠳᠬᠢᠯ ᠵᠢᠷᠤᠬᠡᠨ ᠳ᠋ᠡᠬᠡᠨ ᠬᠠᠳᠠᠨᠭᠰᠢᠭᠤᠯᠤᠶ᠎ᠠ
2021-11-01 09:28:44
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠪᠤᠯᠤᠩ  ᠡᠬᠢᠯᠡᠬᠦ᠌  ᠦᠭᠡ

ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠃ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠶᠠᠪᠤᠴᠠ᠎ᠶ᠋ᠢ ᠡᠷᠭᠢᠴᠡᠭᠦᠯᠬᠦᠶ᠎ᠡ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠭᠠᠷ ᠭᠠᠷ ᠵᠢᠡᠨ ᠬᠤᠯᠪᠤᠯᠴᠠᠵᠥ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ᠎ᠡᠴᠡ ᠰᠠᠶᠢ ᠥᠨᠥᠳᠦᠷ᠎ᠦᠨ ᠪᠦᠯᠬᠦᠮᠳᠡᠯ ᠲᠣᠭ᠍ᠲᠠᠭᠤᠨ᠂ ᠴᠡᠴᠡᠭ᠌ᠯᠡᠨ ᠬᠥᠭ᠌ᠵᠢᠭ᠌ᠰᠡᠨ ᠶᠡᠬᠡ ᠰᠠᠢ᠌ᠨ ᠪᠠᠢᠳᠠᠯ᠎ᠲᠠᠶ ᠪᠤᠯᠵᠤ᠂ ᠡᠯ᠎ᠡ ᠵᠦᠢᠯ᠎ᠦᠨ ᠦᠢᠯᠡᠰ᠎ᠰᠠᠶᠢ ᠬᠥᠭ᠌ᠵᠢᠯᠲᠡ ᠲᠠᠪᠱᠢᠯᠳᠠ᠎ᠶ᠋ᠢ ᠣᠯᠤᠭ᠍ᠰᠠᠨ ᠶᠤᠮ᠃

ᠰᠡᠳᠬᠢᠯ ᠬᠦᠴᠦᠨ ᠵᠢᠡᠨ ᠨᠢᠬᠳᠠᠷᠠᠭᠤᠯᠪᠠᠰᠤ ᠴᠡᠴᠡᠭᠯᠡᠯ ᠬᠦᠭᠵᠢᠯ ᠳ᠋ᠤ ᠬᠦᠷᠴᠤ ᠴᠢᠳᠠᠮᠤᠢ᠃ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠴᠢᠨᠠᠭ᠍ᠰᠢᠳᠠ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ᠎ᠶ᠋ᠢᠨ ᠲᠥᠯᠥᠭᠡ᠂ ᠡᠨᠡ ᠡᠳᠤᠷ ᠡᠴᠡ ᠡᠬᠢᠯᠡᠨ 《ᠠᠨᠠᠷ  ᠦᠬᠦᠯᠡᠬᠦᠢ》 ᠲᠤᠰᠭᠠᠶ ᠪᠤᠯᠤᠩ ᠭᠠᠷᠭᠠᠵᠤ᠂ ᠱᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠱᠢᠨ᠎ᠡ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠠᠨᠠᠷ᠎ᠤᠨ ᠦᠷ᠎ᠡ ᠱᠢᠭ ᠨᠢᠭ᠍ᠲᠠᠷᠠᠨ᠎ᠪᠦᠯᠬᠦᠮᠳᠡᠵᠦ᠍᠂᠎ᠠᠮᠢᠰᠭᠤᠭ᠎ᠠ᠎ᠪᠠᠨ᠎ᠨᠢᠭᠡᠳᠭᠡᠨ᠂ ᠬᠤᠪᠢ᠎ᠵᠠᠶᠠᠭ᠎ᠠ᠎ᠪᠠᠨ ᠬᠠᠮᠲᠤᠳᠭᠠᠵᠤ᠂ ᠰᠡᠳᠭᠢᠯ ᠵᠢᠷᠦᠬᠡ᠎ᠪᠡᠨ ᠬᠣᠯᠪᠣᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠎ᠶ᠋ᠢ ᠤᠷᠮᠠᠱᠢᠭᠤᠯᠤᠨ ᠳᠠᠢᠴᠢᠯᠠᠬᠤ ᠵᠢ ᠵᠤᠷᠢᠪᠠ᠃ ᠠᠩᠬᠠᠷᠤᠯ ᠵᠢᠡᠨ ᠬᠠᠨᠳᠤᠭᠤᠯᠤᠮᠤ!

 

 

《ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠬᠡ ᠤᠯᠤᠰ᠎ᠤᠨ ᠨᠢᠭᠡᠳᠦᠯ ᠪᠣᠯᠤᠨ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠳᠤ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠣᠯᠤᠨ ᠨᠡᠢᠭᠡᠮ᠎ᠦᠨ ᠲᠣᠭ᠍ᠲᠠᠭᠤᠨ᠎ᠳᠤ ᠬᠣᠯᠪᠣᠭ᠍ᠳᠠᠵᠤ᠂ ᠤᠯᠤᠰ᠎ᠤᠨ ᠤᠷᠳᠤ ᠤᠳᠠᠭᠠᠨ᠎ᠤ ᠵᠠᠰᠠᠯᠲᠠ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠬᠤ ᠪᠤᠯᠬᠤᠷ᠎ᠪᠢᠳᠠ ᠡᠷᠬᠡᠪᠰᠢ 〈ᠤᠯᠤᠰ᠎ᠤᠨ ᠶᠡᠬᠡ ᠶᠠᠪᠤᠳᠠᠯ〉᠎ᠢ᠋ ᠢᠮᠠᠭ᠍ᠲᠠ ᠰᠡᠳᠭᠢᠯ᠎ᠳᠡᠭᠡᠨ ᠪᠤᠳᠤᠬᠤ ᠴᠢᠬᠤᠯᠠᠳᠠᠢ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ᠎ᠬᠤᠷᠠᠯ᠎ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠱ᠌ᠢ᠎ᠲᠡᠶ ᠹᠧᠩ᠎ᠤᠨ ᠢᠳᠡ ᠬᠦᠴᠦᠲᠡᠢ ᠶᠠᠷᠢᠶ᠎ᠠ᠎ᠳ᠋ᠤ ᠡᠷᠡᠮᠡᠬᠡᠢᠯᠡᠨ ᠤᠷᠤᠭ᠍ᠰᠢᠯᠠᠬᠤ ᠬᠠᠷᠢᠭᠤᠴᠠᠯᠭ᠎ᠠ ᠡᠭᠦᠷᠭᠡᠯᠡᠯ᠎ᠢ ᠠᠬᠤᠭᠤᠯᠵᠦ᠂ ᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠨ ᠲᠡᠮᠡᠴᠡᠬᠦ ᠴᠢᠭ᠌ᠯᠡᠯ᠎ᠢ ᠲᠣᠭ᠍ᠲᠠᠭᠠᠬᠰᠠᠨ ᠪᠠᠢᠳᠠᠭ᠃

ᠶᠡᠬᠡ ᠶᠠᠪᠤᠳᠠᠯ ᠨᠢ ᠳᠠᠷᠤᠢ ᠪᠦᠬᠦ᠌ ᠲᠠᠯ᠎ᠠ᠎ᠶ᠋ᠢᠨ ᠴᠢᠨᠠᠷᠲᠠᠢ᠂ ᠦᠨᠳᠦᠰᠦᠨ ᠴᠢᠨᠠᠷᠲᠠᠢ ᠶᠡᠬᠡ ᠶᠠᠪᠤᠳᠠᠯ ᠪᠣᠯᠤᠨ᠎ᠠ᠃ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ ᠪᠠᠢᠵᠥ᠂ ᠪᠥᠬᠥ᠌ ᠤᠯᠤᠰ᠎ᠤᠨ ᠦᠨᠳᠦᠰᠦᠲᠡᠨ᠎ᠦ ᠠᠵᠢᠯ᠎ᠤᠨ ᠳᠤᠮᠳᠠ ᠴᠢᠬᠤᠯᠠ ᠪᠠᠢᠷᠢ᠎ᠶ᠋ᠢ ᠡᠵᠡᠯᠡᠵᠦ᠍᠂《ᠵᠢᠱ᠌ᠢᠶᠡᠴᠢ᠎ᠥᠪᠡᠷᠲᠡᠭᠡᠨ᠎ᠵᠠᠰᠠᠬᠤ ᠣᠷᠣᠨ》ᠤ᠋᠎ᠡᠷᠬᠢᠮ ᠳᠡᠭᠡᠳᠦ᠎ᠢᠷᠠᠭᠤ᠎ᠠᠯᠳᠠᠷ᠎ᠲᠠᠶ᠎ᠶᠤᠮ᠃ ᠥᠪᠥᠷ᠎ᠮᠣᠩᠭᠣᠯ᠎ᠳᠤ᠎ᠠᠪᠴᠤ᠌᠎ᠬᠡᠯᠡᠪᠡᠯ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠡᠨᠡ ᠬᠦ᠌《ᠤᠯᠤᠰ᠎ᠤᠨ ᠶᠡᠬᠡ ᠶᠠᠪᠤᠳᠠᠯ》 ᠢ᠋ ᠰᠡᠳᠭᠢᠯ ᠵᠢᠷᠦᠬᠡᠨ᠎ᠳᠡᠭᠡᠨ ᠪᠠᠲᠤ ᠴᠡᠭᠡᠵᠢᠯᠡᠵᠦ᠍᠂ ᠦᠢᠯᠡ ᠠᠵᠢᠯᠯᠠᠭ᠎ᠠ ᠪᠡᠷ ᠵᠢᠡᠨ ᠦᠶ᠋ᠯᠡᠳᠦᠯᠭᠡᠵᠢᠭᠦᠯᠬᠦ᠌ ᠪᠣᠯ ᠪᠥᠬᠥ᠌ ᠣᠷᠣᠨ᠎ᠤ ᠡᠯ᠎ᠡ ᠲᠠᠯ᠎ᠠ᠎ᠶᠢᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠰᠠᠭᠤᠷᠢ ᠪᠣᠯᠬᠤ ᠪᠥᠭᠡᠳ ᠪᠠᠰᠠ ᠴᠤ᠌ ᠪᠢᠳᠡᠨ᠎ᠦ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠴᠠᠭ ᠢᠮᠠᠭ᠍ᠲᠠ ᠪᠠᠲᠤ ᠴᠡᠭᠡᠵᠢᠯᠡᠬᠦ᠌ ᠣᠨᠴᠠᠭᠠᠶ ᠡᠭᠦᠷᠭᠡ ᠪᠣᠯᠤᠨ᠎ᠠ᠃ ᠢᠮᠠᠭ᠍ᠲᠠ ᠰᠡᠳᠭᠢᠯ᠎ᠳᠡᠭᠡᠨ ᠪᠤᠳᠤᠵᠤ᠂ ᠴᠡᠬᠡᠵᠢᠨ ᠳ᠋ᠡᠬᠡᠨ ᠪᠠᠬᠳᠠᠭᠠᠵᠥ᠂ ᠤᠬᠠᠮᠰᠠᠷ ᠡᠴᠡ᠎ᠪᠠᠨ ᠦᠢᠯᠡᠳᠦᠯᠭᠡᠵᠢᠭᠦᠯᠪᠡᠯ ᠰᠠᠶᠢ ᠲᠥᠭᠡᠷᠢᠬᠦ᠌ ᠦᠭᠡᠢ᠂᠎ᠰᠠᠨᠳᠤᠷᠬᠤ᠎ᠦᠭᠡᠢ᠂ ᠭᠤᠢᠪᠢᠯᠵᠠᠬᠤ ᠦᠭᠡᠢ ᠪᠠᠢᠵᠤ ᠂ ᠎ᠶᠡᠬᠡ ᠎ᠪᠠᠢᠷᠢᠱᠢᠯ ᠲᠠᠶ ᠶᠡᠬᠡ ᠡᠭᠦᠷᠭᠡᠯᠡᠯ᠎ᠲᠡᠶ᠂᠎ᠶᠡᠬᠡ᠎ᠵᠢᠳᠬᠦᠯ ᠴᠢᠷᠮᠠᠢᠯᠭ᠎ᠠ᠎ᠲᠠᠶ᠎ᠪᠠᠢᠵᠤ ᠴᠢᠳᠠᠨ᠎ᠠ᠃

ᠥᠨᠳᠥᠷ᠎ᠲᠦ ᠵᠣᠭ᠍ᠰᠣᠨ᠎ᠠᠯᠤᠰ᠎ᠢ ᠪᠠᠷᠠᠯᠠᠪᠠᠯ᠎ᠰᠠᠶᠢ ᠴᠢᠭ᠌ᠯᠡᠯ᠎ᠢ ᠡᠵᠡᠮᠳᠡᠵᠦ᠍ ᠴᠢᠳᠠᠨ᠎ᠠ; ᠶᠡᠬᠡ ᠲᠠᠯ᠎ᠠ᠎ᠶ᠋ᠢ ᠲᠣᠳᠣᠯᠠᠪᠠᠯ ᠰᠠᠶᠢ ᠪᠠᠢᠳᠠᠯ᠎ᠢ ᠳᠠᠭᠠᠨ ᠠᠵᠢᠯᠯᠠᠵᠤ ᠴᠢᠳᠠᠨ᠎ᠠ᠃ ᠪᠢᠳᠡ ᠶᠠᠭ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠃ ᠡᠨᠡ ᠪᠣᠯ ᠣᠳᠣᠬᠢ ᠱᠠᠲᠤᠨ᠎ᠳᠠᠬᠢ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ ᠮᠥᠨ᠃ 《ᠪᠦᠬᠦ᠌ ᠲᠠᠯ᠎ᠠ᠎ᠶ᠋ᠢ ᠪᠣᠳᠣᠯᠬᠢᠯᠠᠵᠥ ᠡᠰᠡ ᠴᠢᠳᠠᠪᠠᠰᠤ᠂ ᠨᠢᠭᠡᠨ ᠳᠠᠯ᠎ᠠ ᠵᠢᠨ ᠬᠡᠷᠡᠭ᠎ᠢ ᠳᠦᠯᠦᠪᠯᠡᠵᠥ ᠦᠯᠦ ᠳᠡᠢᠯᠦᠮᠤᠢ》 ᠭᠡᠳᠡᠭ᠌ᠴᠢᠯᠡᠨ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ᠎ᠠᠬᠢᠭᠤᠯᠵᠤ᠂ 《ᠤᠯᠤᠰ᠎ᠤᠨ᠎ᠶᠡᠬᠡ ᠲᠠᠯ᠎ᠠ》᠎ᠵᠢ ᠰᠡᠳᠭᠢᠯ᠎ᠵᠢᠷᠤᠬᠡᠨ ᠳ᠋ᠡᠬᠡᠨ ᠬᠠᠳᠠᠩᠰᠢᠭᠤᠯᠬᠤ ᠳ᠋ᠤ᠂ ᠨᠡᠩ ᠴᠤ᠌ ᠪᠢᠳᠡᠨ᠎ᠤ ᠡᠨᠡ ᠬᠦ᠌ ᠲᠡᠦᠬᠡᠨ ᠣᠷᠣᠨ ᠪᠠᠢᠷᠢ᠎ᠶ᠋ᠢ᠎ᠲᠣᠳᠣᠷᠬᠠᠢ᠎ᠲᠠᠨᠢᠵᠤ᠂ ᠨᠡᠪᠳᠡᠷᠡᠳᠡᠯ᠎ᠡ᠎ᠣᠢᠯᠠᠭᠠᠵᠤ᠂ ᠣᠨᠣᠪᠴᠢᠲᠠᠢ ᠡᠵᠡᠮᠳᠡᠵᠦ᠍᠂ ᠳᠤᠮᠳᠠᠳᠤ᠎ᠶ᠋ᠢᠨ᠎ᠦᠨᠳᠦᠰᠦᠲᠡᠨ᠎ᠦ ᠠᠭᠤᠤ ᠶᠡᠬᠡ᠎ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠵᠣᠷᠢᠯᠲᠠ ᠪᠠ ᠲᠤᠰᠤᠯᠳᠠ ᠪᠠᠨ ᠪᠣᠯᠭᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠤᠭ᠎ᠠ ᠶᠡᠬᠡ ᠬᠦᠴᠦᠨ᠎ᠢ ᠬᠠᠮᠤᠭ᠎ᠤᠨ ᠶᠡᠬᠡ ᠬᠡᠮᠵᠢᠢ᠎ᠡ᠎ᠪᠡᠷ ᠨᠢᠭ᠍ᠲᠠᠷᠠᠭᠤᠯᠬᠤ ᠵᠢ ᠱᠠᠭᠠᠷᠳᠠᠵᠥ ᠪᠠᠢᠳᠠᠭ᠃

《ᠤᠯᠤᠰ᠎ᠤᠨ ᠶᠡᠬᠡ ᠶᠠᠪᠤᠳᠠᠯ》 ᠭᠡᠳᠡᠭ ᠪᠣᠯ ᠮᠥᠨ ᠴᠦ᠍ ᠬᠠᠷᠢᠭᠤᠴᠠᠯᠭ᠎ᠠ᠎ᠶ᠋ᠢᠨ ᠬᠦᠨᠳᠦ ᠶᠠᠪᠤᠳᠠᠯ ᠮᠥᠨ᠃ ᠥᠨᠥᠳᠦᠷ᠂ ᠪᠢᠳᠡ ᠲᠡᠦᠬᠡᠨ ᠳᠡᠭᠡᠷᠡᠬᠢ ᠠᠯᠢ ᠴᠠᠭ ᠦᠶ᠎ᠡ᠎ᠡᠴᠡ ᠢᠯᠡᠭᠦᠦ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠠᠷᠠᠯᠲᠠ᠎ᠳᠤ ᠣᠢᠷᠠᠳᠴᠤ᠌᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠥᠩᠭᠡᠷᠡᠭ᠌ᠰᠡᠨ᠎ᠦ ᠠᠯᠢ ᠴᠠᠭ ᠦᠶ᠎ᠡ᠎ᠡᠴᠡ ᠨᠡᠩ ᠴᠢᠬᠤᠯᠠ᠂ ᠨᠡᠩ ᠪᠠᠴᠢᠮ ᠲᠤᠯᠭᠠᠮ ᠪᠤᠯᠤᠯ᠎ᠠ᠃ ᠭᠡᠪᠡᠴᠦ᠍ ᠪᠣᠳᠠᠲᠤ ᠪᠠᠢᠳᠠᠯ ᠬᠡᠷᠬᠢᠨ 《ᠬᠠᠷᠠᠴᠠ ᠪᠤᠯᠢᠶᠠᠮ᠎ᠠ ᠰᠠᠢᠬᠠᠨ ᠠᠩᠬᠠᠷᠤᠯ᠎ᠢ ᠲᠠᠳᠠᠬᠤ》 ᠪᠠᠢᠭ᠍ᠰᠠᠨ ᠴᠤ᠌᠂ 《ᠰᠠᠨᠠᠬ᠍ᠰᠠᠨ᠎ᠳᠠᠭᠠᠨ ᠬᠦᠷᠬᠦ᠌ ᠪᠡᠷ ᠱᠢᠨᠳᠠᠷᠠᠰᠢ ᠦᠭᠡᠢ ᠴᠢᠷᠮᠠᠢᠵᠤ》᠂ ᠪᠠᠲᠤ ᠪᠠᠬᠢ ᠰᠠᠬᠢᠬᠤ ᠎ᠤᠯᠤᠰ ᠲᠦᠷᠦ᠍ ᠎ᠶ᠋ᠢᠨ ᠲᠣᠭ᠍ᠲᠠᠯ ᠬᠦᠴᠦᠨ ᠎ᠢᠶᠡᠨ ᠨᠡᠮᠡᠭ᠌ᠳᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ᠎ᠠᠳᠭᠤᠬᠤ᠂᠎ᠪᠣᠳᠠᠲᠠᠢ᠎ᠠᠵᠢᠯᠯᠠᠵᠤ ᠎ᠱᠢᠷᠭᠠᠭᠤ ᠎ᠠᠵᠢᠯᠯᠠᠬᠤ ᠵᠣᠷᠢᠭ ᠎ᠰᠠᠨᠠᠭ᠎ᠠ ᠎ᠰᠤᠷᠲᠠᠯ ᠵᠢᠡᠨ ᠬᠠᠲᠠᠭᠤᠵᠢᠭᠤᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠲᠦ ᠡᠭᠦᠷᠭᠡᠲᠦ ᠪᠤᠳᠤᠯ᠎ᠢᠶᠠᠨ ᠴᠢᠩᠭᠠᠳᠭᠠᠳᠠᠭ ᠯᠠ ᠶᠤᠮ ᠪᠣᠯ ᠢᠯᠠᠯᠲᠠ᠎ᠶ᠋ᠢᠨ ᠡᠷᠴᠢᠨ᠎ᠳᠡᠭᠡᠷ᠎ᠡ᠎ᠪᠡᠨ᠎ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍ ᠴᠢᠳᠠᠨ᠎ᠠ᠃

《ᠦᠨᠡᠨ ᠵᠢᠡᠷ ᠵᠢᠡᠨ ᠶᠠᠪᠤᠪᠠᠯ ᠦᠭᠡᠷ ᠲᠡᠷᠭᠡ ᠲᠠᠤᠯᠠᠢ ᠵᠢ ᠬᠦᠬᠡᠬᠡᠵᠦ ᠭᠦᠢᠴᠡᠨ᠎ᠡ》᠃  ᠳᠥᠷᠪᠡᠨ ᠵᠦᠭ ᠨᠠᠶ᠋ᠮᠠᠨ ᠵᠣᠪᠬᠢᠰ᠎ᠲᠤ ᠨᠡᠪᠲᠡᠷᠡᠭ᠌ᠰᠡᠨ ᠵᠠᠮ᠎ᠤᠨ ᠲᠤᠤᠷ᠎ᠲᠤ ᠪᠠᠶᠠᠵᠢᠨ ᠴᠢᠨᠡᠭᠡᠯᠢᠭ᠌ᠵᠢᠬᠦ᠌ ᠬᠦᠰᠡᠯ ᠡᠷᠡᠮᠡᠯᠵᠡᠯ ᠦᠷᠭᠦᠯᠵᠢᠯᠡᠵᠦ᠍᠂ ᠡᠩᠨᠡᠷᠡᠨ ᠵᠢᠭ᠍ᠰᠠᠭ᠍ᠰᠠᠨ ᠥᠪᠡᠷᠮᠢᠴᠡ ᠣᠨᠴᠠᠯᠢᠭ ᠎ᠲᠠᠶ ᠎ᠱᠢᠨ᠎ᠡ ᠎ᠪᠠᠢᠱᠢᠩ ᠎ᠳᠤ ᠶᠠᠳᠠᠭᠤ ᠎ᠡᠴᠡ ᠠᠩᠭᠢᠵᠢᠷᠠᠭ᠍ᠰᠠᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠲᠥᠪᠬᠢᠨᠡᠭᠦᠯᠦᠨ ᠰᠠᠭᠤᠯᠭᠠᠵᠤ᠂ ᠵᠣᠯ ᠵᠢᠷᠭᠠᠯ ᠵᠢᠡᠷ᠎ᠳᠦᠭᠦᠷᠡᠩ ᠢᠨᠢᠶᠡᠮᠰᠦᠭ᠌ᠯᠡᠯ ᠨᠢ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠵᠠᠮ᠎ᠢ ᠲᠡᠮᠳᠡᠭ᠌ᠯᠡᠨ᠎ᠡ ᠁ ᠥᠨᠥᠳᠦᠷ᠎ᠦᠨ ᠦᠵᠡᠰᠭᠦᠯᠡᠩᠲᠦ ᠰᠠᠢᠬᠠᠨ ᠤᠮᠠᠷᠠᠲᠤ ᠬᠢᠯᠢ ᠶᠠᠭ ᠲᠡᠦᠬᠡᠨ ᠳᠡᠭᠡᠷᠡᠬᠢ ᠬᠠᠮᠤᠭ᠎ᠤᠨ ᠰᠠᠢᠨ ᠬᠥᠭ᠌ᠵᠢᠯᠲᠡ᠎ᠶ᠋ᠢᠨ ᠴᠠᠭ ᠦᠶ᠎ᠡ᠎ᠳᠦ ᠣᠷᠣᠵᠤ ᠪᠠᠢᠨ᠎ᠠ᠂ ᠡᠨᠡ ᠪᠣᠯ ᠪᠥᠬᠥ᠌ ᠣᠷᠣᠨ᠎ᠤ᠎ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠵᠠᠢᠯᠠᠰᠢ ᠥᠬᠡᠶ ᠦᠷ᠎ᠡ ᠳ᠋ᠦᠩ ᠮᠥᠨ᠂ ᠪᠠᠰᠠ ᠴᠤ᠌ 《ᠤᠯᠤᠰ᠎ᠤᠨ ᠶᠡᠬᠡ ᠶᠠᠪᠤᠳᠠᠯ》 ᠢ᠋ ᠡᠪᠦᠷᠯᠡᠭ᠌ᠰᠡᠨ ᠠᠮᠢᠳᠤᠯᠢᠭ ᠦᠶ᠋ᠯᠡᠳᠦᠯᠭᠡ ᠮᠥᠨ᠃《ᠤᠯᠤᠰ᠎ᠤᠨ ᠶᠡᠬᠡ ᠶᠠᠪᠤᠳᠠᠯ》᠎ᠢ ᠢᠮᠠᠭ᠍ᠲᠠ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ᠂ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠵᠤ᠂ ᠬᠠᠷᠠᠯᠲᠠ᠎ᠲᠠᠶ᠎ᠪᠠᠷ ᠰᠤᠮᠤ ᠬᠠᠷᠪᠤᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ᠎ᠬᠡᠷᠡᠭ᠌ᠵᠢᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠪᠠᠯ᠂ ᠮᠠᠨ᠎ᠤ ᠦᠢᠯᠡᠰ ᠯᠠᠪᠲᠠᠢ ᠨᠡᠩ ᠶᠡᠬᠡ ᠬᠥᠭ᠌ᠵᠢᠯᠲᠡ᠎ᠶ᠋ᠢ ᠪᠡᠶᠡᠯᠡᠭᠦᠯᠵᠦ᠍᠂ ᠨᠡᠩ ᠶᠡᠬᠡ ᠢᠯᠠᠯᠲᠠ᠎ᠶ᠋ᠢ ᠤᠭ᠍ᠲᠤᠨ ᠠᠪᠬᠤ ᠪᠣᠯᠤᠨ᠎ᠠ᠃

《ᠬᠥᠪᠡᠭᠡ ᠎ᠬᠢᠵᠠᠭᠠᠷ ᠎ᠦᠭᠡᠢ ᠎ᠡᠪᠡᠰᠦᠲᠦ ᠎ᠳᠠᠯᠠᠢ᠎ᠶ᠋ᠢᠨ ᠎ᠦᠨᠳᠦᠰᠦ ᠰᠤᠳᠠᠰᠤ ᠵᠠᠯᠭᠠᠯᠳᠤᠵᠤ᠂ ᠥᠷᠭᠡᠨ ᠠᠭᠤᠳᠠᠮ ᠡᠬᠡ ᠭᠠᠵᠠᠷ ᠲᠤ᠌ ᠠᠭᠤᠯᠠ ᠤᠰᠤ ᠦᠷᠭᠦᠯᠵᠢᠯᠡᠨ᠎ᠡ᠃ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠭᠠᠷ᠎ᠬᠣᠯᠪᠣᠨ᠎ᠰᠡᠳᠭᠢᠯ᠎ᠢᠶᠡᠨ ᠨᠢᠭᠡᠳᠭᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠵᠣᠯ ᠵᠢᠷᠭᠠᠯ᠎ᠢ ᠡᠭᠦᠷᠢᠳᠡ ᠡᠳ᠋ᠯᠡᠨ᠎ᠡ ᠁》᠂ 《ᠤᠯᠤᠰ᠎ᠤᠨ ᠶᠡᠬᠡ ᠶᠠᠪᠤᠳᠠᠯ》 ᠢ᠋ ᠰᠡᠳᠭᠢᠯ᠎ᠳᠡᠭᠡᠨ ᠲᠠᠯᠪᠢᠵᠤ᠂ ᠡᠭᠦᠷᠭᠡ ᠬᠠᠷᠢᠭᠤᠴᠠᠯᠭ᠎ᠠ᠎ᠪᠠᠨ ᠮᠥᠷᠥᠨ᠎ᠳᠡᠭᠡᠨ ᠡᠭᠦᠷᠭᠡᠯᠡᠵᠦ᠂ ᠶᠠᠮᠠᠷ ᠴᠤ᠌ ᠬᠦᠴᠦᠨ ᠴᠢᠳᠠᠯ ᠭᠡᠳ ᠳᠡᠭᠡᠷ᠎ᠡ ᠳᠣᠣᠷ᠎ᠠ ᠱᠠᠳᠤ᠎ᠪᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠎ᠡᠴᠡ ᠢᠯᠡᠭᠦᠦ ᠰᠦᠷ ᠳᠠᠯᠠᠢᠴᠠᠲᠠᠢ᠎ᠪᠠᠢᠵᠤ ᠴᠢᠳᠠᠬᠤ ᠦᠭᠡᠢ ᠶᠤᠮ᠃᠎ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠭᠣᠢᠳᠠ ᠰᠠᠢᠬᠠᠨ ᠴᠡᠴᠡᠭᠡᠰ᠎ᠨᠢ ᠤᠮᠠᠷᠠᠲᠤ ᠬᠢᠯᠢ᠎ᠶ᠋ᠢᠨ᠎ᠡᠬᠡ᠎ᠭᠠᠵᠠᠷ᠎ᠤᠨ᠎ᠴᠢᠨᠠᠷ᠎ᠰᠠᠢᠲᠠᠶ ᠬᠥᠭ᠌ᠵᠢᠯᠲᠡ᠎ᠶ᠋ᠢᠨ ᠬᠠᠭᠤᠳᠠᠰᠤ᠎ᠶ᠋ᠢ ᠨᠠᠩ ᠦᠵᠡᠰᠭᠦᠯᠡᠩᠲᠦ ᠰᠠᠢᠬᠠᠨ ᠪᠣᠯᠭᠠᠬᠤ ᠨᠢ ᠯᠠᠪᠲᠠᠶ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号