ᠭᠠᠭ᠍ᠴᠠ
ᠬᠦ᠌ ᠤᠨᠤᠯ᠎ᠤᠨ ᠲᠠᠯ᠎ᠠ᠎ᠪᠠᠷ ᠰᠡᠷᠭᠡᠭ ᠪᠠᠢᠪᠠᠯ ᠰᠠᠶᠢ ᠤᠯᠤᠰ ᠲᠦᠷᠦ᠍᠎ᠶ᠋ᠢᠨ ᠲᠠᠯ᠎ᠠ᠎ᠪᠠᠷ ᠰᠡᠷᠭᠡᠭ ᠪᠠᠢᠵᠤ
ᠴᠢᠳᠠᠨ᠎ᠠ; ᠭᠠᠭ᠍ᠴᠠ ᠬᠦ᠌ ᠤᠨᠤᠯ᠎ᠤᠨ
ᠲᠠᠯ᠎ᠠ᠎ᠪᠠᠷ ᠡᠷᠡᠰ ᠪᠠᠲᠤ ᠪᠠᠢᠪᠠᠯ ᠰᠠᠶᠢ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ ᠪᠠᠢᠵᠤ ᠴᠢᠳᠠᠨ᠎ᠠ᠃
ᠤᠨᠤᠯ᠎ᠢᠶᠠᠷ ᠵᠡᠪᠰᠡᠭ᠌ᠯᠡᠬᠦ᠌ ᠪᠣᠯ ᠦᠢᠯᠡᠳᠦᠯᠭᠡ᠎ᠶ᠋ᠢᠨ ᠤᠳᠤᠷᠢᠳᠤᠮᠵᠢ ᠪᠠᠢᠵᠦ᠂
ᠵᠡᠪᠰᠡᠭ᠌ᠯᠡᠬᠦ᠌ ᠲᠤᠳᠤᠮ ᠬᠦᠰᠡᠯᠡᠩ ᠢᠲᠡᠭᠡᠯ ᠪᠢᠰᠢᠷᠡᠯ ᠤᠯᠠᠮ ᠪᠠᠲᠤᠵᠢᠨ᠂ ᠦᠵᠡᠯ ᠰᠠᠨᠠᠭ᠎ᠠ ᠤᠯᠠᠮ
ᠬᠤᠷᠴᠠ ᠰᠡᠷᠭᠡᠭ ᠪᠤᠯᠵᠤ᠂ ᠦᠢᠯᠡ ᠠᠵᠢᠯᠯᠠᠭ᠎ᠠ ᠤᠯᠠᠮᠤᠬᠠᠮᠰᠠᠷ ᠲᠠᠢ ᠪᠤᠯᠵᠤ ᠴᠢᠳᠠᠬᠤ ᠶᠤᠮ᠃ ᠤᠨᠤᠯ᠎ᠢᠶᠠᠷ
ᠵᠡᠪᠰᠡᠭ᠌ᠯᠡᠬᠦ᠌ ᠶ᠋ᠢ ᠦᠷᠭᠦᠯᠵᠢᠯᠡᠨ ᠴᠢᠩᠭᠠᠳᠭᠠᠬᠤ ᠪᠣᠯ ᠲᠦᠷᠦ᠍ ᠪᠠᠷᠢᠬᠤ ᠴᠢᠳᠠᠪᠤᠷᠢ ᠪᠠ ᠲᠦᠪᠱᠢᠨ᠎ᠢᠶᠡᠨ
ᠳᠡᠭᠡᠭ᠌ᠰᠢᠯᠡᠭᠦᠯᠬᠦ᠌᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ
ᠵᠠᠢᠯᠠᠰᠢ ᠦᠭᠡᠢ ᠱᠠᠭᠠᠷᠳᠠᠯᠭ᠎ᠠ ᠮᠥᠨ᠃
ᠶᠡᠷᠦᠩᠬᠡᠶ
ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ
ᠰᠠᠨᠠᠭ᠎ᠠ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠂ ᠴᠢᠬᠤᠯᠠ
ᠡᠭᠦᠷᠭᠡ᠂ ᠠᠵᠢᠯ᠎ᠤᠨ ᠭᠤᠤᠯ ᠱᠢᠵᠢᠮ᠂ ᠲᠦᠷᠢᠮ᠎ᠦᠨ ᠪᠠᠲᠤᠯᠠᠭ᠎ᠠ᠂ ᠪᠡᠶᠡᠯᠡᠭᠦᠯᠬᠦ᠌ ᠠᠷᠭ᠎ᠠ ᠬᠡᠯᠪᠡᠷᠢ ᠵᠢᠴᠢ
ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ ᠪᠠ ᠦᠨᠳᠦᠰᠦᠲᠡᠨ᠎ᠦ ᠠᠵᠢᠯ᠎ᠤᠨ ᠠᠷᠭ᠎ᠠ᠎ᠶ᠋ᠢᠨ ᠣᠨᠣᠯ᠎ᠢ
ᠭᠦᠨᠵᠡᠭᠡᠶ ᠲᠣᠳᠣᠷᠬᠠᠢᠯᠠᠨ ᠥᠭᠦᠯᠡᠵᠦ᠍᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠢ ᠳᠤᠮᠳᠠᠳᠤ ᠤᠯᠤᠰᠴᠢᠯᠠᠭ᠍ᠰᠠᠨ
ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ᠂ ᠨᠠᠮ᠎ᠤᠨ ᠦᠨᠳᠦᠰᠦᠲᠡᠨ᠎ᠦ ᠠᠵᠢᠯ᠎ᠤᠨ ᠣᠨᠣᠯ᠎ᠤᠨ ᠦᠶ᠋ᠯᠡᠳᠦᠯᠭᠡ᠎ᠶ᠋ᠢᠨ
ᠣᠶᠤᠨ ᠤᠬᠠᠭᠠᠨ᠎ᠤ ᠣᠬᠢ ᠪᠦᠲᠦᠭᠡᠯ ᠮᠦᠨ ᠲᠤᠯᠠ ᠡᠨᠡ ᠨᠢ
ᠪᠢᠳᠡᠨ᠎ᠦ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌᠂ ᠦᠨᠳᠦᠰᠦᠲᠡᠨ᠎ᠦ ᠬᠡᠷᠡᠭ ᠶᠠᠪᠤᠳᠠᠯ᠎ᠢ
ᠱᠢᠶ᠋ᠳᠪᠦᠷᠢᠯᠡᠬᠦ᠌᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠎ᠳᠤ ᠬᠦᠴᠦᠷᠬᠡᠭ ᠶᠡᠬᠡ ᠦᠵᠡᠯ ᠰᠠᠨᠠᠭᠠᠨ᠎ᠤ
ᠵᠡᠪᠰᠡᠭ ᠬᠠᠩᠭᠠᠪᠠ᠃ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ᠂
ᠲᠡᠦᠬᠡ ᠪᠠ ᠪᠣᠳᠠᠲᠤ ᠪᠠᠢᠳᠠᠯ᠎ᠢ ᠬᠠᠷᠢᠯᠴᠠᠨ ᠤᠶᠠᠯᠳᠤᠭᠤᠯᠬᠤ᠂ ᠤᠨᠤᠯ ᠪᠠ ᠦᠢᠯᠡᠳᠦᠯᠭᠡ᠎ᠶ᠋ᠢ ᠬᠠᠷᠢᠯᠴᠠᠨ ᠤᠶᠠᠯᠳᠤᠭᠤᠯᠬᠤ
ᠲᠠᠯ᠎ᠠ ᠪᠡᠷ ᠬᠦᠴᠦᠯᠡᠨ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠭᠣᠣᠯ ᠠᠭᠤᠯᠭ᠎ᠠ᠂ ᠵᠣᠷᠢᠭ ᠰᠠᠨᠠᠭᠠᠨ᠎ᠤ ᠮᠥᠨ
ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠡᠪᠲᠡᠷᠬᠡᠢ ᠣᠢᠯᠠᠭᠠᠵᠤ᠂
ᠤᠬᠠᠮᠰᠠᠷ ᠡᠴᠡ᠎ᠪᠠᠨ ᠡᠨᠡ ᠬᠦ᠌ ᠴᠢᠬᠤᠯᠠ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠬᠦ᠌᠎ᠶ᠋ᠢ
ᠦᠨᠳᠦᠰᠦᠨ ᠱᠠᠭᠠᠷᠳᠠᠯᠭ᠎ᠠ ᠪᠠ ᠤᠨᠴᠠᠭᠠᠢ ᠴᠢᠳᠠᠪᠤᠷᠢ ᠪᠣᠯᠭᠠᠵᠤ᠂ ᠨᠠᠮ᠎ᠤᠨ ᠱᠢᠨ᠎ᠡ ᠵᠢ ᠡᠭᠦᠳᠬᠦ ᠤᠨᠤᠯ᠎ᠢᠶᠠᠷ
ᠦᠨᠳᠦᠰᠦᠲᠡᠨ᠎ᠦ ᠠᠰᠠᠭᠤᠳᠠᠯ᠎ᠢ ᠵᠠᠳᠠᠯᠤᠨ ᠱᠢᠢᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠬᠠᠮᠰᠠᠷᠲᠤ
ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ᠎ᠢᠶᠠᠨ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃
ᠤᠨᠤᠯ᠎ᠢ
ᠡᠵᠡᠮᠱᠢᠬᠦ᠌ ᠭᠦᠨᠴᠡ ᠨᠢ ᠦᠵᠡᠯ ᠰᠠᠨᠠᠭ᠎ᠠ ᠲᠠᠨᠢᠯᠲᠠ᠎ᠶ᠋ᠢᠨ ᠦᠨᠳᠦᠷᠴᠡ᠂ ᠲᠤᠭᠤᠱᠢᠯᠠᠭᠤᠯᠤᠨ ᠬᠡᠷᠡᠭ᠌ᠵᠢᠭᠦᠯᠬᠦ᠌
ᠡᠷᠴᠢᠮ ᠪᠠ ᠠᠵᠢᠯ᠎ᠢᠶᠠᠨ ᠥᠷᠨᠢᠭᠦᠯᠬᠦ᠌ ᠦᠷ᠎ᠡ ᠪᠦᠲᠦᠮᠵᠢ᠎ᠶ᠋ᠢ ᠲᠣᠭ᠍ᠲᠠᠭᠠᠳᠠᠭ᠃ ᠣᠨᠣᠯ᠎ᠢᠶᠠᠷ ᠵᠡᠪᠰᠡᠭ᠌ᠯᠡᠬᠦ᠌
ᠨᠢ ᠲᠤᠢᠯᠪᠤᠷᠢᠲᠠᠢ ᠪᠤᠰᠤ ᠮᠦᠷᠳᠡᠭᠡᠨ ᠪᠦᠬᠦ᠌ ᠲᠠᠯ᠎ᠠ᠎ᠶ᠋ᠢᠨ ᠪᠢᠰᠢ ᠪᠣᠯ ᠮᠠᠷᠺᠰ᠎ᠤᠨ ᠦᠵᠡᠯ᠎ᠦᠨ ᠦᠨᠳᠦᠰᠦᠲᠡᠨ᠎ᠦ
ᠣᠨᠣᠯ᠎ᠤᠨ ᠵᠣᠭ᠍ᠰᠣᠯᠲᠠ ᠦᠵᠡᠯᠲᠡ ᠠᠷᠭ᠎ᠠ ᠵᠢ ᠵᠦᠪ ᠠᠰᠢᠬᠯᠠᠨ ᠦᠨᠳᠦᠰᠦᠲᠡᠨ᠎ᠦ ᠠᠰᠠᠭᠤᠳᠠᠯ᠎ᠢ ᠠᠵᠢᠭ᠍ᠯᠠᠵᠤ᠂
ᠵᠠᠳᠠᠯᠵᠤ᠂ ᠱᠢᠢᠳᠪᠦᠷᠢᠯᠡᠵᠦ᠍ ᠴᠢᠳᠠᠬᠤ ᠦᠭᠡᠢ᠂ ᠦᠨᠳᠦᠰᠦᠲᠡᠨ᠎ᠤ ᠠᠰᠠᠭᠤᠳᠠᠯ᠎ᠢ ᠴᠢᠳᠠᠮᠠᠭᠠᠢ ᠵᠤᠷᠢᠬ᠎ᠲᠠᠢ ᠠᠳᠬᠤᠵᠤ
ᠴᠢᠳᠠᠬᠤ ᠦᠭᠡᠢ ᠪᠠᠢᠵᠤ᠂ ᠲᠤᠷᠱᠢᠯᠭ᠎ᠠ ᠳ᠋ᠠᠭᠠᠨ ᠲᠦᠰᠢᠭᠯᠡᠵᠤ ᠪᠤᠳᠤᠯᠵᠢᠡᠷ ᠵᠢᠡᠨ ᠠᠵᠢᠯᠯᠠᠵᠤ᠂ ᠴᠢᠬᠤᠯᠠ ᠶᠡᠬᠡ
ᠠᠰᠠᠭᠤᠳᠠᠯ ᠣᠨᠴᠠᠭᠠᠢᠯᠠᠨ ᠭᠡᠨᠡᠳᠲᠡ᠎ᠶ᠋ᠢᠨ ᠬᠡᠷᠡᠭ ᠲᠤᠯᠭᠠᠷᠠᠪᠠᠯ ᠳᠠᠷᠤᠢ ᠶᠠᠭᠠᠬᠢᠬᠤ᠎ᠶ᠋ᠢᠨ ᠠᠷᠭ᠎ᠠ ᠦᠭᠡᠢ
ᠰᠠᠮᠠᠭᠠᠷᠳᠠᠵᠤ᠂ ᠴᠢᠨᠠᠭ᠍ᠰᠢᠯᠠᠪᠠᠯ ᠬᠠᠶᠠᠭᠠᠨ᠎ᠳᠤᠨᠢ ᠬᠠᠶᠠᠨ᠂ ᠬᠠᠮᠢᠶᠠᠷᠬᠤ ᠦᠭᠡᠢ ᠪᠣᠯᠳᠠᠭ᠃ ᠦᠨᠳᠦᠰᠦᠲᠡᠨ᠎ᠦ
ᠭᠠᠵᠠᠷ ᠣᠷᠣᠨ᠎ᠤ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠡᠷᠪᠡ ᠨᠠᠮ᠎ᠤᠨ ᠦᠨᠳᠦᠰᠦᠲᠡᠨ᠎ᠦ
ᠤᠨᠤᠯ᠎ᠢ ᠤᠬᠠᠬᠤ ᠦᠭᠡᠢ ᠪᠣᠯ ᠳᠠᠷᠤᠢ ᠰᠣᠬᠣᠷ ᠪᠠᠯᠠᠢ᠎ᠪᠠᠷ ᠠᠵᠢᠯ ᠶᠠᠪᠤᠳᠠᠯ ᠬᠢᠵᠦ᠍᠂ ᠦᠨᠳᠦᠰᠦᠲᠡᠨ᠎ᠦ ᠠᠵᠢᠯ᠎ᠢ
ᠲᠦᠯᠦᠪᠵᠢᠭᠦᠯᠦᠨ ᠠᠬᠢᠭᠤᠯᠬᠤ᠎ᠳᠤ ᠬᠡᠯᠪᠡᠢᠬᠦ ᠪᠣᠯᠤᠯᠴᠠᠭ᠎ᠠ ᠮᠠᠰᠢ ᠶᠡᠬᠡ ᠪᠠᠢᠵᠤ᠂ ᠴᠢᠨᠠᠭ᠍ᠰᠢᠯᠠᠪᠠᠯ ᠨᠠᠮ᠎ᠤᠨ
ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠬᠤ᠂ ᠤᠯᠤᠰ᠎ᠤᠨ ᠬᠠᠤᠯᠢ ᠲᠦᠷᠢᠮ ᠪᠠ ᠵᠠᠰᠠᠭ᠎ᠤᠨ
ᠵᠠᠷᠯᠢᠭ᠎ᠤᠨ ᠨᠢᠭᠡᠳᠦᠯᠳᠠᠢ ᠪᠠᠢᠬᠤ᠎ᠵᠢ ᠬᠠᠮᠠᠭᠠᠯᠠᠬᠤ ᠵᠡᠷᠭᠡ ᠴᠢᠬᠤᠯᠠ ᠶᠡᠬᠡ ᠠᠰᠠᠭᠤᠳᠠᠯ ᠳᠡᠭᠡᠷ᠎ᠡ ᠠᠯᠳᠠᠭ᠎ᠠ
ᠭᠠᠷᠭᠠᠬᠤ ᠪᠣᠯᠤᠨ᠎ᠠ᠃
ᠣᠨᠣᠯ᠎ᠢᠶᠠᠷ
ᠵᠡᠪᠰᠡᠭ᠌ᠯᠡᠬᠦ᠌᠎ᠳᠦ ᠥᠩᠭᠡᠪᠴᠢ ᠠᠵᠢᠯ ᠬᠢᠵᠦ᠍ ᠪᠣᠯᠬᠤ ᠥᠬᠡᠶ᠂ ᠡᠷᠬᠡᠪᠰᠢ ᠦᠨᠡᠨ ᠬᠦ᠌ ᠰᠤᠷᠴᠤ᠌᠂ ᠦᠨᠡᠨ ᠬᠦ᠌
ᠣᠢᠯᠠᠭᠠᠵᠤ᠂ ᠦᠨᠡᠨᠬᠦ ᠢᠲᠡᠭᠡᠵᠦ᠍᠂ ᠦᠨᠡᠨ ᠬᠦ᠌ ᠬᠡᠷᠡᠭ᠌ᠯᠡᠬᠦ᠌ ᠬᠡᠷᠡᠭ᠌ᠲᠡᠢ ᠭᠡᠳᠡᠭ᠎ᠢ ᠦᠢᠯᠡᠳᠦᠯᠭᠡ ᠪᠢᠳᠡᠨ᠎ᠳᠤ
ᠳᠠᠬᠢᠨ ᠳᠠᠪᠲᠠᠨ ᠰᠠᠨᠠᠭᠤᠯᠪᠠ᠃ ᠰᠤᠷᠬᠤᠳ᠋ᠠᠭᠠᠨ ᠣᠪᠣᠷ᠎ᠢᠶᠠᠨ
ᠡᠷᠡᠰ ᠪᠠᠲᠤ ᠢᠯᠡᠳᠭᠡᠭᠡᠳ ᠬᠠᠷᠢᠨ ᠪᠣᠳᠠᠲᠠᠢ ᠠᠵᠢᠯ ᠬᠢᠬᠦ᠌ ᠦᠶ᠎ᠡ᠎ᠳᠦ ᠲᠠᠬᠢᠨ ᠤᠤᠯ᠎ᠤᠨ ᠬᠠᠭᠤᠴᠢᠨ ᠠᠪᠳᠠᠯ᠎ᠢᠶᠡᠨ
ᠪᠠᠷᠢᠮᠲᠠᠯᠠᠵᠤ᠂ ᠮᠥᠨ ᠯᠡ ᠬᠠᠭᠤᠴᠢᠨ ᠦᠵᠡᠯᠲᠡ᠂ ᠬᠠᠭᠤᠴᠢᠨ ᠠᠷᠭ᠎ᠠ᠎ᠪᠠᠷ ᠠᠰᠠᠭᠤᠳᠠᠯ᠎ᠢ ᠪᠣᠳᠣᠯᠬᠢᠯᠠᠨ᠂ ᠠᠵᠢᠯ᠎ᠢᠶᠠᠨ
ᠥᠷᠨᠢᠭᠦᠯᠵᠦ ᠪᠤᠯᠬᠤ ᠦᠭᠡᠢ᠃ ᠭᠠᠭ᠍ᠴᠠ ᠬᠦ᠌ ᠨᠠᠮ᠎ᠤᠨ ᠱᠢᠨ᠎ᠡ᠎ᠶ᠋ᠢ ᠡᠭᠦᠳᠬᠦ ᠤᠨᠤᠯ᠎ᠢᠶᠠᠷ ᠲᠠᠷᠢᠬᠢ ᠲᠣᠯᠣᠭᠠᠢ᠎ᠪᠠᠨ
ᠵᠡᠪᠰᠡᠭ᠌ᠯᠡᠬᠦ᠌᠎ᠶ᠋ᠢ ᠪᠠᠷᠢᠮᠲᠠᠯᠠᠵᠤ᠂ ᠰᠠᠢᠲᠤᠷ ᠤᠢᠯᠠᠭᠠᠵᠤ ᠲᠤᠭᠤᠷᠠᠲᠠᠯ᠎ᠠ ᠮᠡᠳᠡᠬᠦ᠂ ᠭᠦᠨᠵᠡᠭᠡᠢ ᠰᠤᠷᠤᠯᠴᠠᠨ
ᠨᠡᠪᠳᠡᠷᠡᠳᠡᠯ᠎ᠡ ᠣᠢᠯᠠᠭᠠᠬᠤ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠰᠤᠷᠤᠯᠴᠠᠬᠤ ᠰᠡᠳᠬᠢᠬᠦ ᠬᠡᠷᠡᠭᠯᠡᠬᠦ
ᠵᠢ ᠤᠶᠠᠯᠳᠤᠭᠤᠯᠬᠤ᠂ ᠮᠡᠳᠡᠬᠦ ᠢᠳᠡᠬᠡᠬᠦ ᠬᠢᠬᠦ ᠵᠢ ᠨᠢᠬᠡᠳᠬᠡᠬᠦ ᠲᠠᠯ᠎ᠠ ᠪᠡᠷ ᠦᠷᠭᠦᠯᠵᠢᠯᠡᠨ ᠴᠢᠨᠭᠭᠠᠳᠬᠠᠵᠤ᠂
ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍ᠶ᠋ᠢᠨᠣᠢᠯᠠᠭᠠᠬᠤ ᠴᠢᠳᠠᠪᠤᠷᠢ᠂ ᠤᠯᠤᠰᠲᠦᠷᠦ᠍ᠶ᠋ᠢᠨᠬᠡᠷᠡᠭ᠌ᠵᠢᠭᠦᠯᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠪᠡᠯ ᠪᠢᠳᠡ ᠰᠠᠶᠢ ᠡᠯ᠎ᠡ ᠵᠦᠢᠯ᠎ᠦᠨ ᠱᠢᠯᠭᠠᠯᠲᠠ᠎ᠶ᠋ᠢ
ᠳᠠᠭᠠᠭᠠᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠪᠠ ᠢᠯᠠᠨ ᠳᠠᠪᠠᠵᠤ᠂ ᠱᠢᠨ᠎ᠡ ᠴᠠᠭ ᠦᠶ᠎ᠡ᠎ᠶ᠋ᠢᠨ
ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠲᠠᠰᠤᠷᠠᠯᠳᠠ ᠦᠭᠡᠢ ᠠᠬᠢᠭᠤᠯᠵᠤ
ᠴᠢᠳᠠᠬᠤ ᠶᠤᠮ᠃