ᠦᠨᠳᠦᠰᠦᠲᠡᠨ᠎ᠦ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠬᠠᠰᠤᠭᠠᠢ
2021-11-04 08:47:56
ᠵᠣᠬᠢᠶᠠᠭ᠍ᠴᠢ᠄
ᠵᠢᠢ ᠬᠠᠢ ᠶᠠᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠨ᠎ᠠ᠃ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠬᠡ ᠤᠯᠤᠰ᠎ᠤᠨ ᠶᠡᠬᠡ ᠭᠡᠷ ᠪᠦᠯᠢ᠎ᠶ᠋ᠢᠨ ᠬᠠᠯᠠᠭᠤᠨ ᠡᠯᠢᠭᠡᠨ᠎ᠳᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠬᠤᠳᠠ ᠬᠥᠳᠡᠭᠡ᠎ᠶ᠋ᠢᠨ ᠳᠦᠷᠰᠦ ᠪᠠᠢᠳᠠᠯ ᠡᠳᠦᠷ᠎ᠡᠴᠡ ᠡᠳᠦᠷ ᠱᠢᠨᠡᠳᠴᠦ᠍᠂ ᠠᠷᠠᠳ᠎ᠤᠨ ᠠᠮᠢᠳᠤᠷᠠᠯ ᠡᠳᠦᠷ᠎ᠡᠴᠡ ᠡᠳᠦᠷ ᠦᠭᠡᠳᠡᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠦᠨᠳᠦᠰᠦᠲᠡᠨ᠎ᠦ ᠠᠵᠢᠯ᠎ᠤᠨ ᠠᠮᠵᠢᠯᠲᠠ ᠤᠯᠤᠭᠰᠠᠨ ᠤ᠋ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠡᠯ᠎ᠡ ᠦᠨᠳᠦᠰᠦᠲᠡᠨ᠎ᠦ ᠶᠡᠬᠡ ᠪᠦᠯᠬᠦᠮᠳᠡᠯ᠎ᠦᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠦᠢᠯᠡᠳᠦᠯᠭᠡ ᠭᠡᠷᠡᠴᠢᠯᠡᠵᠠᠢ᠃  ᠦᠨᠳᠦᠰᠦᠲᠡᠨ᠎ᠦ ᠠᠵᠢᠯ᠎ᠳᠠᠬᠢ ᠨᠠᠮ ᠤ᠋ᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠠᠢ᠃

ᠨᠠᠮ ᠵᠠᠰᠠᠭ ᠴᠡᠷᠢᠭ ᠠᠷᠠᠳ ᠰᠤᠷᠤᠭᠴᠢ᠂ ᠲᠦᠷᠪᠡᠨ ᠵᠦᠭ ᠨᠠᠢ᠍ᠮᠠᠨ ᠵᠣᠪᠬᠢᠰ᠎ᠲᠤ ᠨᠠᠮ ᠠᠯᠢᠪᠠ᠎ᠶ᠋ᠢ ᠤᠳᠤᠷᠢᠳᠤᠨ᠎ᠠ᠃ ᠤᠷᠳᠤ ᠬᠤᠭᠤᠴᠠᠭᠠᠨ᠎ᠤ ᠲᠤᠷᠰᠢ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠲᠠᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠦᠭᠰᠡᠨ᠎ᠡᠴᠡ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ ᠢ᠋ ᠬᠦᠷᠳᠡᠭᠰᠡᠨ ᠬᠦᠷᠳᠡᠯ᠎ᠠ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ ᠡᠴᠡ ᠭᠠᠷ ᠬᠣᠯᠪᠣᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠭᠰᠠᠨ ᠬᠦᠷᠲᠡᠯ᠎ᠡ᠂ ᠦᠨᠳᠦᠰᠦᠲᠡᠨ᠎ᠦ ᠠᠵᠢᠯ᠎ᠤᠨ ᠠᠯᠬᠤᠮ ᠨᠢᠭᠡ ᠪᠦᠷᠢ᠂ ᠣᠯᠤᠭ᠍ᠰᠠᠨ ᠠᠮᠵᠢᠯᠲᠠ ᠨᠢᠭᠡ ᠪᠦᠷᠢ ᠨᠢ ᠴᠥᠮ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠡᠴᠡ ᠰᠠᠯᠵᠤ ᠴᠢᠳᠠᠬᠤ ᠦᠭᠡᠢ ᠶᠤᠮ᠃ ᠱᠢᠨ᠎ᠡ ᠴᠠᠭ ᠦᠶ᠎ᠡ᠎ᠳᠦ ᠤᠷᠤᠭᠠᠳ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ ᠱᠢᠨ᠎ᠡ ᠪᠠᠢᠳᠠᠯ᠂ ᠱᠢᠨ᠎ᠡ ᠥᠷᠢᠰᠥᠯᠳᠦᠭᠡᠨ᠎ᠳᠦ ᠲᠤᠯᠭᠠᠷᠠᠵᠤ᠂ ᠡᠭᠦᠷᠭᠡ ᠨᠠᠩ ᠬᠦᠨᠳᠦ᠂ ᠱᠠᠭᠠᠷᠳᠠᠯᠭ᠎ᠠ ᠨᠠᠩ ᠥᠨᠳᠥᠷ ᠪᠣᠯᠵᠠᠶ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠥᠩᠭᠡᠷᠡᠭ᠌ᠰᠡᠨ᠎ᠦ ᠠᠯᠢ ᠴᠤ᠌ ᠦᠶ᠎ᠡ᠎ᠡᠴᠡ ᠭᠡᠳ ᠨᠡᠩ ᠴᠢᠬᠤᠯᠠ᠂ ᠨᠡᠩ ᠲᠤᠯᠭᠠᠮ ᠪᠤᠯᠵᠤ᠂ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠬᠦᠷᠢᠶᠡᠨ᠎ᠦ ᠡᠯ᠎ᠡ ᠵᠦᠢᠯ᠎ᠦᠨ ᠠᠵᠢᠯ᠎ᠢ ᠱᠢᠨᠵᠢᠯᠡᠬᠦ᠌ ᠤᠬᠠᠭᠠᠨᠴᠢ᠂ ᠣᠨᠣᠴᠠᠲᠠᠢ᠂ ᠪᠦᠲᠦᠮᠵᠢᠲᠡᠢ ᠰᠠᠢᠲᠤᠷ ᠬᠢᠵᠦ᠍᠂ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠨᠡᠩ ᠱᠠᠭᠠᠷᠳᠠᠬᠤ ᠪᠤᠯᠵᠠᠢ᠃

ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠬᠡᠢᠰᠪᠦᠷᠢ ᠪᠢᠰᠢ ᠬᠠᠷᠢᠨ ᠪᠣᠳᠠᠲᠠᠢ ᠶᠤᠮ᠂ ᠡᠷᠬᠡᠪᠰᠢ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ᠌ ᠬᠡᠷᠡᠭ᠌ᠲᠡᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠠᠵᠢᠯ᠎ᠤᠨ ᠵᠥᠪ ᠴᠢᠭ᠌ᠯᠡᠯ᠎ᠢ ᠢᠮᠠᠭ᠍ᠲᠠ ᠪᠠᠲᠤᠯᠠᠬᠤ ᠬᠡᠷᠡᠭ᠌ᠲᠡᠢ᠃ ᠡᠷᠬᠡᠪᠰᠢ ᠤᠯᠤᠰ ᠲᠦᠷᠦ᠍᠎ᠶ᠋ᠢᠨ ᠲᠠᠯ᠎ᠠ᠎ᠡᠴᠡ ᠦᠵᠡᠬᠦ᠌᠂ ᠤᠯᠤᠰ ᠲᠦᠷᠦ᠍᠎ᠶ᠋ᠢᠨ ᠲᠠᠯ᠎ᠠ᠎ᠡᠴᠡ ᠬᠢᠬᠦ ᠵᠢ ᠪᠠᠷᠢᠮᠳᠠᠯᠠᠵᠤ᠂ ᠦᠵᠡᠯ ᠰᠠᠨᠠᠭᠠᠨ᠎ᠤ 《ᠶᠡᠷᠦᠩᠬᠡᠢ ᠨᠡᠬᠡᠯᠡᠭᠡᠢ》 ᠎ᠶ᠋ᠢ ᠴᠢᠩᠭᠠᠯᠠᠵᠤ᠂ ᠠᠯᠢᠪᠠ ᠶᠠᠪᠤᠳᠠᠯ᠎ᠢ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ᠎ᠶ᠋ᠢ ᠪᠡᠬᠢᠵᠢᠭᠦᠯᠬᠦ᠌᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ ᠵᠣᠭ᠍ᠰᠣᠯᠲᠠ᠎ᠡᠴᠡ ᠮᠠᠭᠠᠳᠯᠠᠨ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠦᠨᠳᠦᠰᠦᠲᠡᠨ᠎ᠦ ᠠᠵᠢᠯ᠎ᠤᠨ ᠵᠥᠪ ᠪᠤᠷᠤᠭᠤ᠎ᠶ᠋ᠢᠨ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ᠂ ᠲᠠᠷᠢᠬᠢ ᠲᠣᠯᠣᠭᠠᠢ ᠰᠡᠷᠭᠡᠭ᠂ ᠵᠣᠭ᠍ᠰᠣᠯᠲᠠ ᠪᠠᠲᠤ ᠴᠢᠩᠭ᠎ᠠ ᠪᠠᠢᠬᠤ ᠬᠡᠷᠡᠭ᠌ᠲᠡᠢ᠃ ᠦᠨᠳᠦᠰᠦᠲᠡᠨ᠎ᠦ ᠠᠵᠢᠯ᠎ᠢ ᠪᠥᠬᠥ᠌ ᠲᠠᠯ᠎ᠠ᠎ᠶ᠋ᠢᠨ ᠠᠵᠢᠯ᠎ᠤᠨ ᠲᠣᠪᠣᠢᠮ᠎ᠠ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠠᠵᠢᠯᠯᠠᠭᠠᠨ᠎ᠤ 《ᠵᠠᠯᠠᠭᠤᠷ》 ᠢ᠋ ᠰᠠᠢᠲᠤᠷ ᠡᠵᠡᠮᠳᠡᠵᠦ᠍᠂ ᠬᠦᠴᠢᠷᠳᠡᠯᠲᠡᠶ ᠠᠰᠠᠭᠤᠳᠠᠯ ᠲᠤᠯᠭᠠᠷᠠᠪᠠᠯ ᠰᠠᠨᠠᠭᠠᠴᠢᠯᠠᠭ᠎ᠠ᠎ᠡᠴᠡ᠎ᠪᠠᠨ ᠠᠷᠭ᠎ᠠ ᠪᠤᠳᠤᠨ ᠱᠢᠶ᠋ᠳᠪᠦᠷᠢᠯᠡᠵᠤ᠂ ᠠᠶᠤᠯ ᠲᠦᠭ᠌ᠰᠢᠭᠦᠷᠢ ᠬᠡᠮ ᠰᠣᠭᠣᠭ ᠪᠠᠢᠪᠠᠯ ᠢᠳᠡᠪᠬᠢᠲᠡᠶ ᠪᠡᠷ ᠠᠷᠭ᠎ᠠ ᠬᠡᠮᠵᠢᠶ᠎ᠡ ᠠᠪᠴᠤ᠌ ᠱᠢᠶ᠋ᠳᠪᠦᠷᠢᠯᠡᠬᠦ ᠬᠡᠷᠡᠭᠳᠠᠢ᠃

《 ᠴᠢᠳᠠᠪᠤᠷᠢᠲᠠᠨ ᠪᠣᠯᠪᠠᠰᠤ ᠤᠯᠤᠰ ᠤᠷᠤᠨ ᠤ᠋ ᠲᠤᠯᠭᠠᠭᠤᠷᠢ ᠪᠣᠯᠠᠢ 》 ᠬᠡᠮᠡᠭᠰᠡᠨ ᠨᠢ ᠴᠢᠳᠠᠪᠤᠷᠢᠲᠠᠨ᠎ᠤ ᠴᠢᠬᠤᠯᠠ ᠴᠢᠨᠠᠷ᠎ᠢ ᠲᠣᠪ ᠲᠣᠳᠣᠷᠬᠠᠢ ᠬᠠᠷᠠᠭᠤᠯᠵᠦ ᠪᠠᠢᠨ᠎ᠠ᠃ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠨ ᠱᠠᠲᠤᠨ ᠳ᠋ᠤ ᠤᠢᠯᠠᠭᠠᠭᠤᠯᠬᠤ᠂ ᠦᠨᠳᠦᠰᠦᠲᠡᠨ᠎ᠦ ᠠᠵᠢᠯ᠎ᠢ ᠦᠨᠳᠦᠰᠦᠨ ᠱᠠᠲᠤᠨ᠎ᠳᠤ ᠠᠳᠭᠤᠬᠤ ᠬᠥᠮᠦᠨ᠎ᠲᠡᠶ ᠪᠤᠯᠭᠠᠬᠤ ᠳ᠋ᠤ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠨᠠᠮ ᠳ᠋ᠤ ᠦᠨᠡᠨᠴᠢ ᠱᠢᠳᠤᠷᠭᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠦᠯᠡᠮᠵᠢ ᠤᠯᠠᠨ ᠰᠠᠢ᠌ᠨ ᠺᠠᠳ᠋ᠷ ᠬᠡᠷᠡᠭᠰᠡᠨ᠎ᠠ᠃ ᠡᠢᠮᠦ᠍᠎ᠡᠴᠡ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠢ ᠡᠷᠡᠰ ᠪᠠᠲᠤ᠂ ᠵᠥᠪ ᠪᠤᠷᠤᠭᠤ ᠠᠰᠠᠭᠤᠳᠠᠯ ᠤ᠋ᠨ ᠲᠠᠯ᠎ᠠ ᠪᠡᠷ ᠵᠣᠭ᠍ᠰᠣᠯᠲᠠ ᠣᠨᠴᠠᠭᠠᠢ ᠳᠤᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳ᠋ᠤ ᠤᠨᠴᠠᠭᠠᠢ ᠡᠷᠡᠰ ᠴᠢᠩᠭ᠎ᠠ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠢᠷᠠᠯᠠᠬᠤ ᠬᠠᠢᠷ᠎ᠠ ᠰᠡᠳᠭᠢᠯᠭᠡ ᠣᠨᠴᠠᠭᠠᠢ ᠦᠨᠡᠨᠴᠢ ᠺᠠᠳ᠋ᠷ᠎ᠤᠨ ᠡᠩᠨᠡᠭᠡ᠎ᠶ᠋ᠢ ᠪᠠᠢᠭᠤᠯᠬᠤ ᠪᠣᠯ ᠦᠨᠳᠦᠰᠦᠲᠡᠨ᠎ᠦ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢᠨ 《 ᠵᠠᠢᠯᠠᠰᠢ ᠦᠭᠡᠢ ᠰᠣᠩᠭᠣᠯᠲᠠ》 ᠮᠥᠨ᠃

ᠵᠤᠭᠰᠤᠰᠢ ᠦᠭᠡᠢ ᠵᠠᠮ ᠨᠡᠬᠡᠬᠡᠨ ᠤᠷᠤᠭᠰᠢᠯᠠᠪᠠᠯ ᠲᠠᠰᠤᠷᠠᠯᠳᠠ ᠦᠭᠡᠢ ᠴᠡᠴᠡᠭᠯᠡᠨ ᠬᠦᠭᠵᠢᠨ᠎ᠡ᠃ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠵᠢᠯ ᠶᠠᠪᠤᠳᠠᠯ ᠶᠡᠬᠡᠭᠡᠨ ᠬᠢᠵᠤ ᠪᠦᠲᠦᠭᠡᠵᠦ᠍ ᠪᠣᠯᠬᠤ ᠱᠢᠨ᠎ᠡ ᠴᠠᠭ ᠦᠶ᠎ᠡ᠎ᠳᠦ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠨ᠂ ᠭᠠᠷ ᠭᠠᠷ᠎ᠢᠶᠠᠨ ᠬᠣᠯᠪᠣᠨ᠂ ᠮᠥᠷᠥ᠍ ᠵᠡᠷᠭᠡᠴᠡᠨ ᠰᠠᠯᠬᠢ ᠳᠠᠪᠠᠯᠭᠠᠨ᠎ᠢ ᠵᠦᠰᠦᠨ ᠡᠷᠡᠮᠡᠬᠡᠢᠯᠡᠨ ᠤᠷᠤᠭ᠍ᠰᠢᠯᠠᠪᠠᠯ᠂ ᠥᠨᠥᠳᠦᠷ᠎ᠦᠨ ᠥᠪᠥᠷ ᠮᠣᠩᠭᠣᠯ᠎ᠢ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ᠂ ᠵᠣᠯ ᠵᠢᠷᠭᠠᠯ᠎ᠢᠶᠠᠷ ᠪᠢᠯᠬᠠᠮ᠎ᠠ ᠪᠤᠯᠭᠠᠵᠤ᠂ ᠮᠠᠷᠭᠠᠰᠢ᠎ᠶ᠋ᠢᠨ ᠥᠪᠥᠷ ᠮᠣᠩᠭᠣᠯ᠎ᠢ ᠨᠡᠩ ᠭᠠᠢᠬᠠᠮ᠎ᠠ ᠰᠠᠢᠬᠠᠨ᠂ ᠨᠡᠩ ᠭᠤᠢᠳᠠ ᠰᠠᠢᠬᠠᠨ ᠪᠣᠯᠭᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号