ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠬᠣᠶᠠᠳᠤᠭᠠᠷ ᠪᠦᠯᠦᠭ᠎ᠦᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ《12348》ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌ ᠲᠤᠰᠭᠠᠶ ᠤᠲᠠᠰᠤ ᠪᠣᠯᠭᠠᠬᠤ᠎ᠶ᠋ᠢᠨ ᠬᠠᠮᠲᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠍ ᠱᠠᠯᠠᠪᠲᠠᠭᠤᠯᠤᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠵᠤ᠂ 《12348》 ᠬᠠᠯᠠᠮᠰᠢᠯ ᠤᠳᠠᠰᠤᠨ ᠤ᠋ ᠴᠢᠲᠠᠮᠵᠢ ᠵᠢ ᠦᠷᠭᠡᠳᠬᠡᠨ ᠬᠦᠨᠵᠡᠭᠡᠢᠷᠡᠭᠦᠯᠪᠡ᠃
ᠦᠪᠡᠷᠲᠡᠭᠡᠨ ᠵᠠᠰᠬᠠᠤ ᠤᠷᠤᠨ ᠤ᠋ ᠬᠠᠤᠯᠢ ᠴᠠᠭᠠᠵᠠ ᠢ᠋ᠢᠨ ᠲᠢᠩᠬᠢᠮ 《12348》 ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠠᠯᠠᠮᠱᠢᠯ ᠤᠲᠠᠰᠤ ᠢ᠋ᠢᠨ ᠱᠢᠰᠲ᠋ᠧᠮ᠎ᠢ ᠱᠢᠯᠢᠳᠡᠭ᠌ᠵᠢᠭᠦᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠵᠠᠭᠠᠯᠳᠤᠯᠭ᠎ᠠ᠎ᠶ᠋ᠢᠨ ᠲᠤᠰᠭᠠᠶ ᠱᠤᠭᠤᠮ᠎ᠢ ᠱᠢᠨ᠎ᠡ᠎ᠪᠡᠷ ᠨᠡᠮᠡᠵᠦ᠍᠂ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠲᠤᠷᠱᠢᠯᠭ᠎ᠠ᠎ᠪᠠᠷ ᠪᠠᠶᠠᠯᠢᠭ ᠬᠠᠤᠯᠢᠴᠢ᠎ᠶ᠋ᠢ ᠰᠣᠩᠭᠣᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠵᠠᠭᠠᠯᠳᠤᠯᠭ᠎ᠠ᠎ᠶ᠋ᠢ ᠭᠥᠯᠢᠶᠡᠨ ᠠᠪᠴᠤ ᠰᠢᠢᠳᠪᠦᠷᠢᠯᠡᠭᠰᠡᠨ ᠪᠠ ᠦᠶ᠋ᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠤᠯᠢ ᠴᠠᠭᠠᠵᠠ᠎ᠶ᠋ᠢᠨ ᠯᠠᠪᠯᠠᠭ᠎ᠠ ᠥᠭ᠌ᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠵᠠᠭᠠᠯᠳᠤᠯᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠦᠶ᠋ᠯᠡᠴᠢᠯᠡᠭᠡ᠎ᠶ᠋ᠢᠨ ᠶᠠᠰᠤ ᠴᠢᠨᠠᠷ᠎ᠢ ᠦᠨᠡᠨ ᠬᠦ᠌ ᠪᠠᠲᠤᠯᠠᠪᠠ᠃
ᠣᠳᠣᠬᠠᠨ ᠪᠣᠯᠲᠠᠯ᠎ᠠ᠂《12348》ᠬᠠᠯᠠᠮᠱᠢᠯ ᠤᠲᠠᠰᠤ᠎ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ ᠨᠡᠢᠲᠡ 16 ᠬᠤᠪᠢ ᠭᠥᠯᠢᠶᠡᠨ ᠠᠪᠴᠤ᠌᠂ ᠪᠦᠬᠦᠨ᠎ᠢ ᠲᠤᠱᠢᠶᠠᠨ ᠦᠭᠴᠦ ᠱᠠᠯᠠᠪᠲᠠᠭᠤᠯᠤᠨ ᠭᠦᠢᠴᠡᠳᠭᠡᠯᠭᠡᠬᠦ᠌ ᠠᠵᠢᠯ ᠤ᠋ᠨ ᠲᠠᠷᠠᠭᠠᠯᠠᠯ ᠳ᠋ᠤ ᠱᠢᠯᠵᠢᠭᠦᠯᠵᠦ᠂ ᠲᠡᠭᠦᠨ᠎ᠦ ᠳᠣᠲᠣᠷᠠᠬᠢ 4 ᠬᠤᠪᠢ ᠵᠢ ᠨᠢ ᠬᠠᠤᠯᠢᠵᠢᠯ ᠤ᠋ᠨ ᠱᠠᠯᠠᠪᠲᠠᠭᠤᠯᠤᠨ ᠪᠠᠢᠴᠠᠭᠠᠯᠲᠠ ᠳ᠋ᠤ ᠤᠷᠤᠭᠤᠯᠤᠨ ᠱᠠᠯᠠᠪᠲᠠᠭᠤᠯᠤᠨ ᠱᠢᠶ᠋ᠳᠪᠦᠷᠢᠯᠡᠭᠦᠯᠵᠦ᠍᠂ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌ ᠬᠠᠯᠠᠮᠱᠢᠯ ᠤᠲᠠᠰᠤᠨ᠎ᠤ ᠦᠢᠯᠡᠳᠦᠯ ᠴᠢᠳᠠᠮᠵᠢ᠎ᠶ᠋ᠢ ᠠᠩᠬ᠎ᠠ ᠠᠯᠬᠤᠮ ᠪᠠᠳᠠᠷᠠᠭᠤᠯᠪᠠ᠃