ᠬᠥᠬᠡᠬᠣᠲᠠ ᠪᠣᠭᠣᠮᠲᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ ᠬᠢᠯᠢ ᠠᠯᠤᠰᠯᠠᠬᠰᠠᠨ ᠠᠷᠡᠯᠵᠢᠶᠡᠨ᠎ᠦ ᠭᠦᠭᠵᠢᠯᠳᠡ ᠵᠢ ᠠᠬᠢᠭᠤᠯᠵᠤ ᠪᠤᠢ
2021-12-05 11:43:27
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠠᠵᠢᠯ ᠤ᠋ᠨ ᠶᠠᠪᠤᠴᠠ ᠵᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠂ ᠴᠠᠭ᠎ᠢ ᠪᠣᠭᠣᠨᠢᠰᠭᠠᠬᠤ᠂ ᠥᠪᠡᠷ᠎ᠦᠨ ᠥᠷᠲᠡᠭ᠎ᠢ ᠪᠠᠭᠤᠷᠠᠭᠤᠯᠬᠤ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ 4 ᠲᠠᠯ᠎ᠠ᠎ᠶ᠋ᠢᠨ ᠭᠤᠤᠯ ᠠᠵᠢᠯ᠎ᠤᠨ ᠲᠣᠭᠣᠷᠢᠨ᠎ᠳᠤ᠂ ᠬᠥᠬᠡᠬᠣᠲᠠ ᠪᠣᠭᠣᠮᠲᠠ᠎ᠠᠴᠠ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠠᠷᠢᠯᠢᠭ᠍ᠵᠢᠭᠤᠯᠤᠨ ᠱᠢᠯᠢᠳᠡᠭ᠌ᠵᠢᠭᠦᠯᠵᠦ᠍ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢ ᠠᠬᠢᠭᠤᠯᠬᠤ 39 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠤᠳᠤᠯᠵᠤ᠂ ᠪᠣᠭᠣᠮᠲᠠ ᠥᠩᠭᠡᠷᠡᠬᠦ᠌ ᠭᠣᠭ᠍ᠴᠣᠭ᠎ᠠ᠎ᠳᠤ ᠠᠵᠤ ᠠᠬᠤᠢᠯᠠᠯ᠎ᠤᠨ ᠬᠠᠩᠭᠠᠬᠤ ᠪᠤᠶᠤ ᠲᠤᠱᠢᠶᠠᠬᠤ ᠴᠢᠬᠤᠯᠠᠲᠠᠶ ᠳᠠᠭᠠᠯᠳᠤᠭᠤᠯᠤᠯ ᠪᠠᠷᠢᠮᠲᠠ᠎ᠶ᠋ᠢ ᠳᠥᠭᠥᠮᠴᠢᠯᠡᠵᠦ᠍ ᠂ 《ᠬᠢᠯᠢ᠎ᠪᠡᠷ ᠣᠷᠣᠬᠤ ᠪᠠᠷᠠᠭ᠎ᠠ᠎ᠶ᠋ᠢ ᠱᠢᠯᠭᠠᠨ ᠪᠠᠢᠴᠠᠭᠠᠬᠤ ᠬᠢᠵᠢᠭ ᠪᠠᠢᠴᠠᠭᠠᠬᠤ ᠭᠡᠷᠡᠴᠢ》ᠵᠡᠷᠭᠡ᠎ᠶ᠋ᠢ ᠣᠯᠠᠨ ᠤᠯᠤᠰ᠎ᠤᠨ ᠠᠷᠠᠯᠵᠢᠶᠠᠨ᠎ᠤ《ᠨᠢᠭᠡ ᠴᠣᠩᠬᠣᠪᠴᠢ》ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠥᠯᠢᠶᠡᠨ ᠠᠪᠴᠤ᠌ ᠱᠢᠶ᠋ᠳᠪᠦᠷᠢᠯᠡᠬᠦ᠌᠂ ᠡᠯᠧᠺᠲ᠋ᠷᠣᠨ᠎ᠢᠶᠠᠷ ᠭᠠᠷ᠎ᠤᠨ ᠥᠰᠥᠭ ᠵᠢᠷᠤᠵᠤ ᠶᠠᠪᠤᠭᠤᠯᠬᠤ᠂ ᠪᠠᠢᠴᠠᠭᠠᠨ ᠯᠠᠪᠯᠠᠵᠤ ᠨᠡᠬᠡᠮᠵᠢᠯᠡᠬᠦ᠌ ᠪᠠ ᠠᠵᠤ ᠠᠬᠤᠢᠯᠠᠯ ᠥᠪᠡᠰᠦᠪᠡᠨ ᠳᠠᠷᠤᠮᠠᠯᠯᠠᠬᠤ᠎ᠶ᠋ᠢ ᠳᠥᠯᠭᠢᠨ ᠠᠬᠢᠭᠤᠯᠵᠠᠢ ᠃

ᠡᠭᠦᠨ᠎ᠦ ᠬᠠᠮᠲᠤ᠂ 《ᠤᠶᠤᠨᠲᠤ ᠪᠣᠭᠣᠮᠲᠠ》᠎ᠳ᠋ᠤ ᠲᠦᠱᠢᠭ᠌ᠯᠡᠨ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠣᠳᠣᠬᠠᠨ᠎ᠳᠤ᠂ ᠣᠷᠣᠨ᠎ᠤ ᠳᠣᠲᠣᠷᠠᠬᠢ 5 ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶ᠋ᠢ ᠪᠦᠬᠦᠨ᠎ᠢ ᠰᠦᠯᠵᠢᠶᠡᠨ᠎ᠳᠦ ᠭᠠᠷᠭᠠᠬᠤ ᠤᠶᠤᠨᠲᠤ ᠪᠣᠭᠣᠮᠲᠠ᠎ᠶ᠋ᠢᠨ ᠱᠢᠰᠲ᠋ᠧᠮ᠎ᠨᠢ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠴᠠᠭ᠎ᠤᠨ ᠥᠪᠡᠷ᠎ᠦᠨ ᠥᠷᠲᠡᠭ᠎ᠢ ᠶᠡᠬᠡ᠎ᠪᠡᠷ ᠪᠠᠭᠠᠰᠭᠠᠭ᠍ᠰᠠᠨ᠎ᠢᠶᠠᠷ ᠪᠠᠷᠠᠬᠤ ᠥᠬᠡᠶ᠂ ᠠᠵᠤ ᠠᠬᠤᠢᠯᠠᠯ᠎ᠤᠨ ᠪᠣᠭᠣᠮᠲᠠ᠎ᠪᠠᠷ ᠥᠩᠭᠡᠷᠡᠬᠦ᠌ ᠪᠠᠷᠠᠭᠠᠨ᠎ᠤ ᠭᠦᠶ᠋ᠯᠭᠡᠭᠡ᠎ᠶ᠋ᠢᠨ ᠥᠪᠡᠷ᠎ᠦᠨ ᠥᠷᠲᠡᠭ᠎ᠢ ᠴᠦ᠍ ᠪᠦᠲᠦᠮᠵᠢᠲᠡᠶ ᠪᠠᠭᠤᠷᠠᠭᠤᠯᠵᠤ᠂ ᠠᠵᠤ ᠠᠬᠤᠢᠯᠠᠯ᠎ᠤᠨ ᠭᠠᠳᠠᠭᠠᠳᠤ᠎ᠠᠴᠠ ᠣᠷᠣᠭᠤᠯᠬᠤ᠎ᠪᠠᠷ ᠮᠡᠳᠡᠭᠦᠯᠬᠦ᠌ ᠪᠠᠷᠠᠭᠠᠨ᠎ᠤ ᠴᠠᠭ᠎ᠢ ᠳᠤᠮᠳᠠᠴᠢ᠎ᠪᠠᠷ10 ᠮᠢᠨᠦ᠋ᠲ ᠪᠠᠢᠭ᠍ᠰᠠᠨ᠎ᠠᠴᠠ ᠳᠤᠮᠳᠠᠴᠢ᠎ᠪᠠᠷ1 ᠮᠢᠨᠦ᠋ᠲ ᠪᠣᠯᠭᠠᠨ ᠪᠣᠭᠣᠨᠢᠰᠭᠠᠵᠤ᠂  ᠠᠴᠢᠶᠠᠯᠠᠵᠤ ᠪᠠᠭᠤᠯᠭᠠᠬᠤ᠂ ᠬᠥᠮᠥᠷᠭᠡᠯᠡᠨ ᠬᠠᠳᠠᠭᠠᠯᠠᠬᠤ ᠵᠡᠷᠭᠡ ᠥᠪᠡᠷ᠎ᠦᠨ ᠥᠷᠲᠡᠭ᠎ᠢ ᠬᠡᠯᠲᠦᠷᠢᠭᠦᠯᠪᠡ᠃ ᠡᠭᠦᠨ᠎ᠡᠴᠡ ᠭᠠᠳᠠᠨ᠎ᠠ᠂ ᠤᠶᠤᠨᠲᠤ ᠪᠣᠭᠣᠮᠲᠠ ᠥᠩᠭᠡᠷᠡᠬᠦ᠌ ᠱᠢᠰᠲ᠋ᠧᠮ᠎ᠳᠦ ᠲᠦᠱᠢᠭ᠌ᠯᠡᠨ᠂ ᠨᠡᠭᠦᠷᠡᠰᠦ᠂ ᠲᠡᠮᠦᠷ᠎ᠦᠨ ᠬᠦᠳᠡᠷ᠎ᠤᠨ ᠪᠣᠭᠣᠮᠲᠠ ᠥᠩᠭᠡᠷᠡᠬᠦ᠌ ᠴᠠᠭ᠎ᠢ ᠶᠡᠬᠡ᠎ᠪᠡᠷ ᠪᠣᠭᠣᠨᠢᠰᠭᠠᠵᠤ᠂ ᠨᠡᠭᠦᠷᠡᠰᠦᠨ᠎ᠦ ᠪᠣᠭᠣᠮᠲᠠ ᠥᠩᠭᠡᠷᠡᠬᠦ᠌ ᠴᠠᠭ᠎ᠢ 15 ᠮᠢᠨᠦ᠋ᠲ ᠪᠠᠢᠭ᠍ᠰᠠᠨ᠎ᠠᠴᠠ 20 ᠰᠧᠺᠦ᠋ᠨ᠋ᠳ᠋ ᠪᠣᠯᠭᠠᠨ ᠪᠣᠭᠣᠨᠢᠰᠭᠠᠵᠤ᠂ ᠲᠡᠮᠦᠷ᠎ᠦᠨ ᠬᠦᠳᠡᠷ᠎ᠦᠨ ᠪᠦᠬᠦᠢᠯᠡ ᠪᠣᠭᠣᠮᠲᠠ ᠥᠩᠭᠡᠷᠡᠬᠦ᠌ ᠴᠠᠭ᠎ᠢ 60% ᠭᠠᠷᠤᠶ᠎ᠪᠠᠷ ᠪᠣᠭᠣᠨᠢᠰᠭᠠᠪᠠ᠃

ᠡᠨᠡ ᠵᠢᠯ᠎ᠡᠴᠡ ᠨᠠᠭᠠᠰᠢ᠂ ᠬᠥᠬᠡᠬᠣᠲᠠ ᠪᠣᠭᠣᠮᠲᠠ ᠬᠢᠯᠢ᠎ᠶ᠋ᠢᠨ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢ ᠠᠬᠢᠭᠤᠯᠬᠤ ᠱᠢᠷᠢᠰ ᠠᠷᠭ᠎ᠠ ᠬᠡᠮᠵᠢᠶ᠎ᠡ ᠠᠪᠴᠤ᠌᠂ ᠬᠢᠯᠢ᠎ᠶ᠋ᠢᠨ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠤᠨ ᠬᠠᠮᠤᠭ᠎ᠠᠴᠠ ᠠᠩᠬᠠᠷᠴᠤ᠌ ᠪᠠᠢᠭ᠎ᠠ《ᠡᠪᠡᠷᠱᠢᠶᠡᠯ᠂ ᠬᠦᠴᠢᠷᠳᠡᠯ᠂ ᠲᠦᠭ᠌ᠵᠢᠷᠡᠯ》 ᠎ᠤ᠋ᠨ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠨᠠᠷᠢᠨ ᠨᠢᠮᠪᠠᠶ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠨᠡᠭᠦᠷᠡᠰᠦ᠂ ᠲᠡᠮᠦᠷ᠎ᠦᠨ ᠬᠦᠳᠡᠷ ᠵᠡᠷᠭᠡ ᠦᠶ᠋ᠯᠡᠳᠬᠦᠨ᠎ᠦ ᠥᠨᠳᠥᠷ ᠪᠦᠲᠦᠮᠵᠢᠲᠡᠶ ᠳᠥᠭᠥᠮ ᠳᠥᠲᠡ᠎ᠪᠡᠷ ᠪᠣᠭᠣᠮᠲᠠ᠎ᠪᠠᠷ ᠥᠩᠭᠡᠷᠡᠬᠦ᠌᠎ᠶ᠋ᠢ ᠦᠨᠡᠨ ᠬᠦ᠌ ᠪᠠᠲᠤᠯᠠᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号