— ᠮᠠᠨ᠎ᠤ ᠤᠷᠤᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠠᠮᠵᠢᠯᠳᠠ᠎ᠶ᠋ᠢ ᠲᠡᠮᠳᠡᠭ᠌ᠯᠡᠪᠡ
2020 ᠣᠨ᠎ᠳᠤ ᠪᠦᠬᠦ᠌ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ᠎ᠬᠢᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠳᠡᠢ ᠦᠢᠯᠡᠳᠦᠯᠭᠡᠵᠢᠭᠦᠯᠵᠦ᠍᠂ ᠤᠳᠭ᠎ᠠ ᠤᠷᠠᠯᠢᠭ᠎ᠤᠨ ᠰᠣᠳᠣᠨ ᠪᠦᠲᠦᠭᠡᠯ ᠦᠯᠡᠮᠵᠢ ᠭᠠᠷᠭᠠᠨ᠂ ᠡᠯ᠎ᠡ ᠲᠦᠷᠦᠯ᠎ᠤᠨ ᠠᠵᠢᠯ᠎ᠳᠤ ᠱᠢᠨ᠎ᠡ ᠦᠷ᠎ᠡ ᠪᠦᠲᠦᠮᠵᠢ ᠤᠯᠪᠠ᠃
2020 ᠤᠨ᠎ᠳᠤ ᠮᠠᠨ᠎ᠤ ᠤᠷᠤᠨ ᠲᠥᠪ᠎ᠤᠨ ᠤᠬᠠᠭᠤᠯᠬᠤ ᠬᠡᠯᠲᠡᠰ᠎ᠤᠨ ᠦᠨᠳᠦᠰᠦᠨ ᠱᠠᠲᠤᠨ᠎ᠤ ᠣᠨᠣᠯ ᠤᠬᠠᠭᠤᠯᠭ᠎ᠠ᠎ᠶ᠋ᠢᠨ ᠲᠡᠷᠢᠭᠦᠨ᠎ᠤ ᠬᠠᠮᠲᠤ ᠬᠢᠬᠡᠳ ᠬᠤᠪᠢ ᠬᠥᠮᠦᠨ᠂ ᠱᠢᠯᠢᠳᠡᠭ ᠮᠡᠳᠡᠭᠦᠯᠦᠯᠲᠡ ᠬᠢᠬᠡᠳ ᠱᠢᠯᠢᠳᠡᠭ ᠪᠢᠴᠢᠯ ᠸᠢᠳᠢᠣ᠋ ᠵᠡᠷᠭᠡ 4 ᠱᠠᠩᠨᠠᠯ᠎ᠢ ᠬᠦᠷᠳᠡᠭ᠌ᠰᠡᠨ᠎ᠨᠢ ᠮᠠᠨ᠎ᠤ ᠤᠷᠤᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠡᠵᠡᠮᠱᠢᠵᠤ᠂ ᠤᠬᠠᠭᠤᠯᠤᠨ ᠲᠠᠢᠯᠪᠤᠷᠢᠯᠠᠬᠤ᠎ᠶ᠋ᠢ ᠴᠢᠩᠭ᠎ᠠ ᠬᠦᠴᠦᠳᠠᠢ ᠠᠬᠢᠭᠤᠯᠵᠤ ᠪᠤᠳᠠᠳᠤ ᠦᠷ᠎ᠠ ᠪᠦᠲᠦᠮᠵᠢ ᠤᠯᠵᠤ ᠪᠠᠢᠭ᠎ᠠ᠎ᠶ᠋ᠢᠨ ᠢᠯᠡᠷᠡᠯ ᠪᠤᠯᠤᠬ᠍ᠰᠠᠨ ᠶᠤᠮ᠃ ᠡᠬᠦᠨ᠎ᠳᠤ ᠪᠦᠬᠦ᠌ ᠤᠷᠤᠨ᠎ᠤ ᠰᠤᠶᠤᠯ᠎ᠤᠨ ᠱᠢᠰᠲ᠋ᠧᠮ᠎ᠤᠨ᠎ᠬᠢᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠡᠷᠳᠡᠮᠲᠡᠨ ᠮᠡᠷᠭᠡᠵᠢᠯᠲᠡᠨ᠂ ᠤᠬᠠᠭᠤᠯᠤᠨ ᠲᠠᠢᠯᠪᠤᠷᠢᠯᠠᠬᠤ ᠵᠠᠯᠠᠭᠤ ᠴᠢᠳᠠᠪᠤᠷᠢᠲᠠᠨ ᠨᠠᠷ᠎ᠢ ᠵᠤᠬᠢᠶᠠᠨ ᠪᠠᠢᠭᠤᠯᠤᠨ ᠣᠨᠣᠯ ᠪᠠ ᠲᠥᠷᠥ᠎ᠶ᠋ᠢᠨ ᠪᠣᠳᠣᠯᠭ᠎ᠠ᠎ᠶ᠋ᠢᠨ ᠰᠠᠢᠨ ᠳᠤᠷ᠎ᠠ᠎ᠶ᠋ᠢᠨ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡ ᠥᠷᠨᠢᠭᠦᠯᠵᠦ᠍᠂ 3500 ᠭᠠᠷᠤᠶ 《ᠲᠠᠯ᠎ᠠ ᠨᠤᠲᠤᠭ᠎ᠤᠨ ᠬᠥᠩᠭᠡᠨ ᠮᠣᠷᠢᠲᠤ ᠴᠡᠷᠢᠭ》 ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ ᠦᠨᠳᠦᠰᠦᠨ ᠱᠠᠲᠤᠨ᠎ᠳᠤ ᠬᠦᠨᠵᠡᠭᠡᠢᠷᠡᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠵᠤ ᠱᠢᠢᠳᠪᠤᠷᠢᠳᠤ ᠢᠯᠠᠯᠲᠠ ᠤᠯᠬᠤ᠎ᠶ᠋ᠢ ᠤᠷᠢᠶᠠᠯᠠᠨ᠂ ᠪᠥᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠵᠡᠷᠭᠡ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠲᠠᠢᠯᠤᠮᠵᠢ ᠬᠢᠵᠦ᠍᠂ ᠪᠥᠬᠦ᠌ ᠵᠢᠯ᠎ᠳᠤ ᠨᠡᠢᠲᠡ 8.7 ᠲᠦᠮᠡᠨ ᠲᠠᠯᠠᠪᠠᠶ ᠤᠳᠠᠭ᠎ᠠ ᠤᠬᠠᠭᠤᠯᠤᠨ ᠲᠠᠢᠯᠪᠤᠷᠢᠯᠠᠵᠤ᠂ 207 ᠲᠦᠮᠡᠨ ᠬᠥᠮᠦᠨ᠎ᠢ ᠬᠠᠮᠤᠷᠤᠭ᠍ᠰᠠᠨ ᠪᠠᠢᠨ᠎ᠠ᠃
ᠨᠢᠳᠤᠨᠤᠨ᠎ᠤ ᠵᠢᠯ᠎ᠤᠨ ᠡᠬᠢ᠎ᠪᠠᠷ ᠭᠡᠨᠡᠳᠲᠡ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠣᠨᠢᠨ ᠮᠡᠳᠡᠭᠡᠨ᠎ᠤ ᠹᠷᠣᠨᠲ᠎ᠤᠨ᠎ᠬᠢᠨ ᠬᠢᠵᠢᠭ᠎ᠲᠠᠢ ᠲᠡᠮᠡᠴᠡᠬᠦ᠌ ᠤᠬᠠᠭᠤᠯᠭ᠎ᠠ ᠮᠡᠳᠡᠭᠡᠯᠡᠯ᠎ᠳᠤ ᠦᠳᠲᠡᠷ ᠲᠦᠷᠭᠡᠨ ᠣᠷᠣᠯᠴᠠᠵᠤ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠲᠡᠷᠡ ᠳᠠᠷᠤᠶᠳᠤᠨᠢ ᠰᠤᠷᠪᠤᠯᠵᠢᠯᠠᠭ᠍ᠴᠢ ᠲᠣᠮᠢᠯᠠᠵᠤ᠂ ᠬᠢᠵᠢᠭ᠎ᠲᠠᠢ ᠲᠡᠮᠡᠴᠡᠬᠦ᠌ ᠲᠤᠬᠠᠶ᠎ᠶ᠋ᠢᠨ ᠲᠠᠯᠠᠪᠠᠶ᠎ᠳᠤ ᠬᠦᠷᠴᠦ᠍ ᠮᠡᠳᠡᠭᠡᠯᠡᠨ᠂ ᠬᠢᠵᠢᠭ᠎ᠲᠠᠢ ᠲᠡᠮᠡᠴᠡᠬᠦ᠌ ᠪᠣᠭᠤᠮᠲᠠ ᠱᠢᠪᠲᠤᠯᠬᠤ ᠳᠠᠢᠯᠠᠯᠳᠤᠭᠠᠨ ᠪᠤᠯᠤᠨ ᠶᠠᠷᠢᠶ᠎ᠠ ᠬᠡᠯᠡᠯᠴᠡᠭᠡᠨ᠎ᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠴᠢᠬᠤᠯᠠ ᠦᠢᠯᠡᠳᠦᠯ ᠦᠵᠡᠭᠦᠯᠪᠡ᠃ ᠪᠥᠬᠦ᠌ ᠣᠷᠣᠨ᠎ᠤ ᠰᠣᠨᠢᠨ ᠮᠡᠳᠡᠭᠡᠨ᠎ᠤ ᠹᠷᠣᠨᠲ᠎ᠤᠨ᠎ᠬᠢᠨ ᠲᠠᠮᠵᠢᠭᠤᠯᠭ᠎ᠠ᠎ᠶ᠋ᠢᠨ ᠠᠷᠭ᠎ᠠ ᠪᠠᠷᠢᠯ᠎ᠤᠨ ᠪᠠᠢᠭᠤᠯᠤᠯᠲᠠ ᠪᠠ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠠᠬᠢᠭᠤᠯᠵᠤ᠂ ᠰᠦᠯᠵᠢᠶ᠎ᠡ᠂ ᠵᠢᠷᠬᠢᠶ᠎ᠠ᠂ ᠪᠤᠱᠢᠭᠤ ᠭᠠᠷ ᠵᠡᠷᠭᠡ ᠱᠢᠨ᠎ᠡ ᠵᠠᠭᠤᠴᠢᠯᠠᠭᠤᠷ ᠢᠶᠠᠷ ᠲᠠᠮᠵᠢᠨ 《ᠲᠠᠶᠠᠭᠠᠷ ᠤᠯᠠᠨ᠎ᠢᠶᠠᠷ ᠰᠡᠳᠭᠢᠯ ᠨᠢᠭᠡᠳᠤᠨ ᠬᠢᠵᠢᠭ ᠲᠠᠢ ᠲᠡᠮᠡᠴᠡᠶ᠎ᠡ》᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠶᠠ》 ᠵᠡᠷᠭᠡ ᠠᠯᠢ ᠣᠯᠠᠨ ᠲᠤᠰᠭᠠᠶ ᠪᠤᠯᠤᠩ᠂ ᠲᠤᠰᠭᠠᠶ ᠰᠡᠳᠦᠪ ᠵᠢᠴᠢ ᠴᠢᠬᠤᠯᠠ ᠶᠡᠭᠡ ᠭᠤᠤᠯ ᠰᠡᠳᠦᠪᠲᠦ ᠮᠡᠳᠡᠭᠡᠯᠡᠯ ᠨᠡᠢᠲᠡᠯᠡᠵᠠᠢ᠃ 《ᠲᠠᠯ᠎ᠠ ᠨᠤᠲᠤᠭ᠎ᠤᠨ ᠡᠭᠦᠯᠡ》 ᠬᠠᠮ ᠵᠠᠭᠤᠴᠢᠯᠠᠭᠤᠷ ᠤᠨ ᠲᠠᠪᠴᠠᠩ ᠨᠢ 《ᠵᠠᠭᠤᠴᠢᠯᠠᠭᠤᠷ + ᠵᠠᠰᠠᠭ᠎ᠤᠨ ᠶᠠᠪᠤᠳᠠᠯ + ᠦᠢᠯᠡᠴᠢᠯᠡᠭᠡ》 ᠶ᠋ᠢᠨ ᠠᠷᠭ᠎ᠠ ᠪᠠᠷᠢᠯ᠎ᠢ ᠬᠠᠢᠨ ᠰᠦᠪᠡᠭ᠌ᠴᠢᠯᠡᠵᠦ᠍᠂ ᠦᠷᠭᠡᠨ ᠤᠯᠠᠨ ᠰᠦᠯᠵᠢᠶ᠎ᠡ ᠠᠱᠢᠬ᠍ᠯᠠᠭ᠍ᠴᠢᠳ ᠡᠬᠦᠨ᠎ᠠᠴᠠ ᠡᠯ᠎ᠡ ᠲᠥᠷᠥᠯ᠎ᠤᠨ ᠰᠣᠨᠢᠨ ᠮᠡᠳᠡᠭᠡ᠂ ᠮᠡᠳᠡᠭᠡ ᠵᠠᠩᠭᠢ᠎ᠶ᠋ᠢ ᠤᠢ᠍ᠢᠯᠠᠭᠠᠵᠤ ᠪᠤᠯᠬᠤ ᠪᠦᠬᠡᠳ ᠪᠠᠰᠠ ᠨᠡᠢᠭᠡᠮ᠎ᠤᠨ ᠳᠠᠭᠠᠳᠭᠠᠯ᠎ᠤᠨ ᠪᠠᠢᠳᠠᠯ᠎ᠢ ᠪᠠᠢᠴᠠᠭᠠᠨ ᠦᠵᠡᠬᠦ᠌ ᠪᠠ ᠰᠦᠶᠳᠭᠡᠯ ᠲᠤᠱᠢᠶᠠᠬᠤ ᠵᠡᠷᠭᠡ ᠦᠢᠯᠡᠴᠢᠯᠡᠭᠡ᠎ᠶ᠋ᠢ ᠬᠦᠯᠢᠶᠡᠨ ᠠᠪᠴᠦ᠍ ᠲᠠᠢᠯᠬᠦ᠌ ᠪᠤᠯᠵᠠᠢ᠃ ᠤᠳᠤ ᠪᠥᠬᠦ᠌ ᠣᠷᠣᠨ᠎ᠤ 103 ᠬᠤᠱᠢᠭᠤ ᠱᠢᠶᠠᠨ (ᠬᠤᠳᠠ᠂ ᠲᠣᠭᠤᠷᠢᠭ) ᠴᠦᠮ 《ᠲᠠᠯ᠎ᠠ ᠨᠤᠲᠤᠭ᠎ᠤᠨ ᠡᠭᠦᠯᠡ》 ᠬᠠᠮ ᠵᠠᠭᠤᠴᠢᠯᠠᠭᠤᠷ᠎ᠤᠨ ᠲᠠᠪᠴᠠᠩ᠎ᠳᠤ ᠪᠠᠭᠤᠳᠠᠯᠯᠠᠨ᠂ ᠬᠤᠱᠢᠭᠤ ᠱᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ 《ᠪᠦᠬᠦᠨ᠎ᠢ ᠠᠭᠤᠰᠤᠯᠴᠠᠭᠤᠯᠬᠤ᠂ ᠪᠦᠬᠦᠨ᠎ᠢ ᠳᠠᠮᠵᠢᠭᠤᠯᠬᠤ᠂ ᠪᠦᠬᠦᠨ᠎ᠢ ᠬᠠᠮᠢᠶᠠᠷᠬᠤ》 ᠶ᠋ᠢ ᠪᠡᠶᠡᠯᠡᠭᠦᠯᠬᠦ᠌᠎ᠪᠠᠷ ᠬᠦᠴᠦᠯᠡᠨ ᠴᠢᠷᠮᠠᠢᠵᠤ ᠪᠠᠢᠨ᠎ᠠ᠃
2020 ᠤᠨ᠎ᠳᠤ᠂ ᠪᠦᠬᠦ᠌ ᠤᠷᠤᠨ᠎ᠤ ᠰᠤᠷᠲᠠᠯ ᠤᠬᠠᠭᠤᠯᠭ᠎ᠠ ᠰᠣᠶᠣᠯ᠎ᠤᠨ ᠱᠢᠰᠲ᠋ᠧᠮ᠎ᠤᠨ᠎ᠬᠢᠨ ᠪᠣᠯᠪᠠᠰᠤᠨ ᠥᠪᠥᠷ ᠮᠣᠩᠭᠤᠯ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ ᠪᠣᠯᠤᠨ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠶᠡᠭᠡ᠎ᠪᠠᠷ ᠠᠬᠢᠭᠤᠯᠵᠤ᠂ ᠪᠣᠯᠪᠠᠰᠤᠨ ᠰᠤᠷᠲᠠᠯ᠎ᠢ ᠦᠨᠳᠦᠰᠦᠨ ᠱᠠᠲᠤᠨ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠤᠳᠤ ᠪᠥᠬᠦ᠌ ᠣᠷᠣᠨ᠎ᠤ 29 ᠲᠤᠷᠱᠢᠯᠲᠠ᠎ᠶ᠋ᠢᠨ ᠬᠤᠱᠢᠭᠤ ᠱᠢᠶᠠᠨ ᠲᠤᠰᠭᠠᠢ ᠪᠠᠢᠭᠤᠯᠤᠮᠵᠢ ᠪᠠᠢᠭᠤᠯᠵᠤ᠂ ᠬᠤᠲᠠ ᠪᠠᠯᠭᠠᠰᠤ᠂ ᠨᠡᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠎ᠨᠢ ᠲᠦᠷᠢᠮ ᠳᠤᠭ᠍ᠳᠠᠭᠠᠯ᠎ᠢ ᠰᠠᠬᠢᠬᠤ᠂ ᠪᠣᠯᠬᠢ ᠳᠠᠳᠭᠠᠯ᠎ᠢ ᠲᠡᠪᠴᠢᠬᠦ᠌ ᠵᠡᠷᠭᠡ ᠠᠵᠢᠯᠯᠠᠭ᠎ᠠ᠎ᠶ᠋ᠢ ᠪᠠᠢᠩᠭᠤᠵᠢᠭᠤᠯᠵᠤ᠂ ᠡᠯ᠎ᠡ ᠭᠠᠵᠠᠷ᠎ᠤᠨ᠎ᠬᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠪᠦᠯᠬᠦᠮ ᠪᠠᠢᠭᠤᠯᠤᠨ ᠣᠯᠠᠨ ᠲᠦᠮᠡᠨ᠎ᠤ ᠡᠯ᠎ᠡ ᠲᠥᠷᠥᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠡᠢᠲᠡ 1.81 ᠲᠦᠮᠡᠨ ᠬᠤᠪᠢ ᠴᠤᠭ᠍ᠯᠠᠭᠤᠯᠵᠤ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠨᠡᠢᠲᠡ 6.1 ᠲᠦᠮᠡᠨ ᠲᠠᠯᠠᠪᠠᠶ ᠤᠳᠠᠭ᠎ᠠ ᠥᠷᠨᠢᠭᠦᠯᠪᠡ᠃
ᠮᠠᠨ᠎ᠤ ᠤᠷᠤᠨ ᠪᠠᠰᠠ ᠰᠦᠯᠵᠢᠶᠡᠨ ᠳᠡᠭᠡᠷᠡᠬᠢ ᠤᠯᠠᠭᠠᠨᠮᠥ᠋ᠴᠢᠷ᠎ᠤᠨ ᠪᠠᠢᠭᠤᠯᠤᠯᠲᠠ᠎ᠶ᠋ᠢ ᠲᠦᠷᠭᠡᠳᠭᠡᠨ ᠤᠯᠠᠭᠠᠨᠮᠥ᠋ᠴᠢᠷ᠎ᠤᠨ ᠲᠥᠷᠥᠯ ᠲᠡᠮᠳᠡᠭ᠎ᠤᠨ ᠳᠠᠮᠵᠢᠭᠤᠯᠭ᠎ᠠ᠎ᠶ᠋ᠢᠨ ᠬᠦᠴᠦᠨ᠎ᠢ ᠴᠢᠨᠠᠭ᠍ᠰᠢᠳᠠ ᠳᠡᠭᠡᠭ᠌ᠰᠢᠯᠡᠬᠦᠯᠵᠤ᠂ ᠬᠢᠵᠢᠭ᠎ᠤᠨ ᠬᠤᠭᠤᠴᠠᠭᠠᠨ᠎ᠳᠤ ᠡᠯ᠎ᠠ ᠱᠠᠳᠤᠨ᠎ᠤ ᠤᠯᠠᠭᠠᠨᠮᠥ᠋ᠴᠢᠷ᠎ᠨᠢ ᠱᠢᠩᠭᠡᠭᠡᠨ ᠦᠶᠯᠡᠳᠬᠦ᠌ ᠪᠠ ᠱᠢᠭᠤᠳ ᠨᠡᠪᠲᠡᠷᠡᠭᠦᠯᠬᠦ᠌ ᠠᠷᠭ᠎ᠠ ᠬᠡᠯᠪᠡᠷᠢ᠎ᠪᠠᠷ ᠲᠠᠮᠵᠢᠨ 2.5 ᠳ᠋ᠦᠩᠱᠢᠭᠤᠷ ᠭᠠᠷᠤᠶ ᠤᠳᠠᠭ᠎ᠠ ᠰᠦᠯᠵᠢᠶᠡᠨ ᠨᠡᠪᠲᠡᠷᠡᠭᠦᠯᠭᠡ ᠬᠢᠵᠠᠢ᠃ 《ᠬᠤᠪᠢᠰᠭᠠᠯᠲᠤ ᠵᠠᠭᠤᠨ ᠵᠢᠯ᠎ᠤᠨ ᠥᠪᠥᠷ ᠮᠣᠩᠭᠤᠯ》 ᠤᠨ ᠴᠢᠬᠤᠯᠠ ᠶᠡᠭᠡ ᠭᠤᠤᠯ ᠰᠡᠳᠦᠪᠲᠦ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠎ᠶ᠋ᠢ ᠶᠡᠭᠡ᠎ᠪᠠᠷ ᠠᠬᠢᠭᠤᠯᠵᠤ᠂ ᠤᠷᠢᠳ ᠬᠤᠵᠢᠳ 65 ᠭᠤᠣᠯᠳᠠᠯᠭ᠎ᠠ᠎ᠲᠠᠢ ᠵᠣᠬᠢᠶᠠᠨ ᠪᠦᠲᠦᠭᠡᠬᠦ᠌ ᠲᠥᠷᠥᠯ ᠵᠦᠢᠯ᠎ᠢ ᠲᠣᠭ᠍ᠲᠠᠭᠠᠪᠠ᠃ ᠲᠧᠯᠸᠢᠰ ᠵᠦᠴᠦᠭᠡ 《ᠪᠠᠳᠤᠴᠠᠭᠠᠨ᠎ᠤ ᠬᠠᠢᠷ᠎ᠠ》 (ᠪᠠᠳᠤᠴᠠᠭᠠᠨ ᠤᠯᠠᠢᠯᠠ) ᠶ᠋ᠢ ᠲᠥᠪ᠎ᠤᠨ ᠲᠧᠯᠸᠢᠰ ᠬᠤᠷᠢᠶ᠎ᠠ᠎ᠶ᠋ᠢᠨ᠎ᠬᠢᠨ ᠱᠢᠵᠢᠷ ᠠᠯᠲᠠᠨ ᠴᠠᠭ᠎ᠢᠶᠠᠷ ᠨᠡᠪᠳᠡᠷᠡᠭᠦᠯᠵᠤ᠂ ᠲᠧᠯᠸᠢᠰ ᠵᠦᠴᠦᠭᠡ᠎ᠶ᠋ᠢᠨ ᠳᠠᠩ ᠰᠤᠪᠠᠭ᠎ᠤᠨ ᠬᠦᠯᠢᠶᠡᠨ ᠦᠵᠡᠭ᠌ᠰᠡᠨ ᠨᠣᠷᠮ᠎ᠠ ᠪᠠᠷ ᠲᠦᠷᠦᠬᠦᠯᠡᠭ᠌ᠰᠡᠨ ᠪᠠᠢᠨ᠎ᠠ᠃ ᠪᠥᠵᠢᠭ᠌ᠲᠦ ᠵᠦᠴᠦᠭᠡ 《ᠮᠣᠷᠢᠲᠤ ᠴᠡᠷᠢᠭ》 ᠳᠤᠮᠳᠠᠳᠤ ᠤᠯᠤᠰ᠎ᠤᠨ ᠪᠥᠵᠢᠭ᠎ᠤᠨ ᠤᠷᠠᠯᠢᠭ᠎ᠤᠨ ᠬᠠᠮᠤᠭ ᠤᠨ ᠥᠨᠳᠥᠷ ᠢᠷᠠᠭᠤ ᠠᠯᠳᠠᠷ ᠪᠤᠯᠬᠤ 《ᠯᠢᠩᠬᠤᠸ᠎ᠠ ᠱᠠᠩᠨᠠᠯ》 ᠢ ᠬᠦᠷᠲᠡᠵᠤ᠂ ᠦᠪᠦᠷ ᠮᠤᠩᠭᠤᠯ᠎ᠤᠨ ᠤᠳᠭ᠎ᠠ ᠤᠷᠠᠯᠢᠭ᠎ᠤᠨ 《ᠦᠨᠳᠦᠷᠯᠢᠭ》 ᠠᠴᠠ 《ᠤᠷᠬᠢᠯ》 ᠵᠦᠭ᠎ᠤᠨ ᠳᠡᠮᠡᠦᠯᠦᠯᠳᠤ ᠬᠦᠴᠦᠨ ᠨᠡᠮᠡᠷᠢᠯᠡᠪᠡ᠃
ᠱᠢᠨ᠎ᠡ ᠴᠠᠭ ᠦᠶ᠎ᠡ᠎ᠶ᠋ᠢᠨ ᠬᠠᠳᠠᠭᠤ ᠱᠢᠯᠭᠠᠯᠳᠠ᠎ᠳᠤ ᠮᠠᠨ᠎ᠤ ᠤᠷᠤᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠦᠨᠲᠤᠨᠬᠢᠨ ᠡᠷᠡᠮᠡᠬᠡᠢᠯᠡᠨ ᠴᠢᠷᠮᠠᠢᠵᠤ᠂ ᠤᠭ ᠰᠠᠨᠠᠭ᠎ᠠ᠎ᠪᠠᠨ ᠪᠠᠳᠤ ᠰᠠᠬᠢᠨ ᠡᠭᠦᠷᠭᠡ ᠬᠠᠷᠢᠭᠤᠴᠠᠯᠭ᠎ᠠ᠎ᠪᠠᠨ ᠨᠢᠮᠪᠠᠢ ᠬᠦᠢᠴᠡᠳᠭᠡᠵᠤ᠂ ᠦᠵᠡᠰᠭᠦᠯᠡᠩᠳᠤ ᠰᠠᠢᠬᠠᠨ ᠦᠪᠦᠷ ᠮᠤᠩᠭᠤᠯ᠎ᠢᠶᠠᠨ ᠪᠦᠳᠦᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠳᠤ᠎ᠪᠠᠷ ᠳᠡᠷᠭᠡᠯᠱᠢᠭᠦᠯᠬᠦ᠌ᠪᠠᠷ ᠢᠳᠡᠭᠡᠯ ᠳᠡᠭᠦᠯᠳᠡᠷ ᠤᠷᠤᠬ᠍ᠰᠢᠯᠠᠵᠤ ᠪᠠᠢᠨ᠎ᠠ᠃