— 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠠᠬᠢ ᠥᠪᠥᠷ ᠮᠣᠩᠭᠤᠯ᠎ᠤᠨ ᠵᠣᠬᠢᠶᠠᠯᠴᠢᠳ᠎ᠤᠨ ᠨᠡᠢᠭᠡᠮᠯᠢᠭ᠎ᠤᠨ ᠠᠵᠢᠯ᠎ᠢ ᠲᠡᠮᠲᠡᠭ᠌ᠯᠡᠪᠡ
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠦᠪᠦᠷ ᠮᠤᠩᠭᠤᠯ᠎ᠤᠨ ᠵᠤᠬᠢᠶᠠᠯᠴᠢᠳ᠎ᠤᠨ ᠨᠡᠢᠭᠡᠮᠯᠢᠭ ᠤᠳᠭ᠎ᠠ ᠤᠷᠠᠯᠢᠬ᠎ᠤᠨ 《ᠠᠷᠠᠳ ᠲᠦᠮᠡᠨ᠎ᠳᠤ ᠦᠢᠯᠡᠴᠢᠯᠡᠬᠦ᠂ ᠨᠡᠢᠬᠡᠮ ᠵᠢᠷᠤᠮᠳᠤ ᠦᠢᠯᠡᠴᠢᠯᠡᠬᠦ᠌》 ᠴᠢᠭ᠌ᠯᠡᠯ ᠪᠠ 《ᠴᠡᠴᠡᠭ ᠪᠦᠬᠦᠨ᠎ᠢ ᠵᠡᠷᠭᠡ᠎ᠪᠠᠷ ᠳᠡᠯᠭᠡᠷᠡᠭᠦᠯᠵᠦ᠍᠂ ᠡᠷᠳᠡᠮᠲᠡᠨ ᠪᠦᠬᠦᠨ᠎ᠢ ᠴᠢᠯᠦᠭᠡᠲᠡᠢ ᠶᠠᠷᠢᠯᠴᠠᠭᠤᠯᠬᠤ》 ᠴᠢᠭ᠌ᠯᠡᠯᠲᠡ᠎ᠶ᠋ᠢ ᠪᠠᠷᠢᠮᠳᠠᠯᠠᠨ᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠮᠠᠭ᠍ᠲᠠ ᠪᠠᠷᠢᠮᠳᠠᠯᠠᠵᠤ᠂ 《ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠭᠤᠣᠯᠳᠠᠯᠭ᠎ᠠ᠎ᠲᠠᠢ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ》 ᠢᠶᠠᠷ ᠭᠠᠷᠳᠠᠴᠠ ᠪᠣᠯᠭᠠᠨ᠂ 《ᠠᠮᠢᠳᠤᠷᠠᠯ᠎ᠳᠤ ᠭᠦᠨᠵᠡᠭᠡᠢᠷᠡᠵᠦ᠍ ᠠᠷᠠᠳ ᠲᠦᠮᠡᠨ᠎ᠤ ᠳᠤᠮᠳᠠ ᠦᠨᠳᠦᠰᠦᠯᠡᠬᠦ᠌》 ᠠᠵᠢᠯᠯᠠᠭ᠎ᠠ᠎ᠶ᠋ᠢ ᠦᠷᠨᠢᠭᠦᠯᠦᠨ᠂ ᠠᠷᠠᠳ ᠲᠦᠮᠡᠨ᠎ᠳᠤ ᠠᠱᠢᠭ ᠬᠦᠷᠲᠡᠭᠡᠬᠦ᠌᠎ᠪᠠᠷ ᠬᠠᠷᠠᠯᠲᠠ ᠪᠣᠯᠭᠠᠨ ᠥᠪᠥᠷ ᠮᠣᠩᠭᠤᠯ᠎ᠤᠨ ᠤᠳᠭ᠎ᠠ ᠵᠣᠬᠢᠶᠠᠯ᠎ᠤᠨ ᠱᠢᠨ᠎ᠡ ᠠᠮᠵᠢᠯᠲᠠ ᠤᠯᠬᠤ᠎ᠶ᠋ᠢ ᠴᠢᠷᠮᠠᠢᠨ ᠠᠬᠢᠭᠤᠯᠪᠠ᠃
ᠦᠪᠦᠷ ᠮᠤᠩᠭᠤᠯ᠎ᠤᠨ ᠵᠤᠬᠢᠶᠠᠯᠴᠢᠳ᠎ᠤᠨ ᠨᠡᠢᠭᠡᠮᠯᠢᠭ᠎ᠨᠢ ᠭᠤᠣᠯᠳᠠᠯᠭ᠎ᠠ᠎ᠲᠠᠢ ᠵᠣᠬᠢᠶᠠᠯᠴᠢ᠂ ᠦᠨᠳᠦᠰᠦᠨ ᠱᠠᠲᠤᠨ᠎ᠤ ᠵᠣᠬᠢᠶᠠᠭ᠍ᠴᠢ ᠵᠢᠴᠢ ᠰᠦᠯᠵᠢᠶᠡᠨ᠎ᠤ ᠵᠣᠬᠢᠶᠠᠯᠴᠢ ᠵᠡᠷᠭᠡ᠎ᠪᠠᠷ ᠭᠤᠤᠯ ᠪᠣᠯᠭᠠᠭ᠍ᠰᠠᠨ ᠭᠤᠤᠯ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠬᠢᠯᠡᠵᠦ᠍᠂ ᠭᠤᠣᠯᠳᠠᠯᠭ᠎ᠠ᠎ᠲᠠᠢ ᠲᠥᠷᠥᠯ ᠵᠦᠶᠯ᠎ᠢ ᠵᠣᠬᠢᠶᠠᠨ ᠪᠠᠢᠭᠤᠯᠤᠨ ᠲᠥᠰᠦᠪᠯᠡᠬᠦ᠌᠎ᠶ᠋ᠢ ᠴᠢᠩᠭᠠᠳᠭᠠᠵᠤ᠂ ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠴᠢᠬᠤᠯᠠ ᠶᠡᠭᠡ ᠭᠤᠤᠯ ᠰᠡᠳᠦᠪᠲᠦ ᠪᠦᠲᠦᠭᠡᠯ᠎ᠢ ᠵᠣᠬᠢᠶᠠᠨ ᠪᠠᠢᠭᠤᠯᠵᠤ ᠲᠥᠰᠦᠪᠯᠡᠬᠦ᠌ ᠲᠤᠬᠠᠢ ᠶᠠᠷᠢᠯᠴᠠᠬᠤ ᠬᠤᠷᠠᠯ᠂ ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠤᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ᠂ ᠥᠪᠥᠷ ᠮᠣᠩᠭᠤᠯ᠎ᠤᠨ ᠱᠢᠨ᠎ᠡ ᠴᠠᠭ ᠦᠶ᠎ᠡ᠎ᠶ᠋ᠢᠨ ᠬᠥᠳᠡᠭᠡ ᠲᠣᠰᠭᠤᠨ᠎ᠤ ᠰᠡᠳᠦᠪᠲᠦ ᠤᠳᠭ᠎ᠠ ᠵᠣᠬᠢᠶᠠᠯ᠎ᠤᠨ ᠵᠣᠬᠢᠶᠠᠨ ᠪᠦᠲᠦᠭᠡᠬᠦ᠌ ᠬᠤᠷᠠᠯ ᠵᠡᠷᠭᠡ᠎ᠶ᠋ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ 《ᠥᠪᠥᠷ ᠮᠣᠩᠭᠤᠯ᠎ᠤᠨ ᠤᠳᠭ᠎ᠠ ᠵᠣᠬᠢᠶᠠᠯ᠎ᠤᠨ ᠵᠠᠭᠤᠨ ᠵᠢᠯ᠎ᠤᠨ ᠴᠢᠭᠤᠯᠭᠠᠨ》 ᠢ ᠨᠠᠢᠷᠠᠭᠤᠯᠬᠤ ᠢᠨᠵᠧᠨᠧᠷᠢᠩ᠎ᠢ ᠡᠬᠢᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠬᠡᠷᠡᠭ᠌ᠵᠢᠭᠦᠯᠦᠭ᠌ᠰᠡᠨ 《ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠭᠤᠣᠯᠳᠠᠯᠭ᠎ᠠ᠎ᠲᠠᠢ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ》 ᠳᠤ ᠤᠳᠤ ᠪᠤᠯᠬᠤ᠎ᠳᠤ ᠨᠡᠢᠲᠡ 122 ᠪᠦᠲᠦᠭᠡᠯ ᠰᠤᠩᠭᠤᠭ᠍ᠳᠠᠵᠤ᠂ ᠮᠣᠩᠭᠤᠯ ᠬᠢᠲᠠᠳ ᠬᠡᠯᠡᠨ᠎ᠤ 60 ᠭᠠᠷᠤᠢ ᠪᠦᠲᠦᠭᠡᠯ᠎ᠨᠢ ᠨᠢᠭᠡᠨᠲᠡ ᠬᠡᠪᠯᠡᠭ᠌ᠳᠡᠭ᠌ᠰᠡᠨ ᠪᠠᠢᠨ᠎ᠠ᠃ ᠠᠮᠢᠳᠤᠷᠠᠯ᠎ᠳᠤ ᠭᠦᠨᠵᠡᠭᠡᠢᠷᠡᠬᠦ᠂ ᠠᠷᠠᠳ ᠲᠦᠮᠡᠨ᠎ᠤ ᠳᠤᠮᠳᠠ ᠦᠨᠳᠦᠰᠦᠯᠡᠬᠦ᠌ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠵᠦ᠍᠂ 100 ᠭᠠᠷᠤᠢ ᠵᠣᠬᠢᠶᠠᠯᠴᠢ᠎ᠶ᠋ᠢᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠤᠯᠠᠨ ᠲᠦᠮᠡᠨ᠎ᠲᠠᠢ ᠤᠢ᠍ᠢᠷᠠᠳᠤᠭ᠍ᠰᠠᠨ᠂ ᠬᠥᠮᠦᠰ᠎ᠤᠨ ᠰᠡᠳᠭᠢᠯ᠎ᠢ ᠬᠥᠳᠡᠯᠭᠡᠮ᠎ᠡ ᠱᠢᠯᠢᠳᠡᠭ ᠪᠦᠲᠦᠭᠡᠯ᠎ᠤᠳ᠎ᠢ ᠵᠣᠬᠢᠶᠠᠨ ᠪᠦᠲᠦᠭᠡᠬᠦ᠌᠎ᠶ᠋ᠢ ᠲᠡᠮᠵᠢᠭ᠌ᠰᠡᠨᠤ ᠬᠠᠮᠲᠤ᠌᠂ ᠪᠠᠰᠠ ᠨᠠᠷᠠᠲᠤ ᠰᠡᠳᠬᠦᠯ᠎ᠲᠠᠢ ᠬᠠᠮᠲᠤᠷᠠᠨ 《ᠠᠷᠠᠳ᠎ᠤᠨ ᠤᠷᠠᠨ ᠵᠤᠬᠢᠶᠠᠯ》 ᠤᠨ ᠤᠯᠠᠭᠠᠨᠴᠠᠪ᠎ᠲᠠᠬᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠭᠤᠤᠯ ᠰᠡᠳᠦᠪᠲᠦ ᠵᠤᠬᠢᠶᠠᠨ ᠪᠦᠲᠦᠭᠡᠯᠭᠡ᠎ᠶ᠋ᠢᠨ ᠠᠵᠢᠯᠯᠠᠭ᠎ᠠ᠂ ᠳᠤᠮᠳᠠᠳᠤ ᠤᠯᠤᠰ᠎ᠤᠨ ᠰᠦᠯᠵᠢᠶᠡᠨ᠎ᠤ ᠤᠷᠠᠨ ᠵᠣᠬᠢᠶᠠᠯ᠎ᠤᠨ ᠵᠣᠬᠢᠶᠠᠯᠴᠢ᠂ 《ᠦᠨᠳᠦᠰᠦᠲᠡᠨ᠎ᠤ ᠤᠳᠭ᠎ᠠ ᠵᠣᠬᠢᠶᠠᠯ》 ᠤᠨ ᠵᠤᠬᠢᠶᠠᠯᠴᠢᠳ᠎ᠤᠨ ᠲᠠᠯ᠎ᠠ ᠨᠤᠲᠤᠭ᠎ᠲᠤ ᠭᠦᠨᠵᠡᠭᠡᠢᠷᠡᠬᠦ᠌ ᠠᠵᠢᠯᠯᠠᠭ᠎ᠠ ᠵᠡᠷᠭᠡ᠎ᠶ᠋ᠢ ᠵᠣᠬᠢᠶᠠᠨ ᠪᠠᠢᠭᠤᠯᠪᠠ᠃ ᠭᠤᠸᠠᠩᠳᠦ᠋ᠩ ᠮᠤᠵᠢ᠎ᠶ᠋ᠢᠨ ᠵᠣᠬᠢᠶᠠᠯᠴᠢᠳ᠎ᠤᠨ ᠡᠪᠯᠡᠯ᠂ ᠵᠧᠵᠢᠶᠠᠩ ᠮᠤᠵᠢ᠎ᠶ᠋ᠢᠨ ᠵᠣᠬᠢᠶᠠᠯᠴᠢᠳ᠎ᠤᠨ ᠡᠪᠯᠡᠯ᠎ᠲᠠᠢ ᠬᠠᠮᠲᠤᠷᠠᠨ ᠲᠣᠰ ᠲᠣᠰ 《ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠶ᠎ᠡ · ᠥᠪᠥᠷ ᠮᠣᠩᠭᠤᠯ ᠭᠤᠸᠠᠩᠳᠦ᠋ᠩ᠎ᠤᠨ ᠵᠣᠬᠢᠶᠠᠯᠴᠢᠳ᠎ᠤᠨ ᠮᠢᠩᠭᠠᠨ ᠭᠠᠵᠠᠷ᠎ᠤᠨ ᠤᠷᠲᠤ ᠬᠢᠯᠢ᠎ᠶ᠋ᠢᠨ ᠠᠶᠠᠯᠠᠯ》 ᠪᠠ ᠵᠧᠵᠢᠶᠠᠩ᠂ ᠥᠪᠥᠷ ᠮᠣᠩᠭᠤᠯ᠎ᠤᠨ ᠵᠣᠬᠢᠶᠠᠯᠴᠢᠳ᠎ᠤᠨ ᠨᠡᠢᠭᠡᠮᠯᠢᠭ᠎ᠤᠨ ᠤᠳᠭ᠎ᠠ ᠵᠣᠬᠢᠶᠠᠯ᠎ᠤᠨ ᠵᠤᠬᠢᠶᠠᠨ ᠪᠦᠲᠦᠭᠡᠯᠭᠡ᠎ᠶ᠋ᠢᠨ ᠠᠵᠢᠯᠯᠠᠭ᠎ᠠ ᠵᠡᠷᠭᠡ ᠲᠤᠰᠭᠠᠶ ᠰᠡᠳᠦᠪᠲᠦ ᠮᠠᠲ᠋ᠧᠷᠢᠶᠠᠯ ᠴᠤᠭ᠍ᠯᠠᠭᠤᠯᠵᠤ ᠵᠣᠬᠢᠶᠠᠨ ᠪᠦᠲᠦᠭᠡᠬᠦ᠌ ᠠᠵᠢᠯᠯᠠᠭ᠎ᠠ᠎ᠶ᠋ᠢ ᠦᠷᠨᠢᠭᠦᠯᠦᠭ᠌ᠰᠡᠨ ᠪᠠᠢᠨ᠎ᠠ᠃
ᠲᠠᠪᠤᠨ ᠵᠢᠯ᠎ᠤᠨ ᠲᠤᠷᠰᠢ ᠮᠠᠨ᠎ᠤ ᠣᠷᠣᠨ᠎ᠤ 400 ᠱᠢᠬᠠᠮ ᠢᠳᠡᠷ ᠵᠠᠯᠠᠭᠤ ᠵᠣᠬᠢᠶᠠᠯᠴᠢ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠡᠷᠬᠢᠯᠡᠭ᠌ᠰᠡᠨ ᠶᠢᠰᠦᠳᠦᠭᠡᠷ ᠬᠤᠭᠤᠴᠠᠭᠠᠨ᠎ᠤ ᠤᠳᠭ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶ᠋ᠢᠨ ᠰᠤᠳᠤᠯᠭᠠᠨ᠎ᠤ ᠠᠩᠬᠢ᠎ᠳᠤ ᠤᠷᠤᠯᠴᠠᠭᠤᠯᠪᠠ᠃ ᠥᠪᠥᠷ ᠮᠣᠩᠭᠤᠯ ᠨᠤᠲᠤᠭ᠍ᠲᠠᠶ ᠰᠣᠶᠣᠯ᠎ᠤᠨ ᠨᠡᠷᠡᠳᠤ ᠬᠦᠮᠦᠰ ᠰᠤᠳᠤᠨ ᠵᠠᠯᠠᠭᠤᠴᠤᠳ᠎ᠤᠨ ᠶᠠᠷᠢᠯᠴᠠᠭᠠᠨ᠎ᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠵᠠᠯᠠᠭᠤ ᠵᠣᠬᠢᠶᠠᠯᠴᠢᠳ᠎ᠢ ᠬᠦᠮᠦᠵᠢᠭᠦᠯᠪᠠ᠃ ᠠᠬᠠᠮᠠᠳ ᠵᠣᠬᠢᠶᠠᠯᠴᠢ ᠤᠷᠠᠯᠢᠭ᠍ᠴᠢᠳ᠎ᠤᠨ ᠠᠮᠠᠨ ᠤᠯᠠᠮᠵᠢᠯᠠᠯ᠎ᠤᠨ ᠲᠡᠦᠬᠡ᠎ᠶ᠋ᠢ ᠲᠡᠮᠳᠡᠭ᠌ᠯᠡᠬᠦ᠌ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪ᠊ · ᠪᠦᠷᠢᠨᠪᠠᠬᠢ᠎ᠶ᠋ᠢᠨ ᠮᠡᠨᠳᠦᠯᠡᠭ᠌ᠰᠡᠨ 90 ᠵᠢᠯ᠎ᠤᠨ ᠤᠢ᠎ᠶ᠋ᠢ ᠳᠤᠷᠠᠰᠭᠠᠬᠤ ᠰᠤᠳᠤᠯᠤᠨ ᠶᠠᠷᠢᠯᠴᠠᠬᠤ ᠬᠤᠷᠠᠯ ᠵᠡᠷᠭᠡ ᠱᠢᠷᠢᠰ ᠠᠵᠢᠯᠯᠠᠭ᠎ᠠ᠎ᠶ᠋ᠢ ᠡᠷᠬᠢᠯᠡᠵᠦ᠍᠂ ᠠᠬᠠᠮᠠᠳ ᠵᠣᠬᠢᠶᠠᠯᠴᠢᠳ᠎ᠤᠨ 《ᠤᠯᠠᠮᠵᠢᠯᠠᠬᠤ ᠬᠠᠪᠰᠤᠷᠬᠤ ᠳᠠᠭᠠᠭᠤᠯᠬᠤ》 ᠦᠢᠯᠡᠳᠦᠯ᠎ᠢ ᠪᠠᠳᠠᠷᠠᠭᠤᠯᠪᠠ᠃ 《ᠭᠤᠷᠪᠠᠨ ᠴᠥᠭᠡᠨ ᠲᠣᠭᠠᠲᠤ ᠦᠨᠳᠦᠰᠦᠲᠡᠨ》 ᠤ ᠵᠤᠬᠢᠶᠠᠯᠴᠢᠳ᠎ᠤᠨ ᠡᠩᠨᠡᠭᠡᠨ᠎ᠤ ᠪᠠᠢᠭᠤᠯᠤᠯᠲᠠ᠎ᠶ᠋ᠢ ᠴᠢᠬᠤᠯᠠᠴᠢᠯᠠᠨ ᠳᠡᠮᠵᠢᠵᠦ᠍᠂ 《ᠭᠤᠷᠪᠠᠨ ᠴᠥᠭᠡᠨ ᠲᠣᠭᠠᠲᠤ ᠦᠨᠳᠦᠰᠦᠲᠡᠨ》 ᠤ ᠤᠳᠭ᠎ᠠ ᠵᠣᠬᠢᠶᠠᠯ᠎ᠤᠨ ᠵᠣᠬᠢᠶᠠᠨ ᠪᠦᠲᠦᠭᠡᠬᠦ᠌ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠭ᠌ᠰᠡᠨ ᠪᠠᠢᠨ᠎ᠠ᠃
ᠤᠳᠭ᠎ᠠ ᠵᠤᠬᠢᠶᠠᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠢᠮᠠᠭ᠍ᠲᠠ ᠴᠢᠬᠤᠯᠠᠴᠢᠯᠠᠭ᠍ᠰᠠᠭᠠᠷ ᠢᠷᠡᠪᠡ᠃ ᠠᠩᠬᠠᠳᠤᠭᠠᠷ ᠬᠤᠭᠤᠴᠠᠭᠠᠨ᠎ᠤ ᠮᠠᠯᠴᠢᠨ ᠲᠠᠷᠢᠶᠠᠴᠢᠨ᠎ᠤ ᠢᠷᠠᠭᠤ ᠨᠠᠢᠷᠠᠭ᠎ᠤᠨ ᠤᠷᠤᠯᠳᠤᠭᠠᠨ ᠵᠢᠴᠢ ᠦᠨᠳᠦᠰᠦᠨ ᠱᠠᠲᠤᠨ᠎ᠤ ᠮᠠᠯᠴᠢᠨ ᠲᠠᠷᠢᠶᠠᠴᠢᠨ ᠵᠣᠬᠢᠶᠠᠯᠴᠢᠳ᠎ᠤᠨ ᠪᠣᠯᠪᠠᠰᠤᠷᠠᠯ᠎ᠤᠨ ᠠᠩᠭᠢ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢᠭᠡᠮᠯᠢᠭ᠎ᠤᠨ 《ᠠᠷᠠᠳ ᠲᠦᠮᠡᠨ᠎ᠤ ᠳᠤᠮᠳᠠ ᠭᠦᠨᠵᠡᠭᠡᠢᠷᠡᠬᠦ᠌》 ᠬᠤᠪᠢᠰᠭᠠᠯᠲᠤ ᠤᠳᠭ᠎ᠠ ᠵᠣᠬᠢᠶᠠᠯ᠎ᠤᠨ ᠬᠥᠩᠭᠡᠨ ᠮᠣᠷᠢᠲᠤ ᠴᠡᠷᠢᠭ᠎ᠤᠨ ᠠᠵᠢᠯᠯᠠᠭ᠎ᠠ᠎ᠶ᠋ᠢᠨ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠤᠱᠢᠭᠤᠨ᠎ᠳᠠᠬᠢ ᠠᠵᠢᠯᠯᠠᠭ᠎ᠠ᠂ 《ᠤᠯᠠᠭᠠᠨᠮᠥ᠋ᠴᠢᠷ᠎ᠤᠨ ᠢᠷᠠᠭᠤ ᠨᠠᠢᠷᠠᠭ᠎ᠤᠨ ᠤᠷᠠᠨ ᠤᠩᠱᠢᠯᠭ᠎ᠠ᠎ᠶ᠋ᠢᠨ ᠴᠤᠭ᠍ᠯᠠᠭᠠᠨ》 ᠵᠡᠷᠭᠡ ᠤᠯᠠᠨ ᠠᠵᠢᠯᠯᠠᠭ᠎ᠠ᠎ᠶ᠋ᠢ ᠵᠤᠬᠢᠶᠠᠨ ᠪᠠᠢᠭᠤᠯᠤᠨ ᠥᠷᠨᠢᠭᠦᠯᠵᠦ᠍᠂ ᠪᠦᠬᠦ᠌ ᠨᠡᠢᠭᠡᠮ᠎ᠤᠨ᠎ᠬᠢᠨ᠎ᠤ ᠤᠳᠭ᠎ᠠ ᠵᠣᠬᠢᠶᠠᠯ᠎ᠢ ᠰᠤᠨᠢᠷᠬᠠᠨ᠂ ᠵᠤᠬᠢᠶᠠᠨ ᠪᠦᠲᠦᠭᠡᠬᠦ᠌ ᠠᠵᠢᠯᠯᠠᠭ᠎ᠠ ᠦᠷᠨᠢᠭᠦᠯᠬᠦ᠌᠎ᠶ᠋ᠢ ᠪᠦᠲᠦᠮᠵᠢᠲᠡᠢ ᠠᠬᠢᠭᠤᠯᠪᠠ᠃ ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠤᠨ ᠵᠣᠬᠢᠶᠠᠨ ᠪᠦᠲᠦᠭᠡᠬᠦ᠌ ᠬᠤᠷᠠᠯ᠂ ᠲᠠᠯ᠎ᠠ ᠨᠤᠲᠤᠭ᠎ᠤᠨ ᠤᠳᠭ᠎ᠠ ᠵᠣᠬᠢᠶᠠᠯ᠎ᠤᠨ ᠶᠠᠷᠢᠶᠠᠨ᠎ᠤ ᠲᠠᠪᠴᠠᠩ ᠵᠡᠷᠭᠡ᠎ᠶ᠋ᠢ ᠦᠷᠨᠢᠭᠦᠯᠵᠦ᠍᠂ ᠤᠳᠭ᠎ᠠ ᠵᠣᠬᠢᠶᠠᠯ᠎ᠤᠨ ᠵᠣᠬᠢᠶᠠᠨ ᠪᠦᠲᠦᠭᠡᠯᠭᠡ᠎ᠶ᠋ᠢᠨ 《ᠰᠣᠯᠣᠩᠭ᠎ᠠ》 ᠱᠠᠩᠨᠠᠯ᠎ᠢ ᠱᠢᠯᠭᠠᠷᠠᠭᠤᠯᠬᠤ ᠲᠤᠭ᠍ᠲᠠᠴᠠ᠎ᠳᠤ ᠥᠭᠡᠷᠡᠴᠢᠯᠡᠯᠲᠡ ᠬᠢᠵᠦ᠍᠂ ᠦᠢᠯᠡᠳᠦᠯ᠎ᠢ᠎ᠨᠢ ᠬᠦᠢᠴᠡᠳ ᠪᠠᠳᠠᠷᠠᠭᠤᠯᠪᠠ᠃ 《ᠥᠪᠥᠷ ᠮᠣᠩᠭᠤᠯ᠎ᠤᠨ ᠵᠣᠬᠢᠶᠠᠯᠴᠢᠳ᠎ᠤᠨ ᠨᠡᠢᠭᠡᠮᠯᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠥᠰᠦᠯ》 ᠢ ᠨᠡᠢᠲᠡᠯᠡᠵᠦ᠍᠂ ᠥᠪᠥᠷ ᠮᠣᠩᠭᠤᠯ᠎ᠤᠨ ᠰᠦᠯᠵᠢᠶᠡᠨ᠎ᠤ ᠤᠳᠭ᠎ᠠ ᠤᠷᠠᠯᠢᠭ᠍ᠴᠢᠳ᠎ᠤᠨ ᠨᠡᠢᠭᠡᠮᠯᠢᠭ᠎ᠢ ᠪᠠᠢᠭᠤᠯᠵᠤ᠂ ᠪᠥᠬᠦ᠌ ᠤᠯᠤᠰ᠎ᠤᠨ ᠰᠦᠯᠵᠢᠶᠡᠨ᠎ᠤ ᠵᠣᠬᠢᠶᠠᠯᠴᠢᠳ᠎ᠤᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠳᠤ ᠤᠷᠤᠯᠴᠠᠭᠤᠯᠤᠨ᠂ ᠱᠢᠨ᠎ᠡ ᠤᠳᠭ᠎ᠠ ᠵᠣᠬᠢᠶᠠᠯ᠎ᠤᠨ ᠬᠠᠮᠲᠤ ᠨᠡᠢᠲᠡ᠎ᠶ᠋ᠢ ᠪᠦᠯᠬᠦᠮᠳᠡᠭᠦᠯᠦᠨ ᠡᠷᠡᠭᠦᠯ᠎ᠢᠶᠠᠷ ᠬᠥᠭ᠌ᠵᠢᠭᠦᠯᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠨ᠎ᠠ᠃