ᠬᠦᠳᠡᠭᠡ ᠨᠤᠳᠤᠭ᠎ᠲᠤ ᠪᠤᠯᠪᠠᠰᠤᠨ᠎ᠤ ᠴᠡᠴᠡᠭᠡᠰ ᠲᠡᠯᠬᠡᠷᠡᠨᠡᠮ
2021-02-26 16:09:08
ᠵᠣᠬᠢᠶᠠᠭ᠍ᠴᠢ᠄
ᠴᠠᠩ ᠾᠧ
ᠣᠩᠱᠢᠭ᠍ᠰᠠᠨ ᠣᠳᠠᠭ᠎ᠠ᠄
★★★☆☆

ᠵᠢᠯ ᠤᠷᠤᠭᠤᠯᠬᠤ ᠪᠤᠶᠤ ᠨᠠᠰᠤᠨ ᠪᠡᠶᠡᠷ᠎ᠢᠶᠠᠨ ᠲᠡᠮᠳᠡᠭ᠌ᠯᠡᠬᠦ᠌ ᠪᠤᠯ ᠮᠤᠩᠭᠤᠯᠴᠤᠳ᠎ᠤᠨ ᠵᠠᠩ ᠤᠢ᠍ᠢᠯᠡ᠎ᠳᠠᠬᠢ ᠴᠢᠬᠤᠯᠠ ᠨᠢᠭᠡᠨ ᠶᠠᠪᠤᠳᠠᠯ ᠪᠤᠯᠬᠤ ᠶᠤᠮ᠃ ᠬᠡᠪᠡᠴᠦ᠍᠂ ᠴᠠᠭ ᠦᠶ᠎ᠠ᠎ᠶ᠋ᠢᠨ ᠬᠦᠭ᠌ᠵᠢᠯᠳᠠ᠎ᠶ᠋ᠢ ᠲᠠᠭᠠᠯᠳᠤᠨ ᠡᠨᠡ ᠬᠦ᠌ ᠤᠯᠠᠮᠵᠢᠯᠠᠯᠳᠦ ᠵᠠᠩ ᠤᠢ᠍ᠢᠯᠡ᠎ᠶ᠋ᠢᠨ ᠠᠵᠢᠯᠯᠠᠭ᠎ᠠ᠎ᠨᠢ ᠨᠡᠷ᠎ᠠ ᠨᠢᠭᠤᠷ᠎ᠢᠶᠠᠨ ᠪᠤᠳᠤᠵᠦ᠍ ᠶᠡᠭᠡ ᠬᠡᠪᠴᠢᠶ᠎ᠠ᠎ᠪᠠᠷ ᠬᠢᠬᠦ᠂ ᠲᠠᠭᠤᠴᠢᠨ ᠤᠷᠠᠯᠢᠬ᠍ᠴᠢᠨ ᠤᠷᠢᠵᠦ᠍ ᠨᠠᠢᠷ ᠨᠠᠭᠠᠳᠤᠮ ᠬᠦᠭ᠌ᠵᠢᠬᠡᠬᠦ᠂ ᠪᠡᠯᠡᠭ ᠰᠠᠯᠳᠠ ᠬᠦᠷᠭᠡᠨ ᠲᠠᠯ᠎ᠠ ᠬᠠᠷᠢᠭᠤ ᠦᠭ᠌ᠬᠦ ᠵᠡᠷᠭᠡ ᠵᠤᠬᠢᠰ ᠦᠭᠡᠢ ᠤᠷᠤᠰᠭᠠᠯ ᠪᠤᠢ ᠪᠤᠯᠦᠬ᠍ᠰᠡᠨ᠎ᠠᠴᠠ ᠮᠠᠯᠴᠢᠨ ᠲᠡᠷᠢᠶᠡᠴᠢᠨ᠎ᠤ ᠠᠮᠢᠳᠤᠷᠡᠯ ᠤᠢ᠍ᠢᠯᠡᠳᠪᠤᠷᠢᠯᠡᠯ᠎ᠳᠤ ᠵᠤᠬᠢᠬᠤ ᠬᠡᠮᠵᠢᠶᠡᠨ᠎ᠤ ᠨᠠᠵᠠᠭᠠᠢ ᠨᠦᠯᠦᠭᠡ ᠠᠪᠴᠢᠷᠡᠬ᠍ᠰᠡᠨ ᠶᠤᠮ᠃ ᠡᠬᠦᠨ᠎ᠳᠤ ᠵᠤᠷᠢᠭᠤᠯᠤᠨ ᠬᠤᠷᠴᠢᠨ ᠪᠠᠷᠠᠭᠤᠨ ᠲᠤᠮᠳᠠᠳᠤ ᠬᠤᠱᠢᠭᠤᠨ᠎ᠤ ᠡᠯ᠎ᠠ ᠰᠤᠮᠤ ᠪᠠᠯᠭᠠᠰᠦ ᠤᠷᠤᠨ ᠨᠤᠳᠤᠭ᠎ᠤᠨ ᠤᠨᠴᠠᠯᠢᠭ ᠬᠢᠭᠡᠳ ᠪᠤᠳᠠᠳᠠᠢ ᠪᠠᠢᠳᠠᠯ᠎ᠳᠠᠭᠠᠨ ᠲᠤᠬᠢᠷᠠᠯᠴᠠᠬ᠍ᠰᠡᠨ ᠲᠦᠷᠢᠮ ᠲᠤᠬ᠍ᠳᠠᠭᠠᠯ᠎ᠢᠶᠠᠷ ᠠᠷᠡᠳ ᠤᠯᠠᠨ᠎ᠤ ᠰᠠᠢᠨ ᠰᠠᠢᠬᠠᠨ ᠪᠤᠯᠪᠠᠰᠤᠨ ᠰᠤᠷᠳᠠᠯ᠎ᠢ ᠪᠤᠢ ᠪᠤᠯᠭᠠᠬᠤ᠎ᠶ᠋ᠢ ᠤᠷᠢᠶᠠᠯᠠᠨ ᠪᠦᠳᠤᠮᠵᠢᠳᠠᠢ ᠠᠮᠵᠢᠯᠳᠠ ᠤᠯᠵᠦ᠍ ᠪᠠᠢᠭ᠎ᠠ ᠵᠢᠱ᠌ᠢᠶ᠎ᠠ ᠤᠯᠠᠨ ᠪᠤᠯᠵᠦ᠍ ᠪᠠᠢᠨ᠎ᠠ᠃

ᠡᠮᠳᠦ᠎ᠶ᠋ᠢᠨ ᠭᠤᠤᠯ ᠰᠤᠮᠤᠨ᠎ᠤ ᠪᠠᠶᠠᠬᠤᠪᠣᠭ᠎ᠠ ᠭᠠᠴᠠᠭ᠎ᠠ᠎ᠬᠢᠨ ᠮᠠᠯᠴᠢᠨ ᠲᠠᠷᠢᠶᠡᠴᠢᠨ᠎ᠤ ᠬᠤᠷᠢᠮ ᠲᠦᠷᠦ᠍᠂ ᠨᠠᠰᠤᠨ ᠪᠡᠶᠡᠷ ᠡᠷᠬᠢᠯᠡᠬᠦ᠌᠎ᠳᠡᠭᠡᠨ ᠵᠢᠷᠤᠮᠯᠡᠬᠤ 《ᠬᠤᠶᠡᠷ ᠲᠦᠷᠢᠮ》 ᠎ᠢ ᠲᠤᠬ᠍ᠳᠠᠭᠠᠨ᠂ ᠨᠠᠰᠤᠨ ᠪᠡᠶᠡᠷ᠂ ᠬᠤᠷᠢᠮ ᠨᠠᠢᠷ᠎ᠤᠨ ᠬᠤᠭᠤᠯᠠᠨ ᠱᠢᠷᠡᠭᠡ ᠪᠠᠵᠠᠭᠠᠬᠤ ᠪᠠᠷᠢᠮᠵᠢᠶ᠎ᠠ᠎ᠶ᠋ᠢ 500 ᠲᠥᠭᠦᠷᠢᠭ᠎ᠤᠨ ᠳᠣᠲᠣᠷ᠎ᠠ ᠬᠢᠵᠠᠭᠠᠷᠯᠠᠨ᠂ ᠪᠡᠯᠡᠭ ᠰᠠᠭᠠᠯᠢ᠎ᠶ᠋ᠢ 100 ᠲᠥᠭᠦᠷᠢᠭ᠎ᠢᠶᠠᠷ ᠲᠤᠬ᠍ᠳᠠᠭᠠᠵᠠᠢ; ᠪᠠᠶᠠᠨᠬᠤᠱᠢᠭᠤ ᠪᠠᠯᠭᠠᠰᠤᠨ᠎ᠤ ᠴᠠᠷᠠᠰᠤᠨᠬᠤᠸᠠ ᠭᠠᠴᠠᠭ᠎ᠠ 《ᠵᠢᠯ ᠣᠷᠣᠬᠤ》 ᠮᠠᠯᠴᠢᠨ ᠲᠠᠷᠢᠶᠠᠴᠢᠨ᠎ᠢ ᠬᠠᠮᠳᠤ᠎ᠶ᠋ᠢᠨ ᠴᠠᠢᠯᠠᠯᠭ᠎ᠠ᠎ᠳᠤ ᠤᠷᠢᠨ ᠣᠷᠣᠯᠴᠠᠭᠤᠯᠤᠭᠠᠳ ᠬᠦᠮᠦᠨ ᠤᠯᠠᠨ᠎ᠤ᠎ᠪᠠᠨ ᠮᠠᠭ᠍ᠲᠠᠭᠠᠯ ᠰᠠᠢᠱᠢᠶᠠᠯ᠎ᠢ ᠣᠯᠵᠦ᠍ ᠪᠤᠢ; ᠪᠠᠶᠠᠨᠨᠠᠭᠤᠷ ᠰᠤᠮᠤᠨ᠎ᠤ ᠭᠦᠢᠯᠡᠰᠦᠲᠡᠢ ᠭᠠᠴᠠᠭ᠎ᠠ ᠠᠷᠠᠳ᠎ᠲᠤ ᠳᠥᠭᠦᠮ ᠦᠵᠡᠭᠦᠯᠬᠦ᠌ ᠬᠤᠭᠤᠯᠠᠨ ᠭᠡᠷ᠎ᠲᠡᠭᠡᠨ ᠵᠢᠯ ᠣᠷᠣᠬᠤ ᠮᠠᠯᠴᠢᠨ ᠲᠠᠷᠢᠶᠠᠴᠢᠨ᠎ᠳᠠᠭᠠᠨ ᠳᠥᠭᠦᠮ ᠳᠥᠲᠡ ᠪᠥᠭᠡᠳ ᠣᠨᠴᠠᠭᠠᠢ ᠤᠳᠭ᠎ᠠ ᠠᠭᠤᠯᠭ᠎ᠠ᠎ᠲᠠᠢ ᠨᠠᠢᠷ ᠪᠡᠯᠡᠳᠭᠡᠵᠦ᠍᠂ ᠠᠢᠯ ᠬᠤᠳᠠ᠎ᠪᠠᠷ᠎ᠢᠶᠠᠨ ᠡᠪ ᠨᠠᠢᠷᠳᠠᠢ᠂ ᠪᠠᠶᠠᠷ ᠵᠢᠷᠭᠠᠯ᠎ᠲᠠᠢ ᠬᠠᠮᠳᠤ᠎ᠪᠠᠷ ᠲᠡᠮᠳᠡᠭ᠌ᠯᠡᠨ᠂ ᠮᠠᠯᠴᠢᠨ ᠲᠡᠷᠢᠶᠡᠴᠢᠳ᠎ᠤᠨ ᠠᠷᠪᠢᠴᠢ ᠭᠠᠮᠲᠠᠢ ᠪᠦᠭᠡᠳ ᠡᠶ᠎ᠡ ᠨᠠᠢᠷ᠎ᠲᠠᠢ ᠠᠮᠢᠳᠤᠷᠠᠬᠤ ᠪᠣᠯᠪᠠᠰᠤᠨ ᠬᠡᠪ ᠰᠤᠷᠲᠠᠯ᠎ᠢ ᠪᠤᠢ ᠪᠣᠯᠭᠠᠵᠤ᠂ 《ᠳᠠᠢᠯᠠᠯᠭ᠎ᠠ ᠬᠢᠬᠦ᠌ ᠦᠭᠡᠢ᠂ ᠳᠠᠢᠯᠠᠯᠭ᠎ᠠ᠎ᠳᠤ ᠣᠷᠣᠯᠴᠠᠬᠤ ᠦᠭᠡᠢ᠂ ᠪᠡᠯᠡᠭ ᠬᠦᠯᠢᠶᠡᠬᠦ᠌ ᠦᠭᠡᠢ》 ᠪᠤᠯᠪᠠᠰᠤᠨ ᠱᠢᠨ᠎ᠡ ᠬᠡᠪ ᠰᠤᠷᠲᠠᠯ᠎ᠢ ᠪᠦᠷᠢᠯᠳᠦᠬᠦᠯᠵᠦ᠍ ᠪᠠᠢᠭ᠎ᠠ᠎ᠶ᠋ᠢ ᠰᠤᠷᠪᠤᠯᠵᠢᠯᠠᠭ᠎ᠠ ᠲᠤᠮᠳᠠ ᠤᠢ᠍ᠢᠯᠠᠭᠠᠯ᠎ᠠ᠃

ᠲᠤᠰ ᠬᠤᠱᠢᠭᠤ ᠪᠠᠰᠠ ᠪᠣᠯᠪᠠᠰᠤᠨ᠎ᠢ ᠦᠢᠯᠡᠳᠦᠯᠭᠡᠵᠢᠬᠦᠯᠬᠦ᠌ ᠠᠵᠢᠯᠯᠠᠭ᠎ᠠ᠎ᠶ᠋ᠢ ᠮᠠᠯᠴᠢᠨ ᠲᠠᠷᠢᠶᠠᠴᠢᠨ᠎ᠤ ᠬᠡᠪ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠪᠠᠷ ᠭᠤᠣᠯᠳᠠᠯᠭ᠎ᠠ ᠪᠣᠯᠭᠠᠨ᠂ ᠪᠦᠬᠦ᠌ ᠬᠤᠱᠢᠭᠤᠨ᠎ᠤ 173 ᠭᠠᠴᠠᠭ᠎ᠠ ᠲᠣᠰᠭᠤᠨ᠎ᠳᠤ ᠨᠠᠮ᠎ᠤᠨ ᠭᠡᠱᠢᠭᠦᠨ᠎ᠢ ᠵᠤᠬᠢᠶᠠᠨ ᠪᠠᠢᠭᠤᠯᠤᠨ ᠣᠷᠴᠢᠨ ᠲᠣᠭᠤᠷᠢᠨ᠎ᠤ ᠠᠷᠢᠭᠤᠨ ᠴᠡᠪᠡᠷ᠎ᠲᠤ ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢ ᠠᠩᠬᠠᠷᠬᠤ᠂ ᠠᠷᠡᠳ᠎ᠤᠨ ᠵᠥᠷᠢᠴᠡᠯ᠎ᠢ ᠵᠤᠬᠢᠴᠠᠭᠤᠯᠬᠤ᠂ ᠬᠥᠷᠰᠢ ᠵᠡᠷᠭᠡᠯᠡᠳᠡᠭᠡ᠎ᠪᠠᠷ᠎ᠢᠶᠠᠨ ᠬᠠᠪᠰᠤᠷᠤᠨ ᠲᠡᠳᠬᠦᠬᠦ᠌ ᠵᠡᠷᠭᠡ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠎ᠶ᠋ᠢ ᠪᠠᠢᠭᠤᠯᠵᠤ᠂ ᠪᠣᠯᠪᠠᠰᠤᠨ᠎ᠢᠶᠠᠷ ᠢᠳᠭᠠᠨ ᠬᠦᠮᠦᠵᠢᠬᠦᠯᠬᠦ᠌ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠪᠠᠢᠩᠭᠤᠵᠢᠭᠤᠯᠤᠨ ᠥᠷᠨᠢᠭᠦᠯᠬᠦ᠌᠎ᠶ᠋ᠢᠨ ᠬᠠᠮᠲᠤ ᠬᠤᠪᠢ ᠬᠤᠷᠠᠮᠳᠤᠭᠤᠯᠬᠤ 《ᠪᠣᠯᠪᠠᠰᠤᠨ ᠪᠦᠯᠬᠦᠮᠳᠡᠯ᠎ᠤᠨ ᠬᠡᠲᠦ ᠳᠡᠯᠭᠡᠭᠦᠷ》 ᠎ᠢ ᠪᠠᠢᠭᠤᠯᠵᠤ ᠠᠷᠡᠳ ᠤᠯᠠᠨ᠎ᠤ ᠬᠡᠪ ᠴᠢᠨᠡᠷ᠎ᠢ ᠲᠡᠭᠡᠭ᠌ᠰᠢᠯᠡᠬᠦᠯᠵᠦ᠍ ᠪᠠᠢᠭ᠎ᠠ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号