ᠬᠦᠤᠳᠠᠭᠤᠯᠠ ᠬᠡᠱᠢᠬᠦᠨ᠄ ᠡᠮᠡᠭ᠌ᠳᠡᠢᠴᠤᠳ᠎ᠤᠨ ᠬᠦᠴᠦᠨ᠎ᠢ ᠨᠢᠭ᠍ᠳᠠᠷᠠᠭᠤᠯᠵᠤ ᠦᠨᠳᠦᠰᠦᠳᠡᠨ᠎ᠤ ᠪᠦᠯᠬᠦᠮᠳᠡᠯ᠎ᠢ ᠠᠬᠢᠭᠤᠯᠤᠨ᠎ᠠ
2021-03-11 12:41:42
ᠵᠣᠬᠢᠶᠠᠭ᠍ᠴᠢ᠄
ᠵᠢᠶ ᠴᠢᠩ ᠯᠢᠩ
ᠣᠩᠱᠢᠭ᠍ᠰᠠᠨ ᠣᠳᠠᠭ᠎ᠠ᠄
★★★☆☆


3902213_lity_1615396780499_m.jpg


                

                        ᠬᠦᠤᠳᠠᠭᠤᠯᠠ ᠬᠡᠱᠢᠬᠦᠨ


ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠳᠤ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠬᠦᠦᠳᠠᠭᠤᠯᠠ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠭᠦᠨᠵᠡᠭᠡᠢᠷᠡᠭᠦᠯᠬᠦ᠌᠎ᠳᠤ ᠡᠮᠡᠭ᠌ᠲᠡᠢᠴᠦᠳ᠎ᠤᠨ ᠬᠦᠴᠦᠨ ᠴᠢᠳᠠᠯ ᠪᠣᠯᠤᠨ ᠤᠶᠤᠨ ᠤᠬᠠᠭᠠᠨ᠎ᠢᠶᠠᠨ ᠡᠷᠬᠦᠨ᠎ᠠ ᠬᠡᠵᠤ ᠢᠯᠡᠷᠬᠡᠢᠯᠡᠪᠡ᠃

《ᠱᠢᠨ᠎ᠡ ᠬᠥᠭ᠌ᠵᠢᠯᠲᠡ᠎ᠶ᠋ᠢᠨ ᠱᠠᠳᠤ ᠦᠶ᠎ᠡ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠳᠤ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠪᠠ᠃ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠵᠣᠬᠢᠶᠠᠨ ᠪᠠᠢᠭᠤᠯᠤᠯᠲᠠ ᠥᠷᠭᠡᠨ ᠤᠯᠠᠨ ᠡᠮᠡᠭ᠌ᠲᠡᠢᠴᠦᠳ᠎ᠢ ᠬᠦᠳᠦᠯᠦᠨ ᠳᠠᠭᠠᠭᠤᠯᠵᠤ᠂ 〈ᠭᠤᠷᠪᠠᠨ ᠰᠠᠯᠵᠤ ᠴᠢᠳᠠᠬᠤ ᠦᠭᠡᠢ〉 ᠦᠵᠡᠯ ᠰᠠᠨᠠᠭ᠎ᠠ᠎ᠶ᠋ᠢ ᠪᠠᠲᠤ ᠪᠤᠢ ᠪᠤᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ 〈ᠠᠨᠠᠷ᠎ᠤᠨ ᠦᠷ᠎ᠡ ᠱᠢᠭ ᠪᠦᠯᠬᠦᠮᠳᠡᠨ ᠨᠢᠭ᠍ᠳᠠᠷᠠᠬᠤ〉 ᠎ᠶ᠋ᠢ ᠠᠬᠢᠭᠤᠯᠤᠨ᠎ᠠ》᠃ ᠬᠦᠤᠳᠠᠭᠤᠯᠠ᠎ᠶ᠋ᠢᠨ ᠶᠠᠷᠢᠬᠤ᠎ᠪᠠᠷ᠂ ᠪᠣᠳᠠᠲᠠᠶ ᠠᠵᠢᠯ᠎ᠤᠨ ᠳᠤᠮᠳᠠ᠂ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠥᠷᠭᠡᠨ ᠣᠯᠠᠨ ᠡᠮᠡᠭ᠌ᠲᠡᠢᠴᠦᠳ᠎ᠤᠨ ᠨᠠᠮ᠎ᠤᠨ ᠱᠢᠨᠵᠢᠯᠡᠬᠦ᠌ ᠤᠬᠠᠭᠠᠨᠴᠢ ᠣᠨᠣᠯ ᠪᠤᠯᠤᠨ ᠠᠭᠤᠤ ᠶᠡᠭᠡ ᠠᠮᠵᠢᠯᠲᠠ ᠪᠦᠲᠦᠮᠵᠢ᠎ᠠᠴᠠ ᠣᠶᠤᠨ ᠰᠠᠨᠠᠭᠠᠨ᠎ᠤ ᠱᠢᠮ᠎ᠡ᠎ᠶ᠋ᠢ ᠱᠢᠩᠭᠡᠭᠡᠬᠦ᠌᠎ᠶ᠋ᠢ ᠰᠤᠷᠭᠠᠨ ᠬᠦᠮᠦᠵᠢᠭᠦᠯᠵᠦ᠍ ᠵᠢᠯᠤᠭᠤᠳᠤᠨ᠂ ᠲᠡᠮᠡᠴᠡᠯ᠎ᠤᠨ ᠵᠣᠷᠢᠭ᠎ᠢᠶᠠᠨ ᠬᠥᠪᠴᠢᠯᠡᠵᠤ᠂ ᠴᠢᠭ᠌ᠯᠡᠯ᠎ᠢᠶᠠᠨ ᠲᠣᠳᠣᠷᠬᠠᠢᠯᠠᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠳᠤ ᠣᠶᠤᠨ ᠰᠠᠨᠠᠭᠠᠨ᠎ᠤ ᠲᠤᠯᠭᠠᠭᠤᠷᠢᠯᠠᠯ ᠬᠠᠩᠭᠠᠨ᠎ᠠ᠃ 《ᠦᠷᠭᠡᠨ ᠤᠯᠠᠨ ᠡᠮᠡᠭ᠌ᠲᠡᠢᠴᠦᠳ᠎ᠤᠨ ᠤᠬᠠᠭᠤᠯᠭ᠎ᠠ ᠲᠠᠢᠯᠦᠮᠵᠢ》᠂ 《ᠡᠮᠡᠭ᠌ᠲᠡᠢᠴᠦᠳ᠎ᠤᠨ ᠶᠠᠷᠢᠯᠴᠠᠭ᠎ᠠ ᠬᠢᠵᠦ᠍ ᠬᠥᠲᠥᠯᠥᠨ ᠳᠠᠭᠠᠭᠤᠯᠬᠤ》 ᠵᠡᠷᠭᠡ ᠢᠨᠵᠧᠨᠧᠷᠢᠩ᠎ᠢᠶᠠᠷ ᠳᠠᠮᠵᠢᠭᠤᠯᠤᠨ᠂ ᠡᠮᠡᠭ᠌ᠲᠡᠢᠴᠦᠳ᠎ᠤᠨ ᠦᠵᠡᠯ ᠰᠠᠨᠠᠭ᠎ᠠ᠎ᠶ᠋ᠢ ᠬᠥᠲᠥᠯᠥᠨ ᠳᠠᠭᠠᠭᠤᠯᠬᠤ ᠠᠵᠢᠯ᠎ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ᠎ᠢ ᠴᠢᠩᠭᠠᠳᠭᠠᠨ᠎ᠠ᠃ 《ᠠᠢᠯ ᠪᠣᠯᠭᠠᠨ ᠵᠣᠯ ᠵᠢᠷᠭᠠᠯ᠎ᠲᠠᠢ ᠠᠮᠤᠷ ᠠᠮᠤᠭᠤᠯᠠᠩ ᠠᠮᠢᠳᠤᠷᠠᠬᠤ》 ᠢᠨᠵᠧᠨᠧᠷᠢᠩ᠎ᠢᠶᠠᠷ ᠭᠠᠷᠳᠠᠴᠠ ᠪᠣᠯᠭᠠᠨ᠂ 《ᠦᠨᠳᠦᠰᠦᠲᠡᠨ᠎ᠤ ᠪᠦᠯᠬᠦᠮᠳᠡᠯ᠎ᠤᠨ ᠬᠠᠮᠤᠭ᠎ᠤᠨ ᠭᠤᠶᠣ ᠬᠡᠷ ᠪᠦᠯᠢ》 ᠎ᠶ᠋ᠢ ᠶᠡᠭᠡ ᠬᠦᠴᠦ᠍ ᠭᠠᠷᠭᠠᠨ ᠡᠷᠢᠵᠦ᠍᠂ ᠡᠮᠡᠭ᠌ᠲᠡᠢᠴᠦᠳ᠎ᠢ ᠬᠥᠲᠥᠯᠥᠨ ᠵᠢᠯᠣᠭᠤᠳᠴᠤ᠌᠂ ᠪᠠᠭ᠎ᠠ ᠬᠡᠷ ᠪᠦ᠍ᠯᠢ᠎ᠪᠠᠨ ᠬᠠᠢᠷᠠᠯᠠᠬᠤ᠎ᠪᠠᠷ ᠪᠠᠷᠠᠬᠤ ᠦᠬᠡᠢ ᠤᠯᠤᠰ ᠣᠷᠣᠨ᠎ᠢᠶᠠᠨ ᠴᠦ᠍ ᠬᠠᠢᠷᠠᠯᠠᠬᠤ᠎ᠶ᠋ᠢ ᠬᠦᠲᠦᠯᠦᠨ ᠵᠢᠯᠤᠭᠤᠳᠴᠦ᠍᠂ ᠬᠡᠷ ᠪᠦᠯᠢ᠎ᠶ᠋ᠢᠨ ᠪᠦᠷᠢᠯᠳᠦᠬᠦᠨ᠎ᠢᠶᠠᠨ ᠳᠠᠭᠠᠭᠤᠯᠤᠨ᠂ ᠤᠯᠤᠰ᠎ᠢᠶᠠᠨ ᠬᠠᠢᠷᠠᠯᠠᠬᠤ ᠬᠡᠷ ᠣᠷᠣᠨ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ᠎ᠨᠢ ᠬᠠᠮᠲᠤ᠎ᠳᠤᠨᠢ ᠳᠡᠭᠡᠭ᠌ᠰᠢᠯᠡᠭᠦᠯᠦᠨ᠎ᠡ᠃ ᠡᠮᠡᠭ᠌ᠲᠡᠢᠴᠦᠳ᠎ᠤᠨ ᠬᠦᠰᠡᠯ ᠰᠠᠨᠠᠯ᠎ᠢ ᠤᠯᠠᠮ ᠨᠢᠭᠡ ᠠᠯᠬᠤᠮ ᠣᠢᠯᠠᠭᠠᠵᠤ᠂ ᠡᠮᠡᠭ᠌ᠲᠡᠢᠴᠦᠳ᠎ᠲᠤ ᠬᠠᠮᠲᠤ᠎ᠪᠠᠷ ᠪᠤᠳᠠᠳᠡᠢ ᠶᠠᠪᠤᠳᠠᠯ ᠬᠢᠵᠦ᠍ ᠬᠦᠴᠢᠷ᠎ᠢ ᠱᠢᠢᠳᠪᠤᠷᠢᠯᠡᠬᠦ᠌ ᠶᠠᠪᠤᠴᠠ᠎ᠳᠤ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠌ ᠵᠢᠷᠭᠠᠯᠲᠤ ᠲᠦᠷᠦᠭ᠌ᠳᠡᠯ᠎ᠢ ᠭᠦᠢᠴᠡᠳ ᠮᠡᠳᠡᠷᠡᠬᠦᠯᠦᠨ᠎ᠠ ᠬᠡᠪᠡ᠃

ᠬᠦᠦᠳᠠᠭᠤᠯᠠ᠂ ᠪᠥᠬᠦ᠌ ᠤᠯᠤᠰ᠎ᠤᠨ ᠬᠤᠶᠠᠷ ᠬᠤᠷᠠᠯ᠎ᠤᠨ ᠳᠠᠷᠠᠭ᠎ᠠ᠂ ᠪᠥᠬᠦ᠌ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠺᠠᠳ᠋ᠷᠴᠤᠳ᠎ᠢ ᠵᠣᠬᠢᠶᠠᠨ ᠪᠠᠢᠭᠤᠯᠤᠨ ᠳᠠᠢᠴᠢᠯᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠭᠡᠨ᠂  ᠦᠢᠯᠡᠳᠦᠯᠭᠡ᠎ᠪᠠᠨ ᠵᠢᠯᠣᠭᠤᠳᠣᠭᠤᠯᠵᠤ᠂ ᠠᠵᠢᠯ᠎ᠢᠶᠠᠨ ᠠᠬᠢᠭᠤᠯᠵᠤ᠂ ᠨᠠᠮ᠎ᠤᠨ ᠡᠮᠡᠭ᠌ᠲᠡᠢᠴᠦᠳ᠎ᠲᠠᠢ ᠬᠠᠷᠢᠯᠴᠠᠬᠤ ᠬᠥᠭᠦᠷᠭᠡ ᠬᠤᠯᠪᠣᠭᠠᠰᠤ᠂ ᠬᠠᠪᠰᠤᠷᠤᠭ᠍ᠴᠢ᠎ᠶ᠋ᠢᠨ  ᠦᠢᠯᠡᠳᠦᠯ᠎ᠢ ᠰᠠᠢᠲᠤᠷ ᠪᠠᠳᠠᠷᠠᠭᠤᠯᠵᠤ᠂ ᠥᠷᠭᠡᠨ ᠣᠯᠠᠨ ᠡᠮᠡᠭ᠌ᠲᠡᠢᠴᠦᠳ᠎ᠢ ᠲᠠᠢᠴᠢᠯᠠᠨ ᠦᠨᠳᠦᠰᠦᠳᠡᠨ᠎ᠤ ᠪᠦᠯᠬᠦᠮᠳᠡᠯ᠎ᠳᠤ ᠦᠩᠬᠡ ᠬᠡᠷᠡᠯ ᠨᠡᠮᠡᠷᠢᠯᠡᠨ᠎ᠠ ᠬᠡᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号