ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠪᠡᠳᠦᠭᠡᠷ ᠬᠤᠷᠠᠯ᠎ᠤᠨ ᠱᠢᠢᠳᠪᠦᠷᠢ
2021-03-12 11:10:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 (2021 ᠣᠨ᠎ᠤ 3 ᠰᠠᠷ᠎ᠠ᠎ᠶ᠋ᠢᠨ 11 ᠎ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠪᠠᠲᠤᠯᠠᠪᠠ)

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠲᠤᠬᠠᠢ ᠱᠢᠢᠳᠪᠦᠷᠢ

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠌ ᠬᠢᠨᠠᠨ ᠵᠥᠪᠯᠡᠪᠡ᠃ ᠬᠤᠷᠠᠯ᠎ᠠᠴᠠ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠣᠯᠤᠭ᠍ᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠠᠷ ᠦᠨᠡᠯᠡᠵᠦ᠍᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠥᠩᠭᠡᠷᠡᠭ᠌ᠰᠡᠨ ᠨᠢᠭᠡ ᠵᠢᠯ᠎ᠤᠨ ᠠᠵᠢᠯ᠎ᠢ ᠭᠦᠶᠴᠡᠳ ᠨᠤᠲᠠᠯᠠᠵᠤ᠂ ᠢᠯᠡᠳᠭᠡᠯ᠎ᠳᠤ ᠳᠤᠷᠠᠳᠤᠭ᠍ᠰᠠᠨ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠭᠤᠤᠯ ᠬᠠᠷᠠᠯᠲᠠ ᠡᠭᠦᠷᠭᠡ ᠪᠣᠯᠤᠨ 2021 ᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠪᠣᠯᠤᠨ ᠠᠵᠢᠯ᠎ᠤᠨ ᠪᠠᠢᠷᠢᠯᠠᠭᠤᠯᠤᠯᠲᠠ᠎ᠶ᠋ᠢ ᠵᠥᠪᠱᠢᠶᠡᠷᠡᠵᠦ᠍᠂ ᠲᠤᠰ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠠᠷ ᠲᠣᠭ᠍ᠲᠠᠪᠠ᠃

ᠬᠤᠷᠠᠯ᠎ᠠᠴᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ  ᠪᠤᠯᠤᠨ ᠨᠠᠮ ᠎ᠤᠨ  ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠵᠤ᠂  《ᠳᠥᠷᠪᠡᠨ ᠢᠲᠡᠭᠡᠯ》 ᠎ᠢᠶᠠᠨ ᠪᠠᠲᠤᠳᠭᠠᠵᠤ᠂   《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂   ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠭᠤᠣᠯ ᠱᠢᠵᠢᠮ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠬᠠᠷᠠᠯᠳᠠ ᠪᠣᠯᠭᠠᠵᠤ᠂ ᠱᠢᠰᠲ᠋ᠧᠮᠳᠤ ᠦᠵᠡᠯᠲᠡ᠎ᠶ᠋ᠢ ᠪᠠᠷᠢᠮᠲᠠᠯᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠤ᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠢ᠎ᠶ᠋ᠢᠨ ᠡᠷᠭᠢᠯᠳᠡ᠎ᠶ᠋ᠢ ᠢᠮᠠᠭ᠍ᠲᠠ ᠵᠣᠬᠢᠰᠲᠠᠢ ᠬᠡᠪᠴᠢᠶᠠᠨ᠎ᠳᠤ ᠪᠠᠢᠯᠭᠠᠵᠤ᠂ ᠠᠵᠤ ᠠᠬᠤᠢ ᠨᠡᠢᠭᠡᠮ᠎ᠤᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠮᠡᠷᠡᠢᠨ ᠳᠠᠪᠱᠢᠵᠤ᠂ ᠯᠠᠪᠳᠠᠭᠤᠨ ᠪᠠᠳᠤᠳᠠᠢ ᠠᠵᠢᠯᠯᠠᠵᠤ᠂ 《ᠠᠷᠪᠠᠨ ᠳᠦᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠶ᠋ᠢ ᠪᠠᠳᠤᠯᠠᠵᠤ᠂ ᠱᠢᠯᠢᠳᠡᠭ ᠠᠮᠵᠢᠯᠳᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠰᠦᠭᠡᠢ ᠭᠡᠵᠤ ᠤᠷᠢᠶᠠᠯᠠᠪᠠ᠃ (ᠱᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 11 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号