ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠳᠠᠷᠤᠭ᠎ᠠ ᠵᠧᠦ ᠴᠢᠶᠠᠩ᠎ᠤᠨ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃ ᠬᠤᠷᠠᠯ᠎ᠠᠴᠠ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠤ ᠳᠤᠷᠠᠳᠤᠭ᠍ᠰᠠᠨ 2021 ᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠳᠡ᠎ᠶ᠋ᠢ ᠵᠥᠪᠱᠢᠶᠡᠷᠡᠬᠦ᠌᠎ᠪᠠᠷ ᠲᠣᠭ᠍ᠲᠠᠪᠠ᠃
ᠬᠤᠷᠠᠯ᠎ᠠᠴᠠ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠬᠦᠳᠡ ᠬᠤᠷᠠᠯ᠎ᠤᠨ ᠵᠤᠷᠢᠬ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠳᠠᠯᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠱᠢᠰᠲ᠋ᠧᠮᠳᠣ ᠦᠵᠡᠯᠲᠡ᠂ ᠬᠠᠤᠯᠢᠵᠢᠯ᠎ᠤᠨ ᠰᠡᠳᠭᠢᠬᠦᠶ᠂ ᠰᠠᠭᠤᠷᠢ᠎ᠶ᠋ᠢ ᠴᠢᠩᠭᠠᠳᠭᠠᠬᠤ ᠤᠳᠤᠷᠢᠳᠤᠮᠵᠢ᠎ᠶ᠋ᠢ ᠨᠡᠩ ᠠᠩᠬᠠᠷᠣᠨ ᠬᠦᠨᠳᠦᠳᠭᠡᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠶᠴᠡᠳᠭᠡᠵᠦ᠍᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠎ᠢ ᠬᠦᠴᠦᠯᠡᠨ ᠬᠠᠮᠠᠭᠠᠯᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠪᠠᠲᠤᠯᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠠᠬᠢᠭᠤᠯᠵᠤ᠂ ᠠᠷᠠᠳ ᠲᠦᠮᠡᠨ᠎ᠤ ᠠᠮᠤᠷ ᠵᠢᠷᠭᠠᠨ ᠠᠵᠤ ᠲᠦᠷᠦᠭᠦ᠎ᠶ᠋ᠢ ᠪᠠᠲᠤᠯᠠᠵᠤ᠂ ᠬᠠᠤᠯᠢ ᠪᠠᠷᠢᠬᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠶᠤᠨᠴᠢ ᠱᠢᠭᠦᠬᠦ᠌ ᠬᠤᠷᠢᠶ᠎ᠠ᠎ᠶ᠋ᠢ ᠲᠦᠷᠭᠡᠳᠭᠡᠨ ᠪᠠᠢᠭᠤᠯᠵᠤ᠂ ᠴᠠᠭᠠᠷᠠᠭ᠍ᠰᠠᠨ ᠱᠢᠭᠦᠬᠦ᠌ ᠬᠤᠷᠢᠶᠠᠨ᠎ᠤ ᠡᠩᠨᠡᠭᠡ᠎ᠶ᠋ᠢ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠱᠢᠭᠦᠬᠦ᠌ ᠬᠤᠷᠢᠶᠠᠨ᠎ᠤ ᠵᠥᠷᠢᠴᠡᠯ ᠵᠢᠭᠤᠷᠠᠭᠠᠨ᠎ᠢ ᠨᠠᠮᠳᠠᠭᠤᠯᠬᠤ᠂ ᠠᠷᠠᠳ ᠤᠯᠠᠨ᠎ᠳᠤ ᠦᠢᠯᠡᠴᠢᠯᠡᠬᠦ᠌ ᠴᠢᠳᠠᠪᠤᠷᠢ ᠲᠦᠪᠱᠢᠨ᠎ᠢᠶᠠᠨ ᠲᠠᠰᠤᠷᠠᠯᠳᠠ ᠦᠬᠡᠢ ᠲᠡᠭᠡᠭ᠌ᠰᠢᠯᠡᠬᠦᠯᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠩᠬᠠᠨ᠎ᠤ ᠠᠯᠬᠤᠮ᠎ᠢ ᠰᠠᠢᠬᠠᠨ ᠡᠬᠢᠯᠡᠭᠦᠯᠬᠦ᠌᠎ᠳᠤ ᠬᠠᠤᠯᠢ ᠪᠠᠷᠢᠬᠤ ᠬᠦᠴᠦᠲᠡᠢ ᠪᠠᠲᠤᠯᠠᠭ᠎ᠠ ᠬᠠᠩᠭᠠᠵᠤ᠂ ᠱᠢᠯᠢᠳᠡᠭ ᠠᠮᠵᠢᠯᠳᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠬᠡᠯᠡᠬᠦ᠌ ᠬᠡᠷᠡᠭ᠌ᠳᠡᠢ ᠬᠡᠵᠦ᠍ ᠱᠠᠭᠠᠷᠳᠠᠪᠠ᠃ (ᠱᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 11 ᠤ ᠴᠠᠬᠢᠯᠭᠠᠠ ᠮᠡᠳᠡᠭᠡ)
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号