ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ ᠵᠠᠩ ᠵᠢᠶᠦ᠋ᠨ᠎ᠤ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠣ ᠬᠢᠨᠠᠨ ᠵᠥᠪᠯᠡᠪᠡ᠃ ᠬᠤᠷᠠᠯ᠎ᠠᠴᠠ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠠ᠎ᠳᠤ ᠳᠤᠷᠠᠳᠤᠭ᠍ᠰᠠᠨ 2021 ᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠠ᠎ᠶ᠋ᠢ ᠵᠥᠪᠱᠢᠶᠡᠷᠡᠬᠦ᠌᠎ᠪᠠᠷ ᠲᠣᠭ᠍ᠲᠠᠵᠠᠢ᠃
ᠬᠤᠷᠠᠯ᠎ᠠᠴᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠣ᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠠ᠂ ᠱᠢᠰᠲ᠋ᠧᠮᠳᠣ ᠦᠵᠡᠯᠲᠡ᠂ ᠬᠠᠤᠯᠢᠵᠢᠯ᠎ᠤᠨ ᠰᠡᠳᠭᠢᠬᠦᠶ᠂ ᠰᠠᠭᠤᠷᠢ᠎ᠶ᠋ᠢ ᠴᠢᠩᠭᠠᠳᠭᠠᠬᠤ ᠤᠳᠤᠷᠢᠳᠤᠮᠵᠢ᠎ᠶ᠋ᠢ ᠨᠠᠩ ᠠᠩᠬᠠᠷᠣᠨ ᠬᠦᠨᠳᠦᠳᠭᠡᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢᠴᠡᠳᠭᠡᠨ᠂ ᠤᠯᠤᠰ᠎ᠤᠨ ᠤᠯᠤᠰ ᠲᠦᠷᠦ᠎ᠶ᠋ᠢᠨ ᠠᠮᠤᠷ ᠲᠦᠪᠱᠢᠨ᠎ᠢ ᠬᠦᠴᠦᠯᠡᠨ ᠬᠠᠮᠠᠭᠠᠯᠠᠵᠤ᠂ ᠨᠡᠢᠭᠡᠮ᠎ᠤᠨ ᠲᠣᠭ᠍ᠲᠠᠭᠤᠨ᠎ᠤ ᠶᠡᠭᠡ ᠲᠠᠯ᠎ᠠ᠎ᠶ᠋ᠢ ᠦᠨᠡᠨ ᠬᠦ᠌ ᠪᠠᠳᠤᠯᠠᠠ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠠᠬᠢᠭᠤᠯᠵᠣ᠂ ᠠᠷᠠᠳ ᠲᠦᠮᠡᠨ᠎ᠤ ᠠᠮᠤᠷ ᠵᠢᠷᠭᠠᠨ ᠠᠵᠤ ᠲᠦᠷᠦᠭᠦ᠎ᠶ᠋ᠢ ᠪᠠᠲᠤᠯᠠᠵᠤ᠂ ᠬᠠᠤᠯᠢ ᠪᠠᠷᠢᠬᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠤ᠂ ᠤᠯᠤᠰ ᠲᠥᠷᠥ᠎ᠶ᠋ᠢᠨ ᠤᠬᠠᠮᠰᠠᠷ᠂ ᠬᠠᠤᠯᠢᠵᠢᠯ᠎ᠤᠨ ᠤᠬᠠᠮᠰᠠᠷ᠂ ᠪᠠᠢᠴᠠᠭᠠᠬᠤ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠴᠠᠭᠠᠷᠠᠭ᠍ᠰᠠᠨ ᠪᠠᠢᠴᠠᠭᠠᠬᠤ ᠡᠩᠨᠡᠭᠡ᠎ᠶ᠋ᠢ ᠪᠠᠢᠭᠤᠯᠵᠤ᠂ ᠡᠷᠡᠭᠦᠦ᠎ᠶ᠋ᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭᠠᠨ᠎ᠤ ᠬᠡᠷᠡᠭ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠵᠣᠬᠢᠴᠠᠩᠭᠤᠢ᠎ᠪᠠᠷ ᠭᠦᠢᠴᠡᠳ ᠬᠥᠭ᠌ᠵᠢᠬᠦ᠌᠎ᠶ᠋ᠢ ᠠᠬᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠩᠬᠠᠨ᠎ᠤ ᠠᠯᠬᠤᠮ᠎ᠢ ᠰᠠᠢᠬᠠᠨ ᠡᠬᠢᠯᠡᠭᠦᠯᠬᠦ᠌᠎ᠳᠤ ᠬᠠᠤᠯᠢ ᠪᠠᠷᠢᠬᠤ ᠬᠦᠴᠦᠲᠡᠢ ᠪᠠᠲᠤᠯᠠᠭ᠎ᠠ ᠬᠠᠩᠭᠠᠵᠤ᠂ ᠱᠢᠯᠢᠳᠡᠭ ᠠᠮᠵᠢᠯᠳᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠬᠡᠷᠡᠭ᠌ᠳᠡᠢ ᠬᠡᠵᠤ ᠱᠠᠭᠠᠷᠳᠠᠪᠠ᠃ (ᠱᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 11 ᠤ ᠴᠠᠬᠢᠯᠭᠠᠨ ᠮᠡᠳᠡᠭᠡ)
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号