ᠤᠷᠢᠬᠠᠨ ᠬᠠᠪᠤᠷ᠎ᠤᠨ ᠡᠨᠡ ᠮᠦᠴᠡ᠎ᠳᠤ ᠴᠤᠭ᠍ᠯᠠᠷᠠᠵᠤ᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠨ᠎ᠠ᠃ 3 ᠰᠠᠷ᠎ᠠ᠎ᠶ᠋ᠢᠨ 11 ᠤ ᠦᠳᠡ᠎ᠶ᠋ᠢᠨ ᠬᠤᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯ᠎ᠢᠶᠠᠨ ᠲᠡᠭᠦᠰ ᠠᠮᠵᠢᠯᠲᠠ᠎ᠲᠠᠢ ᠪᠡᠶᠡᠯᠡᠬᠦᠯᠦᠭᠡᠳ᠂ ᠠᠮᠵᠢᠯᠲᠠ᠎ᠲᠠᠢ ᠲᠡᠭᠦᠰᠪᠡ᠃
ᠬᠤᠷᠠᠯ᠎ᠤᠨ ᠬᠤᠭᠤᠴᠠᠭᠠᠨ᠎ᠳᠤ᠂ ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠶᠡᠭᠡ ᠬᠤᠷᠠᠯ᠎ᠤᠨ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠠᠷᠭ᠎ᠠ ᠤᠬᠠᠭᠠᠨ ᠲᠠᠪᠱᠢᠬᠦᠯᠵᠤ᠂ 9 ᠲᠦᠷᠦᠯ᠎ᠤᠨ 123 ᠬᠤᠪᠢ ᠰᠠᠨᠠᠭᠤᠯᠭ᠎ᠠ ᠳᠤᠷᠠᠳᠴᠤ᠌᠂ ᠤᠯᠤᠰ᠎ᠤᠨ ᠬᠠᠮᠢᠶ᠎ᠠ ᠪᠦᠬᠦᠢ ᠶᠠᠮᠤᠨ ᠵᠥᠪᠯᠡᠯ᠎ᠯᠦᠭᠡ ᠬᠤᠯᠪᠣᠭ᠍ᠳᠠᠯ ᠪᠦᠬᠦᠢ ᠰᠠᠨᠠᠭᠤᠯᠭ᠎ᠠ᠎ᠶ᠋ᠢ ᠱᠢᠢᠳᠪᠦᠷᠢᠯᠡᠭ᠌ᠰᠡᠨ ᠪᠠᠢᠳᠠᠯ᠎ᠤᠨ ᠲᠤᠬᠠᠢ ᠢᠳᠡᠪᠬᠢᠲᠡᠢ ᠵᠣᠯᠭᠠᠯᠴᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠶ᠋ᠢᠨ ᠲᠦᠰᠦᠯ᠎ᠢ ᠰᠠᠢᠲᠤᠷ ᠲᠣᠭ᠍ᠲᠠᠭᠠᠬᠤ᠎ᠳᠤ ᠠᠷᠭ᠎ᠠ ᠤᠬᠠᠭᠠᠨ ᠰᠦᠪᠡᠭ᠌ᠴᠢᠯᠡᠨ ᠥᠭ᠌ᠴᠦ᠂ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠤᠯᠤᠰ᠎ᠤᠨ ᠳᠡᠮᠵᠢᠯᠭᠡ᠎ᠶ᠋ᠢ ᠢᠳᠡᠪᠬᠢᠲᠡᠢ ᠲᠡᠮᠡᠴᠡᠨ ᠣᠯᠵᠤ᠂ ᠠᠷᠠᠳ᠎ᠤᠨ ᠲᠥᠯᠥᠭᠡᠯᠡᠭ᠌ᠴᠢ᠎ᠶ᠋ᠢᠨ ᠠᠷᠠᠳ ᠲᠦᠮᠡᠨ᠎ᠯᠦᠭᠡ ᠰᠡᠳᠭᠢᠯ ᠵᠢᠷᠦᠬᠡ᠎ᠪᠠᠨ ᠬᠤᠯᠪᠣᠵᠤ᠂ ᠪᠦᠬᠦ᠌ ᠰᠡᠳᠭᠢᠯ᠎ᠢᠶᠠᠷ᠎ᠢᠶᠠᠨ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭ᠎ᠠ ᠡᠬᠦᠷᠬᠡᠯᠡᠯ᠎ᠢ ᠢᠯᠡᠷᠡᠭᠦᠯᠪᠡ᠃
ᠤᠳᠠᠭ᠎ᠠ ᠪᠦᠷᠢ᠎ᠶ᠋ᠢᠨ ᠴᠢᠬᠤᠯᠠ ᠶᠡᠭᠡ ᠴᠠᠭ ᠮᠥᠴᠡ᠎ᠶ᠋ᠢᠨ ᠡᠬᠢᠯᠡᠯᠲᠡ᠎ᠨᠢ ᠴᠥᠮ ᠨᠢᠭᠡ ᠤᠳᠠᠭ᠎ᠠ᠎ᠶ᠋ᠢᠨ ᠴᠣ᠌ ᠱᠢᠨ᠎ᠡ ᠮᠤᠷᠳᠠᠯᠳᠠ ᠪᠤᠯᠬᠤ ᠶᠤᠮ᠃ ᠬᠤᠷᠠᠯ᠎ᠤᠨ ᠲᠠᠯᠠᠪᠠᠢ᠎ᠠᠴᠠ ᠭᠠᠷᠬᠤ᠎ᠳᠤ᠂ ᠲᠥᠯᠥᠭᠡᠯᠡᠭ᠌ᠴᠢᠳ ᠪᠦᠬᠦᠨ ᠢᠲᠡᠭᠡᠯ ᠲᠡᠭᠦᠯᠳᠡᠷ ᠪᠠᠢᠯ᠎ᠠ᠃ ᠠᠳᠡ᠎ᠠᠴᠠ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠲᠡᠳᠡ ᠨᠡᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠱᠢᠨ᠎ᠡ ᠠᠶᠠᠨ᠎ᠳᠠᠭᠠᠨ ᠲᠡᠬᠢᠨᠳᠡ ᠮᠣᠷᠳᠠᠵᠤ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠱᠢᠨ᠎ᠡ ᠬᠠᠷᠢᠭᠤᠯᠳᠠ᠎ᠶ᠋ᠢᠨ ᠬᠠᠭᠤᠳᠠᠰᠤ᠎ᠶ᠋ᠢ ᠪᠢᠴᠢᠭ᠌ᠯᠡᠬᠦ᠌ ᠪᠣᠯᠤᠨ᠎ᠠ᠃
ᠱᠢᠨ᠎ᠠ ᠠᠶᠠᠨ᠎ᠳᠠᠭᠠᠨ ᠮᠤᠷᠳᠠᠨ᠎ᠠ᠂ ᠡᠨᠡ ᠬᠠᠪᠤᠷ᠎ᠤᠨ ᠬᠠᠮᠤᠭ᠎ᠤᠨ ᠰᠡᠳᠭᠢᠯ ᠬᠥᠳᠡᠯᠭᠡᠮ᠎ᠡ ᠳᠠᠭᠤᠨ; ᠱᠢᠨ᠎ᠠ ᠠᠶᠠᠨ᠎ᠳᠠᠭᠠᠨ ᠮᠤᠷᠳᠠᠨ᠎ᠠ᠂ ᠡᠨᠡ ᠴᠠᠭ ᠡᠨᠡ ᠮᠦᠴᠡ᠎ᠶ᠋ᠢᠨ ᠬᠠᠮᠤᠭ᠎ᠤᠨ ᠬᠠᠩᠭᠢᠨᠠᠮ᠎ᠠ ᠪᠦᠷᠢᠶ᠎ᠡ᠃
《ᠡᠨᠡ ᠤᠳᠠᠭ᠎ᠠ᠎ᠶ᠋ᠢᠨ ᠶᠡᠭᠡ ᠬᠤᠷᠠᠯ᠎ᠠᠴᠠ ᠪᠠᠲᠤᠯᠠᠭ᠍ᠰᠠᠨ ᠡᠯ᠎ᠡ ᠵᠦᠢᠯ᠎ᠤᠨ ᠮᠡᠳᠡᠭᠦᠯᠦᠯᠲᠡ ᠪᠠ ᠲᠣᠭ᠍ᠲᠠᠭᠠᠯ᠂ ᠤᠨᠴᠠᠭᠠᠢᠯᠠᠨ 〈ᠠᠷᠪᠠᠨ ᠳᠥᠷᠪᠡᠳᠦᠭᠡᠷ ᠲᠠᠪᠤᠨ ᠵᠢᠯ〉 ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠶ᠋ᠢᠨ ᠲᠦᠰᠦᠯ᠎ᠨᠢ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠬᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠲᠣᠭᠤᠷᠢᠨ᠎ᠳᠤ᠂ ᠱᠢᠨᠵᠢᠯᠡᠬᠦ᠌ ᠤᠬᠠᠭᠠᠨᠴᠢ ᠬᠠᠷᠠᠯᠲᠠ᠂ ᠴᠢᠭ᠌ᠯᠡᠯ ᠪᠠ ᠠᠷᠭ᠎ᠠ ᠵᠠᠮ᠎ᠢ ᠵᠢᠷᠤᠭ᠍ᠯᠠᠵᠤ᠂ 〈ᠠᠷᠪᠠᠨ ᠳᠥᠷᠪᠡᠳᠦᠭᠡᠷ ᠲᠠᠪᠤᠨ ᠵᠢᠯ〉 ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠴᠢᠬᠤᠯᠠ ᠰᠠᠭᠤᠷᠢ᠎ᠶ᠋ᠢ ᠲᠠᠯᠪᠢᠬ᠍ᠰᠠᠨ ᠪᠠᠢᠨ᠎ᠠ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠮᠧᠩ ᠱᠢᠶᠠᠨ ᠳ᠋ᠦᠩ᠂ 《ᠤᠯᠠᠭᠠᠨᠬᠠᠳᠠ ᠬᠤᠳᠠ᠎ᠨᠢ ᠶᠡᠷᠦᠩᠬᠡᠢ ᠱᠦᠵᠢ᠎ᠶ᠋ᠢᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠳᠡᠭᠡᠷ᠎ᠡ ᠬᠦᠢᠴᠡᠳ ᠬᠦᠴᠦ᠍ ᠲᠠᠯᠪᠢᠵᠤ᠂ ᠰᠡᠳᠭᠢᠮᠵᠢ ᠠᠷᠭ᠎ᠠ ᠠᠪᠴᠠᠯ᠎ᠢᠶᠠᠨ ᠲᠡᠭᠦᠯᠳᠡᠷᠵᠢᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠳᠠ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠪᠣᠳᠠᠲᠠᠢ ᠪᠠᠢᠳᠠᠯ᠎ᠠᠴᠠ ᠡᠭᠦᠰᠴᠦ᠍ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠳᠠᠬᠢ ᠤᠯᠠᠭᠠᠨᠬᠠᠳᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠷᠢᠨ ᠣᠯᠵᠤ᠂ ᠨᠡᠩ ᠤᠬᠠᠮᠰᠠᠷ᠎ᠲᠠᠢ᠎ᠪᠠᠷ ᠭᠠᠳᠠᠭᠠᠳᠤ ᠨᠡᠭᠡᠭᠡᠯᠳᠠ᠎ᠪᠠᠨ ᠥᠷᠭᠡᠳᠭᠡᠵᠦ᠍᠂ ᠨᠠᠩ ᠰᠠᠨᠠᠭᠠᠴᠢᠯᠠᠭ᠎ᠠ᠎ᠲᠠᠢ᠎ᠪᠠᠷ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠠᠵᠢᠯ ᠬᠤᠪᠢᠶᠠᠷᠢᠯᠠᠨ ᠬᠠᠮᠵᠢᠯᠴᠠᠬᠤ᠎ᠳᠤ ᠢᠳᠡᠪᠬᠢᠲᠡᠢ ᠣᠷᠣᠯᠴᠠᠵᠤ᠂ ᠶᠡᠭᠡ ᠲᠠᠯ᠎ᠠ᠎ᠳᠤ ᠦᠢᠯᠡᠴᠢᠯᠡᠬᠦ᠂ ᠶᠡᠭᠡ ᠲᠠᠯ᠎ᠠ᠎ᠳᠤ ᠠᠭᠤᠰᠤᠯᠴᠠᠬᠤ ᠳᠤᠮᠳᠠ ᠨᠡᠩ ᠰᠠᠢᠳᠤᠷ ᠬᠥᠭ᠌ᠵᠢᠬᠦ᠌᠎ᠶ᠋ᠢ ᠪᠡᠶᠡᠯᠡᠭᠦᠯᠦᠨ᠎ᠡ》 ᠭᠡᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠱᠧᠨ ᠬᠤᠸᠠ ᠪᠦᠯᠦᠭ᠌ᠯᠡᠯ᠎ᠤᠨ ᠪᠤᠭᠤᠲᠤ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠵᠢᠶᠠ ᠷᠦᠨ ᠠᠨ᠄ 《ᠪᠢ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠷᠠᠳ ᠤᠯᠠᠨ᠎ᠤ ᠳᠤᠮᠳᠠ ᠪᠤᠰᠤᠳᠴᠢ᠎ᠪᠠᠷ᠂ ᠪᠦᠬᠦ᠌ ᠲᠠᠯ᠎ᠠ᠎ᠪᠠᠷ ᠳᠠᠮᠵᠢᠭᠤᠯᠵᠤ᠂ ᠶᠡᠷᠦᠩᠬᠡᠢ ᠱᠦᠵᠢ᠎ᠶ᠋ᠢᠨ ᠥᠪᠥᠷ ᠮᠣᠩᠭᠤᠯ᠎ᠤᠨ ᠠᠷᠠᠳ ᠲᠦᠮᠡᠨ᠎ᠳᠠᠬᠢ ᠳᠣᠲᠣᠨᠣ ᠬᠠᠯᠠᠮᠵᠢᠯᠠᠯ᠎ᠢ ᠳᠡᠷᠭᠡᠳᠡᠬᠢ ᠬᠥᠮᠦᠨ ᠨᠢᠭᠡᠪᠦᠷᠢ᠎ᠳᠤ ᠳᠠᠮᠵᠢᠭᠤᠯᠤᠨ᠎ᠠ᠃ ᠪᠢ ᠶᠡᠷᠦᠩᠬᠡᠢ ᠱᠦᠵᠢ᠎ᠶ᠋ᠢᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠡᠨᠧᠷᠭᠢ᠎ᠶ᠋ᠢᠨ ᠬᠦᠷᠢᠶ᠎ᠡ ᠴᠠᠷᠠᠭᠠᠨ᠎ᠳᠤ ᠦᠷᠭᠦᠯᠵᠢᠯᠡᠨ ᠦᠨᠳᠦᠰᠦᠯᠡᠵᠦ᠍᠂ ᠨᠡᠭᠦᠷᠡᠰᠦ᠎ᠶ᠋ᠢ ᠠᠷᠢᠭᠤᠨ ᠴᠡᠪᠡᠷ᠂ ᠥᠨᠳᠥᠷ ᠪᠦᠲᠦᠮᠵᠢᠲᠡᠢ ᠠᠱᠢᠬ᠍ᠯᠠᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ ᠨᠡᠩ ᠶᠡᠭᠡ ᠬᠦᠴᠦᠨ ᠴᠢᠳᠠᠯ᠎ᠢᠶᠠᠨ ᠡᠷᠭᠦᠨ᠎ᠡ》 ᠭᠡᠪᠠ᠃
ᠡᠨᠡ ᠵᠢᠯ ᠬᠤᠷᠠᠯ᠎ᠳᠤ ᠣᠷᠣᠯᠴᠠᠭ᠍ᠰᠠᠨ ᠮᠧᠩ ᠨᠢᠤ ᠰᠦ᠎ᠶ᠋ᠢᠨ ᠦᠢᠯᠡᠰ (ᠪᠦᠯᠦᠭ᠌ᠯᠡᠯ) ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠠᠴᠠ ᠢᠷᠡᠭ᠌ᠰᠡᠨ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠱ᠌ᠢ ᠢᠦᠶ ᠳ᠋ᠦᠩ 6 ᠬᠤᠪᠢ ᠰᠠᠨᠠᠭᠤᠯᠭ᠎ᠠ ᠳᠡᠪᠱᠢᠭᠦᠯᠪᠡ᠂ ᠡᠲᠡᠭᠡᠷ ᠰᠠᠨᠠᠭᠤᠯᠭ᠎ᠠ᠎ᠨᠢ ᠤᠯᠤᠰ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠣᠭᠤᠷᠢᠨ᠎ᠳᠤ᠂ ᠰᠦ᠎ᠶ᠋ᠢᠨ ᠦᠢᠯᠡᠳᠬᠦᠨ᠎ᠤ ᠠᠵᠢᠯ ᠲᠥᠷᠥᠯ᠎ᠤᠨ ᠡᠷᠡᠭᠦᠯ᠎ᠢᠶᠠᠷ ᠦᠷᠭᠦᠯᠵᠢᠯᠡᠨ ᠬᠥᠭ᠌ᠵᠢᠬᠦ᠌᠎ᠳᠤ ᠣᠶᠤᠨ ᠤᠬᠠᠭᠠᠨ᠎ᠢᠶᠠᠨ ᠡᠷᠭᠦᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠤ ᠠᠷᠭ᠎ᠠ ᠤᠬᠠᠭᠠᠨ ᠡᠷᠬᠦᠭ᠌ᠰᠡᠨ ᠪᠠᠢᠨ᠎ᠠ᠃ 《ᠰᠦ᠎ᠶ᠋ᠢᠨ ᠦᠢᠯᠡᠳᠬᠦᠨ᠎ᠤ ᠠᠵᠢᠯ ᠲᠥᠷᠥᠯ᠎ᠤᠨ ᠲᠠᠭᠠᠭᠤᠯᠤᠬ᠍ᠴᠢ ᠠᠵᠤ ᠠᠬᠤᠢᠯᠠᠯ ᠪᠠ ᠰᠦ᠎ᠶ᠋ᠢᠨ ᠦᠶᠯᠡᠰ᠎ᠢ ᠬᠥᠭ᠌ᠵᠢᠭᠦᠯᠦᠨ ᠮᠠᠨᠳᠤᠭᠤᠯᠬᠤ 《ᠤᠯᠤᠰ᠎ᠤᠨ ᠠᠩᠭᠢ》 ᠪᠣᠯᠤᠭ᠍ᠰᠠᠨ᠎ᠤ ᠬᠤᠪᠢ᠎ᠳᠤ᠂ ᠪᠢᠳᠠᠡᠤ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠣᠢᠯᠠᠭᠠᠵᠤ ᠪᠠᠢᠨ᠎ᠠ》᠃ ᠱ᠌ᠢ ᠢᠦᠢ ᠳ᠋ᠦᠩ᠂ 《ᠪᠢᠳᠠ ᠤᠯᠤᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠤᠨ ᠱᠢᠨ᠎ᠡ ᠬᠠᠷᠠᠯᠲᠠ᠎ᠳᠤ ᠪᠠᠲᠤ ᠰᠠᠭᠤᠷᠢᠯᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠵᠠᠮ ᠱᠤᠭᠤᠮ᠎ᠢ ᠱᠠᠯᠠᠪᠳᠠᠨ ᠲᠥᠯᠥᠪᠵᠢᠭᠦᠯᠦᠨ᠎ᠡ᠃ ᠲᠠᠪᠠᠯᠳᠠ᠎ᠶ᠋ᠢᠨ ᠮᠠᠶᠢᠭ᠎ᠤᠨ ᠬᠥᠭ᠌ᠵᠢᠯᠲᠡ᠎ᠶ᠋ᠢ ᠰᠠᠢᠲᠤᠷ ᠬᠢᠬᠦ᠌ ᠶᠠᠪᠤᠴᠠ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠨ᠎ᠡ》 ᠬᠡᠵᠡᠢ᠃
ᠥᠪᠥᠷ ᠮᠣᠩᠭᠤᠯ᠎ᠤᠨ ᠶᠡᠭᠡ ᠬᠢᠩᠭᠠᠨ ᠳᠠᠪᠠᠭ᠎ᠠ᠎ᠶ᠋ᠢᠨ ᠰᠧᠨ ᠬᠦᠩ ᠪᠦᠯᠦᠭ᠌ᠯᠡᠯ᠎ᠠᠴᠠ ᠢᠷᠡᠭ᠌ᠰᠡᠨ ᠵᠧᠦ ᠢ ᠵᠧ ᠲᠥᠯᠥᠭᠡᠯᠡᠭ᠌ᠴᠢ ᠶᠡᠷᠦᠩᠬᠡᠢ ᠱᠦᠵᠢ᠎ᠳᠤ ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠬᠡᠯᠪᠡᠷᠢ᠎ᠪᠠᠨ ᠬᠤᠪᠢᠷᠠᠭᠤᠯᠵᠤ ᠬᠦᠭ᠌ᠵᠢᠭ᠌ᠰᠡᠨ ᠪᠠ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠮᠢᠶ᠎ᠠ ᠪᠦᠬᠦᠢ ᠪᠠᠢᠳᠠᠯ᠎ᠢ ᠬᠠᠷᠢᠭᠤ ᠮᠡᠳᠡᠭᠦᠯᠪᠡ᠃ ᠲᠡᠭᠦᠨ᠎ᠤ ᠳᠤᠷᠠᠳᠤᠭ᠍ᠰᠠᠨ ᠰᠠᠨᠠᠭᠤᠯᠭ᠎ᠠ᠎ᠨᠢ ᠨᠢᠬᠡᠨᠳᠡ ᠶᠡᠭᠡ ᠬᠤᠷᠠᠯ᠎ᠤᠨ ᠬᠤᠭᠤᠴᠠᠭᠠᠨ᠎ᠳᠤ ᠤᠯᠤᠰ᠎ᠤᠨ ᠬᠠᠮᠢᠶ᠎ᠠ ᠪᠦᠬᠦᠢ ᠶᠠᠮᠤᠨ ᠵᠦᠪᠯᠡᠯ᠎ᠤᠨ ᠬᠠᠷᠢᠭᠤᠯᠲᠠ᠎ᠶ᠋ᠢ ᠣᠯᠤᠭ᠍ᠰᠠᠨ ᠪᠠᠢᠨ᠎ᠠ᠃ 《ᠡᠨᠡ ᠤᠳᠠᠭ᠎ᠠ᠎ᠶ᠋ᠢᠨ ᠪᠡᠭᠡᠵᠢᠩ᠎ᠤᠨ ᠠᠶᠠᠯᠠᠯ᠎ᠨᠢ ᠨᠠᠳᠠ᠎ᠳᠤ ᠳᠦᠭᠦᠷᠡᠩ ᠣᠯᠤᠯᠲᠠ᠎ᠲᠠᠢ ᠰᠠᠨᠠᠭ᠍ᠳᠠᠵᠤ ᠪᠠᠢᠨ᠎ᠠ᠃ ᠬᠠᠷᠢᠭ᠍ᠰᠠᠨ᠎ᠤ ᠳᠠᠷᠠᠭ᠎ᠠ ᠪᠢ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯᠴᠢᠨ ᠨᠥᠬᠦᠳ᠎ᠲᠡᠭᠡᠨ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠬᠠᠢᠷ᠎ᠠ ᠬᠠᠯᠠᠮᠵᠢ᠎ᠶ᠋ᠢ ᠰᠠᠢᠲᠤᠷ ᠤᠯᠠᠮᠵᠢᠯᠠᠵᠤ᠂ ᠣᠯᠠᠨ᠎ᠤ ᠡᠨᠡ ᠬᠦ᠌ ᠬᠡᠰᠡᠭ ᠬᠥᠬᠡᠮᠳᠦᠭ ᠨᠣᠭᠤᠭᠠᠨ ᠠᠭᠤᠯᠠ ᠤᠰᠤ᠎ᠪᠠᠨ ᠨᠠᠩ ᠡᠷᠡᠰ ᠪᠠᠲᠤ᠎ᠪᠠᠷ ᠰᠠᠬᠢᠨ ᠬᠠᠮᠠᠭᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ 〈ᠤᠤᠯ ᠥᠩᠭᠡ〉 ᠶ᠋ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ᠎ᠪᠠᠷ ᠵᠣᠷᠢᠭ᠍ᠵᠢᠭᠤᠯᠤᠨ᠎ᠠ》 ᠬᠡᠪᠡ᠃
ᠡᠭᠦᠷᠭᠡ ᠬᠦᠨᠳᠦ ᠵᠠᠮ ᠬᠤᠯᠠ᠂ ᠤᠷᠤᠭ᠍ᠰᠢᠯᠠᠪᠠᠰᠤ ᠬᠦᠷᠦᠮᠤᠢ; ᠠᠶᠠᠨ ᠵᠠᠮ ᠤᠷᠲᠤ᠎ᠠᠴᠠ ᠤᠷᠳᠤ᠂ ᠵᠦᠪᠬᠡᠨ ᠲᠡᠮᠡᠴᠡᠬᠦ᠌ ᠯᠡ ᠬᠡᠷᠡᠭ᠌ᠳᠡᠢ᠃ ᠲᠥᠯᠥᠭᠡᠯᠡᠭ᠌ᠴᠢᠳ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ᠌ ᠲᠠᠯ᠎ᠠ᠎ᠪᠠᠷ ᠤᠢᠯᠠᠭᠠᠨ ᠲᠤᠭᠤᠱᠢᠯᠠᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠬᠤᠪᠢ ᠳᠠᠬᠢᠨ ᠨᠠᠨᠳᠢᠩᠨᠠᠵᠤ᠂ ᠬᠤᠷᠠᠯ᠎ᠤᠨ ᠵᠣᠷᠢᠭ ᠰᠠᠨᠠᠭᠠᠨ᠎ᠤ ᠰᠠᠢᠨ 《ᠤᠬᠠᠭᠤᠯᠤᠭ᠍ᠴᠢ》 ᠪᠠ 《ᠦᠶᠯᠡᠳᠦᠯᠭᠡᠵᠢᠭᠦᠯᠦᠭ᠌ᠴᠢ》 ᠪᠣᠯᠵᠣ᠂ ᠡᠭᠦᠷᠭᠡ ᠲᠤᠱᠢᠶᠠᠯ᠎ᠢᠶᠠᠨ ᠨᠠᠷᠢᠨ ᠬᠢᠨᠠᠮᠠᠭᠠᠶ ᠭᠦᠢᠴᠡᠳᠭᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠰᠠᠢᠳᠤᠷ ᠡᠬᠢᠯᠡᠬᠦᠯᠬᠦ᠌᠎ᠶ᠋ᠢ ᠪᠠᠶᠡᠯᠡᠬᠦᠯᠵᠤ᠂ ᠱᠢᠯᠢᠳᠡᠭ ᠠᠮᠵᠢᠯᠳᠠ᠎ᠪᠠᠷ᠎ᠢᠶᠠᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌᠎ᠳᠤ ᠴᠥᠬᠦᠷᠡᠰᠢ ᠥᠬᠡᠶ ᠲᠡᠮᠡᠴᠡᠨ᠂ ᠵᠠᠮ ᠨᠡᠭᠡᠭᠡᠨ ᠤᠷᠤᠭ᠍ᠰᠢᠯᠠᠬᠤ ᠬᠦᠴᠦᠷᠬᠡᠭ ᠶᠡᠭᠡ ᠬᠦᠴᠦᠨ ᠴᠢᠳᠠᠯ᠎ᠢ ᠨᠢᠭ᠍ᠲᠠᠷᠠᠭᠤᠯᠤᠨ᠎ᠠ ᠭᠡᠵᠦ᠍ ᠢᠯᠡᠳᠭᠡᠵᠡᠭᠡᠪᠡ᠃