ᠠᠯᠳᠠᠨᠰᠠᠩ᠄ ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ ᠵᠠᠪᠠᠯ ᠪᠠᠭ᠍ᠰᠢ᠎ᠶ᠋ᠢ ᠰᠠᠢᠳᠤᠷ ᠬᠦᠮᠦᠵᠢᠬᠦᠯᠬᠦ᠌ ᠭᠡᠷᠡᠭ᠌ᠲᠡᠢ
2021-03-14 09:58:44
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

《ᠬᠤᠶᠠᠷ ᠬᠤᠷᠠᠯ》 ᠲᠡᠬᠦᠰᠦᠮᠡᠭ᠌ᠴᠡ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠭᠡᠱᠢᠬᠦᠨ᠂ ᠥᠪᠦᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠵᠠᠬᠢᠷᠤᠯ ᠠᠯᠳᠠᠨᠰᠠᠩ ᠲᠠᠷᠠ ᠳᠠᠷᠦ᠋ᠢᠬᠠᠨ ᠰᠤᠷᠭᠠᠭᠤᠯᠢ᠎ᠳᠠᠭᠠᠨ ᠪᠤᠴᠠᠵᠦ᠍᠂ ᠰᠤᠷᠭᠠᠭᠤᠯᠢ᠎ᠶ᠋ᠢᠨ ᠱᠢᠨᠵᠢᠯᠡᠭᠡᠨ᠎ᠤ ᠰᠠᠯᠠᠭᠠᠨ᠎ᠤ ᠪᠦᠳᠦᠭᠡᠨ ᠪᠠᠢᠭᠤᠯᠤᠯᠳᠠ᠂ ᠳ᠋ᠤᠺᠲ᠋ᠤᠷ ᠴᠤᠯᠠ   ᠤᠯᠭᠤᠬᠤ ᠴᠡᠭ᠎ᠢ ᠭᠤᠶᠤᠴᠢᠯᠠᠬᠤ ᠵᠡᠷᠭᠡ ᠠᠵᠢᠯ᠎ᠢᠶᠠᠨ ᠪᠠᠢᠷᠢᠯᠠᠭᠤᠯᠵᠦ᠍ ᠡᠬᠢᠯᠡᠵᠡᠢ᠃

ᠡᠨᠡ ᠵᠢᠯ᠎ᠤᠨ 《ᠬᠤᠶᠠᠷ ᠬᠤᠷᠠᠯ》 ᠎ᠤᠨ   ᠲᠤᠬᠠᠢ ᠶᠠᠷᠢᠬᠤ᠎ᠳᠠᠭᠠᠨ ᠠᠯᠳᠠᠨᠰᠠᠩ ᠲᠤᠬ᠍ᠳᠤᠯᠤᠭ᠍ᠰᠠᠨ ᠰᠡᠳᠭᠢᠯ᠎ᠢᠶᠠᠨ ᠳᠠᠷᠤᠵᠦ᠍ ᠶᠠᠳᠠᠨ᠄ 《ᠡᠨᠡ ᠵᠢᠯ᠎ᠤᠨ 〈ᠬᠤᠶᠠᠷ ᠬᠤᠷᠠᠯ〉 ᠬᠤᠭᠤᠴᠠᠭ᠎ᠠ ᠶᠤᠰᠤᠭᠠᠷ ᠬᠤᠷᠠᠯᠳᠤᠵᠦ᠍᠂ ᠲᠦᠯᠦᠭᠡᠯᠡᠭ᠌ᠴᠢᠳ ᠭᠡᠱᠢᠬᠦᠳ ᠬᠤᠪᠢ ᠲᠠᠬᠢᠨ ᠨᠠᠨᠳᠢᠩᠨᠠᠵᠦ᠍᠂ ᠪᠢᠳᠠ ᠪᠦᠬᠦ᠌ ᠤᠯᠤᠰ᠎ᠤᠨ ᠠᠷᠠᠳ ᠲᠦᠮᠡᠨ᠎ᠲᠠᠢ ᠠᠳᠠᠯᠢᠬᠠᠨ᠎ᠢᠶᠠᠷ ᠢᠳᠡᠭᠡᠯ ᠳᠡᠬᠦᠯᠳᠡᠷ ᠪᠤᠯᠵᠠᠢ᠂ ᠡᠨᠡ᠎ᠨᠢ ᠮᠠᠨ᠎ᠤ ᠡᠭᠡ ᠤᠯᠤᠰ ᠳᠡᠯᠡᠭᠡᠢ ᠳᠡᠭᠡᠷ᠎ᠠ ᠡᠩ ᠲᠡᠷᠢᠬᠦᠨ᠎ᠳᠤ ᠬᠢᠵᠢᠭ᠎ᠤᠨ ᠪᠠᠢᠳᠠᠯ ᠳᠠᠷᠬᠠᠨ ᠳᠡᠯᠭᠡᠷᠡᠬᠦ᠌᠎ᠶ᠋ᠢ ᠡᠵᠡᠮᠳᠡᠵᠦ᠍᠂ ᠨᠡᠢᠭᠡᠮ ᠵᠢᠷᠤᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠤᠬ᠍ᠳᠠᠬ᠍ᠰᠠᠨ ᠬᠠᠷᠠᠯᠳᠠ ᠵᠦᠭ᠎ᠢᠶᠠᠨ ᠢᠳᠡᠷᠡᠬᠦᠨ ᠠᠯᠬᠤᠭ᠎ᠠ᠎ᠪᠠᠷ ᠤᠷᠤᠬ᠍ᠰᠢᠯᠠᠵᠦ᠍ ᠪᠠᠢᠬᠤ᠎ᠶ᠋ᠢ ᠬᠠᠷᠠᠭᠤᠯᠵᠦ᠍ ᠪᠤᠢ᠃ ᠡᠨᠡ ᠵᠢᠯ ᠪᠤᠯ ᠳᠤᠮᠳᠠᠳᠤ ᠤᠯᠤᠰ᠎ᠤᠨ ᠡᠪ ᠬᠠᠮᠳᠦ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠂ ᠪᠠᠰᠠ ᠴᠦ᠍ ᠮᠠᠨ᠎ᠤ ᠤᠯᠤᠰ ᠨᠡᠢᠭᠡᠮ ᠵᠢᠷᠤᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠠ ᠠᠶᠠᠨ᠎ᠢ ᠡᠬᠢᠯᠡᠬᠦᠯᠬᠦ᠌ ᠠᠩᠬᠠᠳᠤᠭᠠᠷ ᠵᠢᠯ ᠪᠤᠯᠤᠨ᠎ᠠ᠃ ᠵᠠᠭᠤᠨ ᠵᠢᠯ᠎ᠤᠨ ᠲᠡᠦᠭᠡ᠎ᠪᠠᠨ ᠡᠷᠬᠢᠴᠡᠬᠦᠯᠬᠦᠶ᠎ᠠ᠂ ᠳᠤᠮᠳᠠᠳᠤ ᠤᠯᠤᠰ ᠦᠭᠡᠢᠬᠦᠦ ᠶᠠᠳᠠᠭᠤ ᠪᠠᠢᠬ᠍ᠰᠠᠨ᠎ᠠᠴᠠ᠎ᠪᠠᠨ ᠪᠦᠬᠦ᠌ ᠲᠠᠯ᠎ᠠ᠎ᠪᠠᠷ ᠶᠠᠳᠠᠭᠤ᠎ᠠᠴᠠ ᠠᠩᠬᠢᠵᠢᠷᠠᠵᠦ᠍᠂ ᠳᠡᠭ᠌ᠷᠢ ᠭᠠᠵᠠᠷ᠎ᠢ ᠲᠤᠩᠰᠤᠯᠭᠠᠭ᠍ᠰᠠᠨ ᠬᠤᠪᠢᠷᠠᠯᠳᠠ ᠭᠠᠷᠴᠠᠢ᠃ 〈ᠬᠤᠶᠠᠷ ᠬᠤᠷᠠᠯ〉 ᠎ᠤᠨ ᠬᠤᠭᠤᠴᠠᠭᠠᠨ᠎ᠳᠤ᠂ ᠲᠦᠯᠦᠭᠡᠯᠡᠭ᠌ᠴᠢᠳ ᠭᠡᠱᠢᠬᠦᠳ ᠡᠬᠦᠨ᠎ᠢ ᠶᠠᠷᠢᠬᠤ ᠪᠦᠷᠢ ᠴᠦᠮ ᠮᠠᠰᠢ ᠤᠮᠤᠬ᠍ᠰᠢᠵᠦ᠍ ᠪᠠᠢᠬ᠍ᠰᠠᠨ》 ᠭᠡᠯ᠎ᠠ᠃

《ᠨᠦᠬᠦᠷᠰᠡᠭ᠂ ᠬᠠᠯᠠᠭᠤᠮᠰᠤᠬ᠂ ᠠᠭᠤᠵᠢᠭᠤ ᠲᠠᠯᠪᠢᠭᠤ ᠪᠠᠢᠬᠤ ᠪᠤᠯ ᠮᠠᠨ᠎ᠤ ᠥᠪᠦᠷ ᠮᠤᠩᠭᠤᠯᠴᠤᠳ᠎ᠤᠨ ᠵᠤᠴᠢᠨᠰᠠᠬ ᠵᠠᠩ᠎ᠤᠨ ᠢᠯᠡᠷᠡᠯ ᠮᠦᠨ》᠂ 《ᠦᠨᠳᠦᠰᠦᠳᠡᠨ᠎ᠨᠦᠭᠦᠳ ᠠᠨᠠᠷ᠎ᠤᠨ ᠦᠷ᠎ᠠ ᠮᠠᠳᠤ ᠨᠢᠬ᠍ᠳᠠᠷᠠᠠ ᠪᠦᠯᠬᠦᠮᠳᠡᠪᠡᠯ  ᠰᠠᠶᠢ ᠨᠡᠩ ᠰᠠᠢᠨ ᠰᠠᠢᠬᠠᠨ ᠠᠮᠢᠳᠤᠷᠠᠯ᠎ᠢ ᠡᠳ᠋ᠯᠡᠵᠦ᠍ ᠴᠢᠳᠠᠨ᠎ᠠ》 ᠁ ᠭᠡᠱᠢᠬᠦᠳ᠎ᠤᠨ ᠰᠤᠷᠪᠤᠯᠵᠢᠯᠠᠭ᠎ᠠ ᠬᠦᠯᠢᠶᠡᠬᠦ᠌ ᠵᠠᠮ ᠳᠡᠭᠡᠷ᠎ᠠ ᠰᠤᠷᠪᠤᠯᠵᠢᠯᠠᠬ᠍ᠴᠢ᠎ᠶ᠋ᠢᠨ ᠳᠤᠷᠠᠳᠤᠭ᠍ᠰᠠᠨ ᠠᠰᠠᠭᠤᠯᠳᠠ᠎ᠶ᠋ᠢ ᠬᠠᠷᠢᠭᠤᠯᠬᠤ ᠦᠶ᠎ᠠ᠎ᠳᠤ᠂ ᠠᠯᠳᠠᠨᠰᠠᠩ᠎ᠤᠨ ᠦᠭᠡ ᠶᠠᠷᠢᠶ᠎ᠠ ᠬᠦᠮᠦᠰ᠎ᠲᠤ ᠬᠦᠨ ᠰᠠᠭᠤᠬ᠍ᠳᠠᠯ ᠦᠯᠡᠳᠡᠭᠡᠵᠡᠢ᠃ ᠠᠯᠳᠠᠨᠰᠠᠩ᠄ 《ᠮᠠᠨ᠎ᠤ ᠡᠢᠮᠦ᠍ ᠨᠢᠭᠡᠳᠦᠭ᠌ᠰᠡᠨ ᠣᠯᠠᠨ ᠦᠨᠳᠦᠰᠦᠲᠡᠨ᠎ᠲᠠᠢ ᠤᠯᠤᠰ᠎ᠲᠤ ᠠᠪᠴᠤ᠌ ᠬᠡᠯᠡᠪᠡᠯ᠂ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠶᠠᠭ ᠯᠠ ᠨᠡᠷᠡᠨ᠎ᠤ ᠭᠡᠷᠡᠯ᠂ ᠠᠭᠠᠷ ᠪᠠ ᠤᠰᠤᠠ ᠮᠡᠲᠦ᠍᠃ ᠪᠢᠳᠠ ᠶᠠᠷᠤᠩᠬᠡᠢ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠳᠤ ᠴᠡᠬᠡᠵᠢᠯᠠᠵᠤ᠂ ᠦᠨᠳᠤᠰᠤᠳᠠᠨ᠎ᠤ ᠪᠦᠯᠬᠦᠮᠳᠡᠯ᠎ᠤᠨ ᠢᠷᠠᠭᠤ ᠠᠯᠳᠠᠷᠳᠤ ᠤᠯᠠᠮᠵᠢᠯᠠᠯ ᠪᠤᠯᠤᠨ 〈ᠵᠢᠱ᠌ᠢᠶᠡᠴᠢ ᠦᠪᠡᠷᠳᠡᠭᠡᠨ ᠵᠠᠰᠠᠬᠤ ᠤᠷᠤᠨ〉 ᠎ᠤ ᠡᠷᠬᠢᠮ ᠲᠡᠭᠡᠳᠤ ᠢᠷᠠᠭᠤ ᠠᠯᠳᠠᠷ᠎ᠢᠶᠠᠨ ᠬᠤᠪᠢ ᠲᠠᠬᠢᠨ ᠨᠠᠨᠳᠢᠩᠨᠠᠨ ᠡᠷᠬᠢᠮᠯᠠᠵᠤ᠂ ᠦᠷᠬᠦᠯᠵᠢᠯᠠᠨ ᠪᠠᠷᠢᠮᠳᠠᠯᠠᠵᠤ᠂ ᠦᠨᠳᠤᠰᠤᠳᠠᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠳᠤᠳᠭᠠᠨ ᠬᠦᠭ᠌ᠵᠢᠬᠦᠯᠬᠦ᠌ ᠭᠡᠷᠡᠭ᠌ᠳᠠᠢ᠃ ᠠᠷᠠᠳ᠎ᠤᠨ ᠪᠠᠭ᠍ᠰᠢ ᠳᠤᠮᠳᠠᠳᠤ᠎ᠶ᠋ᠢᠨ ᠦᠨᠳᠤᠰᠤᠳᠠᠨ᠎ᠤ ᠮᠠᠷᠭᠠᠰᠢ᠎ᠶ᠋ᠢᠨ ᠨᠠᠷᠠᠨ᠎ᠢ ᠮᠠᠨᠳᠤᠭᠤᠯᠬᠤ ᠬᠦᠨᠳᠤ ᠡᠬᠦᠷᠬᠡ᠎ᠶ᠋ᠢ ᠡᠬᠦᠷᠬᠡᠯᠠᠵᠤ ᠪᠠᠢᠨ᠎ᠠ᠂ ᠮᠠᠨ᠎ᠤ ᠪᠠᠭ᠍ᠰᠢ᠎ᠶ᠋ᠢᠨ ᠶᠡᠭᠡ ᠲᠡᠭᠡᠳᠤ ᠰᠤᠷᠭᠠᠭᠤᠯᠢ᠎ᠶ᠋ᠢᠨ᠎ᠬᠢᠨ ᠵᠠᠪᠠᠯ ᠪᠠᠭ᠍ᠰᠢ᠎ᠶ᠋ᠢ ᠰᠠᠢᠨ ᠬᠦᠮᠤᠵᠢᠬᠦᠯᠵᠤ᠂ ᠳᠤᠮᠳᠠᠳᠤ᠎ᠶ᠋ᠢᠨ ᠦᠨᠳᠤᠰᠤᠳᠠᠨ᠎ᠤ ᠢᠷᠡᠬᠡᠳᠤᠢ᠎ᠳᠤ ᠪᠠᠳᠤ ᠰᠠᠭᠤᠷᠢ ᠲᠠᠯᠪᠢᠵᠤ ᠦᠭ᠌ᠬᠦ ᠭᠡᠷᠡᠭ᠌ᠳᠠᠢ》 ᠬᠡᠵᠤ ᠬᠡᠯᠡᠪᠡ᠃

ᠡᠨᠡ ᠵᠢᠯ᠎ᠤᠨ 《ᠬᠤᠶᠠᠷ ᠬᠤᠷᠠᠯ》 ᠳᠡᠭᠡᠷ᠎ᠠ᠂ ᠠᠯᠳᠠᠨᠰᠠᠩ 《ᠦᠨᠳᠤᠰᠤᠳᠠᠨ᠎ᠤ ᠤᠷᠤᠨ᠎ᠤ ᠪᠠᠭ᠍ᠰᠢ᠎ᠶ᠋ᠢᠨ ᠰᠤᠷᠭᠠᠨ ᠬᠦᠮᠤᠵᠢᠯ᠎ᠢ ᠲᠡᠮᠵᠢᠬᠦ᠌ ᠡᠷᠴᠢᠮ᠎ᠢ ᠴᠢᠩᠭᠠᠷᠠᠭᠤᠯᠬᠤ ᠲᠤᠬᠠᠢ ᠰᠠᠨᠠᠯ ᠲᠤᠷᠠᠳᠤᠯᠭ᠎ᠠ》 ᠵᠡᠷᠬᠡ 3 ᠰᠠᠨᠠᠯ ᠲᠤᠷᠠᠳᠤᠯᠭ᠎ᠠ᠎ᠶ᠋ᠢ ᠲᠡᠪᠱᠢᠬᠦᠯᠵᠤ᠂ ᠦᠨᠳᠤᠰᠤᠳᠠᠨ᠎ᠤ ᠤᠷᠤᠨ᠎ᠤ ᠰᠤᠷᠭᠠᠨ ᠬᠦᠮᠤᠵᠢᠯ᠎ᠤᠨ ᠶᠠᠰᠤ ᠴᠢᠨᠠᠷ᠂ ᠴᠢᠳᠠᠪᠤᠷᠢᠳᠠᠨ᠎ᠢ ᠬᠦᠮᠤᠵᠢᠬᠦᠯᠬᠦ᠌ ᠵᠡᠷᠬᠡ ᠠᠭᠤᠯᠭ᠎ᠠ᠎ᠳᠤ ᠠᠩᠬᠠᠷᠤᠯ᠎ᠢᠶᠠᠨ ᠲᠦᠪᠯᠡᠷᠡᠬᠦᠯᠪᠠ᠃ ᠠᠯᠳᠠᠨᠰᠠᠩ᠄ 《〈ᠠᠷᠪᠠᠨ ᠲᠦᠷᠪᠡᠳᠤᠭᠡᠷ ᠲᠠᠪᠤᠨ ᠵᠢᠯ〉 ᠎ᠤᠨ ᠲᠦᠯᠤᠪᠵᠢᠬᠦᠯᠬᠡ ᠪᠤᠯᠤᠨ 2035 ᠤᠨ᠎ᠤ ᠠᠯᠤᠰ᠎ᠤᠨ ᠬᠠᠷᠠᠯᠳᠠ᠎ᠶ᠋ᠢᠨ ᠬᠦᠳᠤᠯᠪᠤᠷᠢ᠎ᠳᠤ᠂ ᠴᠢᠨᠠᠷ ᠰᠠᠢᠳᠠᠢ ᠰᠤᠷᠭᠠᠨ ᠬᠦᠮᠤᠵᠢᠯ᠎ᠤᠨ ᠱᠢᠰᠲ᠋ᠧᠮ᠎ᠢ ᠪᠠᠢᠭᠤᠯᠵᠤ᠂ ᠳᠤᠮᠳᠠ ᠪᠠᠷᠠᠭᠤᠨ ᠤᠷᠤᠨ᠎ᠤ ᠲᠡᠬᠡᠳᠤ ᠵᠡᠷᠬᠡ᠎ᠶ᠋ᠢᠨ ᠰᠤᠷᠭᠠᠨ ᠬᠦᠮᠤᠵᠢᠯ᠎ᠢ ᠬᠦᠭ᠌ᠵᠢᠬᠦᠯᠤᠨ ᠮᠠᠨᠳᠤᠭᠤᠯᠬᠤ᠎ᠶ᠋ᠢ ᠠᠬᠢᠭᠤᠯᠤᠨ᠎ᠠ ᠭᠡᠵᠦ᠍ ᠲᠤᠷᠠᠳᠴᠠᠢ᠃ 〈ᠬᠤᠶᠠᠷ ᠬᠤᠷᠠᠯ〉 ᠎ᠤᠨ ᠬᠤᠭᠤᠴᠠᠭᠠᠨ᠎ᠳᠤ᠂ ᠤᠯᠤᠰ᠎ᠤᠨ ᠬᠤᠯᠪᠤᠬ᠍ᠳᠠᠯ ᠪᠦᠬᠦᠢ ᠶᠠᠮᠤᠨ ᠵᠦᠪᠯᠡᠯ᠎ᠤᠨ᠎ᠬᠢᠨ ᠦᠨᠳᠤᠰᠤᠳᠡᠨ᠎ᠤ ᠤᠷᠤᠨ᠎ᠤ ᠰᠤᠷᠭᠠᠨ ᠬᠦᠮᠦᠵᠢᠯ᠎ᠢ ᠲᠠᠮᠵᠢᠵᠤ᠂ ᠪᠠᠭ᠍ᠰᠢ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ ᠬᠦᠭ᠌ᠵᠢᠯᠳᠠ᠎ᠶ᠋ᠢ ᠲᠠᠮᠵᠢᠬᠦ᠌᠎ᠪᠠᠷ ᠲᠤᠰ ᠪᠦᠷᠢ ᠤᠪᠤᠷ᠎ᠢᠶᠠᠨ ᠢᠯᠡᠳᠭᠡᠭ᠌ᠰᠡᠨ᠎ᠳᠤ ᠪᠢ ᠲᠦᠢᠯ᠎ᠢᠶᠠᠷ ᠤᠷᠮᠠᠱᠢᠨ ᠵᠤᠷᠢᠭ᠍ᠵᠢᠯ᠎ᠡ᠃ ᠭᠠᠭ᠍ᠴᠠ ᠬᠦ᠌ ᠲᠤᠮᠳᠠ ᠪᠠᠷᠠᠭᠤᠨ ᠤᠷᠤᠨ᠎ᠤ ᠴᠢᠨᠠᠷ ᠰᠠᠢᠳᠠᠢ ᠲᠡᠭᠡᠳᠤ ᠵᠡᠷᠭᠡ᠎ᠶ᠋ᠢᠨ ᠰᠤᠷᠭᠠᠨ ᠬᠦᠮᠦᠵᠢᠯ᠎ᠤᠨ ᠡᠬᠢ ᠪᠠᠶᠠᠯᠢᠭ᠎ᠢ ᠲᠠᠰᠤᠷᠠᠯᠳᠠ ᠦᠭᠡᠢ ᠦᠷᠭᠡᠳᠭᠡᠵᠤ᠂ ᠪᠠᠭ᠍ᠰᠢ᠎ᠶ᠋ᠢᠨ ᠡᠩᠨᠡᠭᠡᠨ᠎ᠤ ᠴᠢᠳᠠᠪᠤᠷᠢ ᠪᠠ ᠲᠦᠪᠱᠢᠨ᠎ᠢ ᠲᠡᠭᠡᠭ᠌ᠰᠢᠯᠡᠬᠦᠯᠪᠡᠯ ᠰᠠᠢ ᠱᠢᠯᠢᠳᠡᠭ ᠴᠢᠳᠠᠪᠤᠷᠢᠳᠠᠨ᠎ᠢᠶᠠᠷ ᠨᠡᠩ ᠤᠯᠠᠨ ᠱᠢᠯᠢᠳᠡᠭ ᠴᠢᠳᠠᠪᠤᠷᠢᠳᠠᠨ᠎ᠢ ᠬᠦᠮᠦᠵᠢᠬᠦᠯᠵᠤ᠂ ᠡᠬᠦᠨ᠎ᠤ ᠤᠯᠠᠮ᠎ᠢᠶᠠᠷ ᠦᠨᠳᠤᠰᠤᠳᠡᠨ᠎ᠤ ᠤᠷᠤᠨ᠎ᠤ ᠰᠤᠷᠭᠠᠨ ᠬᠦᠮᠤᠵᠢᠯ᠎ᠤᠨ ᠬᠦᠭ᠌ᠵᠢᠯᠳᠠ ᠪᠠ ᠴᠢᠳᠠᠪᠤᠷᠢᠳᠠᠨ᠎ᠤ ᠬᠦᠮᠦᠵᠢᠯ᠎ᠢ ᠠᠬᠢᠭᠤᠯᠵᠤ ᠴᠢᠳᠠᠨ᠎ᠡ》 ᠭᠡᠪᠡ᠃

ᠤᠢ᠍ᠢᠷ᠎ᠡ᠎ᠶ᠋ᠢᠨ ᠡᠳᠤᠷ ᠰᠤᠷᠭᠠᠨ ᠬᠦᠮᠦᠵᠢᠯ᠎ᠤᠨ ᠶᠠᠮᠤᠨ᠎ᠤ ᠨᠠᠢᠳᠡᠯᠡᠭ᠌ᠰᠡᠨ 2020 ᠤᠨ᠎ᠤ ᠤᠯᠤᠰ᠎ᠤᠨ ᠲᠡᠰ ᠪᠠ ᠮᠤᠵᠢ᠎ᠶ᠋ᠢᠨ ᠲᠡᠰ᠎ᠤᠨ ᠲᠡᠷᠢᠬᠦᠨ᠎ᠤ ᠵᠢᠩᠭᠢᠨᠢ ᠠᠩᠭᠢ᠎ᠶ᠋ᠢᠨ ᠲᠤᠰᠭᠠᠢ ᠮᠡᠷᠭᠡᠵᠢᠯ᠎ᠤᠨ ᠪᠠᠢᠭᠤᠯᠤᠯᠳᠠ᠎ᠶ᠋ᠢᠨ ᠴᠡᠭ᠎ᠤᠨ ᠨᠠᠷᠠᠰ᠎ᠲᠤ᠌᠂ ᠦᠪᠤᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ 11 ᠲᠤᠰᠭᠠᠢ ᠮᠡᠷᠭᠡᠵᠢᠯ ᠤᠯᠤᠰ᠎ᠤᠨ ᠲᠡᠰ᠎ᠤᠨ ᠲᠡᠷᠢᠬᠦᠨ᠎ᠤ ᠵᠢᠩᠭᠢᠨᠢ ᠠᠩᠭᠢ᠎ᠶ᠋ᠢᠨ ᠲᠤᠰᠭᠠᠢ ᠮᠡᠷᠭᠡᠵᠢᠯ᠎ᠤᠨ ᠪᠠᠢᠭᠤᠯᠤᠯᠳᠠ᠎ᠶ᠋ᠢᠨ ᠴᠡᠭ᠎ᠲᠤ ᠰᠤᠩᠭᠤᠬ᠍ᠳᠠᠨ ᠤᠷᠤᠵᠦ᠍᠂ ᠲᠤᠭ᠎ᠠ ᠭᠡᠮᠵᠢᠶ᠎ᠠ᠎ᠨᠢ ᠪᠦᠬᠦ᠌ ᠤᠷᠤᠨ᠎ᠤ ᠶᠡᠭᠡ ᠲᠡᠭᠡᠳᠤ ᠰᠤᠷᠭᠠᠭᠤᠯᠢ᠎ᠶ᠋ᠢᠨ ᠲᠤᠳᠤᠷ᠎ᠡ ᠲᠡᠷᠢᠬᠦᠨ᠎ᠳᠤ ᠤᠷᠤᠪᠠ᠃ ᠠᠯᠳᠠᠨᠰᠠᠩ᠄ 《ᠤᠯᠤᠰ᠎ᠤᠨ ᠲᠡᠰ᠎ᠤᠨ ᠲᠡᠷᠢᠬᠦᠨ᠎ᠤ ᠵᠢᠩᠭᠢᠨᠢ ᠠᠩᠭᠢ᠎ᠶ᠋ᠢᠨ ᠲᠤᠰᠭᠠᠢ ᠮᠡᠷᠭᠡᠵᠢᠯ᠎ᠤᠨ ᠪᠠᠢᠭᠤᠯᠤᠯᠳᠠ᠎ᠨᠢ ᠰᠤᠷᠭᠠᠭᠤᠯᠢ᠎ᠶ᠋ᠢᠨ ᠪᠦᠬᠦᠯᠢ ᠴᠤᠬ᠍ᠴᠠ᠎ᠶ᠋ᠢᠨ ᠵᠢᠩᠭᠢᠨᠢ ᠠᠩᠭᠢ᠎ᠶ᠋ᠢᠨ ᠰᠤᠷᠭᠠᠨ ᠬᠦᠮᠦᠵᠢᠯ᠎ᠤᠨ ᠪᠠᠢᠭᠤᠯᠤᠯᠳᠠ᠎ᠳᠤ ᠴᠢᠬᠤᠯᠠ ᠠᠬᠢᠭᠤᠯᠬᠤ ᠦᠢᠯᠡᠳᠤᠯ ᠦᠵᠡᠬᠦᠯᠬᠦ᠌ ᠪᠤᠯᠤᠨ᠎ᠡ᠃ ᠲᠠᠷᠠᠭᠠᠴᠢ᠎ᠶ᠋ᠢᠨ ᠠᠯᠬᠤᠮ᠎ᠳᠤ᠂ ᠪᠢᠳᠠ ᠰᠤᠷᠭᠠᠭᠤᠯᠢ᠎ᠶ᠋ᠢᠨ ᠪᠤᠰᠤᠳ ᠱᠢᠨᠵᠢᠯᠡᠭᠡᠨ᠎ᠤ ᠰᠠᠯᠠᠭᠠᠨ᠎ᠤ ᠲᠤᠰᠭᠠᠢ ᠮᠡᠷᠭᠡᠵᠢᠯ᠎ᠤᠨ ᠪᠠᠢᠭᠤᠯᠤᠯᠳᠠ᠎ᠶ᠋ᠢ ᠠᠬᠢᠭᠤᠯᠵᠤ᠂ ᠳ᠋ᠤᠺᠲ᠋ᠤᠷ ᠴᠤᠯᠠ ᠤᠯᠭᠤᠬᠤ ᠴᠡᠭ᠎ᠢ ᠭᠤᠶᠤᠴᠢᠯᠠᠨ ᠮᠡᠳᠡᠬᠦᠯᠬᠦ᠌ ᠠᠵᠢᠯ᠎ᠢ ᠠᠬᠢᠭᠤᠯᠵᠤ᠂ ᠰᠤᠷᠭᠠᠭᠤᠯᠢ᠎ᠶ᠋ᠢᠨ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠤᠨ᠎ᠡ᠃ ᠰᠤᠷᠭᠠᠭᠤᠯᠢ᠎ᠶ᠋ᠢᠨ 〈ᠠᠷᠪᠡᠨ ᠲᠦᠷᠪᠠᠳᠤᠭᠡᠷ ᠲᠠᠪᠤᠨ ᠵᠢᠯ〉 ᠎ᠤᠨ ᠲᠦᠯᠦᠪᠵᠢᠬᠦᠯᠭᠡ᠎ᠶ᠋ᠢ ᠤᠳᠠᠯ ᠦᠭᠡᠢ ᠲᠤᠬ᠍ᠳᠠᠭᠠᠬᠤ᠎ᠪᠠᠷ ᠪᠠᠢᠨ᠎ᠡ᠂ ᠰᠤᠷᠭᠠᠭᠤᠯᠢ᠎ᠶ᠋ᠢᠨ᠎ᠬᠢᠨ ᠪᠠᠰᠠ ᠲᠤᠮᠳᠠᠳᠤ᠎ᠶ᠋ᠢᠨ ᠦᠨᠳᠤᠰᠤᠳᠡᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠪᠠ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠤᠷᠭᠠᠨᠢᠭ᠎ᠢᠶᠠᠷ ᠤᠶᠠᠯᠳᠤᠭᠤᠯᠵᠤ ᠵᠡᠷᠭᠡ᠎ᠪᠠᠷ ᠠᠬᠢᠭᠤᠯᠬᠤ ᠪᠤᠯᠤᠨ᠎ᠡ》 ᠭᠡᠵᠤ ᠪᠠᠶᠠᠷᠯᠠᠩᠭᠤᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号