ᠲᠠᠷᠬᠠᠨ ᠮᠤᠤᠮᠢᠩᠭᠠᠨ ᠬᠤᠯᠪᠤᠭᠠᠳᠤ ᠬᠤᠱᠢᠭᠤ᠄ ᠡᠮᠴᠢ ᠰᠤᠪᠢᠯᠠᠭ᠍ᠴᠢᠳ ᠡᠮ ᠡᠮᠨᠡᠯᠬᠡ᠎ᠪᠠᠷ ᠶᠠᠳᠠᠭᠤ᠎ᠶ᠋ᠢ ᠲᠡᠤᠡᠭᠦᠬᠦ᠌ ᠠᠵᠢᠯᠯᠠᠭ᠎ᠠ ᠦᠷᠨᠢᠬᠦᠯᠵᠦ᠍ ᠪᠠᠢᠨ᠎ᠠ
2021-03-26 19:19:57
ᠵᠣᠬᠢᠶᠠᠭ᠍ᠴᠢ᠄
ᠸᠡᠩ ᠸᠧᠨ ᠶᠢᠩ
ᠣᠩᠱᠢᠭ᠍ᠰᠠᠨ ᠣᠳᠠᠭ᠎ᠠ᠄
★★★☆☆

ᠦᠢᠷ᠎ᠡ᠎ᠳᠤ᠂ ᠲᠠᠷᠬᠠᠨ ᠮᠤᠤᠮᠢᠩᠭᠠᠨ ᠬᠤᠯᠪᠤᠭᠠᠳᠤ ᠬᠤᠱᠢᠭᠤᠨ᠎ᠤ ᠪᠠᠳᠤᠬᠠᠭᠠᠯᠭ᠎ᠠ ᠪᠠᠯᠭᠠᠰᠤᠨ᠎ᠤ ᠨᠡᠢᠭᠡᠮ ᠲᠤᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠦᠪ᠎ᠤᠨ ᠡᠮᠴᠢ ᠰᠤᠪᠢᠯᠠᠭ᠍ᠴᠢᠳ ᠰᠢ ᠾᠧ ᠱᠢᠶᠡᠩ᠎ᠤᠨ ᠲᠠᠯ᠎ᠠ ᠬᠤᠤᠡᠳᠤᠭ ᠭᠠᠴᠠᠭ᠎ᠠ᠎ᠳᠤ ᠬᠦᠷᠴᠦ᠍ ᠶᠠᠳᠠᠭᠤ᠎ᠶ᠋ᠢ ᠲᠡᠳᠬᠦᠬᠦ᠌ ᠡᠮᠴᠢᠯᠡᠭᠡ ᠬᠢᠪᠡ᠃

ᠲᠠᠯ᠎ᠠ ᠬᠤᠤᠡᠳᠤᠭ ᠭᠠᠴᠠᠭ᠎ᠠ᠎ᠶ᠋ᠢᠨ ᠵᠡᠩ ᠱᠢᠦ ᠫᠢᠡᠭ ᠮᠡᠳᠡᠷᠡᠯ᠎ᠤᠨ ᠡᠪᠡᠤᠡᠴᠢᠨ᠎ᠲᠠᠢ᠂ ᠬᠡᠷ ᠵᠠᠭᠤᠷ᠎ᠠ᠎ᠶ᠋ᠢᠨ ᠠᠷᠰᠠᠷ ᠠᠵᠢᠯ᠎ᠠᠴᠠ ᠦᠬᠡᠷ᠎ᠡ ᠬᠦᠨᠳᠦ ᠬᠦᠳᠡᠯᠮᠥᠷᠢ ᠬᠢᠵᠥ᠍ ᠲᠡᠢᠯᠬᠦ᠌ ᠦᠬᠡᠢ᠂ ᠨᠦᠬᠦᠷ᠎ᠨᠢ ᠴᠢᠰᠤᠨ ᠲᠠᠷᠤᠯᠳᠠ ᠦᠨᠳᠦᠷ ᠡᠪᠡᠳᠴᠢᠨ᠎ᠲᠠᠢ᠂ ᠵᠢᠯ ᠲᠤᠷᠰᠢ ᠡᠮ ᠤᠤᠭᠤᠵᠤ ᠪᠠᠢᠳᠠᠭ᠃ ᠲᠤᠰ ᠤᠳᠠᠭ᠎ᠠ᠎ᠶ᠋ᠢᠨ ᠦᠢᠯᠡᠴᠢᠯᠡᠭᠡ᠎ᠳᠤ᠂ ᠡᠮᠴᠢ ᠰᠤᠪᠢᠯᠠᠭ᠍ᠴᠢᠳ ᠵᠢᠷᠦᠬᠡᠨ ᠴᠤᠬᠢᠯᠭ᠎ᠠ᠎ᠶ᠋ᠢ ᠪᠠᠢᠴᠠᠭᠠᠬᠤ᠂ ᠴᠢᠰᠤ᠎ᠶ᠋ᠢ ᠪᠠᠢᠴᠠᠭᠠᠬᠤ᠂ ᠴᠢᠰᠤᠨ ᠲᠠᠷᠤᠯᠳᠠ᠎ᠶ᠋ᠢ ᠬᠡᠮᠵᠢᠬᠦ᠌ ᠵᠡᠷᠭᠡ ᠱᠢᠰᠲ᠋ᠧᠮᠳᠤ ᠪᠡᠶ᠎ᠡ᠎ᠶ᠋ᠢᠨ ᠪᠠᠢᠴᠠᠭᠠᠯᠳᠠ ᠬᠢᠵᠦ᠍᠂ ᠲᠡᠳᠡᠨ᠎ᠳᠤ ᠪᠡᠶ᠎ᠡ᠎ᠶ᠋ᠢᠨ ᠡᠷᠡᠬᠦᠯ ᠮᠡᠨᠳᠤ᠎ᠶ᠋ᠢ ᠠᠩᠬᠠᠷᠬᠤ ᠵᠦᠢᠯ ᠪᠠ ᠡᠷᠡᠭᠦᠯ ᠬᠠᠮᠠᠭᠠᠯᠠᠯ᠎ᠤᠨ ᠵᠥᠪᠯᠡᠯᠬᠡ ᠦᠭ᠌ᠴᠦ᠂ ᠤᠯᠤᠰ᠎ᠤᠨ ᠡᠮ ᠡᠮᠨᠡᠯᠬᠡ᠎ᠪᠠᠷ ᠶᠠᠳᠠᠭᠤ᠎ᠶ᠋ᠢ ᠲᠡᠳᠬᠦᠬᠦ᠌ ᠲᠦᠷᠦ᠎ᠶ᠋ᠢᠨ ᠪᠤᠳᠤᠯᠭ᠎ᠠ᠎ᠶ᠋ᠢ ᠤᠬᠠᠭᠤᠯᠵᠤ᠂ ᠨᠠᠮ ᠵᠠᠰᠠᠬ᠎ᠤᠨ ᠬᠠᠢᠷ᠎ᠠ ᠬᠠᠯᠠᠮᠵᠢ᠎ᠶ᠋ᠢ ᠬᠦᠷᠳᠡᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号